2019 ᠤᠨ ᠤ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠵᠢᠯ ᠤᠨ | ᠮᠡᠲᠡᠬᠦᠯᠦᠯᠲᠡ ︵ ᠬᠤᠶᠠᠷ ︶ | ᠵᠠᠰᠠᠭ ᠤᠨ ᠤᠷᠲᠤᠨ ᠤ ᠠᠵᠢᠯ ᠤᠨ ᠮᠡᠲᠡᠬᠦᠯᠦᠯᠲᠡ | 2019 ᠤᠨ ᠤ 1 ᠰᠠᠷ᠎ᠠ ᠶᠢᠨ16 ᠤ ᠡᠲᠦᠷ | ᠠᠷᠪᠠᠨ ᠲᠤᠯᠤᠲᠤᠭᠠᠷ ᠤᠲᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ | ᠤᠲᠠᠭᠠᠨ ᠤ ᠬᠤᠷᠠᠯ ᠲᠡᠭᠡᠷ᠎ᠡ | ᠬᠤᠰᠢᠭᠤᠨ ᠲᠠᠷᠤᠭ᠎ᠠ ᠹᠠᠩ ᠷᠦᠢ | 2019 ᠣᠨ ᠤ ᠭᠤᠤᠯᠲᠠᠯᠭ᠎ᠠ ᠲᠠᠢ ᠠᠵᠢᠯ | ᠡᠨᠡ ᠵᠢᠯ ᠪᠤᠯ ᠰᠢᠨ᠎ᠠ ᠲᠤᠮᠲᠠᠲᠦ ᠤᠯᠤᠰ ᠪᠠᠶᠢᠭᠤᠯᠤᠭᠲᠠᠭᠰᠠᠨ 70 ᠵᠢᠯ ᠤᠨ ᠤᠢ ᠪᠤᠯᠤᠨ᠎ᠠ᠂ ᠪᠠᠶᠠᠨ | ᠴᠢᠨᠠᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠬᠢᠯᠭ᠎ᠠ ᠶᠢᠨ ᠵᠢᠯ ᠮᠦᠨ᠂ ᠪᠦᠬᠦ ᠬᠤᠰᠢᠭᠤᠨ ᠤ ᠶᠠᠲᠠᠭᠤ | ᠬᠦᠴᠢᠷᠲᠠᠢ ᠨᠡᠷ᠎ᠡ ᠪᠠᠨᠠᠪᠴᠤ ᠬᠠᠶᠠᠬᠤ ᠰᠢᠢᠳᠪᠦᠷᠢᠲᠦ ᠢᠯᠡᠯᠲᠡ ᠶᠢ ᠤᠯᠬᠤ ᠵᠢᠯ ᠮᠦᠨ᠂ ᠪᠦᠬᠦ ᠵᠢᠯ ᠤᠨ ᠡᠯ᠎ᠡ | ᠲᠦᠷᠦᠯ ᠤᠨ ᠠᠵᠢᠯ ᠢᠶᠠᠨ ᠰᠠᠶᠢᠲᠤᠷ ᠬᠢᠬᠦ ᠪᠤᠯ ᠲᠤᠶᠢᠯ ᠤᠨ ᠴᠢᠬᠤᠯᠠ ᠶᠤᠮ᠃ | ᠡᠨᠡ ᠵᠢᠯ ᠤᠨ ᠵᠠᠰᠠᠭ ᠤᠨ ᠤᠷᠲᠤᠨ ᠤ ᠠᠵᠢᠯ ᠤᠨ ᠶᠡᠷᠤᠩᠬᠡᠢ ᠰᠡᠳᠬᠢᠮᠵᠢ ᠪᠤᠯ᠄ ᠰᠢ ᠶᠢᠨ ᠫᠢᠩ ᠤᠨ | ᠰᠢᠨ᠎ᠠ ᠴᠠᠭ ᠦᠶ᠎ᠡ ᠳᠠᠬᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠲᠤᠯᠭ᠎ᠠ ᠪᠤᠯᠭᠠᠵᠦ᠂ ᠨᠠᠮ ᠤᠨ ᠠᠷᠪᠠ ᠶᠢᠰᠤᠲᠦᠬᠡᠷ ᠶᠡᠭᠡ ᠬᠤᠷᠠᠯ ᠪᠠ ᠠᠷᠪᠠ ᠶᠢᠰᠤᠲᠦᠬᠡᠷ ᠤᠲᠠᠭᠠᠨ ᠤ | ᠬᠤᠶᠠᠲᠤᠭᠠᠷ ᠂ ᠭᠤᠷᠪᠠᠲᠤᠭᠠᠷ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠤᠨ᠂ | 《ᠲᠠᠪᠤ ᠶᠢ ᠨᠢᠬᠡ ᠴᠤᠭᠴᠠᠵᠢᠭᠤᠯᠬᠤ》ᠶᠡᠷᠦᠩᠬᠡᠢ ᠪᠠᠶᠢᠷᠢᠯᠠᠭᠤᠯᠤᠯᠲᠠ ᠶᠢ ᠨᠢᠬᠡᠲᠦᠯᠵᠢᠬᠦᠯᠦᠨ ᠠᠬᠢᠭᠤᠯᠵᠦ᠂ | 《ᠲᠦᠷᠪᠡᠨ ᠪᠦᠬᠦ ᠲᠠᠯ᠎ᠠ 》 ᠶᠢᠨ ᠲᠠᠶᠢᠯᠠᠯᠲᠤᠭᠠᠨ ᠤ ᠲᠤᠬᠢᠷᠠᠭᠤᠯᠤᠯᠲᠠ ᠶᠢ ᠠᠬᠢᠭᠤᠯᠵᠦ᠂ ᠲᠤᠭᠲᠠᠭᠤᠨ ᠤ | ᠲᠤᠮᠲᠠ ᠤᠷᠤᠭᠰᠢᠯᠠᠬᠤ ᠶᠢ ᠡᠷᠢᠯᠬᠢᠯᠡᠨ᠂ ᠰᠢᠨ᠎ᠠ ᠬᠦᠭᠵᠢᠯᠲᠡ ᠶᠢ ᠪᠠᠷᠢᠮᠲᠠᠯᠠᠨ᠂ ᠦᠨᠲᠦᠷ ᠲᠦᠪᠰᠢᠨ ᠢᠶᠠᠷ | ᠭᠦᠭᠵᠢᠬᠦᠯᠦᠨ ᠠᠬᠢᠭᠤᠯᠬᠤ ᠶᠢ ᠪᠠᠷᠢᠮᠲᠠᠯᠠᠨ᠂ ᠬᠠᠩᠭᠠᠯᠲᠠ ᠶᠢᠨ ᠪᠦᠲᠦᠴᠡ ᠶᠢᠨ ᠦᠬᠡᠷᠡᠴᠢᠯᠡᠯᠲᠡ ᠢᠶᠠᠷ ᠭᠤᠤᠯ | ᠱᠤᠭᠤᠮ ᠪᠤᠯᠭᠠᠬᠤ ᠶᠢ ᠪᠠᠷᠢᠮᠲᠠᠯᠠᠨ᠂ 《 ᠪᠠᠬᠢᠵᠢᠬᠦᠯᠬᠦ᠂ ᠨᠡᠮᠡᠭᠲᠡᠬᠦᠯᠬᠦ᠂ ᠲᠡᠭᠡᠭᠰᠢᠯᠡᠬᠦᠯᠬᠦ᠂ ᠨᠡᠪᠲᠡᠷᠡᠬᠦᠯᠬᠦ》 | ᠴᠢᠭᠯᠡᠯᠲᠡ ᠶᠢ ᠨᠠᠷᠢᠨ ᠬᠢᠨᠠᠮᠠᠭᠠᠢ ᠨᠠᠶᠢᠲᠠᠪᠦᠷᠢᠵᠢᠭᠤᠯᠤᠨ᠂ ᠴᠠᠭ ᠢᠮᠠᠭᠲᠠ ᠤᠯᠠᠭᠠᠨᠬᠠᠲᠠ ᠶᠢ ᠠᠵᠦ ᠠᠬᠤᠢ ᠶᠢᠨ | ᠲᠤᠮᠤ ᠬᠤᠲᠠ᠂ ᠬᠦᠮᠦᠨ ᠰᠤᠶᠤᠯ ᠤᠨ ᠲᠤᠮᠤ ᠬᠤᠲᠠ᠂ ᠨᠤᠭᠤᠭᠠᠨ ᠦᠩᠬᠡᠲᠦ ᠲᠤᠮᠤ ᠬᠤᠲᠠ᠂ ᠨᠡᠬᠡᠬᠡᠯᠲᠡ ᠲᠠᠢ | ᠲᠤᠮᠤ ᠬᠤᠲᠠ᠂ ᠡᠶ᠎ᠡ ᠵᠤᠬᠢᠴᠠᠯᠲᠦ ᠲᠤᠮᠤ ᠬᠤᠲᠠ ᠪᠤᠯᠭᠠᠨ ᠪᠦᠲᠦᠬᠡᠨ ᠪᠠᠶᠢᠭᠤᠯᠬᠤ ᠰᠢᠨ᠎ᠠ ᠬᠠᠷᠠᠯᠲᠠ ᠰᠢᠨ᠎ᠠ | ᠪᠠᠶᠢᠷᠢᠰᠢᠯᠲᠠ ᠶᠢᠨ ᠲᠤᠭᠤᠷᠢᠨ ᠳᠤ ᠪᠦᠯᠬᠦᠮᠲᠡᠨᠲ᠋ᠡᠮᠡᠴᠡᠵᠦ᠂ ᠤᠲᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠢ | ᠪᠦᠲᠦᠬᠡᠨ ᠪᠠᠶᠢᠭᠤᠯᠬᠤ ᠶᠢ ᠲᠦᠷᠬᠡᠳᠬᠡᠨ᠂ ᠭᠤᠷᠪᠠᠨ ᠶᠡᠭᠡ ᠰᠢᠪᠲᠤᠯᠤᠯᠲᠡ ᠶᠢᠨ ᠲᠠᠶᠢᠯᠠᠯᠲᠤᠭᠠᠨ ᠢ ᠦᠷᠬᠦᠯᠵᠢᠯᠡᠨ | ᠰᠠᠶᠢᠲᠤᠷ ᠬᠢᠵᠦ᠂ ᠲᠤᠭᠲᠠᠭᠤᠨ ᠢᠶᠠᠷ ᠨᠡᠮᠡᠭᠲᠡᠬᠦᠯᠬᠦ᠂ ᠦᠬᠡᠷᠡᠴᠢᠯᠡᠯᠲᠡ ᠶᠢ ᠠᠬᠢᠭᠤᠯᠤᠨ᠂ ᠪᠦᠲᠦᠴᠡ ᠳᠤ | ᠲᠤᠬᠢᠷᠠᠭᠤᠯᠤᠯᠲᠠ ᠬᠢᠵᠦ᠂ ᠠᠷᠠᠳ ᠲᠤ ᠠᠰᠢᠭᠲᠠᠢ ᠪᠠᠶᠢᠯᠭᠠᠨ᠂ ᠤᠯᠠᠨ ᠲᠦᠮᠡᠨ ᠤ ᠤᠯᠤᠯᠲᠠ ᠲᠠᠢ ᠰᠡᠳᠬᠢᠯᠬᠡ᠂ | ᠵᠢᠷᠭᠠᠯᠲᠦ ᠰᠡᠳᠬᠢᠯᠬᠡ᠂ ᠠᠮᠤᠷ ᠲᠦᠪᠰᠢᠨ ᠰᠡᠳᠬᠢᠯᠬᠡ ᠶᠢ ᠨᠡᠮᠡᠭᠲᠡᠬᠦᠯᠦᠨ᠂ ᠠᠵᠦ ᠠᠬᠤᠢ ᠶᠢ ᠦᠷᠬᠦᠯᠵᠢᠯᠡᠨ | ᠡᠷᠡᠬᠦᠯ ᠢᠶᠠᠷ ᠬᠦᠭᠵᠢᠬᠦᠯᠬᠦ ᠪᠠ ᠨᠡᠶᠢᠬᠡᠮ ᠤᠨ ᠶᠡᠭᠡ ᠪᠠᠶᠢᠲᠠᠯ ᠤᠨ ᠲᠤᠭᠲᠠᠭᠤᠨ ᠢ ᠪᠠᠲᠤᠯᠠᠨ᠂ ᠪᠠᠶᠠᠨ ᠴᠢᠨᠡᠬᠡᠯᠢᠭ | ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠢᠢᠳᠪᠦᠷᠢᠲᠦ ᠴᠢᠨᠠᠷ ᠲᠠᠢ ᠰᠠᠭᠤᠷᠢ ᠶᠢ ᠲᠠᠯᠪᠢᠨ᠂ ᠤᠨᠴᠠ ᠰᠠᠶᠢᠨ | ᠠᠮᠵᠢᠯᠲᠠ ᠪᠦᠲᠦᠮᠵᠢ ᠲᠠᠢ ᠪᠠᠷ ᠪᠦᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠳᠠᠭᠰᠠᠨ 70 ᠵᠢᠯ | ᠤᠨ ᠤᠢ ᠶᠢ ᠪᠡᠯᠡᠭᠯᠡᠬᠦ ᠬᠡᠷᠡᠭᠲᠡᠢ᠃ | ᠤᠷᠢᠳᠴᠢᠯᠠᠨ ᠲᠡᠮᠡᠴᠡᠬᠦ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠲᠡᠭ ᠢ 7% ᠤᠷᠴᠢᠮ ᠢᠶᠠᠷ ᠨᠡᠮᠡᠭᠲᠡᠬᠦᠯᠦᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 6% ᠤᠷᠴᠢᠮ ᠢᠶᠠᠷ ᠨᠡᠮᠡᠭᠲᠡᠬᠦᠯᠦᠨ᠂ ᠨᠡᠶᠢᠬᠡᠮ ᠤᠨ ᠬᠡᠷᠡᠭᠯᠡᠬᠡᠨ ᠤ ᠪᠤᠲᠠᠰ ᠤᠨ ᠵᠢᠵᠢᠭᠯᠡᠨ | ᠬᠤᠲᠠᠯᠲᠤᠭᠰᠠᠨ ᠶᠡᠷᠦᠩᠬᠡᠢ ᠦᠷᠲᠡᠭ ᠢ 10%ᠤᠷᠴᠢᠮ ᠢᠶᠠᠷ ᠨᠡᠮᠡᠭᠲᠡᠬᠦᠯᠦᠨ᠂ ᠬᠡᠪᠴᠢᠶᠡᠵᠢᠯ ᠠᠴᠠ ᠲᠡᠭᠡᠭᠰᠢᠬᠢ | ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ 22% ᠤᠷᠴᠢᠮ ᠢᠶᠠᠷ ᠨᠡᠮᠡᠭᠲᠡᠬᠦᠯᠦᠨ᠂ ᠬᠤᠲᠠ ᠬᠦᠲᠡᠭᠡ | ᠶᠢᠨ ᠪᠠᠶᠢᠩᠭᠤ ᠰᠠᠭᠤᠭ᠎ᠠ ᠢᠷᠬᠡᠳ ᠤᠨ ᠬᠦᠮᠦᠨ ᠪᠦᠷᠢ ᠶᠢᠨ ᠡᠵᠡᠮᠲᠡᠵᠦ ᠪᠤᠯᠬᠤ ᠲᠤᠮᠲᠠᠴᠢ ᠤᠷᠤᠯᠭ᠎ᠠ ᠶᠢ ᠲᠤᠰ | ᠪᠦᠷᠢ 9% ᠪᠠ 11% ᠤᠷᠴᠢᠮ ᠢᠶᠠᠷ ᠨᠡᠮᠡᠭᠲᠡᠬᠦᠯᠦᠨᠠ᠃ | ᠲᠡᠭᠡᠷ᠎ᠡ ᠲᠤᠷᠠᠲᠤᠭᠰᠠᠨ ᠬᠠᠷᠠᠯᠲᠠ ᠡᠬᠦᠷᠬᠡ ᠶᠢ ᠪᠡᠶᠡᠯᠡᠬᠦᠯᠬᠦ ᠶᠢᠨ ᠲᠦᠯᠦᠬᠡ᠂ ᠪᠢᠲᠡ ᠭᠤᠤᠯᠲᠠᠯᠭ᠎ᠠ | ᠲᠠᠢ ᠪᠠᠷ ᠲᠤᠤᠷᠠᠬᠢ ᠵᠢᠷᠭᠤᠭᠠᠨ ᠲᠠᠯ᠎ᠠ ᠂ 21 ᠲᠦᠷᠦᠯ ᠣᠨᠭᠤᠤᠯᠲᠠᠯᠭᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ | ᠄ | ︵ ᠨᠢᠬᠡ ︶ ᠭᠤᠷᠪᠠᠨ ᠶᠡᠭᠡ ᠰᠢᠪᠲᠤᠯᠤᠯᠲᠡ ᠶᠢᠨ ᠲᠠᠶᠢᠯᠠᠯᠲᠤᠭᠠᠨ ᠢ ᠰᠠᠶᠢᠲᠤᠷ ᠬᠢᠬᠦ ᠪᠠᠷ ᠪᠦᠬᠦ ᠲᠠᠯ᠎ᠠ | ᠪᠠᠷ ᠬᠦᠴᠦᠨ ᠢᠶᠠᠨ ᠲᠦᠪᠯᠡᠷᠡᠬᠦᠯᠦᠨ ᠲᠡᠮᠡᠴᠡᠬᠦ ᠬᠡᠷᠡᠭᠲᠡᠢ᠃ | ᠤᠨᠤᠰᠢᠨ ᠲᠡᠭᠡᠷ᠎ᠡ ᠨᠢ ᠶᠠᠲᠠᠭᠤ ᠶᠢ ᠲᠡᠳᠬᠦᠬᠦ ᠰᠢᠪᠲᠤᠯᠤᠯᠲᠡ ᠶᠢᠨ ᠲᠠᠶᠢᠯᠠᠯᠲᠤᠭᠠᠨ ᠢ ᠡᠷᠡᠰ | ᠰᠢᠭᠤᠷᠠᠬᠠᠢ ᠪᠠᠷ ᠢᠯᠡᠬᠤ ᠬᠡᠷᠡᠭᠲᠡᠢ᠃ 《 ᠬᠤᠶᠠᠷ ᠲᠤ ᠰᠠᠨᠠᠭ᠎ᠠ ᠵᠤᠪᠠᠭ᠋ᠤ ᠦᠬᠡᠢ᠂ ᠭᠤᠷᠪᠠᠨ ᠪᠠᠲᠤᠯᠭ᠎ᠠ ᠲᠠᠢ | ᠪᠠᠶᠢᠬᠤ》 ᠬᠠᠷᠠᠯᠲᠠ ᠪᠠᠷᠢᠮᠵᠢᠶ᠎ᠠ ᠶᠢ ᠰᠠᠶᠢᠲᠤᠷ ᠠᠳᠬᠤᠨ᠂ ᠬᠦᠷᠦᠯᠴᠡᠬᠦᠢ ᠲᠠᠯ᠎ᠠ ᠪᠠᠨ ᠨᠦᠬᠦᠪᠦᠷᠢᠯᠡᠨ᠂ ᠵᠢᠯ ᠤᠨ | ᠲᠤᠲᠤᠷ᠎ᠠ 1 ᠲᠦᠮᠡᠨ ᠬᠦᠮᠦᠨ ᠢ ᠶᠠᠲᠠᠭᠤ ᠠᠴᠠ ᠠᠩᠬᠢᠵᠢᠷᠠᠭᠤᠯᠬᠤ ᠶᠢ ᠪᠠᠲᠤᠯᠠᠨ᠂ ᠬᠠᠮᠢᠶ᠎ᠠ ᠪᠦᠬᠦᠢ ᠶᠠᠲᠠᠭᠤ | ᠬᠦᠴᠢᠷᠲᠠᠢ ᠭᠠᠴᠠᠭ᠎ᠠ ᠲᠤᠰᠬᠤᠨ ᠢ ᠵᠢᠭᠰᠠᠭᠠᠯᠲᠠ ᠠᠴᠠ ᠭᠠᠷᠭᠠᠨ᠂ ᠶᠠᠲᠠᠭᠤ ᠠᠴᠠ ᠠᠩᠬᠢᠵᠢᠷᠠᠭᠤᠯᠤᠨ ᠶᠠᠲᠠᠭᠤ | ᠬᠦᠴᠢᠷᠲᠠᠢ ᠮᠠᠯᠠᠭᠠᠢ ᠪᠠᠨᠠᠪᠴᠦ ᠬᠠᠶᠠᠬᠤ ᠬᠠᠷᠠᠯᠲᠠ ᠶᠢ ᠪᠡᠶᠡᠯᠡᠬᠦᠯᠦᠨ᠎ᠠ᠃ | ᠠᠵᠦ ᠦᠢᠯᠡᠰ ᠢᠶᠠᠷ ᠶᠠᠲᠠᠭᠤ ᠶᠢ ᠲᠡᠳᠬᠦᠬᠦ ᠪᠠᠷ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠡ | ᠶᠢᠨ ᠲᠠᠶᠢᠯᠠᠯᠲᠤᠭᠠᠨ ᠤ ᠪᠦᠬᠦ ᠲᠠᠯ᠎ᠠ ᠶᠢ ᠤᠲᠤᠷᠢᠲᠤᠭᠤᠯᠣᠨ᠂ ᠬᠤᠰᠢᠭᠤᠨ ᠲᠡᠰ ᠤᠨ ᠭᠤᠤᠯᠲᠠᠯᠭ᠎ᠠ ᠲᠠᠢ ᠲᠦᠷᠦᠯ | ᠵᠤᠶᠢᠯ ᠪᠠ ᠲᠤᠰᠬᠤᠨ ᠳᠤ ᠬᠦᠷᠬᠡᠭᠰᠡᠨ ᠶᠠᠲᠠᠭᠤ ᠶᠢ ᠲᠡᠳᠬᠦᠬᠦ ᠠᠵᠦ ᠦᠢᠯᠡᠰ ᠤᠨ ᠬᠦᠷᠢᠶᠡᠯᠡᠩ ᠤᠨ ᠲᠦᠷᠦᠯ | ᠵᠤᠶᠢᠯ ᠢ ᠲᠦᠷᠬᠡᠳᠬᠡᠨ ᠬᠡᠷᠡᠭᠵᠢᠬᠦᠯᠵᠦ᠂ ᠭᠠᠴᠠᠭ᠎ᠠ ᠲᠤᠰᠬᠤᠨ ᠤ ᠬᠠᠮᠲᠦ ᠶᠢᠨ ᠠᠵᠦ ᠠᠬᠤᠢ ᠶᠢ ᠶᠡᠬᠡᠰᠬᠡᠨ | ᠴᠢᠩᠭᠠᠳᠬᠠᠵᠦ᠂ ᠶᠠᠲᠠᠭᠤ ᠬᠦᠴᠢᠷᠲᠠᠢ ᠤᠯᠠᠨ ᠲᠦᠮᠡᠨ ᠤ ᠶᠠᠲᠠᠭᠤ ᠠᠴᠠ ᠠᠩᠬᠢᠵᠢᠷᠠᠨ ᠤᠷᠤᠯᠭ᠎ᠠ ᠪᠠᠨ ᠨᠡᠮᠡᠭᠲᠡᠬᠦᠯᠬᠦ | ᠴᠢᠲᠠᠪᠬᠢ ᠶᠢ ᠴᠢᠩᠭᠠᠳᠬᠠᠨ᠎ᠠ᠃ ᠠᠶᠤᠯᠲᠠᠢ ᠬᠡᠷ ᠪᠠᠶᠢᠰᠢᠩ ᠢ ᠦᠬᠡᠷᠡᠴᠢᠯᠡᠨ ᠵᠠᠰᠠᠬᠤ ᠪᠠ ᠰᠠᠭᠤᠬᠤ ᠤᠷᠴᠢᠨ | ᠲᠤᠭᠤᠷᠢᠨ ᠢ ᠨᠢ ᠵᠠᠰᠠᠨ ᠦᠬᠡᠷᠡᠴᠢᠯᠡᠵᠦ᠂ 6 ᠰᠠᠷ᠎ᠠ ᠶᠢᠨ ᠰᠡᠬᠦᠯᠴᠢ ᠪᠤᠯᠲᠠᠯ᠎ᠠ ᠪᠡᠶᠡᠯᠡᠬᠦᠯᠬᠦ ᠶᠢ ᠪᠠᠲᠤᠯᠠᠨ᠎ᠠ᠃ | ᠶᠠᠲᠠᠭᠤ ᠶᠢ ᠲᠡᠳᠬᠦᠨ ᠨᠡᠬᠦᠯᠬᠡᠨ ᠰᠠᠭᠤᠷᠢᠰᠢᠭᠤᠯᠬᠤ ᠶᠢ ᠲᠦᠷᠬᠡᠳᠬᠡᠨ᠂ 7 ᠰᠠᠷ᠎ᠠ ᠶᠢᠨ ᠰᠡᠬᠦᠯᠴᠢ ᠪᠤᠯᠲᠠᠯ᠎ᠠ | 4329 ᠬᠦᠮᠦᠨ ᠢ ᠨᠡᠬᠦᠯᠬᠡᠬᠦ ᠶᠢ ᠪᠡᠶᠡᠯᠡᠬᠦᠯᠵᠦ᠂ ᠨᠡᠬᠦᠨ ᠰᠠᠭᠤᠷᠢᠰᠢᠭᠰᠠᠨ ᠬᠦᠮᠦᠨ ᠠᠮᠠ ᠶᠢᠨ ᠬᠤᠶᠢᠰᠢᠲᠡ ᠶᠢᠨ | ᠠᠵᠦ ᠦᠢᠯᠡᠰᠡᠷᠬᠢᠯᠡᠬᠦ᠂ ᠠᠵᠢᠯ ᠤᠯᠭᠤᠨ ᠲᠡᠳᠬᠦᠬᠦ ᠶᠢ ᠨᠢ ᠦᠨᠡᠨᠬᠦ ᠴᠢᠩᠭᠠᠳᠬᠠᠵᠦ᠂ ᠨᠡᠬᠦᠨ ᠭᠠᠷᠬᠤ᠂ | ᠲᠤᠭᠲᠠᠭᠤᠨ ᠰᠠᠭᠤᠷᠢᠰᠢᠬᠤ᠂ ᠪᠠᠶᠠᠵᠢᠨ ᠴᠢᠨᠡᠬᠡᠯᠢᠭᠵᠢᠬᠦ ᠶᠢ ᠨᠢ ᠢᠲᠡᠭ ᠠᠯᠬᠤᠮ ᠢᠶᠠᠷ ᠪᠡᠶᠡᠯᠡᠬᠦᠯᠦᠨ᠎ᠡ᠃ ᠬᠡᠷᠡᠯ | ᠴᠠᠬᠢᠯᠭᠠᠨ ᠢᠶᠠᠷ ᠶᠠᠲᠠᠭᠤ ᠶᠢ ᠲᠡᠳᠬᠦᠬᠦ ᠬᠦᠴᠦᠯᠡᠴᠡ ᠶᠢ ᠶᠡᠬᠡᠰᠬᠡᠨ᠂ 1.7 ᠲᠦᠮᠡᠨ ᠺᠢᠯᠤᠸᠠᠲ ᠲᠤᠰᠬᠤᠨ ᠤ ᠲᠡᠰ | ᠤᠨ ᠬᠡᠷᠡᠯ ᠴᠠᠬᠢᠯᠭᠠᠨ ᠤ ᠦᠷᠲᠡᠭᠡ ᠪᠠ 1.6 ᠲᠦᠮᠡᠨ ᠺᠢᠯᠤᠸᠠᠲ ᠤᠨ ᠲᠠᠷᠬᠠᠭᠠᠯᠲᠠ ᠶᠢᠨ ᠬᠡᠯᠪᠡᠷᠢᠲᠦ ᠬᠡᠷᠡᠯ | ᠴᠠᠬᠢᠯᠭᠠᠨ ᠭᠠᠷᠭᠠᠬᠤ ᠲᠦᠷᠦᠯ ᠵᠤᠶᠢᠯ ᠢ ᠲᠦᠷᠬᠡᠳᠬᠡᠨ ᠪᠠᠶᠢᠭᠤᠯᠤᠨ᠎ᠠ᠃ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ | ᠢᠶᠠᠷ ᠤᠨᠤᠰᠢᠨ ᠲᠡᠭᠡᠷ᠎ᠡ ᠨᠢ ᠶᠠᠲᠠᠭᠤ ᠶᠢ ᠲᠡᠳᠬᠦᠬᠦ ᠲᠦᠷᠦ ᠶᠢᠨ ᠪᠤᠲᠤᠯᠭ᠎ᠠ ᠶᠢ ᠨᠠᠶᠢᠲᠠᠪᠦᠷᠢᠵᠢᠭᠤᠯᠤᠨ᠂ ᠡᠪᠡᠳᠴᠢᠨ | ᠰᠤᠷᠤᠯᠭ᠎ᠠ ᠠᠴᠠ ᠪᠤᠯᠤᠭᠰᠠᠨ ᠬᠦᠴᠢᠷᠲᠠᠢ ᠪᠠᠶᠢᠲᠠᠯ ᠢ ᠪᠦᠲᠦᠮᠵᠢᠲᠠᠢ ᠪᠠᠷ ᠰᠢᠢᠳᠪᠦᠷᠢᠯᠡᠨ᠎ᠡ᠃ ᠤᠤᠭᠤᠬᠤ ᠤᠰᠤᠨ | ᠤ ᠠᠮᠤᠷ ᠲᠦᠪᠰᠢᠨ᠂ ᠴᠠᠬᠢᠯᠭᠠᠨ ᠴᠢᠮᠡᠭᠡ ᠨᠡᠪᠲᠡᠷᠡᠯᠬᠡ᠂ ᠲᠤᠰᠬᠤᠨ ᠲᠤᠭᠤᠶᠢᠯᠠᠩ ᠳᠤ ᠵᠠᠮ ᠨᠡᠪᠲᠡᠷᠡᠬᠦ ᠵᠡᠷᠬᠡ | ᠤᠯᠠᠨ ᠨᠡᠶᠢᠲᠡᠴᠢ ᠰᠠᠭᠤᠷᠢ ᠲᠦᠬᠦᠬᠡᠷᠦᠮᠵᠢ ᠶᠢ ᠪᠦᠬᠦ ᠲᠠᠯ᠎ᠠ ᠰᠠᠶᠢᠵᠢᠷᠠᠭᠤᠯᠤᠨ᠂ ᠠᠮᠢ ᠠᠬᠤᠢ ᠶᠢᠨ ᠪᠠᠶᠢᠭᠤᠯᠤᠯᠲᠠ᠂ | ᠠᠵᠢᠯ ᠤᠯᠭᠤᠬᠤ᠂ ᠲᠤᠤᠷ᠎ᠠ ᠪᠠᠲᠤᠯᠠᠭ᠎ᠠ ᠪᠠ ᠶᠠᠲᠠᠭᠤ ᠶᠢ ᠲᠡᠳᠬᠦᠬᠦ ᠬᠤᠶᠡᠷ ᠵᠤᠶᠢᠯ ᠤᠨ ᠲᠦᠷᠢᠮ ᠢ ᠬᠤᠯᠪᠤᠬᠤ | ᠵᠡᠷᠬᠡ ᠠᠵᠢᠯ ᠢ ᠨᠢᠬᠡᠲᠦᠯᠵᠢᠬᠦᠯᠦᠨ ᠠᠬᠢᠭᠤᠯᠤᠨ᠎ᠠ᠃ ᠪᠡᠬᠡᠵᠢᠩ ᠦᠪᠦᠷ ᠮᠤᠩᠭᠤᠯ ᠤᠨ ᠶᠠᠲᠠᠭᠤ ᠶᠢ ᠲᠡᠳᠬᠦᠬᠦ | ᠬᠠᠪᠰᠤᠷᠤᠯᠴᠠᠭ᠎ᠠ ᠪᠠ ᠲᠦᠪ ᠤᠨ ᠠᠵᠦ ᠠᠬᠤᠶᠢᠯᠠᠯ ᠤᠨ ᠴᠢᠭ ᠲᠤᠭᠲᠠᠭᠠᠭᠰᠠᠨ ᠬᠠᠪᠰᠤᠷᠤᠨ ᠲᠡᠳᠬᠦᠬᠦ ᠠᠵᠢᠯ ᠢ | ᠬᠦᠨᠵᠡᠬᠡᠶᠢᠷᠡᠬᠦᠯᠦᠨ᠂ ᠨᠡᠶᠢᠬᠡᠮ ᠤᠨ ᠡᠯ᠎ᠡ ᠡᠲᠡᠬᠡᠳ ᠤᠨ ᠬᠦᠴᠦᠨ ᠢ ᠦᠷᠬᠡᠨ ᠢᠶᠠᠷ ᠲᠦᠪᠯᠡᠷᠡᠬᠦᠯᠦᠨᠨᠠ᠃ ᠶᠠᠲᠠᠭᠤ | ᠶᠢ ᠲᠡᠳᠬᠦᠬᠦ ᠪᠡᠯᠡ ᠮᠦᠩᠬᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠨ᠂ ᠦᠷ᠎ᠡ ᠠᠰᠢᠭ ᠲᠠᠢ ᠪᠠᠷ | ᠪᠠᠲᠠᠷᠠᠭᠤᠯᠬᠤ ᠶᠢ ᠪᠠᠲᠤᠯᠠᠨ᠎ᠠ᠃ ᠶᠠᠲᠠᠭᠤ ᠶᠢ ᠲᠡᠳᠬᠦᠬᠦ ᠪᠠ ᠲᠡᠳᠬᠦᠨ ᠲᠤᠰᠠᠯᠠᠬᠤ ᠶᠢ ᠤᠶᠠᠯᠲᠤᠭᠤᠯᠤᠨ᠂ ᠲᠦᠷᠦ | ᠶᠢᠨ ᠪᠤᠲᠤᠯᠭ᠎ᠠ ᠶᠢᠨ ᠤᠬᠠᠭᠤᠯᠭ᠎ᠠ ᠵᠢᠯᠤᠭᠤᠲᠤᠮᠵᠢ ᠶᠢ ᠴᠢᠩᠭᠠᠳᠬᠠᠨ᠂ ᠶᠠᠲᠠᠭᠤ ᠠᠴᠠ ᠠᠩᠬᠢᠵᠢᠷᠠᠭᠤᠯᠤᠨ | ᠰᠢᠪᠲᠤᠯᠤᠯᠲᠠ ᠬᠢᠵᠦ ᠦᠷ᠎ᠡ ᠪᠦᠲᠦᠮᠵᠢ ᠶᠢ ᠲᠠᠰᠤᠷᠠᠯᠲᠠ ᠦᠬᠡᠢ ᠪᠠᠬᠢᠵᠢᠬᠦᠯᠦᠨ᠎ᠠ᠃ | ᠪᠤᠬᠢᠷᠲᠠᠯ ᠢ ᠰᠡᠷᠬᠡᠶᠢᠯᠡᠬᠦ ᠰᠢᠪᠲᠤᠯᠤᠯᠲᠠ ᠶᠢᠨ ᠲᠠᠶᠢᠯᠠᠯᠲᠤᠭᠠᠨ ᠢ ᠦᠷᠬᠦᠯᠵᠢᠯᠡᠨ ᠰᠠᠶᠢᠲᠤᠷ ᠬᠢᠬᠦ | ᠬᠡᠷᠡᠭᠲᠡᠢ᠃ ᠲᠦᠪ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠤᠷᠴᠢᠨ ᠲᠤᠭᠤᠷᠢᠨ ᠤ | ᠬᠠᠮᠠᠭᠠᠯᠠᠯᠲᠠᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠯᠲᠠ ᠶᠢᠨ ᠠᠰᠠᠭᠤᠲᠠᠯ ᠢ ᠦᠬᠡᠷᠡᠴᠢᠯᠡᠨ | ᠬᠦᠨᠵᠡᠬᠡᠶᠢᠷᠡᠬᠦᠯᠦᠨ᠂ ᠠᠭᠠᠷ᠂ ᠤᠰᠤ᠂ ᠭᠠᠵᠠᠷ ᠰᠢᠷᠤᠢ ᠶᠢᠨ ᠪᠤᠬᠢᠷᠲᠠᠯ ᠢ ᠰᠡᠷᠬᠡᠶᠢᠯᠡᠬᠦ ᠶᠢ ᠪᠦᠬᠦ ᠲᠠᠯ᠎ᠠ ᠪᠠᠷ | ᠴᠢᠩᠭᠠᠳᠬᠠᠨ᠎ᠠ᠃ ᠪᠤᠷᠤᠬᠤᠲᠠ ᠶᠢᠨ ᠬᠤᠲᠠ ᠲᠤᠭᠤᠷᠢᠭ ᠤᠨ ᠲᠤᠯᠠᠭᠠᠯᠭ᠎ᠠ ᠶᠢᠨ ᠬᠤᠭᠤᠯᠠᠢ ᠶᠢᠨ ᠰᠦᠯᠵᠢᠶᠡᠨ ᠤ | ᠦᠷᠬᠡᠳᠬᠡᠯ ᠪᠠ ᠴᠠᠪᠠᠷ ᠡᠨᠧᠷᠬᠢ ᠪᠠᠷ ᠤᠷᠤᠯᠠᠭᠤᠯᠬᠤ ᠢᠨᠵᠧᠨᠧᠷᠢᠭ ᠢ ᠬᠡᠷᠡᠭᠵᠢᠬᠦᠯᠦᠨ᠂ ᠨᠡᠬᠦᠷᠡᠰᠦ ᠤᠲᠤᠭᠠᠨ ᠤ | ᠠᠭᠠᠷ ᠢ ᠪᠤᠬᠢᠷᠲᠠᠭᠤᠯᠬᠤ ᠶᠢ ᠪᠦᠲᠦᠮᠵᠢᠲᠠᠢ ᠵᠠᠰᠠᠨ ᠦᠬᠡᠷᠡᠴᠢᠯᠡᠨ᠎ᠡ᠃ ᠪᠤᠷᠤᠬᠤᠲᠠ ᠶᠢᠨ ᠪᠤᠬᠢᠷ ᠤᠰᠤ ᠶᠢ | ᠰᠢᠢᠳᠪᠦᠷᠢᠯᠡᠬᠦ ᠦᠢᠯᠡᠳᠪᠤᠷᠢ ᠶᠢᠨ ᠵᠠᠬ᠎ᠠ ᠲᠡᠯᠬᠡᠬᠦᠷᠵᠢᠯᠡᠯᠲᠡ ᠶᠢ ᠲᠦᠷᠬᠡᠳᠬᠡᠨ ᠠᠬᠢᠭᠤᠯᠵᠦ᠂ ᠢᠤᠢ ᠯᠦᠩ ᠠᠵᠦ | ᠦᠢᠯᠡᠳᠪᠦᠷᠢ ᠶᠢᠨ ᠲᠤᠭᠤᠷᠢᠭ ᠤᠨ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠤᠷᠢ᠂ ᠲᠤᠭᠲᠠᠮᠠᠯ ᠬᠠᠶᠠᠭᠲᠠᠮᠠᠯ ᠢ | ᠪᠤᠯᠠᠨ ᠴᠡᠪᠡᠷᠯᠡᠬᠦ ᠲᠠᠯᠠᠪᠤᠷ ᠤᠨ ᠲᠦᠷᠦᠯ ᠵᠤᠶᠢᠯ ᠢ ᠲᠦᠯᠬᠢᠨ ᠠᠬᠢᠭᠤᠯᠤᠨ᠎ᠠ᠃ ᠤᠰᠤᠨ ᠡᠬᠢ ᠡᠬᠦᠰᠪᠦᠷᠢ ᠭᠠᠵᠠᠷ | ᠤᠨ ᠲᠦᠷᠢᠮᠵᠢᠭᠰᠡᠨ ᠪᠠᠶᠢᠭᠤᠯᠤᠯᠲᠠ ᠶᠢ ᠬᠡᠷᠡᠭᠵᠢᠬᠦᠯᠦᠨ᠂ ᠬᠤᠲᠠ ᠬᠦᠲᠡᠭᠡ ᠶᠢᠨ ᠪᠤᠬᠢᠷ ᠤᠰᠤ ᠶᠢ ᠰᠢᠢᠳᠪᠦᠷᠢᠯᠡᠬᠦ | ᠴᠢᠲᠠᠪᠬᠢ ᠶᠢ ᠲᠡᠭᠡᠰᠢᠯᠡᠬᠦᠯᠦᠨ᠂ ᠬᠤᠰᠢᠭᠤᠨ ᠤ ᠲᠤᠲᠤᠷᠠᠬᠢ ᠤᠰᠤᠨ ᠤ ᠴᠢᠨᠠᠷ ᠤᠨ ᠬᠢᠨᠠᠨ ᠰᠢᠯᠭᠠᠯᠲᠠ ᠶᠢ | ᠰᠠᠶᠢᠵᠢᠷᠠᠭᠤᠯᠤᠨ᠎ᠠ᠃ ᠭᠠᠵᠠᠷ ᠰᠢᠷᠤᠢ ᠶᠢᠨ ᠪᠤᠬᠢᠷᠲᠠᠯ ᠤᠨ ᠬᠠᠮᠢᠶᠠᠷᠤᠯᠲᠠ ᠶᠢ ᠴᠢᠩᠭᠠᠳᠬᠠᠵᠦ᠂ ᠵᠢᠬᠦᠷᠲᠡᠨ ᠤ | ᠪᠠᠭᠠᠰᠣ ᠢᠯᠭᠠᠲᠠᠰᠤ ᠪᠤᠬᠢᠷᠲᠠᠯ ᠢ ᠡᠬᠢ ᠪᠠᠶᠠᠯᠢᠭᠵᠢᠭᠤᠯᠤᠨᠠᠰᠢᠭᠯᠠᠬᠤ ᠶᠢ ᠪᠦᠬᠦ ᠬᠤᠰᠢᠭᠤ ᠪᠠᠷ ᠲᠦᠯᠬᠢᠨ | ᠠᠬᠢᠭᠤᠯᠬᠤ ᠲᠦᠷᠦᠯ ᠵᠤᠶᠢᠯ ᠤᠨ ᠪᠠᠶᠢᠭᠤᠯᠤᠯᠲᠠ ᠶᠢ ᠲᠦᠷᠬᠡᠳᠬᠡᠨ᠂ ᠲᠠᠷᠢᠶᠠᠯᠠᠩ ᠮᠠᠯ ᠠᠵᠦ ᠠᠬᠤᠢ ᠠᠴᠠ | ᠡᠬᠦᠰᠪᠦᠷᠢ ᠲᠠᠢ ᠪᠤᠬᠢᠷᠲᠡᠯ ᠢ ᠴᠢᠩᠭ᠎ᠠ ᠪᠠᠷ ᠬᠠᠮᠢᠶᠠᠷᠤᠨ᠎ᠠ᠃ | ᠯᠤᠤᠬ᠎ᠠ ᠶᠢᠨ ᠭᠤᠤᠯ ᠤᠨ ᠲᠡᠭᠡᠲᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠤᠷᠴᠢᠨ | ᠲᠤᠭᠤᠷᠢᠨ ᠤ ᠴᠡᠭᠴᠡᠯᠡᠯᠲᠡ ᠤᠨ ᠭᠤᠷᠪᠠᠨ ᠵᠢᠯ ᠤᠨ ᠲᠦᠯᠦᠪᠵᠢᠬᠦᠯᠬᠡ ᠶᠢ ᠬᠦᠨᠵᠡᠬᠡᠶᠢᠷᠡᠬᠦᠯᠦᠨ᠂ ᠬᠤᠩ ᠱᠠᠨ | ᠣᠰᠣᠨ ᠴᠦᠬᠦᠷᠦᠮ ᠤᠨ ᠲᠠᠷᠢᠶᠠᠯᠠᠬᠤ ᠶᠢ ᠵᠤᠭᠰᠤᠭᠠᠨ ᠨᠠᠮᠤᠭ ᠭᠠᠵᠠᠷ ᠪᠠ ᠴᠢᠯᠠᠭᠤᠯᠢᠭ ᠭᠠᠵᠠᠷ ᠤᠨ ᠵᠦᠢ ᠤᠷᠴᠢᠨ | ᠲᠤᠭᠤᠷᠢᠨ ᠤ ᠶᠡᠷᠦᠩᠬᠡᠶᠢᠯᠡᠨ ᠵᠠᠰᠠᠯᠲᠠ ᠶᠢ ᠲᠦᠷᠬᠡᠳᠬᠡᠨ᠂ ᠪᠡᠬᠡᠵᠢᠩ ᠲᠢᠶᠠᠨᠵᠢᠨ ᠤ ᠰᠠᠯᠬᠢ ᠡᠯᠡᠰᠤ ᠶᠢᠨ | ᠡᠬᠦᠰᠪᠦᠷᠢ ᠶᠢ 10.5 ᠲᠦᠮᠡᠨ ᠮᠤ᠋ ᠵᠠᠰᠠᠨ ᠦᠬᠡᠷᠡᠴᠢᠯᠡᠵᠦ᠂ 2400 ᠮᠤ᠋ ᠦᠨᠲᠦᠷ ᠬᠤᠷᠳᠤᠴᠠ ᠪᠠᠷ ᠨᠡᠪᠲᠡᠷᠡᠬᠦ | ᠵᠠᠮ ᠤᠨ ᠬᠠᠵᠠᠭᠤ ᠶᠢᠨ ᠨᠤᠭᠤᠭᠠᠷᠠᠭᠤᠯᠤᠯᠲᠠ ᠶᠢᠨ ᠴᠢᠨᠠᠷ ᠢ ᠲᠡᠭᠡᠭᠰᠢᠯᠡᠬᠦᠯᠬᠦ ᠪᠠᠷᠢᠯᠭ᠎ᠠ ᠶᠢ ᠬᠡᠷᠡᠭᠵᠢᠬᠦᠯᠦᠨ᠎ᠠ᠃ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠦᠷᠢᠮ ᠢ ᠨᠠᠷᠢᠨ ᠬᠢᠨᠠᠮᠠᠭᠠᠢ ᠪᠠᠷ ᠨᠠᠶᠢᠲᠠᠪᠦᠷᠢᠵᠢᠭᠤᠯᠤᠨ᠂ | ᠲᠡᠩᠨᠡᠬᠦᠷ ᠤᠨ ᠭᠤᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠴᠢᠲᠠᠪᠤᠷᠢ ᠶᠢᠨ ᠲᠤᠬᠢᠷᠠᠭᠤᠯᠤᠯᠲᠠ ᠶᠢᠨ | ᠠᠵᠢᠯ ᠢ ᠲᠠᠭᠤᠰᠠᠬᠨ ᠪᠡᠶᠡᠯᠡᠬᠦᠯᠦᠨ᠎ᠠ᠃ ᠭᠤᠤᠯ ᠨᠠᠭᠤᠷ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠂ ᠤᠷᠴᠢᠨ ᠲᠤᠭᠤᠷᠢᠨ ᠢ ᠬᠠᠮᠠᠭᠠᠯᠠᠬᠤ《 ᠭᠤᠷᠪᠠ ᠶᠢ ᠬᠠᠮᠲᠦ ᠳᠤᠨᠢ ᠬᠢᠬᠦ 》ᠪᠠ ᠠᠮᠢ | ᠠᠬᠤᠢ ᠶᠢᠨ ᠮᠠᠯᠵᠢᠬᠤ ᠶᠢ ᠬᠤᠷᠢᠭᠯᠠᠬᠤ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠪᠠᠷ ᠶᠠᠪᠤᠭᠲᠠᠭᠤᠯᠤᠨ᠂ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠵᠦᠷᠢᠴᠡᠨ ᠬᠠᠤᠯᠢ ᠪᠤᠰᠤ ᠪᠠᠷ ᠡᠪᠲᠡᠯᠬᠡ ᠬᠢᠭᠰᠡᠨ ᠲᠦᠷᠢᠮ | ᠲᠤᠭᠲᠠᠭᠠᠯ ᠢ ᠵᠦᠷᠢᠴᠡᠭᠰᠡᠨ ᠠᠰᠠᠭᠤᠲᠠᠯ ᠢ ᠠᠭᠤᠴᠢᠯᠠᠰᠢ ᠦᠬᠡᠢ ᠰᠢᠢᠳᠬᠡᠨ᠂ ᠤᠩᠨᠢᠭᠤᠳ ᠬᠤᠰᠢᠭᠤᠨ ᠤ ᠪᠠᠨ | ᠬᠦᠬᠡᠮᠲᠦᠭ ᠨᠤᠭᠤᠭᠠᠨ ᠠᠭᠤᠯᠠ ᠤᠰᠤ ᠶᠢ ᠡᠷᠡᠰ ᠪᠠᠲᠦ ᠬᠠᠮᠠᠭᠠᠯᠠᠨ᠎ᠠ᠃ | ᠠᠶᠤᠯ ᠢ ᠰᠡᠷᠬᠡᠶᠢᠯᠡᠨ ᠰᠢᠪᠲᠦᠯᠤᠯᠲᠠ ᠬᠢᠬᠦ ᠲᠠᠶᠢᠯᠠᠯᠲᠤᠭᠠᠨ ᠢ ᠰᠠᠶᠢᠲᠤᠷ ᠠᠬᠢᠭᠤᠯᠤᠨ᠎ᠠ ᠃ 《 | ᠡᠷᠡᠰ ᠪᠠᠲᠤ᠂ ᠡᠵᠡᠮᠰᠢᠵᠦ ᠪᠤᠯᠬᠤ᠂ ᠲᠡᠰ ᠲᠠᠷᠠᠭ᠎ᠠ ᠲᠠᠢ᠂ ᠵᠤᠬᠢᠮᠵᠢᠲᠠᠢ ᠪᠠᠶᠢᠬᠤ 》ᠶᠡᠷᠦᠩᠬᠡᠢ ᠱᠠᠭᠠᠷᠲᠠᠯᠭ᠎ᠠ | ᠶᠤᠰᠤᠭᠠᠷ ᠨᠠᠷᠢᠨ ᠬᠢᠨᠠᠮᠠᠭᠠᠢ ᠲᠤᠤᠱᠠᠯᠠᠭᠤᠯᠤᠨ᠂ ᠲᠡᠭᠡᠲᠦ ᠱᠠᠲᠤᠨ ᠤ ᠦᠷᠢ ᠦᠭᠴᠡᠭᠡ ᠶᠢ ᠡᠶᠡᠲᠡᠬᠦᠯᠬᠦ | ᠱᠠᠭᠠᠷᠲᠠᠯᠭ᠎ᠠ ᠪᠠ ᠦᠷᠢ ᠰᠢᠷᠢ ᠶᠢ ᠲᠦᠯᠦᠬᠦ ᠲᠦᠯᠦᠪᠯᠡᠭᠡ ᠶᠢ ᠨᠠᠷᠢᠨ ᠬᠢᠨᠠᠮᠠᠭᠠᠢ ᠪᠠᠷ ᠨᠠᠶᠢᠲᠠᠪᠦᠷᠢᠵᠢᠭᠤᠯᠤᠨ᠂ | ᠨᠢᠭᠤᠭᠲᠠᠮᠠᠯ ᠦᠷᠢ ᠦᠭᠴᠡᠭᠡ ᠶᠢ ᠡᠶᠡᠲᠡᠬᠦᠯᠬᠦ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠢᠯ ᠤᠨ | ᠲᠤᠲᠤᠷ᠎ᠠ7.6 ᠳ᠋ᠦᠩᠰᠢᠭᠤᠷ ᠲᠦᠬᠦᠷᠢᠭ ᠦᠷᠢ ᠦᠭᠴᠡᠭᠡ ᠶᠢ ᠡᠶᠡᠲᠡᠬᠦᠯᠦᠨᠠ᠃ ᠡᠳ᠋ ᠤᠨ ᠵᠠᠰᠠᠭ ᠤᠨ ᠢᠷᠡᠯᠲᠡ | ᠶᠢᠨ ᠪᠠᠶᠢᠭᠤᠯᠤᠯᠲᠠ ᠪᠠ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ᠬᠦᠴᠦᠨ ᠢᠶᠠᠨ ᠲᠦᠪᠯᠡᠷᠡᠬᠦᠯᠦᠨ ᠵᠤᠬᠢᠰᠲᠠᠢ ᠰᠢᠯᠢᠲᠡᠭ ᠭᠠᠶᠢᠯᠢ ᠶᠢᠨ ᠢᠷᠡᠯᠲᠡ ᠶᠢ ᠤᠯᠵᠦ᠂ ᠤᠷᠤᠨ ᠨᠤᠲᠤᠭ ᠤᠨ | ᠡᠳ᠋ ᠤᠨ ᠵᠠᠰᠠᠭ ᠤᠨ ᠢᠷᠡᠯᠲᠡ ᠬᠦᠴᠦᠨ ᠢ ᠲᠡᠰᠤᠷᠤᠯᠲᠠ ᠦᠬᠡᠢ ᠨᠡᠮᠡᠭᠲᠡᠬᠦᠯᠬᠦ ᠬᠡᠷᠡᠭᠲᠡᠢ᠃ ᠡᠩ ᠤᠨ ᠵᠠᠷᠤᠯᠭ᠎ᠠ ᠶᠢ | ᠬᠠᠰᠤᠨ ᠲᠠᠷᠤᠵᠦ᠂ ᠤᠯᠤᠰ ᠤᠨ ᠦᠮᠴᠢᠯᠡᠯᠲᠦ ᠡᠬᠢ ᠪᠠᠶᠠᠯᠢᠭ ᠤᠨ ᠬᠡᠮᠵᠢᠶ᠎ᠡ ᠶᠢ ᠠᠮᠢᠲᠤᠯᠢᠭᠵᠢᠭᠤᠯᠤᠨ᠂ ᠲᠡᠭᠡᠲᠦ | ᠱᠠᠲᠤᠨ ᠤ ᠲᠤᠰᠠᠬᠠᠢ ᠲᠦᠷᠦᠯ ᠤᠨ ᠪᠡᠯᠡ ᠮᠦᠩᠬᠦ ᠶᠢ ᠤᠯᠤᠨ ᠠᠪᠴᠢᠷᠠᠵᠦ᠂ ᠵᠠᠰᠠᠭ ᠤᠨ ᠤᠷᠲᠤᠨ ᠣᠦᠷᠢ | ᠦᠭᠴᠡᠭᠡ ᠵᠡᠷᠬᠡ ᠬᠡᠯᠪᠡᠷᠢ ᠪᠠᠷ ᠶᠡᠷᠦᠩᠬᠡᠶᠢᠯᠡᠨ ᠶᠠᠪᠤᠭᠲᠠᠭᠤᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠯᠲᠠ | ᠶᠢ ᠪᠦᠲᠦᠮᠵᠢᠲᠠᠢ ᠪᠠᠷ ᠪᠠᠭᠠᠰᠠᠬᠠᠨ᠎ᠠ᠃ ᠡᠳ᠋ ᠤᠨ ᠵᠠᠰᠠᠭ ᠤᠨ ᠲᠦᠰᠦᠪ ᠤᠨ ᠬᠦᠯᠢᠶᠡᠰᠦᠯ ᠣᠨᠬᠦ᠋ᠴᠦᠯᠡᠴᠡ ᠶᠢ | ᠨᠡᠮᠡᠭᠲᠡᠬᠦᠯᠦᠨ᠂ ᠡᠳ᠋ ᠤᠨ ᠵᠠᠰᠠᠭ ᠮᠦᠩᠬᠦᠨ ᠬᠦᠢᠯᠬᠡᠬᠡᠨ ᠤ ᠠᠶᠤᠯ ᠢ ᠪᠠᠷᠤᠭᠴᠠᠭᠠᠯᠠᠨ᠂ ᠨᠡᠶᠢᠬᠡᠮ ᠢ ᠲᠤᠭᠲᠠᠭᠤᠨ | ᠪᠠᠶᠢᠯᠭᠠᠬᠤ ᠠᠶᠤᠯ ᠢ ᠪᠠᠷᠤᠭᠴᠠᠭᠠᠯᠠᠬᠤ ᠲᠦᠷᠢᠮ ᠢ ᠲᠡᠬᠦᠯᠲᠡᠷᠵᠢᠬᠦᠯᠵᠦ᠂ ᠢᠷᠡᠯᠲᠡ ᠡᠬᠦᠰᠪᠦᠷᠢ ᠠᠴᠠ ᠨᠢ ᠰᠢᠨ᠎ᠠ | ᠪᠠᠷ ᠬᠠᠤᠯᠢ ᠪᠤᠰᠤ ᠲᠦᠷᠢᠮ ᠲᠤᠭᠲᠠᠭᠠᠯ ᠢ ᠵᠦᠷᠢᠴᠡᠭᠰᠡᠨ ᠦᠷᠢ ᠡᠬᠦᠰᠬᠡᠬᠦ ᠦᠢᠯᠡ ᠠᠵᠢᠯᠯᠠᠭ᠎ᠠ ᠡᠬᠦᠰᠬᠦ ᠶᠢ | ᠪᠦᠲᠦᠮᠵᠢᠲᠡᠢ ᠪᠠᠷ ᠬᠤᠷᠢᠭᠯᠠᠬᠤ ᠬᠡᠷᠡᠭᠲᠡᠢ᠃ ᠮᠦᠩᠬᠦᠨ ᠬᠦᠢᠯᠬᠡᠬᠡᠨ ᠤ ᠠᠶᠤᠯ ᠢ ᠰᠡᠷᠬᠡᠶᠢᠯᠡᠨ ᠬᠠᠮᠢᠶᠠᠷᠴᠦ᠂ ᠬᠠᠤᠯᠢ | ᠪᠤᠰᠤ ᠪᠠᠷ ᠪᠡᠯᠡ ᠮᠦᠩᠬᠦ ᠬᠤᠷᠠᠮᠲᠤᠭᠤᠯᠬᠤ᠂ ᠢᠨᠲ᠋ᠧᠷ ᠰᠦᠯᠵᠢᠶᠡᠨ ᠤ ᠮᠦᠩᠬᠦᠨ ᠬᠦᠢᠯᠬᠡᠬᠡᠨ ᠤ ᠠᠶᠤᠯ ᠢ | ᠰᠡᠷᠬᠡᠶᠢᠯᠡᠬᠦ᠂ ᠬᠦᠲᠡᠭᠡ ᠲᠤᠰᠬᠤᠨ ᠮᠠᠯᠵᠢᠬᠤ ᠤᠷᠤᠨ ᠤ ᠦᠨᠲᠦᠷ ᠬᠦᠦ ᠲᠠᠢ ᠵᠢᠬᠡᠯᠡᠯᠬᠡ ᠶᠢ ᠪᠠᠶᠢᠴᠠᠭᠠᠨ ᠵᠠᠰᠠᠬᠤ | ᠠᠵᠢᠯᠯᠠᠭ᠎ᠠ ᠶᠢ ᠬᠦᠨᠵᠡᠬᠡᠢ ᠪᠠᠷ ᠦᠷᠨᠢᠬᠦᠯᠦᠨ᠂ ᠤᠷᠤᠨ ᠭᠠᠵᠠᠷ ᠤᠨ ᠴᠢᠨᠠᠷᠲᠠᠢ ᠮᠦᠩᠬᠦᠨ ᠬᠦᠢᠯᠬᠡᠬᠡᠨ ᠤ ᠠᠶᠤᠯ | ᠤᠨ ᠲᠤᠤᠷ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ︵ ᠬᠤᠶᠠᠷ︶ ᠲᠡᠰ ᠲᠡᠪᠰᠢᠨ ᠡᠷᠬᠢᠯᠲᠡ ᠬᠢᠬᠦ ᠶᠢ ᠲᠦᠷᠬᠡᠳᠬᠡᠨ᠂ ᠠᠵᠦ ᠠᠬᠤᠢ ᠶᠢᠨ ᠲᠡᠬᠡᠲᠦ | ᠬᠡᠮᠵᠢᠶ᠎ᠡ ᠪᠠᠷ ᠬᠦᠭᠵᠢᠬᠦ ᠶᠢ ᠬᠦᠴᠦᠯᠡᠨ ᠠᠬᠢᠭᠤᠯᠤᠨ᠎ᠠ | ᠠᠵᠦ ᠦᠢᠯᠡᠰ ᠤᠨ ᠲᠠᠪᠴᠠᠩ ᠤᠨ ᠰᠠᠭᠤᠷᠢ ᠶᠢ ᠪᠠᠲᠤ ᠪᠠᠬᠢ ᠪᠤᠯᠭᠠᠨ᠎ᠠ᠃ 《 ᠨᠢᠬᠡ ᠲᠤᠭᠤᠷᠢᠯ | ᠭᠤᠷᠪᠠᠨ ᠲᠤᠭᠤᠷᠢᠭ ᠲᠤᠯᠤᠭᠠᠨ ᠬᠦᠷᠢᠶᠡᠯᠡᠩ 》 ᠪᠠᠷ ᠬᠤᠲᠠ ᠲᠤᠭᠤᠷᠢᠭᠰᠠᠨ ᠠᠵᠦ ᠦᠢᠯᠡᠰ ᠤᠨ ᠪᠦᠰᠡ ᠪᠠᠷ | ᠰᠢᠶᠠᠩ ᠲᠤᠰᠬᠤᠨ ᠢ ᠬᠦᠭᠵᠢᠬᠦᠯᠬᠦ ᠵᠢᠱᠢᠶ᠎ᠡ ᠦᠵᠡᠬᠦᠯᠬᠦ ᠤᠲᠤᠷᠢᠲᠤᠮᠵᠢ᠂ ᠶᠠᠲᠠᠭᠤ ᠠᠴᠠ ᠠᠩᠬᠢᠵᠢᠷᠠᠭᠤᠯᠬᠤ | ᠴᠢᠬᠤᠯᠠ ᠲᠤᠯᠭᠠᠭᠤᠷᠢ ᠬᠦᠴᠦᠨ ᠪᠠ ᠠᠵᠦ ᠦᠢᠯᠡᠰ ᠤᠨ ᠬᠦᠭᠵᠢᠯᠲᠡ ᠲᠠᠪᠴᠠᠩ ᠪᠤᠯᠭᠠᠨ ᠪᠠᠷᠢᠮᠲᠠᠯᠠᠵᠦ᠂ | ᠲᠠᠷᠢᠶᠠᠯᠠᠩ ᠮᠠᠯ ᠠᠵᠦ ᠠᠬᠤᠢ ᠲᠠᠷᠢᠵᠦ ᠲᠡᠵᠢᠬᠡᠬᠦ᠂ ᠴᠠᠪᠡᠷ ᠪᠤᠬᠢᠷᠲᠡᠯ ᠦᠬᠡᠢ ᠡᠨᠧᠷᠬᠢ ᠶᠢᠨ ᠰᠤᠷᠪᠤᠯᠵᠢ᠂ | ᠠᠭᠤᠷᠬᠠᠢ ᠶᠢ ᠨᠡᠬᠡᠬᠡᠨ ᠬᠦᠭᠵᠢᠬᠦᠯᠬᠦ᠂ ᠰᠢᠶᠠᠩ ᠲᠤᠰᠬᠤᠨ ᠤ ᠵᠤᠭᠠᠴᠠᠯ ᠠᠴᠠ ᠭᠠᠲᠠᠨᠠᠬᠢ ᠠᠵᠦ ᠦᠢᠯᠡᠰ ᠢ | ᠪᠦᠬᠦᠨ ᠢ ᠤᠷᠤᠭᠤᠯᠤᠨ᠂ ᠠᠵᠦ ᠦᠢᠯᠡᠰ ᠢ ᠲᠦᠪᠯᠡᠷᠡᠬᠦᠯᠦᠨ ᠨᠢᠭᠲᠠᠷᠠᠭᠤᠯᠤᠨ ᠬᠦᠭᠵᠢᠬᠦᠯᠦᠨ᠎ᠠ᠃ ᠢᠤᠢ ᠯᠦᠡᠭ | ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠠᠵᠦ ᠦᠢᠯᠡᠰ ᠤᠨ ᠬᠦᠭᠵᠢᠯᠲᠡ ᠶᠢᠨ ᠲᠦᠯᠦᠪᠯᠡᠭᠡ ᠪᠠ | ᠶᠡᠷᠦᠩᠬᠡᠢ ᠲᠦᠯᠦᠪᠵᠢᠬᠦᠯᠬᠡ ᠶᠢ ᠨᠠᠷᠢᠨ ᠬᠢᠨᠠᠮᠠᠭᠠᠢ ᠪᠠᠷ ᠦᠨᠡᠯᠡᠨ ᠬᠡᠷᠡᠭᠵᠢᠬᠦᠯᠵᠦ᠂ ᠰᠠᠭᠤᠷᠢ ᠲᠦᠬᠦᠬᠡᠷᠦᠮᠵᠢ ᠶᠢ | ᠲᠡᠬᠦᠯᠲᠡᠷᠵᠢᠬᠦᠯᠦᠨ᠂ ᠬᠦᠷᠢᠶᠡᠯᠡᠩ ᠲᠤᠭᠤᠷᠢᠭ ᠤᠨ ᠠᠵᠦ ᠠᠬᠤᠢ ᠶᠢ ᠪᠦᠯᠦᠭ ᠪᠠᠷ ᠬᠦᠭᠵᠢᠬᠦᠯᠦᠨ᠎ᠠ᠃ | ᠶᠠᠩ ᠵᠢᠶᠠ ᠢᠩᠽᠢ ᠤᠨ ᠤᠲᠤᠬᠢᠴᠢᠯᠠᠭᠰᠠᠨ ᠲᠠᠷᠢᠶᠠᠯᠠᠩ ᠤᠨ ᠵᠢᠱᠢᠶ᠎ᠠ ᠦᠵᠡᠬᠦᠯᠬᠦ ᠬᠦᠷᠢᠶᠡᠯᠡᠩ | ᠲᠤᠭᠤᠷᠢᠭ ᠢ ᠬᠦᠨᠵᠡᠬᠡᠢ ᠬᠦᠭᠵᠢᠬᠦᠯᠵᠦ᠂ 300 ᠰᠠᠭᠤᠷᠢ ᠠᠴᠠ ᠲᠡᠭᠡᠭᠰᠢᠬᠢ ᠨᠠᠷᠠᠨ ᠤ ᠢᠯᠴᠢᠲᠦ ᠲᠤᠯᠠᠭᠠᠨ | ᠬᠦᠯᠠᠮᠵᠢ ᠵᠢᠴᠢ ᠬᠦᠯᠲᠡᠬᠡᠬᠦᠷ ᠬᠦᠮᠦᠷᠬᠡ᠂ ᠬᠦᠷᠢᠶᠡᠯᠡᠩ ᠲᠤᠭᠤᠷᠢᠭ ᠤᠨ ᠵᠠᠮ ᠰᠦᠯᠵᠢᠶ᠎ᠡ ᠵᠡᠷᠬᠡ ᠲᠦᠬᠦᠬᠡᠷᠦᠮᠵᠢ | ᠦᠨᠲᠦᠷ ᠪᠠᠷᠢᠮᠵᠢᠶ᠎ᠠ ᠪᠠᠷ ᠪᠠᠶᠢᠭᠤᠯᠤᠨ᠂ ᠬᠤᠰᠢᠭᠤᠨ ᠲᠡᠰ ᠤᠨ ᠨᠢᠬᠡ ᠬᠤᠶᠡᠷ ᠭᠤᠷᠪᠠᠲᠤᠭᠠᠷ ᠠᠵᠦ ᠦᠢᠯᠡᠰ ᠤᠨ | ᠤᠶᠠᠯᠲᠤᠨ ᠵᠢᠱᠢᠶ᠎ᠡ ᠦᠵᠡᠬᠦᠯᠬᠦ ᠪᠠᠶᠢᠭᠤᠯᠤᠯᠲᠠ ᠶᠢ ᠲᠦᠷᠬᠡᠳᠬᠡᠨ᠎ᠡ᠃ ᠪᠤᠷᠤᠬᠤᠲᠠ ᠠᠷᠠᠯᠵᠢᠶ᠎ᠠ ᠬᠤᠲᠠᠯᠲᠤᠭᠠᠨ ᠤ | ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠂ | ᠠᠷᠠᠯᠵᠢᠶᠠᠴᠢᠨ ᠤᠷᠢᠨ ᠪᠡᠯᠡ ᠲᠠᠲᠠᠬᠤ ᠬᠦᠴᠦᠯᠡᠴᠡ ᠶᠢ ᠶᠡᠬᠡᠰᠬᠡᠨ᠂ ᠲᠡᠮᠦᠷ ᠵᠠᠮ ᠤᠨ ᠪᠠᠷᠠᠭ᠎ᠠ ᠲᠡᠬᠡᠬᠡᠪᠦᠷᠢᠯᠡᠯᠲᠡ | ᠶᠢᠨ ᠲᠦᠪ ᠤᠨ ᠲᠦᠷᠦᠯ ᠵᠤᠶᠢᠯ ᠢ ᠢᠲᠡᠪᠬᠢᠲᠡᠢ ᠪᠠᠷ ᠲᠦᠯᠬᠢᠨ ᠬᠡᠷᠡᠭᠵᠢᠬᠦᠯᠵᠦ᠂ ᠬᠦᠷᠢᠶᠡᠯᠡᠩ ᠲᠤᠭᠤᠷᠢᠭ ᠤᠨ | ᠲᠦᠪᠯᠡᠷᠡᠭᠰᠡᠨ ᠴᠢᠲᠠᠪᠬᠢ ᠶᠢᠨ ᠦᠢᠯᠡᠲᠦᠯ ᠢ ᠬᠦᠢᠴᠡᠳ ᠪᠠᠲᠠᠷᠠᠭᠤᠯᠤᠨ᠎ᠠ᠃ | ᠰᠤᠶᠤᠯ ᠵᠤᠭᠠᠴᠠᠯ ᠤᠨ ᠦᠢᠯᠡᠰ ᠤᠨ ᠪᠦᠰᠡ ᠶᠢ ᠬᠦᠴᠦᠯᠡᠨ ᠪᠠᠶᠢᠭᠤᠯᠵᠦ᠂ 50 ᠺᠢᠯᠤᠮᠧᠲᠷ ᠰᠤᠶᠤᠯ | ᠵᠤᠭᠠᠴᠠᠯ ᠤᠨ ᠦᠢᠯᠡᠰ ᠤᠨ ᠪᠦᠰᠡ ᠶᠢᠨ ᠬᠤᠯᠪᠤᠭᠠᠰᠤ ᠶᠢᠨ ᠪᠠᠷᠢᠯᠭ᠎ᠠ ᠶᠢ ᠪᠠᠶᠢᠭᠤᠯᠤᠨ᠎ᠠ᠃ ᠴᠢᠤᠸᠠᠨ ᠨᠢᠩ | ᠰᠤᠶᠤᠯ ᠵᠤᠭᠠᠴᠠᠯ ᠠᠵᠦ ᠦᠢᠯᠡᠰ ᠤᠨ ᠬᠦᠷᠢᠶᠡᠯᠡᠩ ᠲᠤᠭᠤᠷᠢᠭ ᠤᠨ ᠮᠤᠩᠭᠤᠯ ᠸᠠᠩ ᠬᠤᠲᠠ᠂ ᠰᠤᠶᠤᠯ ᠵᠤᠭᠠᠴᠠᠯ | ᠤᠨ ᠶᠡᠭᠡ ᠠᠰᠠᠷ᠂ ᠤᠲᠤᠨ ᠲᠡᠰ ᠤᠨ ᠵᠤᠴᠢᠳ ᠪᠠᠭᠤᠲᠠᠯ ᠵᠡᠷᠬᠡ ᠲᠦᠷᠦᠯ ᠵᠤᠶᠢᠯ ᠡᠬᠢᠯᠡᠬᠦᠯᠦᠨ᠂ ᠰᠤᠶᠤᠯ | ᠵᠤᠭᠠᠴᠠᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠤᠨ ᠭᠤᠤᠯ ᠲᠤᠭᠤᠷᠢᠭ ᠢ ᠪᠠᠶᠢᠭᠤᠯᠤᠨ᠎ᠠ᠃ | ᠲᠤᠮᠲᠠᠲᠤ ᠶᠢᠨ ᠯᠤᠤ ᠶᠢᠨ ᠰᠤᠶᠤᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠵᠠᠮ ᠱᠤᠭᠤᠮ᠂ | ᠨᠤᠭᠤᠭᠠᠷᠠᠭᠤᠯᠤᠯᠲᠠ ᠵᠡᠷᠬᠡ ᠪᠠᠷᠢᠯᠭ᠎ᠠ ᠶᠢ ᠶᠠᠪᠤᠭᠲᠠᠭᠤᠯᠵᠦ᠂ ᠲᠡᠷᠡᠰᠦ ᠶᠢᠨ ᠠᠮᠢ ᠠᠬᠤᠢ ᠲᠠᠷᠢᠶᠠᠯᠩ ᠤᠢ ᠰᠢᠭᠤᠢ | ᠶᠢᠨ ᠰᠡᠯᠡᠬᠦᠴᠡᠯ ᠣᠨᠬᠦ᠋ᠷᠢᠶᠡᠯᠡᠩ ᠲᠤᠭᠤᠷᠢᠭ ᠤᠨ ᠬᠤᠸᠠᠷ ᠴᠠᠴᠡᠭ ᠤᠨ ᠰᠠᠭᠤᠷᠢᠨ᠂ ᠭᠠᠵᠠᠷ ᠤᠷᠤᠨ ᠤ ᠦᠵᠡᠮᠵᠢ | ᠵᠤᠭᠠᠴᠠᠯ ᠤᠨ ᠲᠦᠷᠦᠯ ᠵᠤᠶᠢᠯ ᠤᠨ ᠪᠠᠷᠢᠯᠭ᠎ᠠ ᠶᠢ ᠡᠬᠢᠯᠡᠬᠦᠯᠦᠨ᠎ᠠ᠃ ᠡᠮᠨᠡᠯᠬᠡ ᠰᠤᠪᠢᠯᠠᠯᠲᠠ ᠡᠷᠡᠬᠦᠯ ᠴᠢᠬᠢᠷᠠᠭ | ᠠᠰᠠᠷᠠᠯᠲᠠ ᠶᠢᠨ ᠬᠦᠷᠢᠶᠡᠯᠡᠩ ᠲᠤᠭᠤᠷᠢᠭ ᠤᠨ ᠡᠷᠡᠬᠦᠯᠵᠢᠯ ᠰᠤᠪᠢᠯᠡᠯ᠂ ᠨᠠᠰᠣᠲᠠᠳ ᠢ ᠡᠷᠡᠬᠦᠯ ᠴᠢᠬᠢᠷᠠᠭ ᠢᠶᠠᠷ | ᠠᠰᠠᠷᠠᠬᠤ ᠵᠡᠷᠬᠡ ᠲᠦᠷᠦᠯ ᠵᠤᠶᠢᠯ ᠢ ᠡᠬᠢᠯᠠᠬᠦᠯᠦᠨ᠂ ᠡᠮᠨᠡᠯᠬᠡ ᠰᠤᠪᠢᠯᠠᠯᠲᠠ ᠶᠢ ᠤᠶᠠᠯᠲᠤᠭᠤᠯᠤᠭᠰᠠᠨ ᠬᠦᠭᠵᠢᠯᠲᠡ | ᠶᠢᠨ ᠪᠠᠶᠢᠲᠠᠯ ᠢ ᠴᠠᠷᠮᠠᠶᠢᠨ ᠪᠠᠶᠢᠭᠤᠯᠤᠨ᠎ᠠ᠃ | ᠠᠵᠦ ᠦᠢᠯᠡᠳᠪᠦᠷᠢ ᠠᠵᠦ ᠠᠬᠤᠢ ᠶᠢ ᠪᠤᠵᠠᠭᠠᠶᠢᠷᠠᠭᠤᠯᠤᠨ ᠬᠦᠭᠵᠢᠬᠦᠯᠦᠨ᠎ᠠ᠃ ᠲᠠᠷᠢᠶᠠᠯᠠᠩ ᠮᠠᠯ ᠠᠵᠦ | ᠠᠬᠤᠢ ᠶᠢᠨ ᠪᠦᠲᠦᠬᠡᠭᠲᠡᠬᠦᠨ ᠤ ᠪᠤᠯᠪᠠᠰᠤᠷᠠᠭᠤᠯᠤᠨ ᠦᠢᠯᠡᠳᠪᠦᠷᠢᠯᠡᠯᠲᠡ᠂ ᠮᠠᠰᠢᠨ ᠮᠧᠬᠠᠨᠢᠭ ᠦᠢᠯᠡᠳᠬᠦ᠂ ᠴᠡᠪᠡᠷ | ᠡᠨᠧᠷᠬᠢ ᠶᠢᠨ ᠰᠤᠷᠪᠤᠯᠵᠢ᠂ ᠠᠭᠤᠷᠬᠠᠢ ᠨᠡᠬᠡᠬᠡᠨ ᠠᠰᠢᠭᠯᠠᠬᠤ ᠵᠡᠷᠬᠡ ᠲᠦᠷᠪᠡᠨ ᠭᠤᠤᠯ ᠠᠵᠦ ᠦᠢᠯᠡᠰ ᠢᠶᠠᠷ | ᠵᠢᠯᠤᠭᠤᠲᠤᠮᠵᠢ ᠪᠤᠯᠭᠠᠨ᠂ ᠠᠵᠦ ᠦᠢᠯᠡᠳᠪᠦᠷᠢ ᠠᠵᠦ ᠠᠬᠤᠢ ᠶᠢᠨ ᠰᠢᠨ᠎ᠠ ᠨᠡᠮᠡᠭᠲᠡᠯ ᠢ ᠪᠤᠢ ᠪᠤᠯᠭᠠᠨ᠎ᠠ᠃ 1.5 | ᠲᠦᠮᠡᠨᠰᠠᠣᠷᠢ ᠮᠧᠩ ᠲᠦᠸᠧ ᠲᠷᠠᠺᠲ᠋ᠤᠷ ᠤᠨ ᠰᠤᠲᠤᠯᠤᠨ ᠦᠢᠯᠡᠳᠪᠦᠷᠢᠯᠡᠬᠦ ᠰᠠᠭᠤᠷᠢᠨ᠂ ᠠᠨᠴᠢ ᠢᠰᠬᠡᠬᠦᠷ ᠤᠨ 5 | ᠲᠦᠮᠡᠨ ᠲᠤᠨ ᠤ ᠪᠤᠷᠲᠤᠭᠤᠷ ᠦᠢᠯᠡᠳᠪᠦᠷᠢᠯᠡᠬᠦ ᠦᠷᠬᠡᠳᠬᠡᠬᠦ ᠪᠠᠶᠢᠭᠤᠯᠤᠯᠲᠠ᠂ ᠴᠤᠸᠠᠩ ᠳ᠋ᠠ ᠬᠠᠯᠠᠭᠤᠨ ᠬᠤᠭᠤᠯᠠᠢ | ᠬᠤᠶᠠᠲᠤᠭᠠᠷ ᠬᠤᠭᠤᠴᠠᠭᠠᠨ ᠤ ᠮᠡᠷᠬᠡᠵᠢᠯ ᠤᠨ ᠦᠬᠡᠷᠡᠴᠢᠯᠡᠯᠲᠡ ᠵᠡᠷᠬᠡ ᠲᠦᠷᠦᠯ ᠵᠤᠶᠢᠯ ᠢ ᠡᠬᠢᠯᠡᠬᠦᠯᠦᠨ᠂ ᠢᠤᠢ | ᠴᠢᠶᠤᠤ ᠶᠢᠨ ᠬᠤᠶᠠᠲᠤᠭᠠᠷ ᠬᠤᠭᠤᠴᠠᠭᠠᠨ ᠤ ᠲᠡᠮᠦᠷᠯᠢᠭ ᠲᠦᠬᠦᠬᠡᠷᠦᠮᠵᠢ ᠦᠢᠯᠡᠳᠬᠦ᠂ ᠤᠯᠠᠭᠠᠨᠬᠠᠲᠠ ᠶᠢᠨ ᠢᠨᠲ᠋ᠧᠷ | ᠰᠦᠯᠵᠢᠶᠡᠨ ᠤ ᠨᠤᠭᠤᠭ᠎ᠠ ᠬᠤᠯᠢᠰᠢᠨ ᠠᠮᠤ ᠶᠢᠨ ᠬᠦᠨ ᠪᠤᠯᠪᠠᠰᠤᠷᠠᠭᠤᠯᠤᠯᠲᠠ ᠶᠢᠨ ᠲᠦᠷᠦᠯ ᠵᠤᠶᠢᠯ | ᠣᠨᠪᠠᠶᠢᠭᠤᠯᠤᠯᠲᠠ᠂ ᠯᠢᠩ ᡁᠢ 7 ᠲᠦᠮᠡᠨ ᠲᠤᠨ ᠤ ᠲᠦᠷᠬᠡᠨᠬᠦ᠋ᠯᠲᠡᠬᠡᠭᠰᠡᠨ ᠲᠦᠮᠦᠰᠤᠨ ᠬᠡᠷᠴᠢᠮᠡᠯ ᠢ | ᠪᠤᠯᠪᠠᠰᠤᠷᠠᠭᠤᠯᠬᠤ᠂ ᠾᠧᠩ ᠳ᠋ᠦᠦ10 ᠲᠦᠮᠡᠨ ᠮᠢᠬᠠᠨ ᠦᠬᠡᠷ ᠢ ᠠᠯᠠᠵᠦ ᠨᠢᠲᠤᠯᠡᠨ ᠪᠤᠯᠪᠠᠰᠤᠷᠠᠭᠤᠯᠬᠤ᠂ ᠮᠤ᠋ | ᠶᠤᠸᠠᠨ60 ᠲᠦᠮᠡᠨ ᠲᠤᠨ ᠤ ᠪᠤᠷᠲᠤᠭ᠎ᠠ ᠪᠤᠯᠪᠠᠰᠤᠷᠠᠭᠤᠯᠬᠤ ᠲᠦᠷᠦᠯ ᠵᠤᠶᠢᠯ ᠢ ᠲᠦᠯᠬᠢᠨ ᠠᠬᠢᠭᠤᠯᠬᠤ᠂ 100 | ᠲᠤᠯᠤᠭᠠᠢ ᠲᠦᠮᠡᠨ ᠭᠠᠭ᠋ᠠᠢ ᠲᠡᠵᠢᠬᠡᠨ ᠦᠷᠡᠵᠢᠬᠦᠯᠬᠦ ᠠᠯᠠᠵᠦ ᠨᠢᠲᠦᠯᠡᠬᠦ ᠰᠠᠭᠤᠷᠢᠨ᠂ ᠡᠤ ᠹᠧᠨ ᠳ᠋ᠢ ᠶᠢᠨ 30 | ᠲᠦᠮᠡᠨ ᠺᠢᠯᠤᠸ᠋ᠯᠲ᠂ ᠤᠲᠠᠨᠲᠤᠬᠤᠢ ᠶᠢᠨ75 ᠲᠦᠮᠡᠨ ᠺᠢᠯᠤᠸ᠋ᠯᠲ᠂ ᠲᠡᠩᠨᠡᠬᠦᠷ ᠤᠨ ᠭᠤᠤᠯ ᠤᠨ 40ᠲᠦᠮᠡᠨ | ᠺᠢᠯᠤᠸ᠋ᠯᠲ᠂ ᠬᠤᠸᠠ ᠳ᠋ᠢᠶᠠᠨ ᠭᠤᠤ ᠵᠢᠶᠠ ᠯᠢᠶᠠᠩ ᠤᠨ ᠬᠤᠶᠠᠲᠤᠭᠠᠷ ᠬᠤᠭᠤᠴᠠᠭᠠᠨ ᠤ 20 ᠲᠦᠮᠡᠨ ᠺᠢᠯᠤᠸᠠᠲ᠂ | ᠲᠢᠶᠠᠨ ᠬᠤᠢ ᠾᠧ ᠫᠢᠩ ᠢᠩᠽᠢ ᠣᠨᠬᠤᠶᠠᠲᠤᠭᠠᠷ ᠬᠤᠭᠤᠴᠠᠭᠠᠨ ᠤ 20 ᠲᠦᠮᠡᠨ ᠺᠢᠯᠤᠸᠠᠲ ᠵᠡᠷᠬᠡ ᠴᠡᠪᠡᠷ | ᠡᠨᠧᠷᠬᠢ ᠶᠢᠨ ᠰᠤᠷᠪᠤᠯᠵᠢ ᠶᠢᠨ ᠲᠦᠷᠦᠯ ᠵᠤᠶᠢᠯ ᠢ ᠬᠤᠭᠤᠴᠠᠭ᠎ᠠ ᠬᠤᠪᠢᠶᠠᠨ ᠬᠡᠷᠡᠭᠵᠢᠬᠦᠯᠦᠨ᠎ᠠ᠃ ᠨᠤᠭᠤᠭᠠᠨ | ᠠᠭᠤᠯᠠ ᠠᠭᠤᠷᠬᠠᠢ ᠶᠢᠨ ᠪᠠᠶᠢᠭᠤᠯᠤᠯᠲᠠ ᠶᠢ ᠦᠷᠬᠦᠯᠵᠢᠯᠡᠨ ᠬᠡᠷᠡᠭᠵᠢᠬᠦᠯᠵᠦ᠂ ᠪᠸᠢ ᠳ᠋ᠠ ᠴᠢᠩ ᠨᠢᠶᠤᠤ᠂ | ᠤᠯᠠᠭᠠᠨᠬᠠᠲᠠ ᠶᠢᠨ ᠷᠦᠢ ᠨᠧᠩ᠂ ᠭᠤᠸᠠᠩᠳᠦ᠋ᠩ ᠤᠨ ᠰᠢᠶᠠᠨ ᠹᠧᠩ ᠬᠤᠸᠠᠩ ᠭᠦ᠋ ᠲᠦᠨ ᠵᠡᠷᠬᠡ ᠦᠩᠬᠡᠲᠦ | ᠲᠡᠮᠦᠷᠯᠢᠭ ᠤᠨ ᠠᠭᠤᠯᠠ ᠠᠭᠤᠷᠬᠠᠢ ᠶᠢᠨ ᠲᠦᠷᠦᠯ ᠵᠤᠶᠢᠯ ᠤᠨ ᠲᠡᠰ ᠲᠡᠪᠰᠢᠬᠦ ᠦᠬᠡᠷᠡᠴᠢᠯᠡᠯᠲᠡ᠂ ᠤᠯᠠᠭᠠᠨᠬᠠᠲᠠ | ᠶᠢᠨ ᠵᠢᠶᠠ ᠮᠠᠨ ᠯᠢᠨ ᠵᠢᠶᠠ ᠳ᠋ᠢ ᠠᠭᠤᠯᠠ ᠠᠭᠤᠷᠬᠠᠢ ᠶᠢᠨ ᠲᠦᠷᠦᠯ ᠵᠤᠶᠢᠯ ᠢ ᠠᠬᠢᠭᠤᠯᠤᠨ ᠬᠡᠷᠡᠭᠵᠢᠬᠦᠯᠦᠨ᠎ᠠ᠃ | ᠵᠢᠩ ᠲᠦᠩ ᠵᠡᠰ ᠤᠨ ᠦᠢᠯᠡᠰ᠂ ᠴᠠᠬᠢᠯᠭᠠᠨ ᠬᠤᠪᠢᠰᠬᠠᠨ ᠬᠦᠷᠬᠡᠬᠦ ᠦᠷᠲᠡᠭᠡ ᠶᠢᠨ ᠦᠬᠡᠷᠡᠴᠢᠯᠡᠬᠦ ᠪᠠᠷᠢᠯᠭ᠎ᠠ | ᠠᠬᠢᠴᠠ ᠪᠠᠨ ᠲᠦᠷᠬᠡᠳᠬᠡᠨ᠂ ᠰᠢᠩ ᠠᠨ ᠳ᠋ᠠ ᠴᠢᠳᠬᠤᠮᠠᠯ ᠦᠢᠯᠡᠰ ᠵᠡᠷᠬᠡ ᠦᠢᠯᠡᠳᠪᠦᠷᠢᠯᠡᠯ ᠵᠤᠭᠰᠤᠭᠰᠠᠨ ᠠᠵᠦ | ᠠᠬᠤᠶᠢᠯᠠᠯ ᠢ ᠲᠠᠬᠢᠨ ᠠᠮᠢᠯᠠᠭᠤᠯᠤᠨ᠂ ᠦᠢᠯᠡᠳᠪᠦᠷᠢ ᠠᠵᠦ ᠠᠬᠤᠢ ᠶᠢᠨ ᠬᠦᠭᠵᠢᠯᠲᠡ ᠶᠢᠨ ᠴᠢᠨᠠᠷ ᠢ ᠲᠤᠭᠲᠠᠭᠤᠨ | ᠢᠶᠠᠷ ᠲᠡᠭᠡᠭᠰᠢᠯᠡᠬᠦᠯᠦᠨ᠎ᠠ᠃ | ᠤᠲᠤᠬᠢᠴᠢᠯᠠᠭᠰᠠᠨ ᠲᠠᠷᠢᠶᠠᠯᠠᠩ ᠮᠠᠯ ᠠᠵᠦ ᠠᠬᠤᠢ ᠶᠢ ᠰᠢᠯᠢᠲᠡᠭᠵᠢᠬᠦᠯᠦᠨ ᠴᠢᠩᠭᠠᠳᠬᠠᠨ᠎ᠠ᠃ ᠲᠠᠷᠢᠶᠠᠯᠠᠩ | ᠮᠠᠯ ᠠᠵᠦ ᠠᠬᠤᠢ ᠶᠢᠨ ᠬᠠᠩᠭᠠᠯᠲᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠬᠦᠨᠵᠡᠬᠡᠶᠢᠷᠡᠬᠦᠯᠦᠨ᠂ | ᠲᠠᠷᠢᠶᠠᠯᠠᠩ ᠮᠠᠯ ᠠᠵᠦ ᠠᠬᠤᠢ ᠪᠠ ᠶᠠᠲᠠᠭᠤ ᠶᠢ ᠲᠡᠳᠬᠦᠨ ᠰᠢᠪᠲᠤᠯᠤᠯᠲᠠ ᠬᠢᠬᠦ ᠶᠢ ᠨᠠᠷᠢᠨ ᠨᠢᠭᠲᠠ | ᠤᠶᠠᠯᠲᠤᠭᠤᠯᠤᠨ ᠠᠬᠢᠭᠤᠯᠵᠦ᠂ ᠭᠠᠭ᠋ᠠᠢ ᠂ ᠦᠬᠡᠷ᠂ ᠬᠤᠨᠢ᠂ ᠲᠦᠮᠦᠰᠦ᠂ ᠨᠤᠭᠤᠭ᠎ᠠ᠂ ᠰᠢᠬᠢᠷ ᠵᠡᠷᠬᠡ ᠵᠢᠷᠭᠤᠭᠠᠨ | ᠶᠡᠭᠡ ᠭᠤᠤᠯ ᠠᠵᠦ ᠦᠢᠯᠡᠰ ᠤᠨ ᠬᠦᠭᠵᠢᠯᠲᠡ ᠶᠢ ᠲᠦᠷᠬᠡᠳᠬᠡᠨ᠂ ᠤᠲᠤᠬᠢᠴᠢᠯᠠᠭᠰᠠᠨ ᠲᠠᠷᠢᠶᠠᠯᠠᠩ ᠮᠠᠯ ᠠᠵᠦ | ᠠᠬᠤᠢ ᠶᠢᠨ ᠬᠦᠭᠵᠢᠯᠲᠡ ᠶᠢᠨ ᠰᠢᠰᠲ᠋ᠧᠮ ᠢ ᠪᠦᠷᠢᠯᠲᠦᠬᠦᠯᠦᠨ᠎ᠠ᠃ ᠪᠦᠬᠦ ᠵᠢᠯ ᠳᠤ 33 ᠲᠦᠮᠡᠨ ᠮᠤ᠋ ᠲᠠᠷᠢᠰᠢᠨ | ᠨᠤᠭᠤᠭ᠎ᠠ ᠲᠠᠷᠢᠵᠦ᠂ ᠲᠦᠮᠦᠰᠦ 25 ᠲᠦᠮᠡᠨ ᠮᠤ᠋᠂ ᠰᠢᠬᠢᠷ ᠯᠤᠤᠪᠠᠩ 16 ᠲᠦᠮᠡᠨ ᠮᠤ᠋ ᠲᠤᠰ ᠲᠤᠰ ᠲᠠᠷᠢᠵᠦ᠂ | ᠮᠢᠬᠠᠨ ᠦᠬᠡᠷ 33 ᠲᠦᠮᠡᠨ ᠲᠤᠯᠤᠭᠠᠢ᠂ ᠮᠢᠬᠠᠨ ᠬᠤᠨᠢ 106 ᠲᠦᠮᠡᠨ ᠲᠤᠯᠤᠭᠠᠢ᠂ ᠭᠠᠭ᠋ᠠᠢ 130 ᠲᠦᠮᠡᠨ | ᠲᠤᠯᠤᠭᠠᠢ ᠠᠯᠠᠵᠦ ᠨᠢᠲᠤᠯᠠᠨ ᠭᠠᠷᠭᠠᠨ᠎ᠠ᠃ ᠱᠧᠩ ᠴᠢᠤᠸᠠᠨ ᠲᠦᠮᠡᠨ ᠲᠤᠯᠤᠭᠠᠢ ᠮᠢᠬᠠᠨ ᠦᠬᠡᠷ ᠲᠦᠪᠯᠡᠷᠡᠬᠦᠯᠦᠨ | ᠬᠠᠲᠠᠭᠠᠯᠠᠬᠤ ᠲᠦᠪ᠂ ᠮᠤ᠋ ᠶᠤᠸᠠᠨ ᠲᠢᠶᠠᠨ ᠢ ᠴᠢᠤᠸᠠᠨ 20 ᠲᠦᠮᠡᠨ ᠲᠤᠯᠤᠭᠠᠢ᠂ ᠵᠢᠦ ᠹᠧᠨ ᠳ᠋ᠢ 10 ᠲᠦᠮᠡᠨ | ᠲᠤᠯᠤᠭᠠᠢ᠂ ᠵᠦᠩ ᠯᠢᠶᠠᠩ ᠡᠤ ᠹᠧᠨ ᠳ᠋ᠢ 30 ᠲᠦᠮᠡᠨ ᠲᠤᠯᠤᠭᠠᠢ ᠠᠮᠢᠲᠤ ᠭᠠᠭ᠋ᠠᠢ ᠲᠡᠵᠢᠬᠡᠨ ᠦᠷᠡᠵᠢᠬᠦᠯᠵᠦ᠂ | ᠴᠢᠶᠠᠩ ᠷᠦᠨ5000 ᠲᠤᠯᠤᠭᠠᠢ ᠰᠠᠭᠠᠯᠢ ᠶᠢᠨ ᠦᠨᠢᠶ᠎ᠡ ᠲᠡᠵᠢᠬᠡᠨ ᠦᠷᠡᠵᠢᠬᠦᠯᠬᠦ ᠲᠦᠷᠦᠯ ᠵᠤᠶᠢᠯ ᠢ ᠡᠬᠢᠯᠡᠬᠦᠯᠦᠨ | ᠪᠠᠶᠢᠭᠤᠯᠵᠦ᠂ ᡁᠢ ᠱᠧᠩ 60 ᠲᠦᠮᠡᠨ ᠲᠤᠯᠤᠭᠠᠢ᠂ ᡁᠢ ᠴᠧᠩ 30 ᠲᠦᠮᠡᠨ ᠲᠤᠯᠤᠭᠠᠢ ᠨᠤᠭᠤᠰᠤ ᠲᠡᠵᠢᠬᠡᠨ | ᠦᠷᠡᠵᠢᠬᠦᠯᠬᠦ ᠲᠦᠷᠦᠯ ᠵᠤᠶᠢᠯ ᠢ ᠲᠦᠷᠬᠡᠳᠬᠡᠨ᠎ᠠ᠃ ᠨᠢᠬᠡ ᠪᠦᠯᠦᠭ ᠲᠠᠷᠢᠶᠠᠯᠠᠩ ᠮᠠᠯ ᠠᠵᠦ ᠠᠬᠤᠢ ᠶᠢᠨ ᠡᠷᠬᠢᠯᠲᠡᠲᠦ | ᠠᠵᠦ ᠠᠬᠤᠢ ᠶᠢᠨ ᠬᠦᠷᠢᠶᠡᠯᠡᠩ ᠲᠤᠭᠤᠷᠢᠭ᠂ ᠲᠢᠶᠠᠨ ᠶᠤᠸᠠᠨ ᠶᠡᠷᠦᠩᠬᠡᠢ ᠴᠤᠭᠴᠠ᠂ ᠠᠮᠢ ᠠᠬᠤᠢ ᠶᠢᠨ ᠲᠠᠷᠢᠶᠠᠯᠠᠩ | ᠤᠨ ᠲᠠᠯᠠᠪᠠᠢ᠂ ᠠᠮᠢ ᠠᠬᠤᠢ ᠶᠢᠨ ᠮᠠᠯᠵᠢᠯ ᠤᠨ ᠲᠠᠯᠠᠪᠠᠢ ᠶᠢ ᠲᠦᠷᠬᠡᠳᠬᠡᠨ ᠪᠠᠶᠢᠭᠤᠯᠤᠨ᠎ᠠ᠃ ᠲᠠᠷᠢᠶᠠᠯᠠᠩ ᠮᠠᠯ | ᠠᠵᠦ ᠠᠬᠤᠢ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠪᠠ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠲᠡᠬᠦᠨ ᠤ | ᠶᠠᠰᠤ ᠴᠢᠨᠠᠷ ᠢ ᠲᠡᠭᠡᠭᠰᠢᠯᠡᠬᠦᠯᠦᠨ᠂ ᠠᠮᠤ ᠲᠠᠷᠢᠶᠠᠨ ᠤ ᠠᠮᠤᠷ ᠲᠦᠪᠰᠢᠨ ᠪᠠ ᠲᠠᠷᠢᠶᠠᠯᠠᠩ ᠮᠠᠯ ᠠᠵᠦ ᠠᠬᠤᠢ ᠶᠢᠨ | ᠪᠦᠲᠦᠭᠡᠭᠲᠡᠬᠦᠨ ᠤ ᠪᠦᠲᠦᠮᠵᠢᠲᠠᠢ ᠬᠠᠩᠭᠠᠯᠲᠠ ᠶᠢ ᠪᠠᠲᠤᠯᠠᠨ᠎ᠠ᠃ ᠲᠠᠷᠢᠶᠠᠯᠠᠩ ᠮᠠᠯ ᠠᠵᠦ ᠠᠬᠤᠢ ᠶᠢᠨ | ᠪᠦᠲᠦᠭᠡᠭᠲᠡᠬᠦᠨ ᠤ ᠨᠡᠷᠡᠲᠦ ᠲᠡᠮᠲᠡᠭ ᠢ ᠡᠬᠦᠳᠬᠦ ᠪᠠ 《 ᠭᠤᠷᠪᠠᠨ ᠦᠢᠯᠡᠳᠬᠦᠨ ᠨᠢᠬᠡ ᠢᠯᠡᠷᠬᠡᠶᠢᠯᠡᠯ 》 ᠤᠨ | ᠦᠨᠡᠯᠡᠨ ᠲᠤᠭᠲᠠᠭᠠᠬᠤ ᠠᠵᠢᠯ ᠢ ᠴᠢᠩᠭᠠᠳᠬᠠᠨ᠂ ᠵᠢᠯ ᠤᠨ ᠲᠤᠲᠤᠷ᠎ᠠ ᠨᠤᠭᠤᠭᠠᠨ ᠪᠦᠲᠦᠬᠡᠭᠲᠡᠬᠦᠨ 2 ᠢ ᠦᠨᠡᠯᠡᠨ | ᠲᠤᠭᠲᠠᠭᠠᠨ᠂ ᠤᠯᠤᠰ ᠤᠨ ᠭᠠᠵᠠᠷ ᠵᠦᠢ ᠶᠢᠨ ᠪᠡᠯᠬᠡ ᠲᠡᠮᠲᠡᠭᠲᠦ ᠲᠠᠸᠠᠷ 1 ᠶᠢ ᠲᠡᠩᠰᠠᠯᠨ ᠲᠤᠭᠲᠠᠭᠠᠨ᠎ᠠ᠃ | ᠦᠨᠲᠦᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 20 ᠲᠦᠮᠡᠨ ᠮᠤ᠋ ᠶᠢ ᠬᠡᠷᠡᠭᠵᠢᠬᠦᠯᠦᠨ᠎ᠠ᠃ | ᠲᠠᠷᠢᠶᠠᠯᠠᠩ ᠤᠨ ᠮᠠᠰᠢᠨᠴᠢᠯᠠᠯᠲᠠ ᠪᠠ ᠲᠠᠷᠢᠶᠠᠯᠠᠩ ᠤᠨ ᠲᠦᠬᠦᠬᠡᠷᠦᠮᠵᠢ ᠶᠢ ᠲᠡᠰ ᠲᠡᠪᠰᠢᠬᠦᠯᠦᠨ᠂ ᠪᠦᠬᠦ ᠬᠤᠰᠢᠭᠤᠨ | ᠤ ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠬᠢᠷᠢ ᠲᠦᠪᠰᠢᠨ ᠢ 79% ᠳᠤ ᠬᠦᠷᠬᠡᠨ᠎ᠡ᠃ | ᠭᠤᠷᠪᠠᠲᠤᠭᠠᠷ ᠠᠵᠦ ᠦᠢᠯᠡᠰ ᠤᠨ ᠦᠢᠯᠡᠴᠢᠯᠡᠬᠡᠨ ᠢ ᠤᠶᠠᠯᠲᠤᠭᠤᠯᠤᠨ ᠬᠦᠭᠵᠢᠬᠦᠯᠦᠨ᠎ᠠ᠃ ᠰᠤᠶᠤᠯ | ᠵᠤᠭᠠᠴᠠᠯ᠂ ᠴᠠᠬᠢᠮ ᠬᠤᠲᠠᠯᠲᠤᠭᠠᠨ ᠡᠳ᠋ ᠪᠠᠷᠠᠭᠠᠨ ᠤ ᠬᠦᠢᠯᠬᠡᠬᠡᠨ ᠬᠤᠶᠠᠷ ᠭᠤᠤᠯᠯᠠᠭᠴᠢ ᠠᠵᠦ ᠦᠢᠯᠡᠰ ᠢ ᠬᠦᠴᠦᠨ | ᠢᠶᠠᠨ ᠲᠦᠪᠯᠡᠷᠡᠬᠦᠯᠦᠨ ᠬᠦᠭᠵᠢᠬᠦᠯᠦᠨ᠂ ᠪᠤᠷᠤᠬᠤᠲᠠ ᠰᠤᠶᠤᠯ ᠵᠤᠭᠠᠴᠠᠯ ᠲᠤᠭᠯᠠᠭᠠᠮ ᠤᠨ ᠬᠤᠲᠠ ᠪᠠᠷ ᠲᠤᠭᠲᠠᠭᠠᠬᠤ | ᠶᠢ ᠬᠦᠨᠵᠡᠬᠡᠶᠢᠷᠡᠬᠦᠯᠦᠨ᠂ ᠬᠠᠰ ᠯᠤᠤ ᠤᠨ ᠨᠤᠲᠤᠭ ᠲᠠᠬᠢ ᠰᠤᠶᠤᠯ ᠵᠤᠭᠠᠴᠠᠯ ᠤᠨ ᠠᠶᠠᠯᠠᠯ ᠢ ᠦᠷᠬᠦᠯᠵᠢᠯᠡᠨ | ᠠᠳᠬᠤᠨ᠎ᠠ᠃ ᠡᠯᠡᠰᠦ ᠮᠠᠩᠬᠠᠨ ᠤ ᠦᠵᠡᠮᠵᠢ ᠶᠢᠨ ᠬᠦᠲᠡᠯᠬᠡᠬᠡᠨ ᠵᠤᠭᠠᠴᠠᠯ ᠤᠨ ᠲᠡᠮᠲᠡᠭᠲᠦ ᠶᠢ ᠡᠬᠦᠲᠦᠨ᠂ ᠬᠠᠰ | ᠯᠤᠤ ᠤᠨ ᠡᠯᠡᠰᠤᠨ ᠨᠠᠭᠤᠷ ᠤᠨ5A ᠲᠡᠰ ᠤᠨ ᠦᠵᠡᠮᠵᠢ ᠤᠷᠤᠨ ᠢ ᠡᠬᠦᠲᠦᠨ ᠪᠠᠶᠢᠭᠤᠯᠬᠤ ᠠᠯᠬᠤᠴᠠ ᠶᠢ ᠪᠦᠬᠦ | ᠬᠦᠴᠦᠨ ᠢᠶᠠᠷ ᠢᠶᠠᠨ ᠲᠦᠷᠬᠡᠳᠬᠡᠨ᠂ ᠮᠠᠰᠢᠨ ᠲᠡᠷᠭᠡᠨ ᠤ ᠡᠯᠡᠰᠦ ᠮᠠᠩᠬᠠᠨ ᠤ ᠬᠡᠬᠡᠷ ᠤᠨ ᠠᠶᠠᠯᠠᠯ ᠤᠨ ᠰᠤᠷᠭᠠᠭᠤᠯᠢᠯ | ᠤᠨ ᠰᠠᠭᠤᠷᠢᠨ ᠤ ᠲᠦᠷᠦᠯ ᠵᠤᠶᠢᠯ ᠢ ᠪᠠᠶᠢᠭᠤᠯᠤᠨ᠎ᠠ᠃ ᠰᠢᠶᠠᠩ ᠲᠤᠰᠬᠤᠨ ᠤ ᠵᠤᠭᠠᠴᠠᠯ ᠢ ᠬᠦᠴᠦᠯᠡᠨ | ᠬᠦᠭᠵᠢᠬᠦᠯᠵᠦ᠂ ᠰᠠᠴᠢᠨᠲᠠᠯ᠎ᠠ ᠵᠤᠭᠠᠴᠠᠯ ᠤᠨ ᠤᠨᠴᠠᠯᠢᠭᠲᠦ ᠲᠤᠰᠬᠤᠨ ᠤ ᠲᠦᠷᠦᠯ ᠵᠤᠶᠢᠯ ᠢ ᠬᠡᠷᠡᠭᠵᠢᠬᠦᠯᠦᠨ᠂ ᠮᠠᠯ | ᠲᠠᠷᠢᠶᠠᠨ ᠤ ᠵᠤᠭᠠᠴᠠᠯ ᠤᠨ ᠬᠤᠭᠤᠯᠠᠨ ᠬᠡᠷ 30 ᠶᠢ ᠰᠢᠨ᠎ᠠ ᠪᠠᠷ ᠨᠡᠮᠡᠭᠲᠡᠬᠦᠯᠦᠤᠨᠠ᠃ ᠷᠠᠰᠢᠶᠠᠨ ᠤ ᠪᠠᠶᠢᠰᠢᠩᠲᠦ | ᠲᠡᠷᠬᠡ ᠶᠢᠨ ᠰᠠᠭᠤᠷᠢᠨ ᠪᠠ ᠪᠦᠲᠦᠬᠦᠨᠬᠤᠸᠠ ᠺᠢᠨᠤ᠋ ᠲᠧᠯᠸᠢᠰ ᠵᠦᠴᠦᠬᠡ ᠦᠢᠯᠡᠳᠬᠦ ᠰᠠᠭᠤᠷᠢᠨ ᠢ ᠲᠦᠰᠦᠪᠯᠡᠨ | ᠪᠠᠶᠢᠭᠤᠯᠤᠨ᠎ᠠ᠃ ᠪᠦᠷᠢᠲᠦᠨ ᠤ ᠵᠤᠭᠠᠴᠠᠯ ᠤᠨ ᠤᠨᠴᠠᠯᠢᠭᠲᠦ ᠦᠨᠲᠦᠰᠦᠲᠡᠨ ᠤ ᠵᠠᠩ ᠲᠠᠳᠬᠠᠯ ᠤᠨ ᠵᠢᠵᠢᠭ | ᠲᠤᠭᠤᠷᠢᠭ ᠢ ᠡᠵᠡᠩᠨᠡᠯᠲᠡ ᠬᠠᠮᠢᠶᠠᠷᠤᠯᠲᠠ᠂ ᠬᠠᠰ ᠯᠤᠤ ᠤᠨ ᠡᠯᠡᠰᠤᠨ ᠨᠠᠭᠤᠷ ᠤᠨ ᠵᠤᠭᠠᠴᠠᠯ ᠤᠨ ᠵᠠᠮ ᠤᠨ | ᠬᠠᠵᠠᠭᠤ ᠲᠠᠬᠢ ᠵᠤᠭᠠᠴᠠᠯ ᠤᠨ ᠲᠢᠭᠯᠢᠮ ᠢ ᠴᠢᠩᠭᠠᠳᠬᠠᠨ᠎ᠠ᠃ ᠪᠦᠬᠦ ᠵᠢᠯ ᠳᠤ 220 ᠲᠦᠮᠡᠨ ᠬᠦᠮᠦᠨ ᠤᠲᠠᠭ᠎ᠠ | ᠠᠴᠠ ᠲᠡᠭᠡᠰᠢ ᠵᠤᠭᠠᠴᠠᠭᠰᠠᠳ ᠬᠦᠯᠢᠶᠡᠨ ᠠᠪᠬᠤ ᠪᠠᠷ ᠴᠠᠷᠮᠠᠶᠢᠨ᠂ ᠵᠤᠭᠠᠴᠠᠯ ᠤᠨ ᠤᠷᠤᠯᠭ᠎ᠠ ᠶᠢ 30 ᠳ᠋ᠦᠩᠰᠢᠭᠤᠷ | ᠲᠦᠬᠦᠷᠢᠭ ᠠᠴᠠ ᠲᠡᠭᠡᠭᠰᠢ ᠳᠤ ᠬᠦᠷᠬᠡᠨ᠎ᠡ᠃ ᠴᠠᠬᠢᠮ ᠬᠤᠲᠠᠯᠲᠤᠭᠠᠨ ᠤ ᠡᠳ᠋ ᠪᠠᠷᠠᠭ᠎ᠠ ᠶᠢᠨ ᠬᠦᠢᠯᠬᠡᠬᠡᠨ ᠤ | ᠰᠢᠰᠲ᠋ᠧᠮ ᠤᠨ ᠪᠠᠶᠢᠭᠤᠯᠤᠯᠲᠠ ᠶᠢ ᠲᠦᠷᠬᠡᠳᠬᠡᠨ᠂ ᠴᠠᠬᠢᠮ ᠬᠤᠲᠠᠯᠲᠤᠭᠠᠨ ᠤ ᠬᠦᠲᠡᠭᠡ ᠲᠤᠰᠬᠤᠨ ᠳᠤ ᠬᠦᠷᠬᠦ | ᠵᠢᠱᠢᠶᠡᠴᠢ ᠰᠢᠶᠠᠨ ᠤ ᠲᠦᠷᠦᠯ ᠵᠤᠶᠢᠯ ᠢ ᠪᠦᠬᠦ ᠲᠠᠯ᠎ᠠ ᠪᠠᠷ ᠪᠠᠶᠠᠯᠠᠬᠦᠯᠦᠨ᠎ᠠ᠃ ᠤᠯᠠᠮᠵᠢᠯᠠᠯᠲᠦ ᠡᠳ᠋ ᠪᠠᠷᠠᠭᠠᠨ ᠤ | ᠬᠦᠢᠯᠬᠡᠬᠡᠨ ᠤ ᠦᠢᠯᠡᠰ ᠤᠨ ᠲᠡᠰ ᠲᠡᠪᠰᠢᠬᠦ ᠶᠢ ᠠᠬᠢᠭᠤᠯᠵᠦ᠂ ᠨᠢᠬᠡ ᠪᠦᠯᠦᠭ ᠬᠤᠯᠢᠰᠢᠨ ᠠᠮᠤ ᠪᠤᠷᠴᠠᠭ᠂ ᠢᠯᠡ | ᠭᠠᠵᠠᠷ ᠤᠨ ᠲᠠᠷᠢᠰᠢᠨ ᠨᠤᠭᠤᠭ᠎ᠠ᠂ ᠮᠠᠯ ᠤᠨ ᠰᠤᠯᠢᠯᠴᠠᠭ᠎ᠠ ᠵᠡᠷᠬᠡ ᠪᠦᠬᠡᠮ ᠢᠶᠠᠷ ᠪᠤᠷᠤᠯᠠᠭᠤᠯᠬᠤ ᠵᠠᠬ᠎ᠠ ᠲᠡᠯᠬᠡᠬᠦᠷ ᠪᠠ | ᠲᠤᠰᠬᠠᠢ ᠵᠠᠬ᠎ᠠ ᠲᠡᠯᠬᠡᠬᠦᠷ ᠢ ᠲᠦᠰᠦᠪᠯᠡᠨ ᠪᠠᠶᠢᠭᠤᠯᠤᠨ᠎ᠠ᠃ ᠬᠤᠰᠢᠭᠤ ᠰᠢᠶᠠᠨ ᠤ ᠬᠡᠪᠴᠢᠶᠡᠨ ᠤ ᠮᠦᠩᠬᠦᠨ | ᠬᠦᠢᠯᠬᠡᠬᠡᠨ ᠤ ᠢᠨᠵᠧᠨ᠋ᠷᠢᠭ ᠢ ᠲᠦᠯᠬᠢᠨ ᠠᠬᠢᠭᠤᠯᠵᠦ᠂ ᠠᠵᠦ ᠠᠬᠤᠶᠢᠯᠠᠯ ᠤᠨ ᠵᠠᠬ᠎ᠠ ᠲᠡᠯᠬᠡᠬᠦᠷ ᠳᠤ ᠭᠠᠷᠴᠤ | ᠢᠲᠡᠪᠬᠢᠲᠡᠢ ᠪᠠᠷ ᠪᠡᠯᠡ ᠨᠡᠶᠢᠯᠡᠬᠦᠯᠬᠦ᠂ ᠵᠢᠯ ᠤᠨ ᠲᠤᠲᠤᠷ᠎ᠠ ᠭᠠᠵᠠᠷ ᠤᠷᠤᠨ ᠤ ᠰᠲ᠋ᠤᠺ ᠵᠢᠨᠰᠤᠯᠢᠯᠴᠠᠭᠠᠨ ᠤ ᠲᠦᠪ | ᠲᠤ 8 ᠠᠴᠠ ᠲᠡᠭᠡᠰᠢᠬᠢ ᠠᠵᠦ ᠠᠬᠤᠶᠢᠯᠠᠯ ᠰᠢᠨ᠎ᠠ ᠪᠠᠷ ᠫᠠᠶᠢᠰᠠ ᠡᠯᠬᠦᠨ ᠠᠵᠢᠯᠠᠯᠬᠤ ᠶᠢ ᠲᠦᠯᠬᠢᠨ ᠠᠬᠢᠭᠤᠯᠤᠨ᠎ᠠ | ᠃ | ︵ᠭᠤᠷᠪᠠ︶ ᠨᠢᠬᠡᠲᠦᠯᠵᠢᠬᠦᠯᠦᠨ ᠬᠠᠮᠵᠢᠯᠴᠠᠬᠤ ᠶᠢ ᠴᠢᠩᠭᠠᠳᠬᠠᠨ᠂ ᠬᠤᠲᠠ ᠬᠦᠲᠡᠭᠡ ᠶᠢᠨ | ᠬᠦᠭᠵᠢᠯᠲᠡ ᠶᠢᠨ ᠰᠢᠨ᠎ᠠ ᠪᠠᠶᠢᠲᠠᠯ ᠢ ᠢᠲᠡᠪᠬᠢᠲᠡᠢ ᠪᠠᠷ ᠪᠦᠷᠢᠯᠲᠦᠬᠦᠯᠦᠨ᠎ᠠ | ᠬᠤᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ ᠬᠤᠲᠠ ᠶᠢᠨ | ᠬᠦᠭᠵᠢᠯᠲᠡ ᠶᠢᠨ ᠪᠠᠶᠢᠷᠢᠰᠢᠯ ᠪᠠ ᠤᠷᠤᠨ ᠵᠠᠢ ᠶᠢ ᠲᠤᠪᠤᠶᠢᠯᠭᠠᠨ᠂ ᠪᠤᠷᠤᠬᠤᠲᠠ ᠶᠢᠨ ᠬᠤᠲᠠ ᠲᠤᠭᠤᠷᠢᠭ ᠤᠨ | ᠨᠡᠬᠡᠬᠡᠯᠲᠡ ᠶᠢᠨ ᠵᠠᠭᠠᠭ ᠱᠤᠭᠤᠮ᠂ ᠭᠠᠵᠠᠷ ᠰᠢᠷᠤᠢ ᠶᠢᠨ ᠤᠷᠤᠨ ᠵᠠᠢ ᠶᠢ ᠲᠤᠭᠤᠷᠢᠭ ᠬᠤᠪᠢᠶᠠᠨ ᠬᠠᠮᠢᠶᠠᠷᠤᠨ | ᠡᠵᠡᠮᠲᠡᠵᠦ ᠲᠤᠭᠲᠠᠭᠠᠬᠤ ᠠᠵᠢᠯ ᠢ ᠡᠬᠢᠯᠡᠬᠦᠯᠦᠨ᠂ ᠪᠤᠷᠤᠬᠤᠲᠠ ᠪᠠᠯᠭᠠᠰᠤ ᠶᠢᠨ ᠪᠠᠷᠠᠭᠤᠨ ᠬᠡᠰᠡᠭ ᠤᠨ ᠬᠤᠲᠠ | ᠲᠤᠭᠤᠷᠢᠭ ᠤᠨ ᠡᠵᠡᠮᠰᠢᠯᠲᠦ ᠴᠢᠨᠠᠷᠲᠠᠢ ᠨᠠᠷᠢᠨ ᠲᠦᠯᠦᠪᠯᠡᠭᠡ ᠶᠢ ᠵᠢᠷᠤᠭᠯᠠᠨ ᠲᠤᠭᠲᠠᠭᠠᠨ᠎ᠠ᠃ 《ᠬᠤᠶᠠᠷ ᠠᠭᠤᠯᠠ | ᠨᠢᠬᠡ ᠭᠤᠤᠯ ᠤᠯᠠᠨ ᠴᠢᠭ 》 ᠤᠨ ᠠᠮᠢ ᠠᠬᠤᠢ ᠶᠢᠨ ᠦᠵᠡᠮᠵᠢ ᠶᠢᠨ ᠪᠠᠷᠢᠯᠭ᠎ᠠ ᠶᠢᠨ ᠪᠠᠶᠢᠭᠤᠯᠤᠯᠲᠠ ᠶᠢ | ᠲᠦᠷᠬᠡᠳᠬᠡᠨ ᠂ ᠴᠦᠨᠲᠦᠪ ᠤᠨ ᠭᠤᠣᠯ ᠤᠨ ᠬᠤᠶᠠᠲᠤᠭᠠᠷ ᠬᠤᠭᠤᠴᠠᠭᠠᠨ ᠤ ᠪᠠᠷᠢᠯᠭ᠎ᠠ ᠶᠢᠨ ᠭᠠᠩ ᠪᠤᠯᠤᠳ | ᠬᠠᠭᠠᠯᠲᠠ᠂ ᠬᠤᠳᠲᠤᠭ ᠤᠨ ᠦᠷᠲᠡᠭᠡ ᠶᠢ ᠲᠡᠰ ᠲᠡᠪᠰᠢᠬᠦᠯᠦᠨ᠂ ᠤᠰᠤᠨ ᠬᠤᠭᠤᠯᠠᠢ ᠶᠢᠨ ᠰᠦᠯᠵᠢᠶ᠎ᠡ ᠵᠡᠷᠬᠡ | ᠲᠦᠷᠦᠯ ᠵᠤᠶᠢᠯ ᠢ ᠬᠡᠷᠡᠭᠵᠢᠬᠦᠯᠦᠨ᠂ ᠰᠢᠨ᠎ᠠ ᠪᠠᠷ ᠬᠤᠩ ᠱᠠᠨ ᠰᠤᠶᠤᠯ ᠤᠨ ᠴᠠᠴᠡᠷᠯᠢᠭ᠂ ᠬᠢᠲᠠᠨ ᠰᠤᠶᠤᠯ ᠤᠨ | ᠴᠠᠴᠡᠷᠯᠢᠭ᠂ ᠮᠣᠩᠭᠤᠯ ᠶᠤᠸᠠᠨ ᠰᠤᠶᠤᠯ ᠤᠨ ᠴᠠᠴᠡᠷᠯᠢᠭ ᠵᠡᠷᠬᠡ ᠦᠵᠡᠮᠵᠢ ᠶᠢᠨ ᠪᠠᠷᠢᠯᠭ᠎ᠠ ᠶᠢ ᠨᠡᠮᠡᠭᠲᠡᠬᠦᠯᠦᠨ᠂ | ᠨᠤᠭᠤᠭᠠᠷᠠᠭᠤᠯᠤᠯᠲᠠ᠂ ᠬᠠᠲᠠᠭᠤᠵᠢᠭᠤᠯᠤᠯᠲᠠ ᠶᠢ 111 ᠲᠦᠮᠡᠨ ᠲᠡᠭᠰᠢ ᠲᠦᠷᠪᠡᠯᠵᠢᠨ ᠮᠧᠲᠷ ᠤᠨ ᠠᠵᠢᠯ ᠢ | ᠪᠠᠶᠠᠯᠠᠬᠦᠯᠦᠨ᠎ᠠ ᠃ 《 ᠭᠤᠷᠪᠠᠨ ᠵᠡᠬᠡᠯᠢ ᠨᠢᠬᠡ ᠵᠠᠮ ᠤᠯᠠᠨ ᠬᠤᠯᠪᠤᠭᠠᠰᠤ ᠱᠤᠭᠤᠮ》 ᠤᠨ ᠪᠠᠷᠢᠯᠭ᠎ᠠ ᠪᠦᠬᠦ | ᠲᠠᠯ᠎ᠠ ᠪᠠᠷ ᠶᠠᠪᠤᠭᠲᠠᠭᠤᠯᠤᠨ᠂ ᠤᠲᠠᠨᠲᠤᠬᠤᠢ ᠶᠡᠭᠡ ᠵᠠᠬᠡᠯᠢ ᠤᠨ ᠵᠡᠬᠦᠨᠰᠢ ᠨᠡᠪᠲᠡᠷᠡᠬᠦ ᠪᠠ ᠴᠢᠩ ᠴᠢᠤᠸᠠᠨ ᠵᠠᠮ ᠤᠨ | ᠬᠤᠶᠢᠰᠢ ᠨᠡᠪᠲᠡᠷᠡᠬᠦ᠂ ᠯᠢᠤ ᠯᠢᠨ ᠵᠠᠮ ᠤᠨ ᠬᠤᠶᠢᠰᠢ ᠨᠡᠪᠲᠡᠷᠡᠬᠦ ᠪᠠᠷᠢᠯᠭ᠎ᠠ ᠵᠡᠷᠬᠡ 12 ᠵᠡᠬᠡᠯᠢ ᠵᠠᠮ ᠤᠨ | ᠪᠠᠶᠢᠭᠤᠯᠤᠯᠲᠠ ᠶᠢ ᠲᠦᠷᠬᠡᠳᠬᠡᠨ᠂ ᠬᠠᠶᠢᠠᠯᠰᠤ ᠶᠡᠭᠡ ᠵᠡᠬᠡᠯᠢ ᠶᠢᠨ ᠵᠡᠬᠦᠨᠰᠢ ᠨᠡᠪᠲᠡᠷᠡᠬᠦ᠂ ᠪᠠᠶᠠᠨᠲᠠᠯ᠎ᠠ ᠶᠡᠭᠡ ᠵᠡᠬᠡᠯᠢ᠂ | ᠽᠢ ᠴᠧᠩ ᠵᠠᠮ᠂ ᠰᠢᠶᠠᠩ ᠱᠦᠢ ᠵᠠᠮ ᠢ ᠨᠡᠪᠲᠡᠷᠡᠬᠦᠯᠬᠦ᠂ ᠪᠤᠷᠤᠬᠤᠲᠠ ᠵᠠᠮ ᠤᠨ ᠡᠮᠤᠨᠡᠰᠢ ᠨᠡᠪᠲᠡᠷᠡᠬᠦ ᠪᠠᠷᠢᠯᠭ᠎ᠠ | ᠲᠡᠷᠬᠡ ᠨᠡᠪᠲᠡᠷᠡᠬᠦ ᠶᠢ ᠪᠠᠲᠤᠯᠠᠨ᠂ ᠢᠲᠡᠭ ᠠᠯᠬᠤᠮ ᠪᠠᠷ ᠪᠦᠬᠦᠨ ᠢ ᠨᠡᠪᠲᠡᠷᠡᠬᠦᠯᠦᠨᠠ᠃ | ᠲᠤᠷ᠎ᠠ ᠪᠠᠷ ᠪᠠ ᠬᠠᠤᠯᠢ ᠪᠤᠰᠤ ᠪᠠᠷ ᠪᠠᠷᠢᠭᠰᠠᠨ ᠪᠠᠷᠢᠯᠭ᠎ᠠ ᠶᠢ ᠡᠪᠲᠡᠨ ᠨᠤᠷᠠᠭᠠᠵᠦ ᠲᠦᠪᠯᠡᠷᠡᠬᠦᠯᠦᠨ ᠵᠠᠰᠠᠬᠤ | ᠠᠵᠢᠯᠠᠯᠭ᠎ᠠ ᠶᠢ ᠦᠷᠨᠢᠬᠦᠯᠵᠦ᠂ ᠬᠤᠲᠠ ᠲᠤᠭᠤᠷᠢᠭ ᠤᠨ ᠪᠠᠶᠢᠭᠤᠯᠤᠯᠲᠠ ᠶᠢᠨ ᠡᠮᠬᠢ ᠲᠢᠭᠯᠢᠮ ᠢ ᠤᠯᠠᠮ | ᠲᠦᠷᠢᠮᠵᠢᠬᠦᠯᠵᠠᠢ᠃ ᠬᠤᠩ ᠱᠠᠨ ᠨᠠᠭᠤᠷ ᠤᠨ ᠵᠤᠭᠠᠴᠠᠯ ᠤᠨ ᠵᠠᠮ᠂ ᠮᠤᠵᠢ ᠵᠠᠮ 304 ᠱᠤᠭᠤᠮ ᠤᠨ ᠬᠠᠶᠢᠯᠠᠰᠤ | ᠠᠴᠠ ᠳ᠋ᠠ ᠰᠢᠩ ᠬᠦᠷᠬᠦ ᠲᠤᠰᠤᠨ ᠵᠠᠮ ᠢ ᠦᠬᠡᠷᠡᠴᠢᠯᠡᠬᠦ ᠪᠠᠷᠢᠯᠭ᠎ᠠ ᠡᠬᠢᠯᠡᠵᠦ᠂ ᠳ᠋ᠠᠨ ᠰᠢ ᠬᠤᠷᠲᠤᠨ ᠤ ᠵᠠᠮ ᠤᠨ | ᠦᠲᠠ ᠶᠢᠨ ᠬᠤᠸᠠ ᠳᠤ ᠬᠠᠷᠢᠯᠴᠠᠨ ᠨᠡᠪᠲᠡᠷᠡᠬᠦ᠂ ᠲᠡᠩᠨᠡᠬᠦᠷ ᠤᠨ ᠭᠤᠤᠯ ᠠᠴᠠ ᠮᠦᠸᠧ ᠱᠢ ᠭᠡᠸᠤ ᠵᠤᠭᠠᠴᠠᠯ ᠤᠨ | ᠵᠠᠮ ᠬᠦᠷᠬᠦ ᠵᠡᠷᠬᠡ ᠲᠦᠷᠦᠯ ᠵᠤᠶᠢᠯ ᠡᠬᠢᠯᠡᠨ ᠶᠠᠪᠤᠭᠲᠠᠵᠦ᠂ 42 ᠺᠢᠯᠤᠮᠧᠲᠷ ᠨᠡᠶᠢᠯᠡᠬᠦᠯᠦᠨ ᠪᠠᠶᠢᠭᠤᠯᠤᠭᠰᠠᠨ | ᠲᠤᠰᠬᠤᠨ ᠵᠠᠮ ᠪᠠᠶᠢᠭᠤᠯᠤᠭᠲᠠᠨ ᠲᠡᠷᠬᠡ ᠨᠡᠪᠲᠡᠷᠡᠵᠠᠢ | ᠬᠤᠲᠠ ᠲᠤᠭᠤᠷᠢᠭ ᠤᠨ ᠴᠢᠲᠠᠪᠬᠢ ᠶᠢ ᠲᠦᠬᠦᠷᠵᠢᠬᠦᠯᠦᠨ ᠲᠡᠬᠦᠯᠲᠡᠷᠵᠢᠬᠦᠯᠵᠦ᠂ ᠰᠢᠨ᠎ᠠ ᠪᠠᠷ ᠡᠯ᠎ᠡ ᠲᠦᠷᠦᠯ ᠤᠨ | ᠬᠠᠮᠢᠶᠠᠷᠤᠯᠲᠠᠲᠤ ᠰᠦᠯᠵᠢᠶ᠎ᠡ ᠶᠢ 4 ᠲᠦᠮᠡᠨ ᠮᠧᠲᠷ ᠤᠷᠲᠤᠳᠬᠠᠨ᠎ᠠ᠃ ᠬᠤᠲᠠᠲ᠋ᠤᠭᠤᠷᠢᠭ ᠤᠨ ᠨᠠᠷᠢᠯᠢᠭ | ᠬᠠᠮᠢᠶᠠᠷᠤᠯᠲᠠ ᠶᠢ ᠴᠢᠩᠭᠠᠳᠬᠠᠨ᠂ ᠬᠤᠯᠪᠤᠭᠠᠯᠠᠨ ᠬᠠᠤᠯᠢ ᠬᠡᠷᠡᠭᠵᠢᠬᠦᠯᠦᠯᠲᠡ ᠪᠠ ᠲᠤᠰᠬᠠᠢ ᠵᠠᠰᠠᠨ ᠴᠡᠭᠴᠡᠯᠡᠯᠲᠡ | ᠶᠢᠨ ᠠᠵᠢᠯᠯᠠᠭᠠᠨ ᠢ ᠦᠷᠨᠢᠬᠦᠯᠦᠨ᠂ ᠲᠤᠷ᠎ᠠ ᠪᠠᠷ ᠪᠠ ᠬᠠᠤᠯᠢ ᠪᠤᠰᠤ ᠪᠠᠷ ᠪᠠᠷᠢᠭᠰᠠᠨ ᠪᠠᠷᠢᠯᠭ᠎ᠠ ᠶᠢ ᠡᠪᠲᠡᠨ | ᠨᠤᠷᠠᠭᠠᠵᠦ ᠲᠦᠪᠯᠡᠷᠡᠬᠦᠯᠦᠨ ᠵᠠᠰᠠᠬᠤ ᠠᠵᠢᠯᠠᠯᠭ᠎ᠠ ᠶᠢ ᠦᠷᠨᠢᠬᠦᠯᠵᠦ᠂ ᠬᠤᠲᠠ ᠲᠤᠭᠤᠷᠢᠭ ᠤᠨ ᠪᠠᠶᠢᠭᠤᠯᠤᠯᠲᠠ ᠶᠢᠨ | ᠡᠮᠬᠢ ᠲᠢᠭᠯᠢᠮ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠰᠢᠯᠡᠬᠦᠯᠦᠨ᠂ ᠬᠤᠲᠠ ᠲᠤᠭᠤᠷᠢᠭ | ᠰᠠᠭᠤᠭᠠᠯᠢ ᠠᠷᠠᠳ ᠤᠨ ᠲᠠᠭᠠᠯᠠᠮᠵᠢᠲᠠᠢ ᠪᠠᠷ ᠤᠷᠤᠰᠢᠨ ᠰᠠᠭᠤᠬᠤ ᠵᠢᠭᠠᠯᠲᠠ ᠶᠢ ᠲᠡᠭᠡᠭᠰᠢᠯᠡᠬᠦᠯᠦᠨ᠎ᠠ᠃ | ᠰᠢᠶᠠᠩ ᠲᠤᠰᠬᠤᠨ ᠢ ᠲᠤᠭᠲᠠᠭᠤᠨ ᠢᠶᠠᠷ ᠬᠦᠭᠵᠢᠬᠦᠯᠦᠨ᠎ᠠ᠃ ᠴᠢᠶᠤᠤ ᠲᠸᠤ ᠠᠴᠠ ᠪᠤᠷᠤᠬᠤᠲᠠ ᠬᠦᠷᠬᠦ | ᠠᠵᠦ ᠦᠢᠯᠡᠰ ᠤᠨ ᠪᠦᠰᠡ᠂ ᠬᠤᠲᠠ ᠲᠤᠭᠤᠷᠢᠭᠰᠠᠨᠠᠵᠦ ᠦᠢᠯᠡᠰ ᠤᠨ ᠪᠦᠰᠡ᠂ ᠰᠤᠶᠤᠯ ᠵᠤᠭᠠᠴᠠᠯ ᠣᠨᠦᠢᠯᠡᠰ | ᠤᠨ ᠪᠦᠰᠡ ᠶᠢ ᠲᠦᠷᠬᠡᠳᠬᠡᠨ ᠪᠠᠶᠢᠭᠤᠯᠵᠦ᠂ ᠪᠤᠷᠤᠬᠤᠲᠠ ᠠᠴᠠ ᠬᠠᠶᠢᠠᠯᠰᠤ ᠬᠦᠷᠬᠦ᠂ ᠪᠤᠷᠤᠬᠤᠲᠠ ᠠᠴᠠ ᠭᠤᠲᠠᠭᠠᠷ | ᠬᠦᠩ ᠬᠦᠷᠬᠦ 2 ᠵᠤᠷᠪᠤᠰ ᠬᠤᠰᠢᠭᠤᠨ ᠲᠡᠰ ᠤᠨ ᠵᠢᠱᠢᠶ᠎ᠠ ᠦᠵᠡᠬᠦᠯᠬᠦ ᠪᠦᠰᠡ ᠶᠢ ᠪᠠᠶᠢᠭᠤᠯᠤᠨ᠎ᠠ᠃ ᠤᠨᠴᠠᠯᠢᠭᠲᠦ | ᠲᠡᠷᠢᠵᠦ ᠲᠡᠵᠢᠬᠡᠬᠦ᠂ ᠰᠠᠭᠤᠷᠢ ᠲᠦᠬᠦᠬᠡᠷᠦᠮᠵᠢ ᠶᠢᠨ ᠲᠦᠬᠦᠷᠵᠢᠬᠦᠯᠦᠯᠲᠡ᠂ ᠨᠡᠶᠢᠲᠡ ᠶᠢᠨ ᠦᠢᠯᠡᠴᠢᠯᠡᠬᠡᠨ ᠵᠡᠷᠬᠡ | ᠲᠦᠷᠦᠯ ᠵᠤᠶᠢᠯ ᠢ ᠬᠡᠷᠡᠭᠵᠢᠬᠦᠯᠦᠨ᠂《 ᠨᠢᠬᠡ ᠲᠤᠰᠬᠤᠨ ᠨᠢᠬᠡ ᠲᠠᠸᠠᠷ᠂ ᠨᠢᠬᠡ ᠰᠢᠶᠠᠩ ᠨᠢᠬᠡ ᠦᠢᠯᠡᠰ 》 ᠢ | ᠬᠦᠴᠦᠨ ᠢᠶᠠᠨ ᠲᠦᠪᠯᠡᠷᠡᠬᠦᠯᠦᠨ ᠬᠦᠭᠵᠢᠬᠦᠯᠦᠨ᠎ᠠ᠃ ᠲᠠᠷᠢᠶᠠᠯᠠᠬᠤ ᠮᠠᠯᠵᠢᠬᠤ ᠤᠷᠤᠨ ᠤ ᠬᠦᠮᠦᠨ ᠰᠠᠭᠤᠬᠤ | ᠤᠷᠴᠢᠨ ᠢ ᠵᠠᠰᠠᠬᠤ ᠪᠠ ᠲᠤᠰᠬᠤᠨ ᠤ ᠪᠠᠶᠢᠲᠠᠯ ᠲᠦᠷᠬᠦ ᠶᠢ ᠲᠡᠰ ᠲᠡᠪᠰᠢᠬᠦᠯᠬᠦ ᠶᠢ ᠬᠦᠨᠵᠡᠬᠡᠶᠢᠷᠡᠬᠦᠯᠦᠨ᠂ ᠰᠢᠶᠠᠩ | ᠲᠤᠰᠬᠤᠨ ᠬᠤᠭ ᠨᠤᠪᠰᠢ᠂ ᠪᠤᠬᠢᠷ ᠤᠰᠤ᠂ ᠵᠤᠷᠯᠤᠩ᠂ ᠡᠰᠢ ᠰᠦᠷᠡᠯ ᠢ ᠶᠡᠷᠦᠩᠬᠡᠶᠢᠯᠡᠨ ᠵᠠᠰᠠᠵᠦ᠂ 《 ᠲᠠᠪᠤᠨ | ᠤᠪᠤᠭ᠎ᠠ ᠶᠢ ᠴᠡᠪᠡᠷᠯᠡᠨ》《 ᠲᠠᠪᠤᠨ ᠡᠷᠦᠢ ᠬᠤᠷᠤᠢ ᠦᠬᠡᠢ ᠪᠠᠶᠢᠲᠠᠯ ᠢ ᠵᠠᠰᠠᠬᠤ 》ᠠᠵᠢᠯᠯᠠᠭ᠎ᠠ ᠶᠢ | ᠦᠷᠬᠦᠯᠵᠢᠯᠡᠨ ᠦᠷᠨᠢᠬᠦᠯᠵᠦ᠂《 ᠲᠠᠪᠤ ᠶᠢ ᠴᠡᠪᠡᠷᠯᠡᠨ ᠨᠢᠬᠡ ᠶᠢ ᠲᠦᠷᠢᠮᠵᠢᠬᠦᠯᠬᠦ 》 ᠬᠠᠷᠠᠯᠲᠠ ᠳᠤ ᠴᠠᠷᠮᠠᠶᠢᠨ | ᠬᠦᠷᠬᠡᠵᠦ᠂ ᠲᠠᠷᠢᠶᠠᠯᠠᠬᠤ ᠮᠠᠯᠵᠢᠬᠤ ᠤᠷᠤᠨ ᠤ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠨ ᠲᠡᠬᠡᠭᠰᠢᠯᠡᠬᠦ ᠶᠢ | ᠪᠡᠶᠡᠯᠡᠬᠦᠯᠦᠨ᠎ᠠ᠃ ᠰᠤᠮᠤ ᠰᠢᠶᠠᠩ ᠤᠨ ᠰᠤᠷᠲᠠᠯ ᠪᠤᠯᠪᠠᠰᠤᠨ ᠤ ᠪᠠᠶᠢᠭᠤᠯᠤᠯᠲᠠ ᠪᠠ ᠰᠢᠶᠠᠩ ᠲᠤᠰᠬᠤᠨ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠰᠢᠶᠠᠩ ᠲᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ | ᠪᠦᠬᠦ ᠲᠠᠯ᠎ᠠ ᠪᠠᠷ ᠲᠡᠭᠡᠰᠢᠯᠡᠬᠦᠯᠦᠨᠠ᠃ ᠮᠠᠯᠴᠢᠨ ᠲᠠᠷᠢᠶᠠᠴᠢᠨ ᠂ ᠲᠠᠷᠢᠵᠦ ᠲᠡᠵᠢᠬᠡᠬᠦ ᠲᠤᠮᠤ ᠡᠷᠦᠬᠡ᠂ ᠰᠢᠶᠠᠩ | ᠲᠤᠰᠬᠤᠨ ᠤ ᠴᠢᠲᠠᠪᠤᠷᠢᠲᠠᠨ ᠢ ᠬᠦᠮᠦᠵᠢᠬᠦᠯᠬᠦ ᠬᠦᠴᠦᠯᠡᠴᠡ ᠶᠢ ᠴᠢᠩᠭᠠᠳᠬᠠᠨ᠂ ᠨᠡᠩ ᠣᠯᠠᠨ ᠮᠠᠯᠴᠢᠨ ᠲᠠᠷᠢᠶᠠᠴᠢᠨ | ᠬᠦᠯᠦᠰᠦᠨ ᠠᠵᠢᠯᠴᠢᠨ ᠤ ᠨᠤᠲᠤᠭ ᠲᠠᠭᠠᠨ ᠪᠤᠴᠠᠬᠤ᠂ ᠶᠡᠭᠡ ᠰᠤᠷᠭᠠᠭᠤᠯᠢ ᠲᠡᠭᠦᠰᠦᠭᠰᠡᠨᠰᠤᠷᠤᠭᠴᠢ ᠨᠤᠲᠤᠭ | ᠲᠠᠭᠠᠨ ᠪᠤᠴᠠᠬᠤ᠂ ᠦᠢᠯᠡᠰ ᠪᠦᠲᠦᠬᠡᠭᠴᠢᠳ ᠬᠦᠲᠡᠭᠡ ᠪᠠᠭᠤᠬᠤ ᠶᠢ ᠵᠤᠷᠢᠭᠵᠢᠭᠤᠯᠤᠨ ᠬᠦᠲᠦᠯᠵᠦ᠂ ᠰᠢᠶᠠᠩ | ᠲᠤᠰᠬᠤᠨ ᠢ ᠪᠠᠲᠠᠷᠠᠭᠤᠯᠤᠨ ᠬᠦᠭᠵᠢᠬᠦᠯᠵᠦ᠂ ᠠᠮᠢᠵᠢᠷᠠᠯ ᠢᠶᠠᠷ ᠪᠢᠯᠬᠠᠭᠤᠯᠤᠨ᠎ᠠ᠃ | ᠦᠨᠲᠦᠰᠦᠨ ᠰᠠᠭᠤᠷᠢ ᠲᠦᠬᠦᠬᠡᠷᠦᠮᠵᠢ ᠶᠢᠨ ᠬᠦᠷᠦᠯᠴᠡᠬᠦᠢ ᠲᠠᠯ᠎ᠠ ᠶᠢ ᠨᠦᠬᠦᠪᠦᠷᠢᠯᠠᠨᠠ᠃ ᠪᠤᠷᠤᠬᠤᠲᠠ | ᠠᠴᠠ ᠪᠠᠶᠠᠨᠲᠤᠬᠤᠢ ᠬᠦᠷᠬᠦ ᠶᠠᠲᠠᠭᠤ ᠶᠢ ᠲᠡᠳᠬᠦᠬᠦ ᠦᠢᠯᠡᠰ ᠤᠨ ᠵᠠᠮ ᠂ ᠮᠤᠵᠢ ᠶᠢᠨ ᠵᠠᠮ 210 ᠱᠤᠭᠤᠮ ᠤᠨ | ᠪᠠᠯᠴᠢᠷᠣᠳ ᠠᠴᠠ ᠭᠤᠷᠤᠬᠠᠨ ᠬᠦᠷᠬᠦ ᠬᠡᠰᠡᠭ ᠤᠨ ᠵᠠᠰᠠᠮᠯ ᠵᠠᠮ ᠤᠨ ᠪᠠᠷᠢᠯᠭ᠎ᠠ ᠶᠢ ᠡᠬᠢᠯᠡᠬᠦᠯᠦᠨ᠂ ᠮᠤᠵᠢ ᠶᠢᠨ | ᠵᠠᠮ 304 ᠱᠤᠭᠤᠮ ᠤᠨ ᠬᠠᠶᠢᠯᠠᠰᠤ ᠠᠴᠠ ᠳ᠋ᠠᠰᠢᠩ ᠬᠦᠷᠬᠦ ᠲᠤᠰᠤᠨ ᠵᠠᠮ ᠢ ᠦᠬᠡᠷᠡᠴᠢᠯᠡᠬᠦ᠂ ᠳ᠋ᠠᠨ ᠰᠢ | ᠬᠤᠷᠲᠤᠨ ᠤ ᠵᠠᠮ ᠤᠨ ᠦᠲᠠ ᠶᠢᠨ ᠬᠤᠸᠠ ᠳᠤ ᠬᠠᠷᠢᠯᠴᠠᠨ ᠨᠡᠪᠲᠡᠷᠡᠬᠦ ᠪᠠᠷᠢᠯᠭ᠎ᠠ᠂ ᠬᠤᠩ ᠱᠠᠨ ᠨᠠᠭᠤᠷ ᠤᠨ | ᠵᠤᠭᠠᠴᠠᠯ ᠤᠨ ᠵᠠᠮ᠂ ᠲᠡᠩᠨᠡᠬᠦᠷ ᠤᠨ ᠭᠤᠤᠯ ᠠᠴᠠ ᠮᠦᠸᠧ ᠱᠢ ᠭᠡᠸᠤ ᠬᠦᠷᠬᠦ ᠵᠤᠭᠠᠴᠠᠯ ᠤᠨ ᠵᠠᠮ ᠂ ᠮᠤᠵᠢ ᠶᠢᠨ | ᠵᠠᠮ 219 ᠱᠤᠭᠤᠮ ᠤᠨ ᠲᠡᠩᠨᠡᠬᠦᠷ ᠤᠨ ᠭᠤᠤᠯ ᠤᠨ ᠬᠡᠰᠡᠭ᠂ 53 ᠺᠢᠯᠤᠮᠧᠲᠷ ᠨᠡᠶᠢᠯᠡᠬᠦᠯᠦᠨ ᠪᠠᠶᠢᠭᠤᠯᠤᠭᠰᠠᠨ | ᠲᠤᠰᠬᠤᠨ ᠵᠠᠮ ᠢ ᠲᠡᠷᠬᠡ ᠨᠡᠪᠲᠡᠷᠡᠬᠦᠯᠬᠦ ᠶᠢ ᠪᠠᠲᠤᠯᠠᠨ᠎ᠠ᠃ ᠨᠢᠬᠡ ᠪᠦᠯᠦᠭ ᠠᠵᠦ ᠦᠢᠯᠡᠰ ᠤᠨ ᠵᠠᠮ᠂ ᠵᠤᠭᠠᠴᠠᠯ | ᠤᠨ ᠵᠠᠮ᠂ ᠶᠠᠲᠠᠭᠤ ᠶᠢ ᠲᠡᠳᠬᠦᠬᠦ ᠦᠢᠯᠡᠰ ᠤᠨ ᠵᠠᠮ ᠂ ᠡᠬᠢ ᠪᠠᠶᠠᠯᠢᠭ ᠤᠨ ᠵᠠᠮ ᠤᠨ ᠪᠠᠷᠢᠯᠭ᠎ᠠ ᠶᠢ ᠲᠦᠰᠦᠪᠯᠡᠨ | ᠬᠡᠷᠡᠭᠵᠢᠬᠦᠯᠵᠦ᠂ ᠪᠦᠬᠦ ᠬᠤᠰᠢᠭᠤᠨ ᠤ ᠵᠠᠮ ᠱᠤᠭᠤᠮ ᠵᠠᠮ ᠬᠠᠷᠢᠯᠴᠠᠭᠠᠨ ᠤ ᠰᠦᠯᠵᠢᠶ᠎ᠡ ᠶᠢ ᠨᠡᠪᠲᠠᠷᠠᠬᠦᠯᠦᠨᠠ᠃ | ᠪᠦᠬᠦ ᠲᠠᠯ᠎ᠠ ᠪᠠᠷ 《 ᠲᠦᠷᠪᠡᠨ ᠰᠠᠶᠢᠨ ᠬᠦᠲᠡᠭᠡ ᠲᠤᠰᠬᠤᠨ ᠤ ᠵᠠᠮ 》 ᠤᠨ ᠱᠠᠭᠠᠷᠲᠠᠯᠭ᠎ᠠ ᠪᠠᠷ ᠪᠠᠶᠢᠭᠤᠯᠤᠨ | ᠨᠠᠶᠢᠲᠠᠪᠦᠷᠢᠵᠢᠭᠤᠯᠤᠨ᠂ ᠬᠦᠲᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠬᠠᠮᠠᠭᠠᠯᠠᠯᠲᠠ ᠶᠢᠨ ᠲᠦᠷᠢᠮ | ᠢ ᠲᠡᠬᠦᠯᠲᠡᠷᠵᠢᠬᠦᠯᠦᠨ᠂ ᠲᠠᠭᠠᠭᠠᠴᠠ ᠬᠤᠷᠲᠤᠴᠠ ᠬᠡᠲᠦᠷᠡᠬᠦᠯᠬᠦ ᠬᠠᠤᠯᠢ ᠪᠤᠰᠤ ᠦᠵᠡᠭᠲᠡᠯ ᠳᠤ ᠴᠢᠩᠭ᠎ᠠ ᠴᠤᠬᠢᠯᠲᠠ | ᠦᠭᠴᠦ᠂ ᠵᠠᠮ ᠱᠤᠭᠤᠮ ᠤᠨ ᠪᠠᠶᠢᠭᠤᠯᠤᠯᠲᠠ ᠶᠢᠨ ᠦᠷ᠎ᠡ ᠪᠦᠲᠦᠬᠡᠯ ᠢ ᠦᠨᠡᠨᠬᠦ ᠬᠠᠮᠠᠭᠠᠯᠠᠨ ᠪᠠᠬᠢᠵᠢᠬᠦᠯᠦᠨ᠎ᠠ᠃ | ᠪᠤᠷᠤᠬᠤᠲᠠ ᠶᠢᠨ 500 ᠺᠢᠯᠤᠸᠠᠲ ᠴᠠᠬᠢᠯᠭᠠᠨ ᠬᠤᠪᠢᠰᠬᠠᠨ ᠬᠦᠷᠬᠡᠬᠦ᠂ ᠵᠤᠸᠠᠩ ᠲᠸᠤ ᠢᠩᠽᠢ ᠶᠢᠨ 220 | ᠺᠢᠯᠤᠸᠠᠲ ᠬᠡᠷᠡᠯ ᠰᠠᠯᠬᠢᠨ ᠤ ᠴᠠᠬᠢᠯᠭᠠᠨ ᠨᠡᠶᠢᠯᠡᠬᠦᠯᠬᠦ ᠦᠷᠲᠡᠭᠡ ᠶᠢᠨ ᠲᠦᠷᠦᠯ ᠵᠤᠶᠢᠯ ᠤᠨ ᠪᠠᠶᠢᠭᠤᠯᠤᠯᠲᠠ ᠶᠢ | ᠲᠦᠷᠬᠡᠳᠬᠡᠨ᠂ ᠳ᠋ᠠ ᠰᠢᠩ ᠤᠨ 66 ᠺᠢᠯᠤᠸᠠᠲ ᠴᠠᠬᠢᠯᠭᠠᠨ ᠬᠤᠪᠢᠰᠬᠠᠨ ᠬᠦᠷᠬᠡᠬᠦ ᠦᠷᠲᠡᠭᠡ ᠶᠢᠨ | ᠦᠬᠡᠷᠡᠴᠢᠯᠡᠬᠦ ᠪᠠᠷᠢᠯᠭ᠎ᠠ ᠶᠢ ᠪᠠᠶᠢᠭᠤᠯᠤᠨ᠂ 1000 ᠺᠢᠯᠤᠸᠠᠲ ᠤᠨ ᠦᠨᠲᠦᠷ ᠬᠦᠴᠦᠲᠡᠯᠲᠦ ᠴᠠᠬᠢᠯᠭᠠᠨ | ᠬᠤᠪᠢᠰᠬᠠᠨᠬᠦ᠋ᠷᠬᠡᠬᠦ ᠲᠦᠷᠦᠯ ᠵᠤᠶᠢᠯ ᠢ ᠠᠪᠴᠢᠷᠠᠨ ᠤᠩᠨᠢᠭᠤᠳ ᠬᠤᠰᠢᠭᠤᠨ ᠳᠤ ᠬᠡᠷᠡᠭᠵᠢᠬᠦᠯᠦᠨ᠎ᠠ᠃ | ᠲᠠᠷᠢᠶᠠᠯᠠᠩ ᠤᠨ ᠴᠠᠬᠢᠯᠭᠠᠨ ᠰᠦᠯᠵᠢᠶᠡᠨ ᠤ ᠲᠡᠰ ᠲᠡᠪᠰᠢᠨ ᠦᠬᠡᠷᠡᠴᠢᠯᠡᠬᠦ ᠶᠢ ᠲᠦᠷᠬᠡᠳᠬᠡᠨ᠂ ᠰᠢᠨ᠎ᠠ | ᠪᠠᠷ ᠪᠠᠶᠢᠭᠤᠯᠬᠤ ᠪᠠ 10 ᠺᠢᠯᠤᠸᠠᠲ ᠴᠠᠬᠢᠯᠭᠠᠨ ᠱᠤᠭᠤᠮ ᠤᠨ190 ᠺᠢᠯᠤᠮᠧᠲᠷ ᠦᠬᠡᠷᠡᠴᠢᠯᠡᠬᠦ᠂ ᠲᠤᠤᠷ᠎ᠠ | ᠲᠠᠷᠤᠯᠲᠠᠲᠤ ᠲᠤᠭᠤᠷᠢᠭ 22 ᠢ ᠦᠬᠡᠷᠡᠴᠢᠯᠡᠨ᠂ ᠪᠦᠬᠦ ᠬᠤᠰᠢᠭᠤᠨ ᠴᠠᠬᠢᠯᠭᠠᠨ ᠬᠠᠩᠭᠠᠬᠤ ᠴᠢᠨᠠᠷ ᠴᠢᠨᠰᠠᠭ᠎ᠠ ᠶᠢ | ᠦᠨᠡᠨᠬᠦ ᠲᠡᠭᠡᠭᠰᠢᠯᠡᠬᠦᠯᠦᠨ᠎ᠠ᠃ ᠰᠢᠷᠠᠮᠦ᠋ᠷᠡᠨ ᠭᠤᠤᠯ ᠤᠨ ᠦᠶᠡᠷ ᠢ ᠰᠡᠷᠬᠡᠶᠢᠯᠡᠬᠦ ᠠᠵᠢᠯ᠂ ᠲᠤᠮᠲᠠ ᠬᠡᠯᠪᠡᠷᠢ ᠶᠢᠨ | ᠤᠰᠤᠨ ᠬᠠᠭᠠᠯᠲᠠ ᠶᠢᠨ ᠪᠠᠬᠢᠵᠢᠬᠦᠯᠦᠯᠲᠡ ᠵᠡᠷᠬᠡ ᠪᠠᠷᠢᠯᠭ᠎ᠠ ᠶᠢ ᠠᠯᠬᠤᠮ ᠲᠠᠷᠠᠭ᠎ᠠ ᠲᠠᠢ ᠪᠠᠷ ᠠᠬᠢᠭᠤᠯᠤᠨ᠂ | ᠴᠦᠨᠲᠦᠪ ᠤᠨ ᠭᠤᠤᠯ ᠤᠨ ᠬᠤᠲᠠ ᠲᠤᠭᠤᠷᠢᠭ ᠤᠨ ᠬᠡᠰᠡᠭ ᠵᠢᠴᠢ ᠲᠡᠬᠡᠭᠰᠢᠬᠢ᠂ ᠵᠠᠩ ᠹᠠᠩ ᠭᠤᠤᠯ ᠤᠨ ᠤᠰᠤ | ᠰᠢᠷᠤᠢ ᠶᠢ ᠬᠠᠮᠠᠭᠠᠯᠬᠤ ᠪᠠᠷᠢᠯᠭ᠎ᠠ ᠶᠢ ᠪᠠᠲᠤᠯᠠᠨ᠎ᠠ᠃ ᠪᠦᠷᠢᠲᠤᠨ ᠨᠠᠭᠤᠷ ᠤᠨ ᠤᠰᠤ ᠬᠠᠲᠠᠭᠠᠯᠠᠬᠤ ᠪᠠᠶᠢᠲᠠᠯ ᠢ | ᠦᠨᠲᠦᠰᠦᠯᠡᠨ᠂ ᠪᠦᠷᠢᠲᠤᠨ ᠨᠠᠭᠤᠷ ᠡᠴᠠᠴᠦ᠋ᠨᠲᠦᠪ ᠤᠨ ᠭᠤᠤᠯ ᠤᠨ ᠬᠤᠲᠠ ᠲᠤᠭᠤᠷᠢᠭ ᠬᠦᠷᠬᠦ ᠬᠡᠰᠡᠭ ᠤᠨ ᠤᠰᠤ | ᠲᠠᠲᠠᠬᠤ ᠪᠠᠷᠢᠯᠭ᠎ᠠ ᠶᠢ ᠲᠦᠰᠦᠪᠯᠡᠨ ᠡᠬᠢᠯᠡᠬᠦᠯᠵᠦ᠂ ᠪᠤᠷᠤᠬᠤᠲᠠ ᠬᠤᠲᠠ ᠲᠤᠭᠤᠷᠢᠭ ᠤᠨ ᠬᠤᠲᠠ ᠲᠤᠭᠤᠷᠢᠭᠰᠠᠨ | ᠤᠰᠤᠨ ᠤ ᠰᠢᠰᠲ᠋ᠧᠮ ᠢ ᠪᠤᠢ ᠪᠤᠯᠭᠠᠨ᠎ᠠ᠃ ᠲᠠᠷᠢᠶᠠᠯᠠᠩ ᠤᠨ ᠴᠠᠬᠢᠯᠭᠠᠨ ᠰᠦᠯᠵᠢᠶᠡᠨ ᠤ ᠨᠡᠶᠢᠯᠡᠯᠲᠡ ᠪᠠ ᠬᠡᠷᠡᠯᠯᠢᠭ | ᠱᠤᠭᠤᠮ ᠤᠨ ᠡᠷᠦᠬᠡ ᠳᠤ ᠤᠷᠤᠬᠤ ᠪᠠᠷᠢᠯᠭ᠎ᠠ ᠶᠢ ᠲᠦᠷᠬᠡᠳᠬᠡᠨ᠂ ᠷᠠᠳᠢᠤ᠋ ᠲᠧᠯᠸᠢᠰ᠂ ᠴᠢᠮᠡᠭᠡ ᠬᠤᠯᠪᠤᠭᠠᠨ ᠤ | ᠰᠦᠯᠵᠢᠶᠡᠨ ᠤ ᠪᠦᠷᠬᠦᠴᠡ ᠶᠢᠨ ᠨᠤᠷᠮ᠎ᠠ ᠶᠢ ᠤᠯᠠᠮ ᠨᠢᠬᠡ ᠠᠯᠬᠤᠮ ᠲᠡᠭᠡᠰᠢᠯᠠᠬᠦᠯᠦᠨᠠ᠃ | ︵ ᠲᠦᠷᠪᠠ︶ ᠠᠷᠠᠳ ᠤᠨ ᠠᠮᠢᠲᠤᠷᠠᠯ ᠨᠡᠶᠢᠬᠡᠮ ᠤᠨ ᠠᠵᠢᠯ ᠦᠢᠯᠡᠰ ᠢ ᠪᠦᠬᠦ ᠲᠠᠯ᠎ᠠ ᠪᠠᠷ | ᠬᠦᠭᠵᠢᠬᠦᠯᠦᠨ᠎ᠠ | ᠰᠤᠷᠭᠠᠨ ᠬᠦᠮᠦᠵᠢᠯ ᠢ ᠪᠠᠲᠤᠳᠬᠠᠨ ᠪᠠᠬᠢᠵᠢᠬᠦᠯᠦᠨ ᠲᠡᠭᠡᠭᠰᠢᠯᠡᠬᠦᠯᠦᠨ᠎ᠠ᠂ ᠦᠨᠲᠦᠰᠦᠲᠡᠨ ᠤ ᠰᠤᠷᠭᠠᠨ | ᠬᠦᠮᠦᠵᠢᠯ ᠢ ᠲᠡᠷᠢᠬᠦᠨ ᠳᠤ ᠬᠦᠭᠵᠢᠬᠦᠯᠦᠨ᠂ ᠦᠨᠲᠦᠷ ᠲᠤᠮᠲᠠᠲᠤ ᠶᠢᠨ ᠰᠤᠷᠭᠠᠨ ᠬᠦᠮᠦᠵᠢᠯ ᠢ ᠲᠤᠪᠤᠶᠢᠯᠭᠠᠨ | ᠠᠳᠬᠤᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠷᠢᠮᠵᠢᠬᠦᠯᠦᠨ᠂ ᠠᠯᠪᠠᠨ ᠵᠢᠷᠦᠮ ᠤᠨ | ᠰᠤᠷᠠᠭᠠᠨ ᠬᠦᠮᠦᠵᠢᠯ᠂ ᠤᠨᠴᠤᠭᠤᠢ ᠰᠤᠷᠭᠠᠨ ᠬᠦᠮᠦᠵᠢᠯ ᠪᠠ ᠲᠤᠬᠠᠶᠢᠯᠠᠭᠰᠠᠨ ᠠᠵᠢᠯ ᠮᠡᠷᠬᠡᠵᠢᠯ ᠤᠨ ᠰᠤᠷᠭᠠᠨ | ᠬᠦᠮᠦᠵᠢᠯ ᠢ ᠨᠢᠬᠡᠲᠦᠯᠵᠢᠬᠦᠯᠦᠨ ᠰᠠᠶᠢᠲᠤᠷ ᠠᠳᠬᠤᠨ᠎ᠠ᠃ 2019 ᠤᠨ ᠢ ᠪᠦᠬᠦ ᠬᠤᠰᠢᠭᠤᠨ ᠤ ᠰᠤᠷᠭᠠᠨ | ᠬᠦᠮᠦᠵᠢᠯ ᠤᠨ ᠶᠠᠰᠤ ᠴᠢᠨᠠᠷ ᠤᠨ ᠲᠡᠭᠡᠭᠰᠢᠯᠡᠯᠲᠡ ᠶᠢᠨ ᠵᠢᠯ ᠪᠤᠯᠭᠠᠨ ᠲᠤᠭᠲᠠᠭᠠᠵᠦ᠂ ᠰᠤᠷᠭᠠᠨ ᠬᠦᠮᠦᠵᠢᠯ ᠤᠨ | ᠠᠲᠠᠯᠢ ᠲᠤᠭᠲᠠᠭᠤᠨ ᠢᠶᠠᠷ ᠬᠦᠭᠵᠢᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠤᠷᠤᠬᠤᠲᠠ ᠨᠢᠬᠡᠲᠦᠬᠡᠷ ᠲᠤᠮᠲᠠᠲᠤ | ᠰᠤᠷᠭᠠᠭᠤᠯᠢ᠂ ᠪᠤᠷᠤᠬᠤᠲᠠ ᠮᠤᠩᠭᠤᠯ ᠲᠤᠮᠲᠠᠲᠤ ᠰᠤᠷᠭᠠᠭᠤᠯᠢ ᠶᠢ ᠦᠪᠡᠷᠲᠡᠬᠡᠨ ᠵᠠᠰᠠᠬᠤ ᠤᠷᠤᠨ ᠤ ᠲᠡᠷᠢᠬᠦᠨ ᠲᠡᠰ | ᠤᠨ ᠰᠤᠷᠭᠠᠭᠤᠯᠢ᠂ ᠪᠤᠷᠤᠬᠤᠲᠠ ᠬᠤᠶᠠᠲᠤᠭᠠᠷ ᠲᠤᠮᠲᠠᠲᠤ ᠰᠤᠷᠭᠠᠭᠤᠯᠢ ᠶᠢ ᠤᠯᠠᠭᠠᠨᠬᠠᠲᠠ ᠬᠤᠲᠠ ᠶᠢᠨ ᠲᠡᠷᠢᠬᠦᠨ | ᠲᠡᠰ ᠣᠨᠰᠤᠷᠭᠠᠭᠤᠯᠢ ᠪᠤᠯᠭᠠᠨ ᠪᠦᠲᠦᠬᠡᠨ ᠪᠠᠶᠢᠭᠤᠯᠤᠨ᠎ᠠ᠃ ᠪᠤᠷᠤᠬᠤᠲᠠ ᠨᠢᠬᠡᠲᠦᠬᠡᠷ ᠲᠤᠮᠲᠠᠲᠤ ᠰᠤᠷᠭᠠᠭᠤᠯᠢ ᠶᠢᠨ | ᠨᠤᠮ ᠤᠨ ᠰᠡᠩ᠂ ᠪᠤᠷᠤᠬᠤᠲᠠ ᠬᠤᠶᠠᠲᠤᠭᠠᠷ ᠲᠤᠮᠲᠠᠲᠤ ᠰᠤᠷᠭᠠᠭᠤᠯᠢ ᠶᠢᠨ ᠬᠢᠴᠢᠶᠡᠯᠯᠡᠬᠦ ᠠᠰᠠᠷ᠂ ᠴᠢᠶᠤᠤ ᠲᠸᠤ | ᠶᠢᠨ ᠬᠤᠶᠠᠲᠤᠭᠠᠷ ᠬᠡᠤᠬᠡᠳ ᠤᠨ ᠴᠡᠴᠡᠷᠯᠢᠭ ᠢ ᠪᠠᠷᠢᠯᠭ᠎ᠠ ᠶᠢ ᠲᠦᠷᠬᠡᠳᠬᠡᠨ ᠪᠠᠶᠢᠭᠤᠯᠤᠨ᠎ᠠ᠃ ᠪᠠᠭᠰᠢ ᠶᠢ ᠰᠤᠯᠢᠯᠴᠠᠨ | ᠬᠡᠷᠡᠭᠯᠡᠬᠦ ᠲᠦᠷᠢᠮ ᠢ ᠲᠡᠬᠦᠯᠲᠡᠷᠵᠢᠬᠦᠯᠦᠨ᠂ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ 150 ᠬᠦᠮᠦᠨ ᠢ ᠡᠯᠰᠡᠨ | ᠠᠪᠤᠨ᠎ᠠ᠃ ᠰᠤᠷᠭᠠᠨ ᠬᠦᠮᠦᠵᠢᠯ ᠪᠠ ᠰᠤᠷᠭᠠᠨ ᠬᠦᠮᠦᠵᠢᠯ ᠤᠨ ᠬᠠᠮᠢᠶᠠᠷᠤᠯᠲᠠ ᠶᠢ ᠬᠦᠨᠵᠡᠬᠡᠶᠢᠷᠡᠬᠦᠯᠦᠨ᠂ ᠪᠠᠭᠰᠢ | ᠶᠢᠨ ᠮᠤᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠳᠤ ᠤᠷᠤᠬᠤ᠂ ᠠᠩᠬᠢ | ᠬᠤᠪᠢᠶᠠᠬᠤ ᠶᠢ ᠢᠯᠡ ᠪᠠᠷ ᠪᠠᠶᠢᠯᠭᠠᠨ᠎ᠠ᠃ ᠰᠤᠷᠭᠠᠭᠤᠯᠢ ᠶᠢᠨ ᠭᠠᠲᠠᠨᠠᠬᠢ ᠪᠤᠯᠪᠠᠰᠤᠷᠠᠯᠲᠠ ᠶᠢᠨ ᠪᠠᠶᠢᠭᠤᠯᠤᠮᠵᠢ ᠶᠢ | ᠲᠦᠷᠢᠮᠵᠢᠬᠦᠯᠦᠨ ᠬᠠᠮᠢᠶᠠᠷᠴᠦ᠂ ᠰᠤᠷᠤᠭᠴᠢᠳ ᠤᠨ ᠬᠢᠴᠢᠶᠠᠯ ᠤᠨ ᠭᠠᠲᠠᠨᠠᠬᠢ ᠲᠠᠷᠤᠭᠠᠰᠤ ᠶᠢ ᠬᠦᠩᠬᠡᠷᠡᠬᠦᠯᠦᠨᠠ᠃ | | ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠲᠠ ᠶᠢ ᠲᠦᠷᠬᠡᠳᠬᠡᠨ᠎ᠠ᠃ ᠬᠤᠰᠢᠭᠤᠨ ᠡᠮᠨᠡᠯᠬᠡ ᠶᠢᠨ | ᠬᠤᠷᠢᠶᠠᠨ ᠤ ᠨᠤᠷᠠᠭᠠᠨ ᠦᠷᠬᠡᠳᠬᠡᠬᠦ ᠪᠠᠷᠢᠯᠭ᠎ᠠ᠂ ᠡᠬᠡ ᠨᠢᠯᠬᠠᠰ ᠤᠨ ᠡᠮᠨᠡᠯᠬᠡ ᠬᠤᠷᠢᠶ᠎ᠠ ᠶᠢᠨ ᠨᠡᠬᠦᠨ ᠪᠠᠶᠢᠭᠤᠯᠬᠤ | ᠪᠠᠷᠢᠯᠭ᠎ᠠ ᠶᠢ ᠡᠬᠢᠯᠡᠬᠦᠯᠦᠨ᠂ ᠮᠤᠩᠭᠤᠯ ᠬᠢᠲᠠᠳ ᠡᠮᠨᠡᠯᠬᠡ ᠶᠢᠨ ᠬᠤᠷᠢᠶ᠎ᠠ ᠶᠢᠨ ᠨᠡᠬᠦᠨ ᠪᠠᠶᠢᠭᠤᠯᠬᠤ ᠪᠠᠷᠢᠯᠭ᠎ᠠ ᠶᠢ | ᠪᠡᠶᠡᠯᠡᠬᠦᠯᠦᠨ᠂ ᠬᠤᠲᠠ ᠲᠤᠭᠤᠷᠢᠭ ᠤᠨ ᠡᠮᠨᠡᠯᠬᠡ ᠶᠢᠨ ᠬᠤᠷᠢᠶ᠎ᠠ ᠶᠢ ᠵᠡᠬᠦᠨ ᠲᠤᠮᠲᠠ ᠪᠠᠷᠠᠭᠤᠨᠰᠤᠯᠠ ᠵᠠᠢ | ᠳ᠋ᠥᠲ᠋ᠠᠷᠬᠠᠭᠠᠨ ᠪᠠᠶᠢᠭᠤᠯᠤᠨ᠎ᠠ᠃ ᠡᠯ᠎ᠡ ᠲᠦᠷᠦᠯ ᠤᠨ ᠡᠮᠨᠡᠯᠬᠡ ᠶᠢᠨ ᠬᠤᠷᠢᠶᠠᠨ ᠤ ᠬᠠᠮᠢᠶᠠᠷᠤᠯᠲᠠ ᠪᠠ ᠭᠤᠤᠯᠲᠠᠯᠭ᠎ᠠ | ᠲᠠᠢ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠂ ᠡᠮ ᠡᠮᠨᠡᠯᠬᠡ ᠶᠢᠨ ᠪᠠᠶᠢᠭᠤᠯᠤᠮᠵᠢ ᠶᠢᠨ | ᠲᠦᠷᠢᠮᠵᠢᠭᠰᠡᠨ ᠡᠵᠡᠩᠨᠡᠯᠲᠡ ᠶᠢ ᠠᠬᠢᠭᠤᠯᠤᠨ᠂ ᠱᠠᠲᠤ ᠬᠤᠪᠢᠶᠠᠨ ᠤᠨᠤᠰᠢᠯᠠᠨ ᠲᠤᠲᠤᠯᠠᠬᠤ ᠪᠠ ᠱᠠᠲᠤ | ᠰᠢᠯᠵᠢᠬᠦᠯᠦᠨ ᠤᠨᠤᠰᠢᠯᠠᠬᠤ ᠲᠦᠷᠢᠮ ᠢ ᠴᠢᠩᠭ᠎ᠠ ᠬᠢᠨᠠᠮᠠᠭᠠᠢ ᠬᠡᠷᠡᠭᠵᠢᠬᠦᠯᠦᠨ᠂ ᠤᠯᠠᠨ ᠲᠦᠮᠡᠨ ᠤ ᠡᠪᠡᠳᠴᠢᠨ | ᠦᠵᠡᠬᠦᠯᠬᠦ ᠳᠤ ᠬᠦᠴᠢᠷᠲᠠᠢ᠂ ᠡᠪᠡᠳᠴᠢᠨ ᠦᠵᠡᠬᠦᠯᠬᠦ ᠳᠤ ᠦᠨ᠎ᠠ ᠲᠠᠢ ᠪᠠᠶᠢᠬᠤ ᠠᠰᠠᠭᠤᠲᠠᠯ ᠢ ᠬᠦᠴᠦᠨ ᠢᠶᠠᠨ | ᠲᠦᠪᠯᠡᠷᠡᠬᠦᠯᠦᠨ ᠰᠢᠢᠳᠪᠦᠷᠢᠯᠡᠨ᠎ᠡ᠃ ᠪᠦᠬᠦ ᠰᠠᠯᠠᠭᠠᠨ ᠤ ᠡᠮᠴᠢ ᠶᠢᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠂ | ᠡᠮ ᠡᠮᠨᠡᠯᠬᠡ ᠶᠢᠨ ᠲᠤᠰᠬᠠᠢ ᠮᠡᠷᠭᠡᠵᠢᠯᠲᠡᠨ50 ᠬᠦᠮᠦᠨ ᠢ ᠤᠷᠤᠭᠤᠯᠤᠨ ᠠᠪᠤᠨ᠎ᠠ᠃ ᠡᠮᠨᠡᠯᠬᠡ ᠶᠢᠨ ᠮᠤᠷᠠᠯ | ᠡᠮᠨᠡᠯᠬᠡ ᠶᠢᠨ ᠰᠤᠷᠲᠠᠯ ᠤᠨ ᠪᠠᠶᠢᠭᠤᠯᠤᠯᠲᠠ ᠶᠢ ᠬᠦᠨᠵᠡᠬᠡᠶᠢᠷᠡᠬᠦᠯᠦᠨ᠂ ᠦᠷ᠎ᠡ ᠪᠦᠲᠦᠮᠵᠢ ᠪᠠᠷ ᠤᠷᠮᠠᠰᠢᠭᠤᠯᠬᠤ | ᠲᠦᠷᠢᠮ ᠢ ᠤᠯᠠᠮ ᠨᠢᠬᠡ ᠠᠯᠬᠤᠮ ᠲᠡᠬᠦᠯᠲᠡᠷᠵᠢᠬᠦᠯᠦᠨ᠂ ᠡᠮ ᠡᠮᠨᠡᠯᠬᠡ ᠶᠢᠨ ᠠᠵᠢᠯᠲᠠᠨ ᠤ ᠠᠵᠢᠯᠯᠠᠬᠤ ᠲᠦᠷᠢᠮᠵᠢᠯ ᠢ | ᠬᠡᠷᠡᠭᠵᠢᠬᠦᠯᠦᠨ᠎ᠠ᠃ ᠮᠤᠩᠭᠤᠯ ᠬᠢᠲᠠᠳ ᠡᠮ ᠲᠠᠩ ᠢ ᠬᠦᠭᠵᠢᠬᠦᠯᠬᠦ ᠠᠬᠢᠴᠠ ᠲᠦᠷᠬᠡᠳᠬᠡᠨ᠂ ᠮᠤᠩᠭᠤᠯ ᠬᠢᠲᠠᠳ ᠡᠮ | ᠲᠠᠩ ᠤᠨ ᠪᠠᠷᠢᠮᠵᠢᠶᠠᠵᠢᠭᠰᠠᠨ ᠬᠦᠭᠵᠢᠯᠲᠡ ᠶᠢ ᠠᠬᠢᠭᠤᠯᠤᠨ᠎ᠠ᠃ ᠨᠠᠰᠤᠵᠢᠯ ᠤᠨ ᠬᠠᠨᠲᠤᠰᠢ ᠶᠢ ᠢᠲᠡᠪᠬᠢᠲᠠᠢ ᠪᠠᠷ | ᠠᠷᠭᠠᠴᠠᠭᠠᠨ᠂ ᠨᠠᠰᠤᠲᠠᠨ ᠢ ᠠᠰᠠᠷᠠᠬᠤ ᠬᠦᠷᠢᠶᠡᠯᠡᠩ ᠲᠤᠭᠤᠷᠢᠭ ᠤᠨ ᠲᠠᠷᠬᠠᠯᠲᠠ ᠶᠢ ᠵᠤᠬᠢᠰᠲᠠᠢ ᠪᠠᠷ ᠲᠤᠬᠢᠷᠠᠭᠤᠯᠤᠨ | ᠂ ᠨᠠᠰᠤᠲᠠᠨ ᠢ ᠠᠰᠠᠷᠠᠬᠤ ᠦᠢᠯᠡᠰ ᠤᠨ ᠬᠦᠭᠵᠢᠯᠲᠠ ᠶᠢ ᠵᠤᠷᠢᠭᠵᠢᠭᠤᠯᠤᠨ ᠲᠡᠮᠵᠢᠵᠦ᠂ ᠨᠡᠩ ᠤᠯᠠᠨ | ᠨᠠᠰᠤᠲᠠᠶᠢᠴᠣᠳ ᠢ ᠦᠲᠡᠯᠦᠬᠡ ᠨᠠᠰᠤᠨ ᠳᠠᠭᠠᠨ ᠠᠰᠠᠷᠠᠮᠵᠢ ᠲᠠᠢ᠂ ᠲᠦᠰᠢᠭ ᠲᠠᠢ ᠪᠠᠶᠢᠬᠤ ᠶᠢ ᠪᠠᠲᠤᠯᠠᠨ᠎ᠠ᠃ | ᠠᠷᠠᠳ ᠤᠨ ᠠᠮᠢᠲᠤᠷᠠᠯ ᠣᠨᠦᠢᠯᠡᠴᠢᠯᠡᠬᠡᠨ ᠤ ᠪᠠᠲᠤᠯᠭ᠎ᠠ ᠶᠢ ᠴᠢᠩᠭᠠᠳᠬᠠᠨ᠎ᠠ᠃ ᠫᠧᠩ ᠰᠠᠷᠠᠪᠴᠢᠲᠦ | ᠲᠤᠭᠤᠷᠢᠭ ᠤᠨ ᠦᠬᠡᠷᠡᠴᠢᠯᠡᠯᠲᠡᠶᠢᠨ ᠠᠬᠢᠴᠠ ᠶᠢ ᠲᠦᠷᠬᠡᠳᠬᠡᠨ᠂ 8 ᠬᠡᠰᠡᠭ ᠲᠤᠭᠤᠷᠢᠭ 500 ᠰᠠᠭᠤᠷᠢ ᠫᠧᠩ | ᠰᠠᠷᠠᠪᠴᠢ ᠶᠢᠨ ᠦᠬᠡᠷᠡᠴᠢᠯᠡᠯᠲᠡ ᠶᠢᠨ ᠪᠠᠷᠢᠯᠭ᠎ᠠ ᠶᠢ ᠡᠬᠢᠯᠠᠬᠦᠯᠦᠨ᠎ᠠ᠃ ᠠᠷᠠᠳ ᠲᠤ ᠠᠰᠢᠭᠲᠠᠢ ᠪᠠᠶᠢᠯᠭᠠᠬᠤ ᠶᠢ | ᠬᠡᠷᠡᠭᠵᠢᠬᠦᠯᠦᠨ᠂ ᠤᠯᠠᠭᠠᠨᠮᠦ᠋ᠴᠢᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠰᠤᠶᠤᠯ ᠤᠷᠠᠯᠢᠭ ᠤᠨ | ᠲᠤᠭᠯᠠᠯᠲᠠ ᠶᠢ 150 ᠲᠠᠯᠠᠪᠠᠢ ᠠᠴᠠ ᠲᠡᠭᠡᠰᠢ ᠭᠠᠷᠭᠠᠨ ᠦᠷᠨᠢᠬᠦᠯᠦᠨ᠎ᠠ᠃ 《 ᠲᠤᠮᠲᠠᠲᠤ ᠤᠯᠤᠰ ᠤᠨ | ᠲᠠᠷᠢᠶᠠᠴᠢᠨ ᠤ ᠡᠯᠪᠡᠭ ᠬᠤᠷᠢᠶᠠᠯᠲᠠ》 ᠶᠢᠨ ᠠᠵᠢᠯᠯᠠᠭᠠᠨ ᠢ ᠰᠠᠶᠢᠲᠤᠷ ᠵᠤᠬᠢᠶᠠᠨ ᠪᠠᠶᠢᠭᠤᠯᠵᠦ᠂ ᠤᠯᠠᠨ ᠲᠦᠮᠡᠨ ᠤ | ᠰᠤᠶᠤᠯ ᠤᠨ ᠠᠮᠢᠲᠤᠷᠠᠯ ᠢ ᠤᠯᠠᠮ ᠨᠢᠬᠡ ᠠᠯᠬᠤᠮ ᠪᠠᠶᠠᠯᠢᠭᠵᠢᠭᠤᠯᠤᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠯ᠂ | ᠪᠦᠬᠦ ᠠᠷᠠᠳ ᠤᠨ ᠪᠡᠶ᠎ᠡ ᠲᠠᠮᠢᠷ ᠤᠨ ᠬᠡᠪ ᠴᠢᠨᠠᠷ ᠢ ᠲᠡᠭᠡᠰᠢᠯᠠᠬᠦᠯᠦᠨᠠ᠃ ᠨᠡᠶᠢᠬᠡᠮ ᠤᠨ ᠪᠠᠲᠤᠯᠭ᠎ᠠ ᠶᠢᠨ ᠪᠠᠷᠢᠮᠵᠢᠶ᠎ᠠ | ᠶᠢ ᠲᠤᠭᠲᠠᠭᠤᠨ ᠢᠶᠠᠷ ᠨᠡᠮᠡᠭᠲᠡᠬᠦᠯᠤᠨ᠂ ᠬᠦᠢᠴᠡᠳᠬᠡᠬᠦ ᠴᠢᠲᠠᠪᠬᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠡᠷᠢᠭ | ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠬᠠᠮᠢᠶᠠᠷᠤᠯᠲᠠ ᠪᠠ ᠬᠤᠶᠠᠷ ᠢ ᠬᠦᠷᠢᠶᠡᠯᠡᠬᠦ ᠠᠵᠢᠯ ᠶᠢ | ᠨᠢᠬᠡᠲᠦᠯᠵᠢᠬᠦᠯᠦᠨ ᠠᠳᠬᠤᠨ᠎ᠠ᠃ ᠴᠢᠭᠯᠡᠯᠲᠦ ᠠᠵᠢᠯ ᠤᠯᠭᠤᠬᠤ ᠲᠦᠷᠦ ᠶᠢᠨ ᠪᠤᠲᠤᠯᠭ᠎ᠠ ᠶᠢ | ᠨᠠᠶᠢᠲᠠᠪᠦᠷᠢᠵᠢᠭᠤᠯᠤᠨ᠂ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢᠳ᠂ ᠬᠤᠲᠠ ᠪᠠᠯᠭᠠᠰᠤᠨ ᠤ ᠠᠵᠢᠯ ᠤᠯᠬᠤ | ᠳᠤ ᠬᠦᠴᠢᠷᠲᠠᠢ ᠬᠦᠮᠦᠰ᠂ ᠬᠦᠲᠡᠭᠡ ᠲᠤᠰᠬᠤᠨ ᠮᠠᠯᠵᠢᠬᠤ ᠤᠷᠤᠨ ᠤ ᠰᠢᠯᠵᠢᠮᠡᠯ ᠬᠦᠲᠡᠯᠮᠦᠷᠢ ᠬᠦᠴᠦᠨ ᠵᠡᠷᠬᠡ | ᠪᠦᠯᠦᠭ ᠬᠦᠮᠦᠰ ᠲᠤ ᠠᠵᠢᠯ ᠤᠯᠭᠤᠬᠤ ᠶᠢ ᠰᠠᠶᠢᠲᠤᠷ ᠠᠳᠬᠤᠨ᠂ ᠪᠦᠬᠦ ᠵᠢᠯ ᠳᠤ 3000 ᠬᠦᠮᠦᠨ ᠳᠤ ᠰᠢᠨ᠎ᠠ | ᠪᠠᠷ ᠠᠵᠢᠯ ᠤᠯᠭᠤᠨ᠂ ᠬᠤᠲᠠ ᠪᠠᠯᠭᠠᠰᠤᠨ ᠤ ᠠᠵᠢᠯ ᠠᠯᠲᠠᠭᠰᠠᠳ ᠢ ᠲᠠᠩᠰᠠᠯᠠᠨ ᠲᠡᠮᠲᠡᠭᠯᠡᠭᠰᠡᠨ ᠨᠤᠷᠮ᠎ᠠ ᠶᠢ 4% | ᠶᠢᠨ ᠲᠤᠲᠤᠷ᠎ᠠ ᠬᠢᠵᠠᠭᠠᠷᠯᠠᠨ᠎ᠠ᠃ ᠲᠠᠷᠢᠶᠠᠴᠢᠨ ᠮᠠᠯᠴᠢᠨ ᠬᠦᠯᠦᠰᠦᠨ ᠠᠵᠢᠯᠵᠢᠨ ᠤ ᠴᠠᠯᠢᠩ ᠦᠷᠢᠲᠦᠵᠦ ᠪᠠᠶᠢᠬᠤ | ᠶᠢ ᠴᠡᠪᠡᠷᠯᠡᠨ᠂ ᠲᠠᠷᠢᠶᠠᠴᠢᠨ ᠮᠠᠯᠴᠢᠨ ᠬᠦᠯᠦᠰᠦᠨ ᠠᠵᠢᠯᠵᠢᠨ ᠤ ᠬᠠᠤᠯᠢ ᠶᠤᠰᠤᠨ ᠤ ᠡᠷᠬᠡ ᠰᠢᠭ ᠢ ᠦᠨᠡᠨᠬᠦ | ᠪᠠᠲᠤᠯᠠᠨ᠎ᠠ᠃ | ᠨᠡᠶᠢᠬᠡᠮ ᠤᠨ ᠲᠤᠭᠲᠠᠭᠤᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠨᠡᠶᠢᠲᠡ ᠶᠢᠨ ᠠᠮᠤᠷ ᠲᠦᠪᠰᠢᠨ ᠤ | ᠲᠤᠤᠷ᠎ᠠ ᠱᠤᠭᠤᠮ ᠢ ᠴᠢᠩᠭ᠎ᠠ ᠰᠠᠬᠢᠨ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠠ ᠪᠠᠷ ᠨᠠᠶᠢᠲᠠᠪᠦᠷᠢᠵᠢᠭᠤᠯᠤᠨ᠂ ᠠᠵᠦ ᠠᠬᠤᠶᠢᠯᠠᠯ ᠣᠨᠠᠶᠤᠯᠬᠦᠢ ᠦᠢᠯᠡᠳᠪᠦᠷᠢᠯᠡᠯ ᠤᠨ ᠪᠠᠷᠢᠮᠵᠢᠶ᠎ᠠ ᠶᠢ ᠴᠢᠩᠭ᠎ᠠ | ᠪᠠᠷ ᠬᠡᠷᠡᠭᠵᠢᠬᠦᠯᠦᠨ᠂ ᠦᠨᠲᠦᠰᠦᠨ ᠱᠠᠲᠤᠨ ᠤ ᠠᠮᠤᠷ ᠲᠦᠪᠰᠢᠨ ᠤ ᠬᠢᠨᠠᠯᠲᠠ ᠶᠢᠨ ᠴᠢᠲᠠᠪᠬᠢ ᠵᠢᠨᠪᠠᠶᠢᠭᠤᠯᠤᠯᠲᠠ | ᠶᠢ ᠴᠢᠩᠭᠠᠳᠬᠠᠨ᠂ ᠬᠦᠷᠢᠶ᠎ᠠ ᠲᠤᠭᠤᠷᠢᠭᠵᠢᠯᠲᠠ᠂ ᠰᠦᠯᠵᠢᠶᠡᠵᠢᠯᠲᠡ ᠶᠢᠨ ᠠᠮᠤᠷ ᠲᠦᠪᠰᠢᠨ ᠤ ᠬᠢᠨᠠᠯᠲᠠ ᠶᠢ | ᠪᠡᠶᠡᠯᠡᠬᠦᠯᠦᠨ᠎ᠡ᠃ ᠠᠭᠤᠷᠬᠠᠢ᠂ ᠠᠮᠤᠷ ᠲᠦᠪᠰᠢᠨ ᠤ ᠰᠡᠷᠬᠡᠶᠢᠯᠡᠯᠲᠡ᠂ ᠵᠠᠮ ᠬᠠᠷᠢᠯᠴᠠᠭᠠᠨ ᠤ ᠨᠡᠪᠲᠡᠷᠡᠯᠬᠡ᠂ | ᠪᠠᠷᠢᠯᠭ᠎ᠠ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠬᠡ ᠭᠤᠤᠯᠲᠠᠯᠭ᠎ᠠ ᠲᠠᠢ ᠰᠠᠯᠪᠤᠷᠢ | ᠬᠦᠷᠢᠶ᠎ᠡ ᠶᠢ ᠤᠴᠤᠭᠤᠶᠢᠯᠠᠨ ᠰᠠᠶᠢᠲᠤᠷ ᠠᠳᠬᠤᠵᠦ᠂ ᠴᠢᠩᠭ᠎ᠠ ᠪᠠᠷ ᠬᠠᠮᠢᠶᠠᠷᠤᠨ᠂ ᠬᠦᠨᠲᠦ ᠪᠠᠷ ᠲᠤᠷᠭᠤᠭᠠᠬᠤ ᠶᠢ | ᠪᠠᠷᠢᠮᠲᠠᠯᠠᠨ᠂ ᠠᠶᠤᠯ ᠡᠷᠡᠰᠲᠡᠯ ᠢ ᠪᠦᠬᠦ ᠲᠠᠯ᠎ᠠ ᠪᠠᠷ ᠦᠬᠡᠶᠢᠰᠬᠡᠨ᠂ ᠤᠴᠤᠭᠤᠢ ᠲᠤᠮᠤ ᠠᠮᠤᠷ ᠲᠦᠪᠰᠢᠨ ᠤ ᠬᠡᠷᠡᠭ | ᠡᠬᠦᠰᠬᠦ ᠶᠢ ᠡᠷᠡᠰ ᠪᠠᠷ ᠬᠤᠷᠢᠭᠯᠠᠨ᠎ᠠ᠃ ᠶᠠᠰᠤ ᠴᠢᠨᠠᠷ ᠢ ᠠᠳᠬᠤᠬᠤ ᠠᠯᠬᠤᠴᠠ ᠪᠠᠨ ᠲᠦᠷᠬᠡᠳᠬᠡᠨ᠂ ᠪᠠᠷᠠᠭ᠎ᠠ | ᠪᠦᠲᠦᠬᠡᠭᠲᠡᠬᠦᠨ ᠤ ᠠᠮᠤᠷ ᠲᠦᠪᠰᠢᠨ ᠤ ᠰᠢᠰᠲ᠋ᠧᠮ ᠢ ᠲᠡᠬᠦᠯᠲᠡᠷᠵᠢᠬᠦᠯᠦᠨ ᠬᠡᠷᠡᠭᠵᠢᠬᠦᠯᠦᠨ᠎ᠠ᠃ ᠢᠲᠡᠬᠡᠨ ᠡᠮ ᠲᠡᠩ | ᠤᠨ ᠬᠢᠨᠠᠯᠲᠠ ᠶᠢ ᠴᠢᠩᠭᠠᠳᠬᠠᠨ᠂ ᠤᠯᠠᠨ ᠲᠦᠮᠡᠨ ᠤ ᠢᠲᠡᠬᠡᠨ ᠤᠮᠲᠠᠭᠠᠨ ᠡᠮ ᠲᠠᠩ ᠢ ᠠᠮᠤᠷ ᠲᠦᠪᠰᠢᠨ ᠢᠶᠠᠷ | ᠭᠡᠷᠡᠭᠯᠡᠬᠦ ᠶᠢ ᠪᠠᠲᠤᠯᠠᠨ᠎ᠠ᠃ ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠬᠦᠨᠵᠡᠬᠡᠶᠢᠷᠡᠬᠦᠯᠦᠨ᠂ | ᠠᠮᠤᠷ ᠲᠦᠪᠰᠢᠨ ᠤ ᠬᠠᠮᠠᠭᠠᠯᠠᠯᠲᠠ᠂ ᠵᠠᠬᠢᠲᠠᠯ ᠰᠤᠷᠪᠤᠯᠵᠢᠯᠠᠭ᠎ᠠ ᠶᠢᠨ ᠲᠤᠭᠲᠠᠭᠤᠨ ᠵᠡᠷᠬᠡ ᠠᠵᠢᠯ ᠢ ᠰᠠᠶᠢᠲᠤᠷ ᠬᠢᠵᠦ | ᠂ ᠨᠡᠶᠢᠬᠡᠮ ᠤᠨ ᠶᠡᠭᠡ ᠲᠠᠯ᠎ᠠ ᠶᠢᠨ ᠡᠶ᠎ᠡ ᠨᠠᠶᠢᠷᠠᠮᠲᠠᠭᠤ ᠶᠢ ᠬᠠᠮᠠᠭᠠᠯᠠᠨ᠎ᠠ᠃ ᠦᠨᠲᠦᠰᠦᠲᠡᠨ ᠱᠠᠰᠢᠨ ᠤ ᠲᠦᠷᠦ ᠶᠢᠨ | ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠦᠷᠢᠵᠢᠭᠤᠯᠤᠨ᠂ ᠦᠨᠲᠦᠰᠦᠲᠡᠨ ᠤ ᠪᠦᠯᠬᠦᠮᠲᠡᠯ ᠲᠡᠪᠰᠢᠯᠲᠠ ᠶᠢ ᠡᠬᠦᠲᠦᠨ | ᠪᠠᠶᠢᠭᠤᠯᠬᠤ ᠠᠵᠢᠯᠯᠠᠭᠠᠨ ᠢ ᠦᠷᠨᠢᠬᠦᠯᠦᠨ᠂ ᠡᠯ᠎ᠡ ᠦᠨᠲᠦᠰᠦᠲᠡᠨ ᠤ ᠪᠦᠯᠬᠦᠮᠲᠡᠯ ᠬᠦᠭᠵᠢᠯ ᠢ ᠠᠬᠢᠭᠤᠯᠤᠨ᠎ᠠ᠃ | | ︵ ᠲᠠᠪᠤ︶ ᠰᠢᠨ᠎ᠠ ᠬᠦᠲᠡᠯᠬᠡᠬᠦ ᠬᠦᠴᠦᠨ ᠢ ᠡᠬᠦᠲᠦᠨ᠂ ᠲᠠᠪᠰᠢᠨ ᠬᠦᠭᠵᠢᠬᠦ ᠶᠢ ᠲᠠᠰᠤᠷᠠᠯᠲᠠ ᠦᠬᠡᠢ | ᠠᠮᠢᠲᠤᠯᠢᠭᠵᠢᠭᠤᠯᠤᠨ ᠠᠬᠢᠭᠤᠯᠤᠨ᠎ᠠ | ᠭᠤᠤᠯᠲᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠦᠬᠡᠷᠡᠴᠢᠯᠡᠯᠲᠡ ᠶᠢ ᠬᠦᠨᠵᠡᠬᠡᠶᠢᠷᠡᠬᠦᠯᠦᠨ᠎ᠡ᠃ ᠵᠠᠰᠠᠭ | ᠤᠨ ᠤᠷᠲᠤᠨ ᠤ ᠴᠢᠲᠠᠪᠬᠢ ᠶᠢᠨ ᠦᠬᠡᠷᠡᠴᠢᠯᠡᠬᠦ ᠪᠠ ᠪᠠᠶᠢᠭᠤᠯᠤᠮᠵᠢ ᠶᠢᠨ ᠦᠬᠡᠷᠡᠴᠢᠯᠡᠯᠲᠡ ᠶᠢ ᠦᠷᠬᠦᠯᠵᠢᠯᠡᠨ | ᠰᠠᠶᠢᠲᠤᠷ ᠬᠢᠵᠦ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢ ᠲᠦᠷᠬᠡᠳᠬᠡᠨ᠂ ᠠᠮᠢ ᠠᠬᠤᠢ ᠶᠢᠨ ᠬᠠᠮᠠᠭᠠᠯᠠᠯᠲᠠ | ᠂ ᠪᠠᠶᠢᠭᠠᠯᠢ ᠶᠢᠨ ᠡᠨᠧᠷᠬᠢ᠂ ᠵᠠᠮ ᠲᠡᠭᠡᠭᠡᠪᠦᠷᠢ᠂ ᠲᠠᠷᠢᠶᠠᠯᠠᠩ ᠮᠠᠯ ᠠᠵᠦ ᠠᠬᠤᠢ ᠵᠡᠷᠬᠡ ᠶᠡᠷᠦᠩᠬᠡᠶᠢᠯᠡᠭᠰᠡᠨ ᠬᠠᠤᠯᠢ | ᠬᠡᠷᠡᠭᠵᠢᠬᠦᠯᠬᠦ ᠪᠠᠶᠢᠭᠤᠯᠤᠮᠵᠢ ᠶᠢ ᠪᠠᠶᠢᠭᠤᠯᠤᠨ᠎ᠠ᠃ | ᠲᠡᠷᠢᠶᠠᠯᠠᠩ ᠤᠨ ᠤᠰᠤᠨ ᠤ ᠬᠠᠩᠰᠢ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠰᠠᠶᠢᠲᠤᠷ ᠠᠳᠬᠤᠨ | ᠂ ᠪᠦᠬᠦ ᠬᠤᠰᠢᠭᠤᠨ ᠤ ᠲᠡᠷᠢᠶᠠᠯᠠᠩ ᠤᠨ ᠤᠰᠤᠨ ᠬᠠᠩᠰᠢ ᠶᠢ ᠲᠤᠭᠲᠠᠭᠠᠨ ᠬᠠᠮᠢᠶᠠᠷᠤᠨ᠎ᠠ᠃ ᠬᠦᠲᠡᠭᠡ ᠲᠤᠰᠬᠤᠨ | ᠮᠠᠯᠵᠢᠬᠤ ᠤᠷᠤᠨ ᠤ ᠭᠠᠵᠠᠷ ᠰᠢᠷᠤᠢ ᠶᠢᠨ ᠲᠦᠷᠢᠮ ᠪᠠ ᠬᠠᠮᠲᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ | ᠦᠬᠡᠷᠡᠴᠢᠯᠠᠯᠲᠠ ᠶᠢ ᠬᠦᠨᠵᠡᠬᠡᠶᠢᠷᠡᠬᠦᠯᠦᠨ᠂ ᠬᠦᠲᠡᠭᠡ ᠲᠤᠰᠬᠤᠨ ᠮᠠᠯᠵᠢᠬᠤ ᠤᠷᠤᠨ ᠤ ᠬᠠᠮᠲᠦ ᠶᠢᠨ ᠪᠠᠶᠢᠭᠤᠯᠤᠯᠲᠠ | ᠶᠢᠨ ᠭᠠᠵᠠᠷ ᠰᠢᠷᠤᠢ ᠶᠢᠨ ᠬᠠᠮᠢᠶᠠᠷᠤᠯᠲᠠ ᠶᠢ ᠴᠢᠩᠭᠠᠳᠬᠠᠨ᠂ ᠬᠦᠲᠡᠭᠡ ᠲᠤᠰᠬᠤᠨ ᠮᠠᠯᠵᠢᠬᠤ ᠤᠷᠤᠨ ᠤ《 | ᠭᠤᠷᠪᠠᠨ ᠬᠤᠪᠢᠷᠠᠯᠲᠠ 》 ᠶᠢᠨ ᠲᠦᠷᠢᠮ ᠤᠨ ᠦᠬᠡᠷᠡᠴᠢᠯᠡᠯᠲᠡ ᠶᠢ ᠡᠬᠢᠯᠠᠬᠦᠯᠦᠨ᠎ᠠ᠃ ᠭᠤᠷᠪᠠᠲᠤᠭᠠᠷ ᠤᠲᠠᠭᠠᠨ ᠤ | ᠪᠦᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠪᠠ ᠲᠦᠷᠪᠡᠲᠦᠬᠡᠷ ᠤᠲᠠᠭᠠᠨ ᠤ ᠪᠦᠬᠦ ᠤᠯᠤᠰ ᠤᠨ ᠠᠵᠦ | ᠠᠬᠤᠢ ᠶᠢᠨ ᠨᠡᠶᠢᠲᠡᠮ ᠪᠠᠶᠢᠴᠠᠭᠠᠯᠲᠠ ᠶᠢ ᠡᠷᠴᠢᠮᠲᠠᠢ ᠠᠬᠢᠭᠤᠯᠤᠨ᠂ ᠤᠯᠤᠰ ᠤᠨ ᠦᠮᠴᠢᠯᠡᠯᠲᠦ ᠲᠠᠷᠢᠶᠠᠯᠠᠩ ᠮᠠᠯᠵᠢᠯ | ᠤᠨ ᠲᠠᠯᠠᠪᠠᠢ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠵᠡᠷᠬᠡ ᠭᠤᠤᠯᠲᠠᠯᠭ᠎ᠠ ᠲᠠᠢ ᠬᠦᠷᠢᠶ᠎ᠠ ᠬᠡᠪᠴᠢᠶᠡᠨ ᠤ | ᠦᠬᠡᠷᠡᠴᠢᠯᠡᠯᠲᠡ ᠶᠢᠨ ᠠᠵᠢᠯ ᠢ ᠨᠢᠭᠡᠲᠦᠯᠵᠢᠬᠦᠯᠦᠨ ᠠᠬᠢᠭᠤᠯᠤᠨ᠎ᠠ᠃ | ᠠᠷᠠᠯᠵᠢᠶ᠎ᠠ ᠬᠤᠲᠠᠯᠲᠤᠭᠠᠨ ᠤ ᠤᠷᠴᠢᠨ ᠲᠤᠭᠤᠷᠢᠨ ᠢ ᠪᠦᠬᠦ ᠲᠠᠯ᠎ᠠ ᠰᠢᠯᠢᠲᠡᠭᠵᠢᠬᠦᠯᠦᠨᠠ᠃ ᠲᠡᠭᠡᠲᠦ ᠱᠠᠲᠤᠨ ᠤ | ᠵᠠᠰᠠᠭ ᠵᠠᠬᠢᠷᠭᠠᠨ ᠡᠷᠬᠡ ᠶᠢ ᠲᠤᠷᠤᠭᠰᠢ ᠢᠲᠡᠪᠬᠢᠲᠠᠢ ᠪᠠᠷ ᠪᠠᠭᠤᠯᠭᠠᠨ᠎ᠠ᠃ 《 ᠢᠨᠲ᠋ᠧᠷ ᠰᠦᠯᠵᠢᠶ᠎ᠡ + ᠵᠠᠰᠠᠭ ᠤᠨ | ᠶᠠᠪᠤᠲᠠᠯ ᠤᠨ ᠦᠢᠯᠡᠴᠢᠯᠡᠬᠡᠨ 》 ᠢ ᠲᠦᠯᠬᠢᠨ ᠠᠬᠢᠭᠤᠯᠵᠦ᠂ ᠰᠦᠯᠵᠢᠶᠡᠨ ᠲᠡᠭᠡᠷ᠎ᠡ ᠶᠠᠪᠤᠲᠠᠯ ᠪᠦᠲᠦᠬᠡᠬᠦ ᠲᠠᠪᠴᠠᠩ | ᠤᠨ ᠪᠠᠶᠢᠭᠤᠯᠤᠯᠲᠠ ᠶᠢ ᠲᠡᠬᠦᠯᠲᠡᠷᠵᠢᠬᠦᠯᠦᠨ᠂ ᠲᠤᠭ᠎ᠠ ᠪᠠᠷᠢᠮᠲᠠ ᠶᠢ ᠢᠯᠡᠬᠦᠦ ᠬᠦᠶᠦᠯᠬᠡᠨ ᠤᠯᠠᠨ ᠲᠦᠮᠡᠨ ᠢ | ᠲᠤᠲᠠᠭᠤ ᠬᠦᠶᠤᠯᠬᠡᠬᠦ ᠪᠤᠯᠭᠠᠨ᠎ᠠ᠃ ᠬᠢᠨᠠᠨ ᠵᠦᠪᠰᠢᠶᠡᠷᠡᠬᠦ ᠶᠠᠪᠤᠴᠠ ᠶᠢ ᠲᠦᠬᠦᠮᠴᠢᠯᠡᠨ᠂ ᠮᠡᠲᠡᠬᠦᠯᠬᠦ ᠮᠠᠲ᠋ᠧᠷᠢᠶᠠᠯ᠂ | ᠬᠢᠨᠠᠨ ᠵᠦᠪᠰᠢᠶᠡᠷᠡᠬᠦ ᠠᠯᠬᠤᠮ᠂ ᠶᠠᠪᠤᠲᠠᠯ ᠪᠦᠲᠦᠬᠡᠬᠦ ᠴᠠᠭ ᠬᠤᠭᠤᠴᠠᠭ᠎ᠠ ᠶᠢ ᠲᠤᠰ ᠪᠦᠷᠢ ᠭᠤᠷᠪᠠᠨ ᠤ ᠨᠢᠬᠡ ᠪᠠᠷ | ᠬᠠᠰᠤᠭᠲᠠᠭᠤᠯᠤᠨ᠂ ᠠᠵᠦ ᠠᠬᠤᠶᠢᠯᠠᠯ ᠤᠨ ᠶᠠᠪᠤᠲᠠᠯ ᠪᠦᠲᠦᠬᠡᠬᠦ ᠴᠠᠭ ᠬᠤᠭᠤᠴᠠᠭ᠎ᠠ᠂ ᠪᠠᠷᠢᠯᠭ᠎ᠠ ᠶᠢᠨ | ᠪᠠᠶᠢᠭᠤᠯᠤᠯᠲᠠ ᠶᠢᠨ ᠲᠦᠷᠦᠯ ᠵᠤᠶᠢᠯ ᠤᠨ ᠬᠢᠨᠠᠨ ᠵᠦᠪᠰᠢᠶᠡᠷᠡᠯᠲᠡ ᠶᠢ ᠬᠠᠭᠠᠰ ᠪᠠᠷ ᠬᠠᠰᠤᠭᠲᠠᠭᠤᠯᠤᠨ᠂ ᠤᠯᠠᠨ | ᠲᠦᠮᠡᠨ ᠤ ᠶᠠᠪᠤᠲᠠᠯ ᠪᠦᠲᠦᠬᠡᠬᠦ ᠶᠢ ᠢᠲᠡᠭ ᠠᠯᠬᠤᠮ ᠪᠠᠷ《 ᠬᠠᠮᠤᠭ ᠤᠯᠠᠨ ᠳᠠᠭᠠᠨ ᠨᠢᠬᠡᠯᠡ ᠤᠲᠠᠭ᠎ᠠ ᠬᠦᠶᠦᠬᠦ | 》ᠪᠤᠯᠭᠠᠨ᠎ᠠ᠃ ᠦᠢᠯᠡᠴᠢᠯᠡᠬᠡᠨ ᠤ ᠤᠷᠴᠢᠨ ᠲᠤᠭᠤᠷᠢᠨ ᠢ ᠰᠢᠯᠢᠲᠡᠭᠵᠢᠬᠦᠯᠦᠨ᠂ ᠲᠦᠪ ᠪᠤᠰᠤ ᠰᠤᠷᠲᠠᠯ᠂ ᠡᠷᠬᠡ | ᠪᠠᠨ ᠲᠤᠷ᠎ᠠ ᠪᠠᠷ ᠬᠡᠷᠡᠭᠯᠡᠬᠦ᠂ ᠬᠡᠬᠡᠯᠢ ᠬᠠᠭ᠋ᠤᠯᠢ ᠢᠲᠡᠬᠦ ᠠᠪᠬᠤ ᠵᠡᠷᠬᠡ ᠲᠤᠪᠤᠶᠢᠮ᠎ᠠ ᠦᠵᠡᠭᠲᠡᠯ ᠢ ᠭᠤᠤᠯᠲᠠᠯᠭ᠎ᠠ | ᠲᠠᠢ ᠪᠠᠷ ᠵᠠᠰᠠᠵᠦ᠂ ᠠᠷᠠᠳ ᠲᠤ ᠲᠦᠬᠦᠮ ᠦᠵᠡᠬᠦᠯᠬᠦ《 ᠬᠠᠮᠤᠭ ᠡᠴᠦᠰ ᠤᠨ ᠨᠢᠬᠡ ᠺᠢᠯᠤᠮᠧᠲᠷ 》 ᠢ | ᠰᠢᠯᠤᠭᠤᠳᠬᠠᠨ᠎ᠠ᠃ | ᠭᠠᠶᠢᠯᠢ ᠶᠢ ᠬᠠᠰᠤᠨ ᠰᠦᠢᠳᠬᠡᠯ ᠢ ᠪᠠᠭᠤᠷᠠᠭᠤᠯᠬᠤ ᠬᠠᠮᠢᠶ᠎ᠠ ᠪᠦᠬᠦᠢ ᠲᠦᠷᠦ ᠶᠢᠨ ᠪᠤᠲᠤᠯᠭ᠎ᠠ ᠶᠢ ᠪᠦᠬᠦ | ᠲᠠᠯ᠎ᠠ ᠪᠠᠷ ᠨᠠᠶᠢᠲᠠᠪᠦᠷᠢᠵᠢᠭᠤᠯᠤᠨ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯ᠂ ᠲᠤᠮᠲᠠ ᠪᠠᠭ᠎ᠠ ᠠᠵᠦ | ᠠᠬᠤᠶᠢᠯᠠᠯ ᠢ ᠲᠡᠮᠵᠢᠬᠦ ᠬᠦᠴᠦᠯᠡᠴᠡ ᠪᠠᠨ ᠨᠡᠮᠡᠭᠲᠡᠬᠦᠯᠦᠨ᠂ ᠪᠡᠯᠡ ᠬᠤᠷᠠᠮᠲᠤᠭᠤᠯᠬᠤ ᠳᠤ ᠬᠦᠴᠢᠷ ᠲᠠᠢ᠂ ᠪᠡᠯᠡ | ᠬᠤᠷᠠᠮᠲᠤᠭᠤᠯᠬᠤ ᠳᠤ ᠦᠨ᠎ᠠ ᠲᠠᠢ ᠪᠠᠶᠢᠬᠤ ᠠᠰᠠᠭᠤᠲᠠᠯ ᠢ ᠴᠠᠷᠮᠠᠶᠢᠨ ᠰᠢᠢᠳᠪᠦᠷᠢᠯᠡᠵᠦ᠂ ᠠᠵᠦ ᠠᠬᠤᠶᠢᠯᠠᠯ ᠤᠨ | ᠠᠮᠢᠵᠢᠷᠠᠯ ᠤᠨ ᠬᠦᠴᠦᠨ ᠢ ᠲᠡᠰᠤᠷᠠᠯᠲᠠ ᠦᠬᠡᠢ ᠬᠦᠭᠵᠢᠬᠦᠯᠦᠨ᠎ᠠ᠃ | ᠦᠬᠡᠷᠡᠴᠢᠯᠡᠯᠲᠡ ᠨᠡᠬᠡᠬᠡᠯᠲᠡ ᠬᠢᠬᠦ ᠶᠢ ᠭᠤᠶᠢᠪᠠᠰᠢ ᠦᠬᠡᠢ ᠪᠠᠷ ᠪᠠᠷᠢᠮᠲᠠᠯᠨᠠ᠃ ᠵᠡᠬᠦᠨ ᠬᠤᠶᠢᠲᠦ | ᠣᠷᠣᠨ ᠢ ᠬᠦᠭᠵᠢᠬᠦᠯᠬᠦ ᠪᠠ ᠵᠢᠩ ᠶᠢᠨ ᠵᠢᠢ ︵ᠪᠡᠬᠡᠵᠢᠩ ᠲᠢᠶᠠᠨᠵᠢᠨ ᠾᠧᠪᠸᠢ︶ ᠶᠢᠨ ᠬᠠᠷᠢᠯᠴᠠᠨ ᠬᠠᠮᠵᠢᠯᠴᠠᠨ | ᠬᠦᠭᠵᠢᠬᠦ ᠪᠠᠶᠢᠯᠲᠤᠬᠤ ᠪᠤᠲᠤᠯᠭ᠎ᠠ ᠶᠢᠨ ᠬᠦᠷᠢᠶᠡᠨ ᠳᠤ ᠢᠲᠡᠪᠬᠢᠲᠠᠢ ᠤᠶᠠᠯᠲᠤᠨ ᠤᠷᠤᠵᠦ᠂ ᠪᠡᠬᠡᠵᠢᠩ ᠪᠠ ᠪᠤᠰᠤᠳ | ᠤᠷᠤᠨ ᠲᠠᠪᠰᠢᠩᠭᠤᠢ ᠤᠷᠤᠨ ᠤ ᠦᠢᠯᠡᠰ ᠤᠨ ᠰᠢᠯᠵᠢᠯᠲᠡ ᠶᠢᠨ ᠠᠵᠠ ᠲᠤᠬᠢᠶᠠᠯ ᠢ ᠠᠳᠬᠤᠨ᠂ ᠠᠷᠠᠯᠵᠢᠶᠠᠴᠢᠨ | ᠤᠷᠢᠵᠦ ᠪᠡᠯᠡ ᠲᠠᠲᠠᠬᠤ ᠪᠠ ᠴᠢᠲᠠᠪᠤᠷᠢᠲᠠᠨ ᠢ ᠤᠷᠢᠨ ᠠᠪᠴᠢᠷᠠᠬᠤ ᠠᠵᠢᠯ ᠢ ᠪᠦᠬᠦ ᠲᠠᠯ᠎ᠠ ᠶᠢᠨ ᠵᠤᠭᠰᠤᠴᠠ ᠠᠴᠠ | ᠦᠷᠬᠦᠯᠵᠢ ᠶᠢᠨ ᠴᠢᠨᠠᠷᠲᠠᠢ ᠦᠷᠨᠢᠬᠦᠯᠦᠨ᠎ᠠ᠃《 ᠬᠠᠰ ᠯᠤᠤ ᠶᠢᠨ ᠨᠤᠲᠤᠭ ᠲᠠᠢ ᠪᠠᠶ᠎ᠠ ᠰᠡᠳᠬᠢᠯ ᠤᠨ | ᠠᠶᠠᠯᠠᠯ》ᠤᠩᠨᠢᠭᠤᠳ ᠬᠤᠰᠢᠭᠤᠨ ᠤ ᠨᠤᠲᠤᠭ ᠤᠨ ᠨᠠᠶᠢᠵᠠ ᠶᠢᠨ ᠴᠤᠭᠯᠠᠭᠠᠨ ᠢ ᠰᠠᠶᠢᠲᠤᠷ ᠡᠷᠬᠢᠯᠡᠨ᠂ ᠨᠡᠩ | ᠤᠯᠠᠨ ᠨᠤᠲᠤᠭ ᠤᠨ ᠨᠠᠶᠢᠵᠠ ᠨᠠᠷ ᠢ ᠲᠠᠲᠠᠨ ᠤᠷᠢᠵᠦ ᠨᠤᠲᠤᠭ ᠲᠠᠭᠠᠨ ᠪᠤᠴᠠᠨ ᠦᠢᠯᠡᠰ ᠡᠷᠬᠢᠯᠡᠨ᠂ ᠬᠦᠭᠵᠢᠯᠲᠡ | ᠳᠤ ᠬᠦᠴᠦᠨ ᠢᠶᠠᠨ ᠡᠷᠬᠦᠬᠦ ᠪᠤᠯᠭᠠᠨ᠎ᠠ᠃ ᠵᠢᠯ ᠳᠤ 1000 ᠲᠦᠮᠡ ᠠᠴᠠ ᠲᠡᠭᠡᠭᠰᠢᠬᠢ ᠪᠡᠯᠡ ᠤᠷᠤᠭᠤᠯᠤᠯᠲᠠ ᠶᠢᠨ | ᠲᠦᠷᠦᠯ ᠵᠤᠶᠢᠯ 20 ᠠᠴᠠ ᠲᠡᠭᠡᠭᠰᠢ ᠶᠢ ᠬᠡᠷ᠎ᠡ ᠲᠤᠭᠲᠠᠨ ᠰᠠᠭᠤᠷᠢᠰᠢᠭᠤᠯᠤᠨ᠎ᠠ᠂ ᠡᠬᠦᠨ ᠳᠤ ᠳ᠋ᠦᠩᠰᠢᠭᠤᠷ | ᠲᠦᠬᠦᠷᠢᠭ ᠠᠴᠠ ᠲᠡᠭᠡᠰᠢᠬᠢ ᠲᠦᠷᠦᠯ ᠵᠤᠶᠢᠯ ᠢ 10 ᠠᠴᠠ ᠲᠡᠭᠡᠭᠰᠢ ᠤᠷᠤᠭᠤᠯᠤᠨ᠎ᠠ᠃ ᠤᠯᠤᠰ ᠤᠨ ᠡᠳ᠋ ᠤᠨ | ᠵᠠᠰᠠᠭ ᠤᠨ ᠲᠦᠷᠦ ᠶᠢᠨ ᠪᠤᠲᠤᠯᠭ᠎ᠠ ᠶᠢ ᠢᠲᠡᠪᠬᠢᠲᠡᠢ ᠪᠠᠷ ᠲᠠᠭᠠᠨ ᠬᠡᠷᠡᠭᠵᠢᠬᠦᠯᠵᠦ᠂ ᠦᠨᠲᠦᠰᠦᠨ ᠰᠠᠭᠤᠷᠢ | ᠪᠦᠲᠦᠬᠡᠨ ᠪᠠᠶᠢᠭᠤᠯᠤᠯᠲᠠ ᠶᠢᠨ ᠬᠦᠷᠦᠯᠴᠡᠬᠦᠢ ᠶᠢ ᠨᠦᠬᠦᠪᠦᠷᠢᠯᠡᠬᠦ ᠬᠦᠴᠦᠯᠡᠴᠠ ᠶᠢ ᠪᠠᠷᠢᠮᠲᠠᠯᠠᠨ᠂ ᠨᠡᠯᠢᠶᠡᠳ ᠲᠤᠮᠤ | ᠦᠨᠲᠦᠰᠦᠨ ᠰᠠᠭᠤᠷᠢ ᠪᠦᠲᠦᠬᠡᠨ ᠪᠠᠶᠢᠭᠤᠯᠤᠯᠲᠠ ᠶᠢᠨ ᠲᠦᠷᠦᠯ ᠵᠤᠶᠢᠯ ᠢ ᠲᠦᠰᠦᠪᠯᠡᠨ ᠬᠠᠲᠠᠭᠠᠯᠠᠵᠦ᠂ ᠬᠠᠮᠤᠭ | ᠶᠡᠭᠡ ᠬᠡᠮᠵᠢᠶ᠎ᠡ ᠪᠠᠷ ᠤᠯᠤᠰ᠂ ᠦᠪᠡᠷᠲᠡᠬᠡᠨ ᠵᠠᠰᠠᠬᠤ ᠤᠷᠤᠨ ᠤ ᠲᠦᠷᠦᠯ ᠵᠤᠶᠢᠯ ᠪᠡᠯᠡ ᠮᠦᠩᠬᠦ ᠶᠢᠨ ᠲᠡᠮᠵᠢᠯᠬᠡ ᠶᠢ | ᠤᠯᠵᠦ ᠠᠪᠴᠢᠷᠠᠨ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠭᠦᠭᠵᠢᠯᠲᠡ ᠶᠢᠨ ᠮᠠᠰᠢ ᠬᠦᠴᠦᠲᠠᠢ | ᠬᠦᠲᠡᠯᠬᠡᠬᠦᠷ ᠪᠤᠯᠭᠠᠬᠤ ᠪᠠᠷ ᠲᠡᠰᠤᠷᠠᠯᠲᠠ ᠦᠬᠡᠢ ᠬᠤᠷᠠᠮᠲᠤᠭᠤᠯᠤᠨᠨᠠ᠃ ᠲᠤᠮᠲᠠᠲᠤ ᠶᠢᠨ ᠨᠢᠬᠡᠲᠦᠬᠡᠷ ᠯᠤᠤ ᠶᠢᠨ | ᠨᠤᠲᠤᠭ ᠬᠡᠬᠦ 《 ᠲᠡᠯᠡᠬᠡᠢ ᠶᠢᠨ ᠲᠡᠰ ᠤᠨ ᠨᠠᠷᠠ ᠶᠢᠨ ᠲᠡᠮᠲᠡᠭ 》ᠪᠠ ᠤᠯᠤᠰ ᠤᠨ ᠡᠷᠡᠬᠦᠯ ᠬᠠᠮᠠᠭᠠᠯᠠᠯ ᠤᠨ | ᠬᠤᠰᠢᠭᠤ ᠰᠢᠶᠠᠨ᠂ ᠤᠯᠤᠰ ᠤᠨ ᠬᠦᠷᠢᠶᠡᠯᠡᠩ ᠤᠢ ᠰᠢᠭᠤᠢ ᠶᠢᠨ ᠬᠤᠰᠢᠭᠤ ᠰᠢᠶᠠᠨ᠂ ᠤᠯᠤᠰ ᠤᠨ ᠢᠲᠡᠬᠡᠨ ᠤ | ᠠᠮᠤᠷ ᠲᠦᠪᠰᠢᠨ ᠤ ᠬᠤᠰᠢᠭᠤ ᠰᠢᠶᠠᠨ᠂ ᠤᠯᠤᠰ ᠤᠨ ᠵᠤᠭᠠᠴᠠᠯ ᠤᠨ ᠵᠢᠱᠢᠶ᠎ᠡ ᠦᠵᠡᠬᠦᠯᠬᠦ ᠬᠤᠰᠢᠭᠤ ᠰᠢᠶᠠᠨ ᠬᠡᠬᠦ | 《ᠲᠦᠷᠪᠡᠨ ᠤᠯᠤᠰ ᠤᠨ ᠲᠡᠰ ᠤᠨ ᠨᠠᠷᠠ ᠶᠢᠨ ᠲᠡᠮᠲᠡᠭ 》 ᠢ ᠦᠷᠬᠦᠯᠵᠢᠯᠡᠨ ᠡᠬᠦᠲᠦᠨ᠂ ᠭᠠᠲᠠᠭᠰᠢ | ᠤᠬᠠᠭᠤᠯᠭ᠎ᠠ ᠪᠠᠨ ᠦᠷᠬᠡᠳᠬᠡᠨ᠂ ᠬᠤᠰᠢᠭᠤᠨ ᠤ ᠪᠠᠨ ᠨᠡᠷ᠎ᠡ ᠬᠦᠨᠲᠦ ᠪᠠ ᠨᠦᠯᠦᠬᠡᠯᠡᠬᠦ ᠬᠦᠴᠦᠨ ᠢ | ᠲᠡᠭᠡᠭᠰᠢᠯᠡᠬᠦᠯᠦᠨ᠎ᠠ᠃ | ︵ ᠵᠢᠷᠭᠤᠭ᠎ᠠ ︶ ᠦᠪᠡᠷ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠵᠠᠭᠢᠷᠭᠠᠨ ᠤ ᠴᠢᠲᠠᠪᠬᠢ | ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ | ᠤᠯᠤᠰ ᠲᠦᠷᠦᠴᠢ ᠵᠢᠯᠤᠭᠤᠲᠤᠯᠭ᠎ᠠ ᠶᠢ ᠲᠤᠪᠤᠶᠢᠯᠭᠠᠨ᠎ᠠ᠃ ᠰᠢ ᠶᠢᠨ ᠫᠢᠩ ᠨᠦᠬᠦᠷ ᠤᠨ ᠰᠢᠨ᠎ᠠ ᠴᠠᠭ | ᠦᠶ᠎ᠠ ᠳᠠᠬᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ | ᠪᠤᠯᠭᠠᠨ ᠪᠠᠷᠢᠮᠲᠠᠯᠠᠵᠦ᠂ 《ᠲᠦᠷᠪᠡᠨ ᠦᠵᠡᠯ ᠤᠬᠠᠮᠰᠠᠷ 》 ᠶᠢ ᠪᠤᠢ ᠪᠤᠯᠭᠠᠨ ᠪᠠᠬᠢᠵᠢᠬᠦᠯᠵᠦ᠂《ᠲᠦᠷᠪᠡᠨ | ᠢᠲᠡᠬᠡᠯ 》 ᠢ ᠦᠨᠡᠨᠬᠦ ᠨᠡᠮᠡᠭᠲᠡᠬᠦᠯᠦᠨ᠂ 《 ᠬᠤᠶᠠᠷ ᠢ ᠬᠠᠮᠠᠭᠠᠯᠠᠬᠤ 》 ᠶᠢ ᠡᠷᠡᠰ ᠪᠠᠲᠦ ᠪᠠᠷ | ᠪᠤᠲᠠᠲᠠᠶᠢᠵᠢᠭᠤᠯᠤᠨ᠎ᠠ᠃ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠵᠢᠷᠤᠮ ᠢ ᠴᠢᠩᠭ᠎ᠠ ᠬᠢᠨᠠᠮᠠᠭᠠᠢ ᠪᠠᠷ ᠵᠢᠷᠦᠮᠯᠡᠨ ᠰᠠᠬᠢᠵᠦ᠂ ᠨᠠᠮ ᠤᠨ | ᠲᠤᠲᠤᠷᠠᠬᠢ ᠬᠠᠤᠯᠢ ᠲᠦᠷᠢᠮ ᠬᠠᠤᠯᠢ ᠲᠤᠭᠲᠠᠭᠠᠯ ᠢ ᠲᠦᠷᠢᠮᠵᠢᠬᠦᠯᠦᠨ ᠬᠡᠷᠡᠭᠵᠢᠬᠦᠯᠦᠨ᠎ᠠ᠃ ᠨᠠᠮ ᠤᠨ ᠲᠤᠲᠤᠷᠠᠬᠢ | ᠤᠯᠤᠰ ᠲᠦᠷᠦ ᠶᠢᠨ ᠠᠮᠢᠲᠤᠷᠠᠯ ᠢ ᠴᠢᠩᠭ᠎ᠠ ᠰᠠᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠲᠠᠪᠦᠷᠢᠵᠢᠭᠤᠯᠤᠨ᠂ ᠤᠯᠤᠰ ᠲᠦᠷᠦ ᠶᠢ ᠪᠠᠷᠢᠮᠲᠠᠯᠠᠨ᠂ | ᠶᠤᠰᠤ ᠵᠢᠷᠤᠮ ᠢ ᠰᠠᠬᠢᠬᠤ ᠶᠢ ᠵᠠᠰᠠᠭ ᠤᠨ ᠤᠷᠲᠤᠨ ᠤ ᠠᠵᠢᠯ ᠤᠨ ᠦᠷᠬᠦᠯᠵᠢ ᠶᠢᠨ ᠴᠢᠨᠠᠷᠲᠠᠢ ᠶᠠᠪᠤᠲᠠᠯ ᠪᠤᠯᠭᠠᠨ᠎ᠠ | ᠃ ᠲᠦᠪ᠂ ᠦᠪᠡᠷᠲᠡᠬᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ ᠬᠤᠰᠢᠭᠤᠨ ᠤ ᠨᠠᠮ ᠤᠨ ᠬᠤᠷᠢᠶᠠᠨ ᠤ | ᠡᠯ᠎ᠡ ᠲᠦᠷᠦᠯ ᠤᠨ ᠰᠢᠢᠳᠪᠦᠷᠢ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠤᠨ᠂ ᠠᠵᠢᠯ ᠤᠨ | ᠲᠤᠮᠲᠠᠬᠢ ᠡᠷᠡᠰ ᠰᠢᠭᠤᠷᠬᠠᠢ ᠬᠡᠷᠡᠭᠵᠢᠬᠦᠯᠦᠯᠲᠡ ᠪᠠᠷ ᠨᠠᠮ ᠳᠠᠭᠠᠨ ᠬᠠᠷᠢᠴᠠᠯᠠᠰᠢ ᠦᠬᠡᠢ ᠦᠨᠡᠨᠴᠢ ᠪᠠᠶᠢᠬᠤ ᠪᠠᠨ | ᠢᠯᠡᠳᠬᠡᠬᠦ ᠬᠡᠷᠡᠭᠲᠡᠢ᠃ | ᠴᠢᠩᠭ᠎ᠠ ᠬᠢᠨᠠᠮᠠᠭᠠᠢ ᠬᠠᠤᠯᠢ ᠶᠤᠰᠤᠭᠠᠷ ᠵᠠᠰᠠᠭ ᠶᠠᠪᠤᠭᠤᠯᠤᠨ᠎ᠠ᠃ ᠬᠤᠰᠢᠭᠤᠨ ᠤ ᠠᠷᠠᠳ ᠤᠨ | ᠲᠦᠯᠦᠬᠡᠯᠡᠭᠴᠢᠳ ᠶᠡᠭᠡ ᠬᠤᠷᠠᠯ ᠤᠨ ᠬᠠᠤᠯᠢ ᠬᠢᠨᠠᠯᠲᠠ᠂ ᠠᠵᠢᠯ ᠤᠨ ᠬᠢᠨᠠᠯᠲᠠ ᠪᠠ ᠬᠤᠰᠢᠭᠤᠨ ᠤᠯᠤᠰ ᠲᠦᠷᠦ | ᠶᠢᠨ ᠵᠦᠪᠯᠡᠯᠬᠡᠨ ᠤ ᠠᠷᠠᠳᠴᠢᠯᠠᠯᠲᠦ ᠬᠢᠨᠠᠯᠲᠠ ᠵᠢᠴᠢ ᠨᠡᠶᠢᠬᠡᠮ ᠤᠨ ᠬᠢᠨᠠᠯᠲᠠ᠂ ᠶᠠᠷᠢᠶ᠎ᠠ ᠬᠡᠯᠡᠯᠴᠡᠬᠡᠨ ᠤ ᠬᠢᠨᠠᠯᠲᠠ ᠶᠢ | ᠦᠪᠡᠷ ᠤᠨ ᠲᠤᠷ᠎ᠠ ᠠᠴᠠ ᠪᠠᠨ ᠬᠦᠯᠢᠶᠡᠨ ᠠᠪᠴᠤ᠂ ᠬᠠᠤᠯᠢ ᠶᠤᠰᠤᠭᠠᠷ ᠡᠬᠦᠷᠬᠡ ᠬᠠᠷᠢᠭᠤᠴᠠᠯᠭ᠎ᠠ ᠪᠠᠨ | ᠬᠡᠷᠡᠭᠵᠢᠬᠦᠯᠬᠦ᠂ ᠲᠦᠷᠢᠮᠵᠢᠬᠦᠯᠦᠨ ᠬᠡᠷᠡᠭᠵᠢᠬᠦᠯᠬᠦ ᠲᠠᠨᠢᠯᠲᠠ ᠪᠠᠨ ᠲᠡᠭᠡᠭᠰᠢᠯᠡᠬᠦᠯᠦᠨ᠎ᠡ᠃ ᠦᠢᠯᠡᠳᠪᠦᠷᠢ ᠬᠤᠲᠠᠯᠲᠤᠭᠠᠨ | ᠤ ᠬᠤᠯᠪᠤᠭ᠎ᠠ᠂ ᠨᠠᠮ ᠪᠤᠰᠤ ᠪᠦᠯᠦᠭ ᠤᠨ ᠬᠦᠮᠦᠰ ᠪᠠ ᠤᠯᠠᠨ ᠲᠦᠮᠡᠨᠴᠢ ᠪᠦᠯᠬᠦᠮ ᠤᠨ ᠰᠠᠨᠠᠯ ᠵᠦᠪᠯᠡᠯᠬᠡ ᠶᠢ | ᠲᠡᠯᠭᠡᠷᠡᠩᠬᠦᠢ ᠪᠠᠷ ᠰᠤᠨᠤᠰᠤᠨ᠎ᠠ᠃《 ᠲᠤᠯᠤᠭ᠎ᠠ ᠲᠠᠪᠤ 》 ᠶᠢᠨ ᠬᠠᠤᠯᠢ ᠬᠡᠷᠡᠭᠵᠢᠬᠦᠯᠦᠯᠲᠡ ᠶᠢ ᠪᠦᠬᠦ ᠲᠠᠯ᠎ᠠ ᠪᠠᠷ | ᠠᠬᠢᠭᠤᠯᠤᠨ᠂ ᠬᠠᠤᠯᠢ ᠶᠢᠨ ᠵᠦᠪᠯᠡᠭᠴᠢ ᠪᠠ ᠠᠯᠪᠠᠨ ᠬᠠᠤᠯᠢᠴᠢ ᠶᠢᠨ ᠲᠦᠷᠢᠮ ᠢ ᠪᠠᠷᠢᠮᠲᠠᠯᠠᠨ᠂ ᠤᠯᠠᠨ ᠲᠦᠮᠡᠨᠴᠢ | ᠤᠷᠤᠯᠴᠠᠭ᠎ᠠ᠂ ᠲᠤᠰᠬᠠᠢ ᠮᠡᠷᠬᠡᠵᠢᠯᠲᠡᠨ ᠤ ᠨᠤᠲᠠᠯᠠᠯᠲᠠ᠂ ᠠᠶᠤᠯ ᠤᠨ ᠦᠨᠡᠯᠡᠯᠲᠡ᠂ ᠬᠠᠤᠯᠢ ᠶᠤᠰᠤᠨ ᠤ ᠬᠢᠨᠠᠨ | ᠪᠠᠶᠢᠴᠠᠭᠠᠯᠲᠠ᠂ ᠬᠠᠮᠲᠦ ᠪᠠᠷ ᠶᠡᠷᠢᠯᠴᠠᠨ ᠲᠤᠭᠲᠠᠭᠠᠬᠤ ᠪᠠᠷ ᠵᠠᠰᠠᠭ ᠤᠨ ᠤᠷᠲᠤᠨ ᠤ ᠶᠡᠭᠡ ᠰᠢᠢᠳᠪᠦᠷᠢ ᠶᠢᠨ | ᠠᠯᠬᠤᠮ ᠲᠠᠷᠠᠭ᠎ᠠ ᠪᠤᠯᠭᠠᠨ᠂ ᠰᠢᠨᠵᠢᠯᠡᠬᠦ ᠤᠠᠬᠠᠭᠠᠨᠴᠢ ᠪᠠᠷ ᠰᠢᠢᠳᠪᠦᠷᠢᠯᠡᠨ᠂ ᠠᠯᠬᠤᠮ ᠲᠠᠷᠠᠭ᠎ᠠ ᠶᠢ ᠨᠢ ᠵᠦᠪ | ᠲᠦᠪ ᠪᠠᠶᠢᠯᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢᠨ ᠬᠦᠴᠦᠯᠡᠴᠠ ᠶᠢ ᠨᠡᠮᠡᠭᠲᠡᠬᠦᠯᠦᠨ᠂ | ᠦᠷᠬᠦᠯᠵᠢ ᠶᠢᠨ ᠴᠢᠨᠠᠷᠠᠲᠢ ᠬᠠᠤᠯᠢ ᠬᠡᠷᠡᠭᠵᠢᠬᠦᠯᠦᠯᠲᠡᠶᠢᠨ ᠪᠠᠶᠢᠲᠠᠯ ᠢ ᠲᠦᠯᠬᠢᠨ ᠠᠬᠢᠭᠤᠯᠤᠨ᠎ᠠ᠃ ᠵᠠᠰᠠᠭ ᠤᠨ | ᠦᠢᠯᠡᠴᠢᠯᠡᠬᠡᠨ ᠤ ᠢᠯᠡ ᠪᠤᠯᠭᠠᠬᠤ ᠲᠦᠷᠢᠮ ᠢ ᠲᠡᠬᠦᠯᠲᠡᠷᠵᠢᠬᠦᠯᠦᠨ᠂ ᠲᠦᠷᠦ ᠶᠢᠨ ᠪᠤᠲᠤᠯᠭ᠎ᠠ ᠶᠢᠨ ᠲᠠᠶᠢᠯᠤᠮᠵᠢ ᠶᠢ | ᠴᠢᠩᠭᠠᠳᠬᠠᠨ᠂ ᠨᠡᠶᠢᠬᠡᠮ ᠤᠨ ᠬᠠᠯᠠᠮᠵᠢ ᠶᠢ ᠬᠠᠷᠢᠭᠤ ᠲᠤᠰᠠᠬᠨ᠂ ᠵᠠᠰᠠᠭ ᠤᠨ ᠤᠷᠲᠤᠨ ᠤ ᠠᠵᠢᠯ ᠤᠨ ᠢᠯᠡ | ᠲᠤᠲᠤᠷᠬᠠᠢ ᠴᠢᠨᠠᠷ ᠪᠠ ᠢᠲᠡᠬᠡᠯ ᠢ ᠨᠡᠮᠡᠭᠲᠡᠬᠦᠯᠦᠨᠠ᠃ | ᠵᠠᠰᠠᠭ ᠵᠠᠬᠢᠷᠭᠠᠨ ᠤ ᠪᠦᠲᠦᠮᠵᠢ ᠶᠢ ᠲᠡᠭᠡᠭᠰᠢᠯᠡᠬᠦᠯᠦᠨ᠎ᠡ᠃ ᠦᠨᠡᠨ ᠠᠴᠠ ᠵᠦᠪ ᠢ ᠡᠷᠢᠬᠦ᠂ ᠦᠨᠡᠨᠬᠦ | ᠠᠳᠬᠤᠨ ᠪᠤᠲᠠᠲᠠᠢ ᠪᠠᠷ ᠬᠢᠬᠦ ᠠᠵᠢᠯ ᠤᠨ ᠰᠣᠷᠲᠠᠯ ᠢ ᠶᠡᠬᠡᠪᠡᠷ ᠪᠠᠲᠠᠷᠠᠭᠤᠯᠤᠨ᠂ ᠤᠪᠤᠷ ᠢᠶᠠᠨ ᠢᠯᠡᠳᠬᠡᠬᠦ ᠠᠷᠪᠢᠨ᠂ | ᠶᠠᠪᠤᠴᠠ ᠨᠢ ᠪᠠᠭ᠎ᠠ᠂ ᠨᠡᠶᠢᠲᠠᠪᠦᠷᠢᠵᠢᠭᠤᠯᠤᠯᠲᠠ ᠨᠢ ᠲᠤᠲᠠᠮᠠᠭ ᠵᠡᠷᠬᠡ ᠲᠤᠪᠤᠶᠢᠮ᠎ᠠ ᠠᠰᠠᠭᠤᠲᠠᠯ ᠢ ᠬᠦᠴᠦ ᠪᠠᠨ | ᠲᠦᠪᠯᠡᠷᠡᠬᠦᠯᠦᠨ ᠰᠢᠢᠳᠪᠦᠷᠢᠯᠡᠨ᠂ ᠲᠡᠭᠡᠲᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠪᠠ ᠬᠤᠰᠢᠭᠤᠨ | ᠨᠠᠮ ᠤᠨ ᠬᠤᠷᠢᠶᠠᠨ ᠤ ᠲᠤᠭᠲᠠᠭᠠᠭᠰᠠᠨ ᠡᠯ᠎ᠡ ᠲᠦᠷᠦᠯ ᠤᠨ ᠠᠵᠢᠯ ᠡᠬᠦᠷᠬᠡ ᠶᠢ ᠬᠠᠷᠢᠭᠤᠴᠠᠯᠭ᠎ᠠ ᠲᠤᠭᠲᠠᠭᠠᠨ᠂ | ᠬᠤᠭᠤᠴᠠᠭ᠎ᠠ ᠲᠤᠭᠲᠠᠭᠠᠨ᠂ ᠪᠠᠷᠢᠮᠵᠢᠶ᠎ᠠ ᠲᠤᠭᠲᠠᠭᠠᠨ᠂ ᠪᠦᠬᠦ ᠶᠠᠪᠤᠴᠠ ᠳᠤ ᠬᠢᠨᠠᠨ᠂ ᠲᠠᠭᠤᠰᠲᠠᠯ᠎ᠠ ᠠᠳᠬᠤᠵᠦ᠂ | ᠵᠠᠰᠠᠭ ᠤᠨ ᠤᠷᠲᠤᠨ ᠤ ᠠᠵᠢᠯ ᠤᠨ ᠬᠡᠷᠡᠭᠵᠢᠯᠲᠡ ᠶᠢ ᠲᠡᠭᠡᠭᠰᠢᠯᠡᠬᠦᠯᠦᠨ᠎ᠠ᠃ ᠦᠢᠯᠡᠴᠢᠯᠡᠬᠡᠨ ᠤ ᠬᠡᠯᠪᠡᠷᠢᠲᠦ ᠵᠠᠰᠠᠭ | ᠤᠨ ᠤᠷᠲᠤᠨ ᠤ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠡᠨ ᠳᠤ ᠬᠡᠷᠡᠭᠴᠡᠭᠡ ᠬᠦᠰᠡᠯᠲᠡ ᠶᠢᠨ ᠲᠤᠭᠤᠷᠢᠨ | ᠳᠤ ᠠᠵᠢᠯ ᠢᠶᠠᠨ ᠲᠡᠬᠦᠯᠲᠡᠷᠵᠢᠬᠦᠯᠦᠨ ᠰᠢᠨᠠᠴᠢᠯᠠᠵᠦ᠂ ᠤᠯᠠᠨ ᠲᠦᠮᠡᠨ ᠤ ᠶᠠᠪᠤᠲᠠᠯ ᠪᠦᠲᠦᠬᠡᠬᠦ ᠳᠤ ᠬᠦᠴᠢᠷ ᠲᠦᠪᠡᠭ | ᠲᠠᠢ ᠵᠤᠶᠢᠯ ᠢ ᠪᠦᠬᠦ ᠬᠦᠴᠦᠨ ᠢᠶᠠᠷ ᠢᠶᠠᠨ ᠰᠢᠯᠤᠭᠤᠳᠬᠠᠨ᠎ᠠ᠃ ᠠᠵᠢᠯ ᠤᠨ ᠴᠢᠲᠠᠪᠤᠷᠢ ᠪᠠᠨ ᠲᠠᠰᠤᠷᠠᠯᠲᠠ ᠦᠬᠡᠢ | ᠨᠡᠮᠡᠭᠲᠡᠬᠦᠯᠦᠨ᠂ ᠠᠰᠠᠭᠤᠲᠠᠯ ᠢ ᠵᠤᠬᠢᠰᠲᠠᠢ ᠪᠠᠷ ᠰᠢᠢᠳᠪᠦᠷᠢᠯᠡᠨ᠂ ᠠᠵᠦ ᠠᠬᠤᠢ ᠶᠢᠨ ᠦᠨᠲᠦᠷ ᠬᠦᠭᠵᠢᠯᠲᠡ ᠶᠢᠨ | ᠴᠢᠲᠠᠪᠤᠷᠢ ᠶᠢ ᠴᠠᠷᠮᠠᠶᠢᠨ ᠨᠡᠮᠡᠭᠲᠡᠬᠦᠯᠦᠨᠠ᠃ ᠠᠵᠢᠯᠰᠠᠭ ᠢ ᠨᠢ ᠱᠠᠩᠨᠠᠨ ᠬᠤᠶᠢᠷᠭᠤᠰᠢᠬᠤ ᠶᠢ ᠨᠢ ᠲᠤᠷᠭᠤᠭᠠᠨ᠂ | ᠰᠢᠯᠢᠲᠡᠭ ᠢ ᠨᠢ ᠱᠠᠩᠨᠠᠨ ᠬᠤᠴᠤᠷᠤᠩᠭᠤᠢ ᠶᠢ ᠨᠢ ᠲᠤᠷᠭᠤᠭᠠᠨ᠂ ᠰᠢᠨ᠎ᠠ ᠶᠢ ᠡᠬᠦᠲᠦᠨ ᠬᠦᠭᠵᠢᠬᠦ᠂ ᠡᠷᠡᠯᠬᠡᠭᠯᠡᠨ | ᠲᠡᠮᠡᠴᠡᠬᠦ ᠰᠠᠶᠢᠨᠤᠷᠴᠢᠨ ᠢ ᠪᠤᠢ ᠪᠤᠯᠭᠠᠨ᠎ᠠ᠃ | ᠵᠦᠪ ᠲᠦᠪ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ ᠰᠤᠷᠲᠠᠯ ᠤᠨ ᠪᠠᠶᠢᠭᠤᠯᠤᠯᠲᠠ ᠶᠢ | ᠦᠷᠬᠦᠯᠵᠢᠯᠡᠨ ᠰᠠᠶᠢᠲᠤᠷ ᠠᠳᠬᠤᠵᠦ᠂ ᠬᠡᠯᠪᠡᠷᠢᠴᠢ ᠦᠵᠡᠯ᠂ ᠨᠤᠶᠠᠨᠴᠢ ᠰᠤᠷᠲᠠᠯ ᠢ ᠴᠡᠬᠡᠷᠯᠡᠨ᠂ ᠲᠦᠷᠪᠡᠨ ᠰᠤᠷᠲᠠᠯ | ᠤᠨ ᠠᠰᠠᠭᠤᠲᠠᠯ ᠲᠠᠬᠢᠨ ᠢᠯᠡᠷᠡᠬᠦ ᠶᠢ ᠴᠢᠩᠭ᠎ᠠ ᠪᠠᠷ ᠰᠡᠷᠬᠡᠶᠢᠯᠡᠨ᠎ᠠ᠃ ᠲᠦᠪ ᠤᠨ ᠨᠠᠢᠮᠠᠨ ᠵᠤᠷᠪᠤᠰ ᠲᠤᠭᠲᠠᠭᠠᠯ ᠵᠢᠴᠢ | ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠬᠦᠨ ᠬᠦᠨᠵᠡᠬᠡᠢ ᠨᠡᠶᠢᠲᠡᠪᠦᠷᠢᠵᠢᠭᠤᠯᠤᠨ᠂ ᠠᠯᠪᠠᠨ ᠤ | ᠵᠤᠴᠢᠯᠭ᠎ᠠ᠂ ᠠᠯᠪᠠᠨ ᠤ ᠲᠡᠷᠬᠡ᠂ ᠠᠯᠪᠠᠯᠠᠬᠤ ᠬᠡᠷ ᠤᠨ ᠬᠠᠮᠢᠶᠠᠷᠤᠯᠲᠠ ᠶᠢ ᠤᠯᠠᠮ ᠨᠢᠬᠡ ᠠᠯᠬᠤᠮ ᠲᠦᠷᠢᠮᠵᠢᠬᠦᠯᠦᠨ᠎ᠠ | ᠃ ᠬᠠᠲᠠᠭᠤᠵᠢᠯᠲᠠᠢ ᠪᠠᠷ ᠠᠮᠢᠲᠤᠷᠠᠬᠤ ᠦᠵᠡᠯᠲᠡ ᠶᠢ ᠪᠤᠢ ᠪᠤᠯᠭᠠᠨ᠂《 ᠭᠤᠷᠪᠠᠨ ᠠᠯᠪᠠᠨ 》 ᠤ ᠵᠠᠷᠤᠯᠭ᠎ᠠ ᠪᠠ | ᠡᠩ ᠤᠨ ᠵᠠᠷᠤᠯᠭ᠎ᠠ ᠶᠢ ᠴᠢᠩᠭ᠎ᠠ ᠪᠠᠷ ᠬᠠᠮᠢᠶᠠᠷᠤᠨ᠂ ᠵᠠᠰᠠᠭ ᠵᠠᠬᠢᠷᠭᠠᠨ ᠤ ᠡᠷᠬᠢᠯᠲᠡ ᠶᠢᠨ ᠦᠷᠲᠡᠭ ᠢ | ᠪᠠᠭᠤᠷᠠᠭᠤᠯᠤᠨ᠎ᠠ᠃ ᠬᠢᠨᠠᠨ ᠪᠤᠲᠤᠬᠤ ᠬᠢᠨᠠᠯᠲᠠ ᠲᠠᠯᠪᠢᠬᠤ ᠦᠢᠯᠡᠲᠦᠯ ᠢ ᠬᠦᠢᠴᠡᠳ ᠪᠠᠲᠠᠷᠠᠭᠤᠯᠤᠨ᠂ ᠡᠳ᠋ ᠤᠨ | ᠵᠠᠰᠠᠭ ᠤᠨ ᠬᠢᠨᠠᠨ ᠦᠨᠡᠯᠡᠯᠲᠡ᠂ ᠵᠠᠰᠠᠭ ᠤᠨ ᠤᠷᠲᠤᠨ ᠬᠤᠲᠠᠯᠲᠤᠨ ᠠᠪᠤᠯᠲᠠ ᠵᠡᠷᠬᠡ ᠶᠢ ᠴᠢᠩᠭ᠎ᠠ ᠪᠠᠷ | ᠬᠡᠷᠡᠭᠵᠢᠬᠦᠯᠦᠨ᠂ ᠭᠤᠤᠯᠲᠠᠯᠭ᠎ᠠ ᠲᠠᠢ ᠬᠦᠷᠢᠶ᠎ᠠ ᠬᠡᠪᠴᠢᠶ᠎ᠡ᠂ ᠵᠠᠩᠬᠢᠯᠭ᠎ᠠ ᠶᠢᠨ ᠭᠠᠵᠠᠷ ᠲᠤᠨᠢ ᠬᠢᠨᠠᠯᠲᠠ ᠬᠠᠮᠢᠶᠠᠷᠤᠯᠲᠠ | ᠶᠢ ᠴᠢᠩᠭᠠᠳᠬᠠᠵᠦ᠂ ᠢᠷᠡᠯᠲᠡ ᠠᠴᠠ ᠨᠢ ᠰᠡᠷᠬᠡᠶᠢᠯᠡᠨ᠂ ᠶᠠᠪᠤᠴᠠ ᠲᠤᠨᠢ ᠲᠦᠷᠢᠮᠵᠢᠬᠦᠯᠦᠨ᠎ᠠ᠃ ᠨᠠᠮ ᠤᠨ ᠰᠣᠷᠲᠠᠯ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠲᠠᠪᠦᠷᠢᠵᠢᠭᠤᠯᠤᠨ᠂《 ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ ᠶᠢᠨ ᠲᠦᠷᠢᠮ 》 ᠢ ᠨᠠᠷᠢᠨ | ᠬᠢᠨᠠᠮᠠᠭᠠᠢ ᠬᠡᠷᠡᠭᠵᠢᠬᠦᠯᠦᠨ᠂ ᠺᠠᠲᠠᠷ ᠤᠨ ᠵᠠᠰᠠᠭ ᠲᠤ ᠤᠷᠤᠯᠴᠠᠬᠤ ᠳᠤ ᠬᠢᠨᠠᠯᠲᠠ ᠲᠠᠯᠪᠢᠵᠦ᠂ ᠦᠨᠠᠨᠴᠢ᠂ ᠠᠷᠢᠭᠤᠨ | ᠴᠢᠬᠡᠴᠢ᠂ ᠬᠠᠷᠢᠭᠤᠴᠠᠯᠭᠠᠲᠠᠢ ᠵᠠᠰᠠᠭ ᠤᠨ ᠤᠷᠲᠤᠨ ᠤ ᠺᠠᠲᠠᠷ ᠤᠨ ᠡᠩᠨᠡᠭᠡ ᠶᠢ ᠪᠠᠶᠢᠭᠤᠯᠵᠦ᠂ ᠮᠠᠰᠢ ᠰᠠᠶᠢᠨ | ᠲᠦᠷᠰᠦ ᠪᠠᠶᠢᠲᠠᠯ ᠢᠶᠠᠷ ᠠᠷᠠᠳ ᠤᠨ ᠢᠲᠡᠬᠡᠯ ᠢ ᠤᠯᠵᠦ᠂ ᠬᠦᠴᠦᠨ ᠵᠢᠳᠬᠦᠯ ᠢᠶᠠᠨ ᠲᠦᠪᠯᠡᠷᠡᠬᠦᠯᠦᠨ᠎ᠠ᠃ | ᠲᠦᠯᠦᠬᠡᠯᠡᠭᠴᠢᠳ ᠡ︕ ᠤᠷᠤᠭᠰᠢᠯᠠᠨ ᠲᠠᠪᠬᠢᠵᠦ ᠪᠠᠶᠢᠭ᠎ᠠ ᠰᠢᠨ᠎ᠠ ᠠᠶᠠᠨ ᠮᠠᠨ ᠢ ᠬᠦᠯᠢᠶᠡᠬᠦ ᠦᠬᠡᠢ | ᠶᠤᠮ᠂ ᠰᠢᠨ᠎ᠠ ᠴᠠᠭ ᠦᠶ᠎ᠡ ᠶᠢᠨ ᠵᠡᠬᠦᠲᠦ ᠬᠦᠰᠡᠯ ᠢᠶᠠᠨ ᠪᠡᠶᠡᠯᠡᠬᠦᠯᠬᠦ ᠳᠤ ᠲᠡᠮᠴᠠᠯ ᠵᠢᠳᠬᠦᠯ ᠬᠡᠷᠡᠭᠲᠡᠢ᠃ ᠪᠢᠲᠠ ᠰᠢ | ᠶᠢᠨ ᠫᠢᠩ ᠨᠦᠬᠦᠷ ᠢᠶᠠᠷ ᠭᠤᠤᠯ ᠴᠤᠭᠴᠠ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠᠷᠠᠨ | ᠪᠦᠯᠬᠦᠮᠲᠡᠵᠦ᠂ ᠮᠤᠬᠤᠰᠢ ᠦᠬᠡᠢ ᠵᠤᠷᠢᠭ ᠰᠠᠨᠠᠭᠠᠨ ᠤ ᠲᠦᠷᠰᠦ ᠪᠠᠶᠢᠲᠠᠯ ᠪᠠ ᠪᠤᠴᠠᠰᠢ ᠦᠬᠡᠢ ᠲᠡᠮᠡᠴᠡᠯ ᠤᠨ | ᠬᠡᠯᠪᠡᠷᠢ ᠪᠠᠷ᠂ ᠡᠷᠡᠯᠬᠡᠭᠯᠡᠨ ᠲᠡᠮᠡᠴᠡᠵᠦ᠂ ᠪᠠᠶᠠᠨ ᠴᠢᠬᠢᠷᠠᠭ ᠨᠡᠶᠢᠬᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠵᠦ᠂ | ᠠᠷᠠᠳ ᠲᠦᠮᠡᠨ ᠤ ᠰᠠᠶᠢᠨ ᠰᠠᠶᠢᠬᠠᠨ ᠠᠮᠢᠲᠤᠷᠠᠯ ᠤᠨ ᠬᠦᠰᠡᠯ ᠢ ᠪᠡᠶᠡᠯᠡᠬᠦᠯᠬᠦ ᠶᠢᠨ ᠲᠦᠯᠦᠬᠡ ᠰᠢᠨᠲᠠᠷᠠᠰᠢ ᠦᠬᠡᠢ | ᠲᠡᠮᠡᠴᠡᠨ᠂ ᠰᠢᠯᠢᠲᠡᠭ ᠰᠠᠶᠢᠨ ᠬᠢᠷᠢ ᠪᠦᠲᠦᠮᠵᠢ ᠪᠠᠷ ᠢᠶᠠᠨ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠨ 70 | ᠵᠢᠯ ᠤᠨ ᠤᠢ ᠳᠤ ᠪᠡᠯᠡᠭ ᠪᠤᠯᠭᠠᠨ ᠲᠡᠪᠰᠢᠬᠦᠯᠦᠶ᠎ᠡ︕ | | | | | ︵ ᠴᠢᠩ ᠱᠠᠨ ᠤᠷᠴᠢᠭᠤᠯᠤᠨ ᠨᠠᠶᠢᠷᠠᠭᠤᠯᠪᠠ ︶ | |