ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠮᠵᠢ᠄ ᠮᠡᠭᠡᠯᠡᠯ ᠤᠨ ᠢᠮᠧᠯ ᠢᠶᠠᠷ ᠲᠠᠮᠵᠢᠭᠳᠠᠵᠤ ᠪᠠᠶᠢᠭ᠎ᠠ GandCrab5.2 ᠬᠢᠬᠠᠴᠢ ᠸᠢᠷᠦ᠋ᠰ ᠠᠴᠠ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2019/3/19
      ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠮᠵᠢ᠄ ᠮᠡᠭᠡᠯᠡᠯ ᠤᠨ ᠢᠮᠧᠯ ᠢᠶᠠᠷ ᠲᠠᠮᠵᠢᠭᠳᠠᠵᠤ ᠪᠠᠶᠢᠭ᠎ᠠ GandCrab5.2 ᠬᠢᠬᠠᠴᠢ ᠸᠢᠷᠦ᠋ᠰ ᠠᠴᠠ ᠰᠡᠷᠡᠮᠵᠢᠯᠡᠭᠡᠷᠡᠢ        ᠰᠢᠨᠬᠤᠸᠠ ᠬᠤᠷᠢᠶᠠᠨ ᠤ 3 ᠰᠠᠷ᠎ᠠ ᠶᠢᠨ 17 ᠤ ᠡᠳᠤᠷ ᠤᠨ ᠮᠡᠳᠡᠭᠡ ᠷᠦᠢ ᠰᠢᠩ ᠠᠮᠤᠷ ᠲᠦᠪᠰᠢᠨ ᠤ ᠲᠤᠰᠬᠠᠢ‌ᠮᠡᠷᠭᠡᠵᠢᠯᠲᠡᠨ ᠲᠦᠷᠦᠬᠦᠭᠡᠨ᠂ ᠰᠦᠷᠳᠡᠬᠦᠯᠦᠯ ᠤᠨ ᠢᠮᠧᠯ ᠢᠶᠠᠷ ᠬᠡᠷᠡᠭᠯᠡᠭᠴᠢ ᠶᠢ ᠮᠡᠭᠡᠯᠡᠨ ᠲᠠᠭᠠᠯᠲᠠ  ᠰᠤᠹᠲ  ᠤᠭᠰᠠᠷᠠᠭᠤᠯᠵᠤ‌‍ᠪᠠᠶᠢᠭᠠᠳ ᠴᠢᠬᠤᠯᠠ ᠪᠢᠴᠢᠭ ᠮᠠᠲ᠋ᠧᠷᠢᠶᠠᠯ ᠳᠤᠨᠢ ᠤᠨᠢᠰᠤᠯᠠᠵᠤ ᠨᠡᠭᠡᠭᠡᠬᠦ ᠶᠢᠨ ᠠᠷᠭ᠎ᠠ ᠦᠭᠡᠢ ᠪᠤᠯᠭᠠᠳᠠᠭ GandCrab5.2ᠬᠢᠬᠠᠴᠢ ᠸᠢᠷᠦ᠋ᠰ ᠢ ᠢᠯᠡᠷᠡᠬᠦᠯᠵᠠᠢ᠃               ᠷᠦᠢ ᠰᠢᠩ ᠠᠮᠤᠷ ᠲᠦᠪᠰᠢᠨ ᠤ ᠲᠤᠰᠬᠠᠢ ᠮᠡᠷᠭᠡᠵᠢᠯᠲᠡᠨ   ᠤ ᠲᠠᠨᠢᠯᠴᠠᠭᠤᠯᠤᠭᠰᠠᠨ   ᠢᠶᠠᠷ᠂  ᠡᠨᠡ  ᠬᠦGandCrab5.2 ᠬᠢᠬᠠᠴᠢ ᠸᠢᠷᠦ᠋ᠰ ᠢ ᠲᠦᠷᠦᠬᠦᠴᠢ ᠶᠢᠨ ᠬᠡᠪ   ᠲᠠᠢ ᠨᠢ ᠠᠳᠠᠯᠢᠳᠬᠠᠪᠠᠯ᠂ ᠸᠢᠷᠦ᠋ᠰ   ᠤᠨ  ᠪᠦᠬᠦᠯᠢ‌‍ᠴᠤᠭᠴᠠ ᠶᠢᠨ ᠬᠦᠢᠴᠡᠳᠭᠡᠬᠦ ᠴᠢᠳᠠᠮᠵᠢ ᠳᠤ ᠶᠡᠭᠡ ᠬᠤᠪᠢᠷᠠᠯᠲᠠ ᠭᠠᠷᠤᠭᠰᠠᠨ ᠦᠭᠡᠢ᠃ ᠬᠡᠪᠡᠴᠦ ᠤᠳᠤᠬᠠᠨ  ᠳᠤ ᠲᠡᠬᠦᠨ  ‍ᠣ‌ᠡᠵᠡᠮᠳᠡᠬᠦ ᠦᠢᠯᠡᠴᠢᠯᠡᠬᠦᠷ ᠢ ᠤᠯᠬᠤ ᠶᠢᠨ ᠠᠷᠭ᠎ᠠ ᠦᠭᠡᠢ ᠤᠴᠢᠷ ᠠᠴᠠ ᠸᠢᠷᠦ᠋ᠰ ᠵᠤᠬᠢᠶᠠᠭᠴᠢ ᠶᠢᠨ ᠬᠤᠪᠢᠨ ᠤ ᠲᠦᠯᠬᠢᠬᠦᠷ  ᠢ‌‍ᠬᠡᠷᠡᠭᠯᠡᠬᠦ ᠦᠭᠡᠢ ᠪᠤᠯ ᠤᠨᠢᠰᠤᠯᠠᠭᠳᠠᠭᠰᠠᠨ ᠪᠢᠴᠢᠭ ᠮᠠᠲ᠋ᠧᠷᠢᠶᠠᠯ ᠢ ᠬᠠᠷᠠᠬᠠᠨ ᠨᠡᠭᠡᠭᠡᠵᠤ ᠲᠡᠶᠢᠯᠬᠦ ᠦᠭᠡᠢ ᠶᠤᠮ᠃                 ᠷᠦᠢ ᠰᠢᠩ ᠠᠮᠤᠷ ᠲᠦᠪᠰᠢᠨ ᠤ ᠲᠤᠰᠬᠠᠢ ᠮᠡᠷᠭᠡᠵᠢᠯᠲᠡᠨ ᠰᠠᠨᠠᠭᠤᠯᠤᠭᠰᠠᠨ ᠨᠢ᠄ ᠲᠠᠨᠢᠯ ᠪᠤᠰᠤ ᠪᠤᠶᠤ  ᠰᠡᠵᠢᠭ ᠲᠠᠢ ᠢᠮᠧᠯ ᠢ ᠨᠡᠭᠡᠭᠡᠵᠤ ᠪᠤᠯᠬᠤ ᠦᠭᠡᠢ᠂ ᠲᠠᠭᠠᠯᠲᠠ ᠰᠤᠹᠲ ᠢ ᠨᠢ ᠤᠭᠰᠠᠷᠠᠵᠤ ᠪᠤᠯᠬᠤ ᠦᠭᠡᠢ᠂  ᠬᠡᠳᠤ  ᠲᠦᠬᠦᠮ  ᠨᠢᠭᠤᠴᠠ‌ᠨᠤᠮᠧᠷ ᠬᠡᠷᠡᠭᠯᠡᠵᠤ ᠪᠤᠯᠬᠤ ᠦᠭᠡᠢ᠂ ᠬᠡᠳᠤ ᠬᠡᠳᠤᠨ ᠮᠠᠰᠢᠨ ᠳᠤ ᠠᠳᠠᠯᠢᠬᠠᠨ ᠨᠢᠭᠤᠴᠠ ᠨᠤᠮᠧᠷ ᠬᠡᠷᠡᠭᠯᠡᠵᠤ ᠪᠤᠯᠬᠤ ᠦᠭᠡᠢ︔ᠮᠠᠰᠢ ᠢᠶᠠᠨ ᠴᠠᠭ ᠲᠤᠬᠠᠢ ᠳᠤᠨᠢ ᠰᠢᠨᠡᠳᠭᠡᠵᠤ ᠠᠷᠠᠴᠢᠯᠠᠬᠤ ᠬᠡᠷᠡᠭᠲᠠᠢ᠂ ᠸᠢᠷᠦ᠋ᠰ ᠠᠯᠠᠬᠤ ᠰᠤᠹᠲ ᠤᠭᠰᠠᠷᠠᠵᠤ  ᠸᠢᠷᠦ᠋ᠰ  ‍ᠤᠨ‌‍ᠬᠦ᠋ᠮᠦᠷᠭᠡ ᠪᠠᠨ ᠴᠠᠭ ᠲᠤᠬᠠᠢ ᠳᠤᠨᠢ ᠰᠢᠨᠡᠳᠭᠡᠬᠦ ᠬᠡᠷᠡᠭᠲᠠᠢ᠂ ᠬᠢᠬᠠᠯᠳᠠ ᠠᠴᠠ ᠰᠡᠷᠭᠡᠶᠢᠯᠡᠬᠦ  ᠰᠤᠹᠲ ᠤᠭᠰᠠᠷᠠᠵᠤ᠂  ᠦᠯᠦ‌ᠮᠡᠳᠡᠬᠦ ᠸᠢᠷᠦ᠋ᠰ ᠪᠢᠴᠢᠭ ᠮᠠᠲ᠋ᠧᠷᠢᠶᠠᠯ ᠢ ᠤᠨᠢᠰᠤᠯᠠᠬᠤ ᠠᠴᠠ ᠰᠡᠷᠭᠡᠶᠢᠯᠡᠬᠦ ᠬᠡᠷᠡᠭᠲᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号