ᠶᠡᠭᠡ ᠬᠤᠲᠠ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠴᠢᠯᠥᠭᠡᠲᠡᠶ ᠪᠣᠯᠭᠠᠬᠤ ᠶᠠᠪᠤᠳᠠᠯ ᠨᠢ ᠬᠢᠷᠢ ᠵᠡᠷᠭᠡ ᠨᠥᠯᠥᠭᠡ ᠦᠵᠡᠬᠦᠯᠬᠦ ᠪᠤᠢ
ᠨᠡᠶᠢᠲᠡᠯᠡᠭᠰᠡᠨ ᠴᠠᠭ᠄
2019/4/10

        ᠶᠡᠭᠡ ᠬᠤᠲᠠ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠴᠢᠯᠥᠭᠡᠲᠡᠶ ᠪᠣᠯᠭᠠᠬᠤ ᠶᠠᠪᠤᠳᠠᠯ ᠨᠢ ᠬᠢᠷᠢ

ᠵᠡᠷᠭᠡ ᠨᠥᠯᠥᠭᠡ ᠦᠵᠡᠬᠦᠯᠬᠦ ᠪᠤᠢ

                                 ᠰᠤᠷᠪᠤᠯᠵᠢᠯᠠᠭᠴᠢ ᠯᠦ ᠶᠠ ᠨᠠᠨ

       4 ᠰᠠᠷ᠎ᠠ ᠶᠢᠨ 8 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ︽ 

2019  ᠣᠨ ‍ᠤ‌‍ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ

ᠭᠤᠤᠯᠳᠠᠯᠭ᠎ᠠ ᠲᠠᠢ ᠡᠭᠦᠷᠭᠡ︾ ︵ ᠳᠣᠷᠣᠭᠰᠢ︽ᠭᠤᠤᠯᠳᠠᠯᠭ᠎ᠠ ᠲᠠᠢ ᠡᠭᠦᠷᠭᠡ︾ ᠭᠡᠵᠦ ᠲᠣᠪᠴᠢᠯᠠᠨ᠎ᠠ︶ ᠶᠢ

ᠨᠡᠶᠢᠳᠡᠯᠡᠪᠡ᠃        

       ᠲᠤᠰ ᠪᠢᠴᠢᠭ ᠮᠠᠲ᠋ᠧᠷᠢᠶᠠᠯ ᠳᠤ᠂ ᠡᠷᠦᠬᠡ ᠠᠮᠠ ᠶᠢᠨ  ᠳᠠᠩᠰᠠ ᠶᠢᠨ  ᠳᠦᠷᠢᠮ ᠤᠨ  ᠥᠭᠡᠷᠡᠴᠢᠯᠡᠯᠲᠡ ᠶᠢᠨ

 ᠡᠷᠴᠢᠮ ᠢ‌ᠦᠷᠭᠦᠯᠵᠢᠯᠡᠨ ᠴᠢᠩᠭᠠᠷᠠᠭᠤᠯᠵᠤ᠂ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ  ᠬᠥᠮᠥᠨ  ᠠᠮᠠ ᠨᠢ

 100  ᠲᠦᠮᠡ ᠡᠴᠠ‌‍ᠲ᠋ᠣᠷᠣᠭᠰᠢ ᠪᠠᠶᠢᠭ᠎ᠠ ᠳᠤᠮᠳᠠ ᠪᠠᠭ᠎ᠠ ᠬᠤᠲᠠ ᠪᠠ ᠵᠢᠵᠢᠭ ᠬᠤᠲᠠ ᠪᠠᠯᠭᠠᠰᠤ ᠳᠤ ᠡᠷᠦᠬᠡ ᠠᠮᠠ

 ᠣᠷᠣᠭᠤᠯᠬᠤ  ᠬᠢᠵᠠᠭᠠᠷᠯᠠᠯ ᠢ  ᠵᠠᠯᠭ᠎ᠠ‌ᠵᠠᠯᠭ᠎ᠠ ᠪᠠᠷ ᠬᠦᠴᠦᠨ ᠥᠬᠡᠶ ᠪᠣᠯᠭᠠᠬᠤ ᠶᠢᠨ ᠰᠠᠭᠤᠷᠢᠨ ᠳᠡᠭᠡᠷ᠎ᠡ᠂

ᠬᠤᠲᠠ ᠶᠢᠨ  ᠲᠣᠭᠤᠷᠢᠭ ᠲᠤ  ᠪᠠᠶᠢᠩᠭᠤ  ᠰᠠᠭᠤᠭ᠎ᠠ  ᠬᠥᠮᠥᠨ‌ᠠᠮᠠ ᠨᠢ 100 ᠲᠦᠮᠡ ᠠᠴᠠ 300 ᠲᠦᠮᠡ

ᠪᠠᠶᠢᠬᠤ Ⅱ  ᠬᠡᠯᠪᠡᠷᠢ ᠶᠢᠨ  ᠶᠡᠭᠡ  ᠬᠤᠲᠠ ᠳᠤ  ᠡᠷᠦᠬᠡ  ᠠᠮᠠ  ᠣᠷᠣᠭᠤᠯᠬᠤ‌‍ᠬᠢᠵᠠᠭᠠᠷᠯᠠᠯ ᠢ ᠪᠥᠬᠦ ᠲᠠᠯ᠎ᠠ ᠪᠠᠷ

ᠬᠦᠴᠦᠨ ᠥᠬᠡᠶ ᠪᠣᠯᠭᠠᠨ᠎ᠠ︔ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠥᠮᠥᠨ ᠠᠮᠠ ᠨᠢ300

ᠲᠦᠮᠡ ᠠᠴᠠ 500 ᠲᠦᠮᠡᠨ ᠬᠥᠮᠥᠨ ᠠᠮᠠ ᠪᠠᠶᠢᠬᠤ Ⅰ ᠬᠡᠯᠪᠡᠷᠢ ᠶᠢᠨ ᠶᠡᠭᠡ ᠬᠤᠳᠠ ᠳᠤ ᠡᠷᠦᠬᠡ ᠠᠮᠠ  

ᠣᠷᠣᠭᠤᠯᠬᠤ‌ᠨᠥ᠋ᠬᠦᠴᠡᠯ ᠢ ᠪᠥᠬᠦ ᠲᠠᠯ᠎ᠠ ᠪᠠᠷ ᠴᠢᠯᠥᠭᠡᠲᠡᠢ ᠲᠠᠯᠪᠢᠬᠤ ᠶᠢᠨ ᠬᠠᠮᠲᠤ  ᠂  ᠭᠤᠣᠯ  ᠪᠤᠯᠬᠤ  ᠪᠦᠯᠦᠭ  

ᠴᠤᠬᠴᠠ ᠶᠢᠨ  ᠡᠷᠦᠬᠡ  ᠠᠮᠠ‌ᠣᠷᠣᠭᠤᠯᠬᠤ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠨ᠎ᠡ ᠬᠡᠵᠦ

ᠲᠤᠳᠤᠷᠬᠠᠢ ᠲᠤᠷᠠᠳᠴᠠᠢ᠃                

       ᠡᠷᠦᠬᠡ ᠠᠮᠠ ᠣᠷᠣᠭᠤᠯᠬᠤ ᠬᠢᠵᠠᠭᠠᠷᠯᠠᠯ ᠢ ᠴᠢᠯᠥᠭᠡᠲᠡᠶ ᠪᠣᠯᠭᠠᠪᠠᠯ  ᠭᠡᠷ  ᠪᠠᠶᠢᠰᠢᠩ ᠤᠨ  ᠦᠨ᠎ᠡ  ᠬᠠᠨᠭ᠍ᠰᠢ

 ᠥᠰᠬᠦ ᠨᠢ‌‍ᠲ᠋ᠦ᠋ᠷᠭᠡᠳᠭᠡᠬᠦ ᠪᠤᠯ ᠤᠤ︖                

69 ᠬᠤᠲᠠ ᠡᠷᠦᠬᠡ ᠠᠮᠠ ᠣᠷᠣᠭᠤᠯᠬᠤ ᠬᠢᠵᠠᠭᠠᠷᠯᠠᠯ ᠢ  ᠬᠦᠴᠦᠨ  ᠥᠬᠡᠶ  ᠪᠣᠯᠭᠠᠬᠤ  ᠪᠤᠶᠤ  ᠠᠭᠤᠵᠢᠭᠤ  

ᠲᠠᠯᠪᠢᠵᠤ‌ᠬᠤᠲᠠ ᠶᠢᠨ ᠬᠤᠭᠤᠷᠣᠨᠳᠦᠬᠢ ᠭᠡᠷ  ᠪᠠᠶᠢᠰᠢᠩ  ᠭᠠᠵᠠᠷ  ᠬᠥᠷᠥᠩᠭᠡ ᠶᠢᠨ  ᠵᠠᠬ᠎ᠠ  ᠳᠡᠯᠭᠡᠭᠦᠷ ᠤᠨ  

ᠲᠣᠬᠢᠷᠠᠭᠤᠯᠭ᠎ᠠ  ᠡᠵᠡᠮᠰᠢᠯ ‍ᠤᠨ‌‍ᠲ᠋ᠥ᠋ᠷᠥ ᠶᠢᠨ ᠪᠣᠳᠣᠯᠭ᠎ᠠ ᠶᠢᠨ ᠲᠠᠯ᠎ᠠ ᠪᠠᠷ ᠬᠢ ᠬᠠᠮᠵᠢᠯᠴᠠᠭ᠎ᠠ ᠶᠢ ᠴᠢᠩᠭᠠᠳᠬᠠᠨ᠎ᠠ      

 

      ︽ᠭᠤᠤᠯᠳᠠᠯᠭ᠎ᠠ ᠲᠠᠢ ᠡᠭᠦᠷᠭᠡ︾ ᠶᠢ ᠦᠨᠳᠦᠰᠦᠯᠡᠪᠡᠯ᠂  ᠡᠨᠡ  ᠵᠢᠯ  ᠡᠷᠦᠬᠡ  ᠠᠮᠠ  ᠣᠷᠣᠭᠤᠯᠬᠤ  

ᠬᠢᠵᠠᠭᠠᠷᠯᠠᠯ ᠢ‌‍ᠴᠢᠯᠥᠭᠡᠲᠡᠶ ᠪᠣᠯᠭᠠᠬᠤ ᠬᠤᠲᠠ ᠳᠤ ᠶᠠᠮᠠᠷ ᠶᠠᠮᠠᠷ ᠬᠤᠲᠠ ᠨᠤᠭᠤᠳ ᠪᠠᠶᠢᠬᠤ ᠪᠤᠢ︖        

      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠡᠶᠢᠳᠡᠯᠡᠭᠰᠡᠨ ︽ 

ᠳᠤᠮᠳᠠᠳᠤ‌ᠤᠯᠤᠰ ᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠤᠨ ᠤ

ᠲᠣᠯᠢ︾ ᠶᠢ ᠦᠨᠳᠦᠰᠦᠯᠡᠪᠡᠯ᠂ 2017 ᠣᠨ ᠤ ᠡᠴᠦᠰ ᠲᠤ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ

ᠬᠥᠮᠥᠨ ᠠᠮᠠ ᠨᠢ 100 ᠲᠦᠮᠡ ᠠᠴᠠ 500ᠲᠦᠮᠡ ᠬᠦᠷᠦᠭᠰᠡᠨ ᠬᠤᠳᠠ 69 ᠪᠤᠢ᠂ ᠡᠭᠦᠨ ᠳᠤ ᠰᠢ ᠠᠨ᠂

ᠱᠧᠨᠶᠠᠩ᠂ ᠬᠠᠷᠪᠢᠨ᠂ ᠺᠦᠨᠮᠢᠩ᠂ ᠵᠧᠩᠵᠧᠤ᠂ ᠬᠠᠩᠵᠧᠦ᠂ᠵᠢᠨᠠᠨ᠂ ᠴᠢᠩᠳᠣᠤ᠂ ᠳ᠋ᠠᠯᠢᠶᠠᠨ᠂ ᠴᠠᠩᠴᠦ᠋ᠨ ᠵᠡᠷᠭᠡ

10 ᠬᠤᠲᠠ ᠶᠢᠨ ᠬᠥᠮᠥᠨ  ᠠᠮᠠ ᠨᠢ  300  ᠲᠦᠮᠡ ᠶᠢ  ᠳᠠᠪᠠᠵᠦ  ᠂ᠡᠷᠦᠬᠡ ᠠᠮᠠ ᠣᠷᠣᠬᠤ ᠨᠥᠬᠦᠴᠡᠯ ᠢ ᠪᠥᠬᠦ

ᠲᠠᠯ᠎ᠠ ᠪᠠᠷ ᠴᠢᠯᠥᠭᠡᠲᠡᠶ ᠪᠣᠯᠭᠠᠬᠤ ᠬᠤᠲᠠ ᠳᠤ ᠤᠷᠤᠬᠰᠠᠨ ᠪᠠᠶᠢᠨ᠎ᠠ᠃      

      ︽ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠤᠯᠭᠠᠬᠰᠠᠨ︾ ᠬᠤᠳᠠ

59 ᠪᠤᠢ᠂ᠡᠭᠦᠨ ᠳᠤ ᠴᠠᠩᠱᠠ᠂ ᠯᠦᠧᠧᠶᠠᠩ᠂ ᠰᠦᠵᠧᠦ᠂ ᠥᠰᠢ᠂ ᠶᠠᠩᠵᠸᠦ᠂ ᠾᠧᠹᠧᠢ᠂ ᠨᠢᠩᠪᠦ᠋ᠸᠧ᠂

ᠹᠦᠵᠧᠦ  ᠂  ᠰᠢᠶᠠᠮᠧᠨ  ᠂ᠨᠠᠨᠨᠢᠩ ᠵᠡᠷᠭᠡ ᠬᠤᠲᠠ ᠪᠠᠭᠲᠠᠨ᠎ᠠ᠃        

       ︽ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠨᠢ ᠬᠤᠳᠠᠯᠳᠤᠨ ᠠᠪᠬᠤ ᠶᠢ ᠬᠢᠵᠠᠭᠠᠷᠯᠠᠬᠤ ᠪᠠᠷᠢᠮᠵᠢᠶ᠎ᠠ ᠶᠢ  

ᠬᠡᠯᠪᠡᠷᠢ ᠶᠢ ᠨᠢ‌ᠥᠭᠡᠷᠡᠲᠦᠭᠦᠯᠦᠨ ᠲᠤᠷᠤᠬᠰᠢᠯᠠᠭᠤᠯᠤᠬᠰᠠᠨ ᠠᠴᠠ ᠭᠡᠷ ᠪᠠᠶᠢᠰᠢᠩ ᠤᠨ ᠦᠨ᠎ᠡ ᠬᠠᠨᠭ᠍ᠰᠢ ᠶᠢ ᠦᠰᠭᠡᠵᠦ

ᠮᠡᠳᠡᠨ᠎ᠡ᠃  ︾  ᠵᠦᠩᠶᠤᠸᠠᠨ‌ᠭᠠᠵᠠᠷ ᠰᠢᠷᠣᠶ ᠶᠢᠨ ᠬᠥᠷᠥᠩᠭᠡ ᠶᠢᠨ ᠲᠡᠷᠢᠬᠦᠨ ᠵᠠᠳᠠᠯᠤᠭᠴᠢ ᠵᠠᠩ ᠳ᠋ᠠ ᠸᠧᠶ

ᠬᠡᠯᠡᠬᠦ ᠳᠡᠭᠡᠨ  ᠂  ᠥᠩᠭᠡᠷᠡᠭᠰᠡᠨ  ᠬᠤᠶᠠᠷ  ᠵᠢᠯ ᠳ᠋ᠤ᠋‌‍ᠬᠡᠰᠡᠭ ᠬᠤᠶᠠᠳᠤᠭᠠᠷ ᠲᠡᠰ ᠤᠨ ᠬᠤᠲᠠ ᠶᠢᠨ ᠭᠡᠷ ᠪᠠᠶᠢᠰᠢᠩ ᠤᠨ

ᠦᠨ᠎ᠡ ᠬᠠᠨᠭ᠍ᠰᠢ  ᠦᠰᠦᠭᠰᠡᠨ ᠨᠢ  ᠴᠢᠳᠠᠪᠤᠷᠢᠲᠠᠨ ᠤ  ᠲᠥᠷᠥ ᠵᠢᠨ‌‍ᠪᠣᠳᠣᠯᠭ᠎ᠠ ᠶᠢ ᠤᠷᠢᠳ ᠡᠮᠦᠨ᠎ᠡ ᠪᠠᠶᠢᠭ᠎ᠠ

ᠦᠭᠡᠢ ᠪᠠᠷ ᠬᠦᠴᠦᠳᠡᠢ ᠬᠡᠷᠡᠭᠵᠢᠬᠦᠯᠦᠭᠰᠡᠨ ᠲᠠᠢ ᠬᠤᠯᠪᠣᠭ᠎ᠠ ᠲᠠᠢ ᠶᠤᠮ᠂ ᠭᠡᠪᠡᠴᠦ  ᠠᠯᠤᠰ‌‍ᠬᠡᠲᠦ ᠶᠢᠨ

ᠬᠥᠭᠵᠢᠯᠲᠡ ᠠᠴᠠ ᠠᠪᠴᠤ ᠦᠵᠡᠪᠡᠯ᠂ ᠴᠢᠳᠠᠪᠤᠷᠢᠲᠠᠨ ᠤ ᠬᠤᠲᠠ ᠳᠤ ᠦᠵᠡᠭᠦᠯᠬᠦ ᠭᠤᠤᠯᠯᠠᠬᠤ ᠦᠢᠯᠡᠳᠦᠯ ᠪᠣᠯ  

ᠠᠵᠤ‌ᠦᠢᠯᠡᠰ ᠢ ᠠᠬᠢᠭᠤᠯᠬᠤ ᠶᠠᠪᠤᠳᠠᠯ ᠪᠤᠯᠤᠨ᠎ᠠ᠂ ᠬᠠᠷᠢᠨ ᠭᠡᠷ ᠪᠠᠶᠢᠰᠢᠩ ᠭᠠᠵᠠᠷ  ᠰᠢᠷᠣᠶ ᠶᠢᠨ  ᠬᠥᠷᠥᠩᠭᠡ ᠶᠢ  

ᠠᠬᠢᠭᠤᠯᠬᠤ  ᠶᠠᠪᠤᠳᠠᠯ‌‍ᠪᠢᠰᠢ ᠶᠤᠮ᠂ ᠡᠶᠢᠮᠦ ᠠᠴᠠ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠨᠢ ᠭᠡᠷ  ᠪᠠᠶᠢᠰᠢᠩ  

ᠭᠠᠵᠠᠷ  ᠰᠢᠷᠣᠶ ᠶᠢᠨ  ᠬᠥᠷᠥᠩᠭᠡ ᠵᠢᠨ‌‍ᠲ᠋ᠣᠬᠢᠷᠠᠭᠤᠯᠤᠯ ᠡᠵᠡᠮᠰᠢᠯ ᠤᠨ ᠴᠣᠩᠬᠤ ᠪᠣᠯᠬᠤ ᠶᠤᠰᠤ ᠥᠬᠡᠶ ᠶᠤᠮ ᠭᠡᠵᠡᠶ᠃

       

        ᠡᠭᠦᠨ ᠤ ᠲᠤᠬᠠᠢ ᠡᠨᠡ ᠤᠳᠠᠭᠠᠨ ᠤ ᠲᠥᠷᠥ ᠶᠢᠨ ᠪᠣᠳᠣᠯᠭ᠎ᠠ ᠳᠤ ᠴᠦ ︽ᠬᠤᠲᠠ ᠶᠢᠨ ᠲᠣᠭᠤᠷᠢᠭ ᠤᠨ

ᠲᠠᠸᠠᠷ ᠤᠨ  ᠭᠡᠷ‌‍ᠪᠠᠶᠢᠰᠢᠩ ᠤᠨ ᠬᠠᠩᠭᠠᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠲᠠ ᠶᠢᠨ ᠬᠤᠭᠤᠷᠣᠨᠳᠣᠬᠢ ᠭᠡᠷ

ᠪᠠᠶᠢᠰᠢᠩ ᠭᠠᠵᠠᠷ ᠰᠢᠷᠣᠶ ᠵᠢᠨ‌‍ᠬᠥ᠋ᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠰᠢᠯ ᠤᠨ ᠲᠥᠷᠥ ᠶᠢᠨ

ᠪᠣᠳᠣᠯᠭ᠎ᠠ ᠶᠢᠨ ᠲᠠᠯ᠎ᠠ ᠪᠠᠷ ᠬᠢ  ᠬᠠᠮᠵᠢᠯᠴᠠᠭ᠎ᠠ ᠵᠢ‌‍ᠴᠢᠩᠭᠠᠳᠬᠠᠨ᠎ᠠ︾ ᠬᠡᠵᠦ ᠲᠤᠷᠠᠳᠴᠠᠢ᠃ ᠡᠭᠦᠨ ᠠᠴᠠ ᠦᠵᠡᠪᠡᠯ᠂

︽ᠭᠡᠷ ᠪᠠᠶᠢᠰᠢᠩ ᠢ ᠰᠠᠭᠤᠬᠤ ᠳᠤ  ᠬᠡᠷᠡᠭᠯᠡᠨ᠎ᠡ  ᠂  ᠬᠠᠷᠢᠨ‌‍ᠰᠠᠷᠢᠭᠠᠯᠠᠬᠤ ᠳᠤ ᠬᠡᠷᠡᠭᠯᠡᠬᠦ ᠦᠭᠡᠢ︾ ᠭᠡᠳᠡᠭ ᠨᠢ ᠮᠥᠨ

ᠬᠦ ᠤᠷᠳᠤ ᠬᠤᠭᠤᠴᠠᠭᠠᠨ ᠤ  ᠪᠠᠶᠢᠷᠢ  ᠲᠣᠭᠲᠠᠭᠠᠯᠲᠠ  ᠪᠤᠯᠬᠤ  ᠪᠦᠭᠡᠳ‌‍ᠲ᠋ᠤᠬᠢᠷᠠᠭᠤᠯᠭ᠎ᠠ ᠡᠵᠡᠮᠰᠢᠯ ᠤᠨ ᠵᠠᠷᠴᠢᠮ ᠨᠢ

ᠮᠥᠨ ᠬᠦ ᠬᠤᠳᠠ ᠶᠢᠨ ᠪᠠᠶᠢᠳᠠᠯ ᠳᠠᠭᠠᠨ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠲᠥᠷᠥᠯ ᠬᠤᠪᠢᠶᠠᠨ

ᠵᠢᠯᠣᠭᠤᠳᠬᠤ ᠶᠠᠪᠤᠳᠠᠯ ᠪᠣᠯᠤᠨ᠎ᠠ᠃                              

        ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢ  ᠴᠢᠯᠥᠭᠡᠲᠡᠶ  ᠪᠣᠯᠭᠠᠭᠰᠠᠨ ᠤ  ᠳᠠᠷᠠᠭ᠎ᠠ  

ᠬᠤᠲᠠ ᠶᠢᠨ  ᠣᠯᠠᠨ‌ᠨᠡᠶᠢᠲᠡ ᠶᠢᠨ ᠦᠢᠯᠡᠴᠢᠯᠡᠭᠡ ᠶᠢ ᠬᠡᠷᠬᠢᠨ ᠬᠦᠷᠲᠡᠬᠦ ᠪᠤᠢ︖                

        ᠠᠯᠪᠠᠨ ᠠᠴᠠ  ᠡᠷᠭᠢᠯᠡᠭᠰᠡᠨ  ᠰᠤᠷᠭᠠᠭᠤᠯᠢ ᠨᠢ  ᠡᠴᠢᠭᠡ   ᠡᠭᠡ ᠪᠠᠨ   ᠳᠠᠭᠠᠵᠤ   ᠨᠡᠭᠦᠭᠰᠡᠨ   ᠦᠷ᠎ᠡ

  ᠬᠡᠤᠬᠡᠳ ᠢ‌‍ᠰᠤᠷᠭᠠᠭᠤᠯᠢ ᠳᠠᠭᠠᠨ ᠰᠤᠷᠤᠯᠴᠠᠭᠤᠯᠬᠤ ᠶᠢ ᠨᠡᠶᠢᠳᠡᠮ ᠪᠡᠶᠡᠯᠡᠬᠦᠯᠵᠦ᠂ ᠨᠡᠶᠢᠲᠡ ᠶᠢᠨ ᠲᠦᠷᠢᠶᠡᠰᠦᠨ ᠭᠡᠷ

ᠪᠠ ᠣᠷᠣᠨ  ᠰᠠᠭᠤᠴᠠ ᠵᠢᠨ‌ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠬᠠᠮᠤᠷᠬᠤ

ᠬᠡᠪᠴᠢᠶ᠎ᠡ ᠶᠢ ᠥᠷᠭᠡᠳᠬᠡᠨ᠎ᠡ        

       ︽ᠭᠤᠤᠯᠳᠠᠯᠭ᠎ᠠ ᠲᠠᠢ ᠡᠭᠦᠷᠭᠡ︾ ᠳᠤ᠂ ᠬᠦᠰᠡᠯ ᠵᠤᠷᠢᠯᠳᠠ ᠶᠢ ᠬᠦᠨᠳᠦᠳᠬᠡᠬᠦ᠂ ᠡᠵᠡᠨ ᠮᠡᠳᠡᠵᠦ

ᠰᠣᠩᠭᠤᠬᠤ  ᠵᠠᠷᠴᠢᠮ‌‍ᠶᠣᠰᠣᠭᠠᠷ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠪᠠᠷ ᠭᠤᠤᠯᠳᠠᠯᠭ᠎ᠠ ᠪᠣᠯᠭᠠᠨ᠂ ᠶᠡᠭᠡ

ᠳᠡᠭᠡᠳᠦ ᠰᠤᠷᠭᠠᠭᠤᠯᠢ  ᠪᠠ  ᠠᠵᠢᠯ‌ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ  ᠠᠵᠢᠯᠴᠢᠨ ᠤ  ᠳᠡᠭᠡᠳᠦ  

ᠰᠤᠷᠭᠠᠭᠤᠯᠢ  ︶  ᠲᠡᠭᠦᠰᠦᠭᠰᠡᠨ  ᠰᠤᠷᠤᠭᠴᠢ  ᠂ᠬᠤᠲᠠ ᠶᠢᠨ ᠬᠤᠭᠤᠷᠣᠨᠳᠣ ᠰᠢᠯᠵᠢᠵᠦ ᠠᠵᠢᠯ ᠣᠯᠤᠭᠰᠠᠨ

ᠬᠥᠮᠦᠰ ᠢ ᠵᠡᠷᠭᠡᠪᠡᠷ ᠬᠠᠷᠠᠭᠠᠯᠵᠠᠵᠤ᠂  ᠬᠤᠲᠠ  ᠪᠠᠯᠭᠠᠰᠤᠨ ᠳᠤ  ᠡᠷᠦᠬᠡ‌ᠠᠮᠠ ᠣᠷᠣᠭᠠᠳᠤᠶ ᠪᠠᠶᠢᠩᠭᠤ ᠰᠠᠭᠤᠭ᠎ᠠ

ᠬᠥᠮᠥᠨ ᠠᠮᠠ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ‌ᠡᠳ᠋ᠯᠡᠭᠦᠯᠬᠦ ᠶᠢ

ᠠᠬᠢᠭᠤᠯᠤᠨ᠎ᠠ᠃ ᠡᠨᠡ ᠵᠢᠯ ᠬᠤᠳᠠ ᠪᠠᠯᠭᠠᠰᠤᠨ ᠳᠤ  ᠡᠷᠦᠬᠡ  ᠠᠮᠠ  ᠣᠷᠣᠭᠠᠳᠤᠶ  ᠪᠠᠶᠢᠩᠭᠤ  ᠰᠠᠭᠤᠭ᠎ᠠ  

ᠬᠥᠮᠥᠨ‌ᠠᠮᠠ ᠳᠤ ᠣᠷᠣᠰᠢᠨ ᠰᠠᠭᠤᠬᠤ ᠦᠨᠡᠮᠯᠡᠯ ᠲᠠᠢ ᠪᠤᠯᠭᠠᠬᠤ ᠶᠢ ᠦᠨᠡᠨᠬᠦ ᠪᠠᠲᠤᠯᠠᠵᠤ᠂ ᠡᠯ᠎ᠡ ᠭᠠᠵᠠᠷ ᠣᠷᠣᠨ ᠤ  

ᠣᠷᠣᠰᠢᠨ  ᠰᠠᠭᠤᠬᠤ‌ᠦᠨᠡᠮᠯᠡᠯ ᠤᠨ ᠨᠡᠮᠡᠯᠲᠡ ᠣᠯᠠᠨ ᠨᠡᠶᠢᠲᠡ ᠶᠢᠨ ᠦᠢᠯᠡᠴᠢᠯᠡᠭᠡ ᠪᠠ ᠳᠥᠭᠦᠮ ᠦᠵᠡᠭᠦᠯᠬᠦ ᠲᠥᠷᠥᠯ

ᠵᠦᠢᠯ ᠢ ᠠᠯᠬᠤᠮ  ᠠᠯᠬᠤᠮ ᠵᠶ᠋ᠠᠷ‌ᠥᠷᠭᠡᠳᠬᠡᠬᠦ ᠶᠢ ᠵᠤᠷᠢᠬᠵᠢᠭᠤᠯᠤᠨ᠎ᠠ ᠬᠡᠵᠦ ᠲᠤᠷᠠᠳᠴᠠᠢ᠃        

       ᠰᠤᠷᠭᠠᠨ ᠬᠥᠮᠦᠵᠢᠯ ᠠᠴᠠ ᠠᠪᠴᠤ ᠦᠵᠡᠪᠡᠯ᠂ 2019 ᠣᠨ ᠤ ᠡᠴᠦᠰ ᠲᠤ᠂ ᠮᠠᠨ ᠤ  ᠤᠯᠤᠰ ᠤᠨ  

ᠪᠤᠢ  ᠪᠦᠬᠦᠢ‌ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠰᠤᠷᠭᠠᠭᠤᠯᠢ  ᠡᠷᠬᠢᠯᠡᠬᠦ  ᠦᠨᠳᠦᠰᠦᠨ  

ᠨᠥᠬᠦᠴᠡᠯ ᠤᠨ  ︽ 20ᠵᠤᠷᠪᠤᠰ ᠬᠤᠷᠢᠭ᠎ᠠ ᠱᠤᠭᠤᠮ︾ ᠤᠨ ᠱᠠᠭᠠᠷᠳᠠᠯᠭ᠎ᠠ ᠳᠤ ᠬᠦᠷᠬᠡᠵᠦ᠂ ᠡᠴᠢᠭᠡ  ᠡᠭᠡ ᠪᠠᠨ  

ᠳᠠᠭᠠᠵᠤ  ᠨᠡᠭᠦᠭᠰᠡᠨ  ᠦᠷ᠎ᠡ  ᠬᠡᠤᠬᠡᠳ‌ᠨᠡᠯᠢᠶᠡᠳ ᠣᠯᠠᠨ  ᠪᠠᠶᠢᠭ᠎ᠠ  ᠬᠤᠲᠠ ᠶᠢᠨ  ᠰᠤᠷᠭᠠᠨ  ᠬᠥᠮᠦᠵᠢᠯ ᠤᠨ  

ᠡᠬᠢ  ᠪᠠᠶᠠᠯᠢᠭ ᠤᠨ  ᠬᠠᠩᠭᠠᠯᠭ᠎ᠠ ᠶᠢ  ᠨᠡᠮᠡᠭᠳᠡᠭᠦᠯᠵᠦ  ᠂ᠠᠯᠪᠠᠨ ᠠᠴᠠ ᠡᠷᠭᠢᠯᠡᠭᠰᠡᠨ ᠰᠤᠷᠭᠠᠭᠤᠯᠢ ᠨᠢ ᠡᠴᠢᠭᠡ  

ᠡᠭᠡ ᠪᠠᠨ  ᠳᠠᠭᠠᠵᠤ  ᠨᠡᠭᠦᠭᠰᠡᠨ  ᠦᠷ᠎ᠡ  ᠬᠡᠤᠬᠡᠳ ᠢ  ᠰᠤᠷᠭᠠᠭᠤᠯᠢ ᠳ᠋ᠠᠭᠠᠨ‌‍ᠰᠤᠷᠤᠯᠴᠠᠭᠤᠯᠬᠤ ᠶᠢ ᠨᠡᠶᠢᠳᠡᠮ

ᠪᠡᠶᠡᠯᠡᠭᠦᠯᠵᠦ᠂ ᠡᠴᠢᠭᠡ ᠡᠭᠡ ᠪᠠᠨ ᠳᠠᠭᠠᠵᠤ ᠨᠡᠭᠦᠭᠰᠡᠨ ᠦᠷ᠎ᠡ ᠬᠡᠦᠬᠡᠳ ᠤᠨ  ᠨᠡᠭᠦᠵᠦ  ᠣᠷᠣᠭᠰᠠᠨ‌ᠭᠠᠵᠠᠷ ᠲᠠᠭᠠᠨ

ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠣᠷᠣᠯᠴᠠᠬᠤ  ᠲᠥᠷᠥ ᠶᠢᠨ  

ᠪᠣᠳᠣᠯᠭ᠎ᠠ ᠵᠢ‌‍ᠲ᠋ᠡᠭᠦᠯᠳᠡᠷᠵᠢᠭᠦᠯᠬᠦ ᠪᠤᠯᠤᠨ᠎ᠠ᠃        

      ᠨᠡᠶᠢᠭᠡᠮ ᠤᠨ ᠳᠠᠭᠠᠳᠬᠠᠯ ᠠᠴᠠ ᠠᠪᠴᠤ ᠦᠵᠡᠪᠡᠯ᠂ ᠡᠨᠡ ᠵᠢᠯ ᠬᠤᠲᠠ ᠬᠥᠳᠡᠭᠡ ᠶᠢᠨ  ᠰᠠᠭᠤᠭᠠᠯᠢ  

ᠠᠷᠠᠳ ᠤᠨ  ᠡᠮ‌ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠳᠦᠷᠢᠮ ᠢ ᠲᠤᠬᠳᠠᠭᠠᠬᠤ ᠶᠢ ᠪᠥᠬᠦ ᠲᠠᠯ᠎ᠠ ᠪᠠᠷ

ᠠᠬᠢᠭᠤᠯᠵᠤ᠂ ᠮᠣᠵᠢ ᠠᠯᠤᠰᠯᠠᠨ ᠣᠨᠳᠣᠤ‌ᠭᠠᠵᠠᠷ ᠲᠤ ᠡᠮᠨᠡᠭᠦᠯᠦᠭᠰᠡᠨ ᠪᠠ ᠡᠮᠨᠡᠯᠭᠡ ᠳᠤ  ᠰᠠᠭᠤᠭᠰᠠᠨ  ᠵᠠᠷᠤᠳᠠᠯ ᠢ  

ᠰᠦᠯᠵᠢᠶᠡᠨ  ᠳᠡᠭᠡᠷ᠎ᠡ  ᠲᠠᠰᠤᠯᠤᠨ  ᠪᠣᠳᠣᠬᠤ  ᠨᠣᠷᠮ᠎ᠠ ᠵᠢ‌‍ᠲ᠋ᠡᠭᠡᠭᠰᠢᠯᠡᠭᠦᠯᠵᠦ᠂ ᠠᠯᠤᠰ ᠡᠵᠡᠮᠰᠢᠯᠳᠦ ᠡᠮᠴᠢᠯᠡᠭᠡ ᠪᠠ

ᠨᠡᠶᠢᠭᠡᠮ ᠲᠣᠭᠤᠷᠢᠭ ᠤᠨ  ᠡᠮᠨᠡᠯᠭᠡ ᠶᠢᠨ  ᠬᠤᠷᠢᠶᠠᠨ ᠤ  ᠴᠢᠨᠠᠷ  ᠰᠠᠶᠢᠲᠠᠶ‌‍ᠬᠥ᠋ᠭᠵᠢᠯᠲᠡ ᠶᠢ ᠲᠦᠯᠬᠢᠨ ᠠᠬᠢᠭᠤᠯᠤᠨ᠎ᠠ᠃

 ᠬᠤᠲᠠ  ᠬᠥᠳᠡᠭᠡ ᠶᠢᠨ  ᠰᠠᠭᠤᠭᠠᠯᠢ  ᠠᠷᠠᠳ ᠤᠨ  ᠨᠠᠰᠤᠵᠢᠯ ᠤᠨ  ᠠᠰᠠᠷᠠᠮᠵᠢ ᠵᠢᠨ‌‍ᠲ᠋ᠠᠭᠠᠳᠬᠠᠯ ᠳᠤ ᠣᠷᠣᠯᠴᠠᠬᠤ

ᠬᠡᠪᠴᠢᠶ᠎ᠡ ᠶᠢ ᠥᠷᠭᠡᠳᠬᠡᠬᠦ ᠶᠢ  ᠠᠬᠢᠭᠤᠯᠵᠤ  ᠂  ᠡᠯ᠎ᠡ  ᠭᠠᠵᠠᠷ  ᠣᠷᠣᠨ ᠢ  ᠵᠢᠯᠣᠭᠤᠳᠤᠨ  ᠬᠤᠲᠠ‌‍ᠬᠥ᠋ᠳᠡᠭᠡ ᠶᠢᠨ

ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠲᠣᠭᠲᠠᠭᠠᠬᠤ

ᠪᠠ‌‍ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠥᠬᠦ

ᠲᠠᠯ᠎ᠠ ᠪᠠᠷ ᠪᠠᠶᠢᠭᠤᠯᠬᠤ‌‍ᠪᠤᠯᠤᠨ᠎ᠠ᠃        

ᠣᠷᠣᠨ ᠰᠠᠭᠤᠴᠠ ᠠᠴᠠ ᠠᠪᠴᠤ ᠦᠵᠡᠪᠡᠯ᠂ ᠡᠨᠡ ᠵᠢᠯ ᠬᠠᠮᠲᠤ ᠶᠢᠨ ᠪᠦᠲᠦᠭᠡᠨ ᠪᠠᠢᠭᠤᠯᠤᠯᠲᠠ ᠳᠤ ᠬᠡᠷᠡᠭᠯᠡᠬᠦ

ᠭᠠᠵᠠᠷ ᠢ‌ᠠᠰᠢᠭᠯᠠᠨ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠲᠤᠷᠰᠢᠯᠲᠠ ᠶᠢ ᠦᠷᠭᠦᠯᠵᠢᠯᠡᠨ  

ᠭᠦᠨᠵᠡᠭᠡᠶᠢᠷᠡᠭᠦᠯᠵᠦ  ᠂  ᠨᠡᠶᠢᠲᠡ ᠵᠢᠨ‌‍ᠲ᠋ᠦ᠋ᠷᠢᠶᠡᠰᠦᠨ ᠭᠡᠷ ᠪᠠ ᠣᠷᠣᠨ ᠰᠠᠭᠤᠴᠠ ᠶᠢᠨ ᠨᠡᠶᠢᠲᠡ ᠶᠢᠨ

ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠢ ᠪᠠᠶᠢᠩᠭᠤ  ᠰᠠᠭᠤᠭ᠎ᠠ‌‍ᠬᠥ᠋ᠮᠥᠨ ᠠᠮᠠ ᠳᠤ ᠬᠡᠷᠡᠭᠵᠢᠬᠦᠯᠬᠦ ᠬᠡᠪᠴᠢᠶ᠎ᠡ ᠶᠢ

ᠥᠷᠭᠡᠳᠬᠡᠬᠦ ᠪᠤᠯᠤᠨ᠎ᠠ᠃        

        ᠠᠵᠢᠯ ᠣᠯᠭᠤᠯᠲᠠ ᠠᠴᠠ ᠠᠪᠴᠤ ᠦᠵᠡᠪᠡᠯ᠂ ᠡᠨᠡ ᠵᠢᠯ  ᠬᠥᠯᠥᠰᠥᠨ  ᠠᠵᠢᠯᠴᠢᠨ ᠤ  ᠠᠵᠢᠯ  

ᠮᠡᠷᠭᠡᠵᠢᠯ ᠤᠨ  ᠤᠷ᠎ᠠ‌‍ᠴᠢᠳᠠᠪᠤᠷᠢ ᠶᠢᠨ ᠪᠣᠯᠪᠠᠰᠤᠷᠠᠯ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ

ᠳᠡᠭᠡᠭᠰᠢᠯᠡᠭᠦᠯᠬᠦ ᠶᠢ ᠠᠬᠢᠭᠤᠯᠤᠨ᠎ᠠ  ᠃  ᠬᠤᠲᠠ ᠵᠢᠨ‌ᠵᠠᠰᠠᠭ ᠤᠨ ᠣᠷᠳᠣᠨ ᠨᠢ ᠬᠤᠲᠠ ᠪᠠᠯᠭᠠᠰᠤᠨ ᠳᠤ ᠨᠢᠭᠡᠨᠲᠡ

ᠲᠣᠭᠲᠠᠪᠤᠷᠢᠲᠠᠶ ᠠᠵᠢᠯ ᠣᠯᠤᠭᠰᠠᠨ ᠪᠣᠯᠪᠠᠴᠤ ᠡᠷᠦᠬᠡ ᠠᠮᠠ ᠣᠷᠣᠭᠠᠳᠤᠶ‌‍ᠬᠥ᠋ᠳᠡᠭᠡ ᠲᠣᠰᠬᠤᠨ ᠤ ᠶᠠᠳᠠᠭᠤ

ᠬᠦᠴᠢᠷᠳᠡᠯᠲᠡᠶ ᠬᠥᠮᠥᠨ  ᠠᠮᠠ ᠳᠤ  ᠤᠷᠢᠳᠠᠪᠠᠷ  ᠠᠵᠢᠯ  ᠮᠡᠷᠭᠡᠵᠢᠯ ᠤᠨ  ᠤᠷ᠎ᠠ  ᠴᠢᠳᠠᠪᠤᠷᠢ ᠵᠢᠨ‌‍ᠪᠣᠯᠪᠠᠰᠤᠷᠠᠯ

ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ  ᠬᠠᠩᠭᠠᠬᠤ ᠶᠢᠨ  ᠬᠠᠮᠲᠤ  ᠂  ᠬᠥᠳᠡᠭᠡ  

ᠲᠣᠰᠬᠤᠨ ‍ᠤ‌‍ᠶᠠᠳᠠᠭᠤ ᠬᠦᠴᠢᠷᠳᠡᠯᠲᠡᠶ ᠬᠥᠮᠥᠨ ᠠᠮᠠ ᠨᠡᠯᠢᠶᠡᠳ ᠣᠯᠠᠨ ᠪᠠᠶᠢᠭ᠎ᠠ ᠭᠠᠵᠠᠷ  ᠣᠷᠣᠨ ᠯᠤᠭ᠎ᠠ ᠶᠢᠨ  

ᠬᠥᠳᠡᠯᠮᠦᠷᠢ  ᠦᠢᠯᠡᠴᠢᠯᠡᠭᠡ ᠵᠢ‌ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠬᠤ ᠪᠤᠯᠤᠨ᠎ᠠ᠃                    

         

        ᠶᠡᠭᠡ ᠬᠤᠳᠠ ᠬᠥᠮᠦᠰ ᠤᠨ ᠠᠩᠬᠠᠷᠤᠯ ᠢ ᠨᠠᠩ ᠲᠠᠲᠠᠬᠤ ᠳᠤ  ᠂  ᠳᠤᠮᠳᠠ  ᠪᠠᠭ᠎ᠠ  ᠬᠤᠳᠠ  ᠪᠠ  

ᠬᠥᠳᠡᠭᠡ  ᠲᠣᠰᠬᠤᠨ‌‍ᠶᠠᠭᠠᠬᠢᠪᠠᠯ ᠵᠤᠬᠢᠬᠤ ᠪᠤᠢ︖                

ᠶᠡᠭᠡ ᠳᠤᠮᠳᠠ ᠪᠠᠭ᠎ᠠ ᠬᠤᠲᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂  ᠬᠥᠳᠡᠭᠡ  ᠲᠣᠰᠬᠤᠨ ᠤ  

ᠪᠠᠭᠰᠢ  ᠂ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ

ᠴᠢᠩᠭᠠᠷᠠᠭᠤᠯᠤᠨ᠎ᠠ        

       ︽ᠶᠡᠭᠡ ᠳᠤᠮᠳᠠ ᠪᠠᠭ᠎ᠠ ᠬᠤᠳᠠ ᠶᠢᠨ ᠬᠥᠭᠵᠢᠯᠲᠡ ᠶᠢᠨ ᠲᠠᠰ ᠳᠠᠷᠠᠭᠠᠯᠠᠯ ᠤᠨ ᠲᠠᠯ᠎ᠠ ᠪᠠᠷ᠂ ᠠᠳᠠᠯᠢ  

ᠪᠤᠰᠤ  ᠬᠡᠪᠴᠢᠶ᠎ᠡ‌‍ᠲ᠋ᠠᠰ ᠳᠠᠪᠬᠤᠷᠭ᠎ᠠ ᠪᠦᠬᠦᠢ ᠬᠤᠳᠠ ᠶᠢᠨ ᠵᠣᠬᠢᠴᠠᠩᠭᠤᠢ  ᠬᠥᠭᠵᠢᠯᠲᠡ ᠶᠢ  ᠣᠨᠴᠠᠭᠠᠢᠢᠯᠠᠨ  

ᠴᠢᠬᠤᠯᠠᠴᠢᠯᠠᠵᠤ  ᠂  ᠠᠯᠢ ᠶᠢ ᠨᠢ  ᠴᠦ‌ᠦᠷᠦᠭᠡᠰᠦᠭᠡᠯ ᠢᠶᠠᠷ ᠴᠢᠬᠤᠯᠠᠴᠢᠯᠠᠵᠤ ᠪᠤᠯᠬᠤ ᠦᠭᠡᠢ᠂ ᠨᠢᠳᠦ ᠪᠠᠨ ᠵᠦᠪᠭᠡᠨ

ᠶᠡᠭᠡ ᠬᠤᠳᠠ ᠳᠤ ᠯᠡ ᠲᠠᠯᠪᠢᠭᠠᠳ ᠪᠣᠯᠬᠤ ᠦᠭᠡᠢ᠂ᠳᠤᠮᠳᠠ  ᠪᠠᠭ᠎ᠠ  ᠬᠤᠳᠠ ᠶᠢᠨ  ᠬᠥᠭᠵᠢᠯᠲᠡ ᠶᠢ  ᠨᠠᠩ  

ᠢᠯᠡᠭᠦᠦ   ᠠᠩᠬᠠᠷᠬᠤ   ᠬᠡᠷᠡᠭᠲᠡᠢ  ︾   ᠭᠡᠵᠦ   ᠬᠥᠭᠵᠢᠭᠦᠯᠦᠯᠲᠡ‌ᠥᠭᠡᠷᠡᠴᠢᠯᠡᠯᠲᠡ ᠶᠢᠨ ᠵᠥᠪᠯᠡᠯ ᠤᠨ

ᠲᠥᠯᠥᠪᠵᠢᠭᠦᠯᠭᠡ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠠ᠃        

       ᠳᠤᠮᠳᠠ ᠪᠠᠭ᠎ᠠ ᠬᠤᠳᠠ ᠶᠢᠨ ᠬᠥᠭᠵᠢᠯᠲᠡ ᠳᠤ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ

ᠬᠡᠷᠡᠭᠲᠡᠢ᠄ ᠳᠠᠯᠳᠠ‌‍ᠬᠦ᠋ᠴᠦᠨ ᠪᠦᠬᠦᠢ ᠬᠡᠯᠪᠡᠷᠢ ᠶᠢᠨ ᠳᠤᠮᠳᠠ  ᠪᠠᠭ᠎ᠠ  ᠬᠤᠳᠠ ᠨᠢ  ᠠᠵᠤ  ᠦᠢᠯᠡᠰ ᠤᠨ  

ᠲᠤᠯᠭᠠᠭᠤᠷᠢᠯᠠᠬᠤ  ᠴᠢᠳᠠᠪᠤᠷᠢ  ᠂  ᠤᠯᠠᠨ‌ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂

ᠬᠥᠮᠥᠨ ᠠᠮᠠ ᠶᠢᠨ ᠲᠤᠬᠠᠢ ᠶᠢᠨ  ᠭᠠᠵᠠᠷ  ᠣᠢᠷᠠᠯᠴᠠᠭ᠎ᠠ‌ᠭᠠᠵᠠᠷ ᠲᠠᠭᠠᠨ ᠠᠵᠢᠯ ᠤᠯᠬᠤ ᠬᠤᠳᠠ ᠪᠠᠯᠭᠠᠰᠤᠵᠢᠯᠲᠠ ᠶᠢ

ᠠᠬᠢᠭᠤᠯᠬᠤ ᠬᠡᠷᠡᠭᠲᠡᠢ  ︔  ᠬᠦᠮᠦᠨ  ᠠᠮᠠ ᠪᠠᠨ  ᠪᠠᠭᠠᠰᠬᠠᠬᠤ  ︕ᠬᠡᠯᠪᠡᠷᠢ ᠶᠢᠨ ᠳᠤᠮᠳᠠ ᠪᠠᠭ᠎ᠠ ᠬᠤᠲᠠ ᠨᠢ

ᠬᠦᠮᠦᠨ ᠠᠮᠠ ᠪᠠᠨ ᠴᠦᠭᠡᠳᠭᠡᠨ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ᠤᠳᠤ ᠪᠠᠶᠢᠭ᠎ᠠ ᠬᠦᠮᠦᠨ

ᠠᠮᠠ ᠪᠠᠨ ᠬᠦᠭᠵᠢᠭᠡᠨ ᠲᠠᠢ ᠪᠤᠯᠭᠠᠵᠤ᠂ ᠬᠥᠮᠥᠨ ᠠᠮᠠ ᠪᠠ  ᠣᠯᠠᠨ  ᠨᠡᠶᠢᠲᠡ ᠶᠢᠨ  ᠡᠬᠢ  ᠪᠠᠶᠠᠯᠢᠭ ᠢ‌ᠬᠤᠲᠠ ᠶᠢᠨ

ᠲᠣᠭᠤᠷᠢᠭ ᠵᠦᠭ ᠬᠦᠳᠦᠯᠦᠨ ᠵᠢᠯᠤᠭᠤᠳᠴᠤ ᠲᠥᠪᠯᠡᠷᠡᠭᠦᠯᠬᠦ ᠬᠡᠷᠡᠭᠳᠡᠢ︔ ᠨᠢᠭᠡ ᠪᠦᠯᠦᠭ ᠳᠤᠮᠳᠠ ᠪᠠᠭ᠎ᠠ  

ᠬᠤᠲᠠ ᠵᠢ‌ᠯᠠᠪᠳᠠᠭᠤᠨ ᠢᠶᠠᠷ ᠨᠡᠮᠡᠨ ᠪᠠᠶᠢᠭᠤᠯᠵᠤ᠂ ᠰᠢᠶᠠᠨ ᠤ ᠱᠠᠲᠤᠨ ᠤ ᠪᠤᠰᠤ ᠵᠠᠰᠠᠭ ᠤᠨ ᠣᠷᠳᠣᠨ ᠰᠠᠭᠤᠭ᠎ᠠ

ᠣᠨᠴᠠ ᠶᠡᠭᠡ  ᠪᠠᠯᠭᠠᠰᠤᠨ ᠳ᠋ᠤ᠋‌ᠬᠤᠲᠠ ᠪᠠᠶᠢᠭᠤᠯᠬᠤ ᠶᠢ ᠨᠠᠶᠢᠳᠠᠪᠤᠷᠢᠵᠢᠭᠤᠯᠬᠤ ᠬᠡᠷᠡᠭᠳᠡᠢ᠃        

       ᠡᠭᠦᠨ ᠤ ᠬᠠᠮᠲᠤ᠂ ᠰᠤᠷᠭᠠᠨ  ᠬᠥᠮᠦᠵᠢᠯ  ᠡᠮ  ᠡᠮᠨᠡᠯᠭᠡ ᠶᠢᠨ  ᠡᠬᠢ  ᠪᠠᠶᠠᠯᠢᠭ ᠤᠨ  ᠪᠠᠶᠢᠷᠢᠰᠢᠯ ᠢ  

ᠲᠣᠬᠢᠷᠠᠭᠤᠯᠤᠨ‌‍ᠰᠢᠯᠢᠳᠡᠭᠵᠢᠭᠦᠯᠵᠦ᠂ ᠰᠢᠨ᠎ᠡ ᠪᠠᠷ ᠪᠠᠶᠢᠭᠤᠯᠬᠤ ᠪᠠ ᠨᠡᠭᠦᠯᠭᠡᠨ ᠰᠢᠯᠵᠢᠭᠦᠯᠬᠦ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢ  ᠵᠠᠷᠴᠢᠮ‌‍ᠲ᠋ᠡᠭᠡᠷ᠎ᠡ ᠪᠠᠨ ᠳᠤᠮᠳᠠ ᠪᠠᠭ᠎ᠠ ᠬᠤᠲᠠ ᠳᠤ ᠤᠷᠢᠳᠠᠪᠠᠷ ᠪᠠᠶᠢᠷᠢᠯᠠᠭᠤᠯᠵᠤ᠂ ᠨᠠᠩ  

ᠣᠯᠠᠨ  ᠭᠤᠷᠪᠠᠳᠤᠭᠠᠷ  ᠲᠡᠰ ᠤᠨ  ᠡᠮᠨᠡᠯᠭᠡ ᠵᠢᠨ‌ᠬᠤᠷᠢᠶ᠎ᠠ ᠶᠢ ᠳᠤᠮᠳᠠ ᠪᠠᠭ᠎ᠠ ᠬᠤᠲᠠ ᠳᠤ ᠪᠠᠶᠢᠷᠢᠯᠠᠭᠤᠯᠵᠤ᠂ ᠶᠡᠭᠡ

ᠬᠤᠲᠠ ᠶᠢᠨ ᠨᠠᠷᠠᠲᠤ  ᠭᠤᠷᠪᠠᠳᠤᠭᠠᠷ  ᠲᠡᠰ ᠤᠨ  ᠡᠮᠨᠡᠯᠭᠡ ᠵᠢᠨ‌ᠬᠤᠷᠢᠶ᠎ᠠ ᠶᠢᠨ ᠳᠤᠮᠳᠠ ᠪᠠᠭ᠎ᠠ ᠬᠤᠲᠠ ᠳᠤ ᠰᠠᠯᠪᠤᠷᠢ

ᠪᠠᠶᠢᠭᠤᠯᠤᠮᠵᠢ  ᠪᠠᠶᠢᠭᠤᠯᠬᠤ ᠶᠢ  ᠳᠡᠮᠵᠢᠵᠦ  ᠂  ᠶᠡᠭᠡ  ᠬᠤᠲᠠ ᠶᠢᠨ  ᠨᠠᠷᠠᠲᠤ‌‍ᠲ᠋ᠤᠮᠳᠠᠳᠤ ᠪᠠᠭ᠎ᠠ ᠰᠤᠷᠭᠠᠭᠤᠯᠢ ᠠᠴᠠ

ᠳᠤᠮᠳᠠ ᠪᠠᠭ᠎ᠠ  ᠬᠤᠳᠠ ᠶᠢᠨ  ᠰᠤᠷᠭᠠᠭᠤᠯᠢ ᠶᠢ  ᠠᠵᠢᠯ  ᠲᠥᠷᠥᠯ ᠤᠨ  ᠰᠢᠰᠲ᠋ᠧᠮ ᠢᠶᠠᠷ ᠵᠶ᠋ᠠᠨ‌ᠬᠠᠪᠰᠤᠷᠤᠨ

ᠲᠡᠳᠬᠦᠵᠦ ᠰᠤᠷᠭᠠᠨ ᠬᠥᠮᠦᠵᠢᠯ ᠢ ᠳᠡᠮᠵᠢᠬᠦ ᠬᠡᠷᠡᠭᠳᠡᠢ᠃        

      ᠪᠠᠭ᠎ᠠ ᠬᠤᠲᠠ ᠪᠠᠯᠭᠠᠰᠤ ᠨᠢ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ  ᠦᠢᠯᠡᠴᠢᠯᠡᠭᠡᠨ ᠤ  

ᠳᠤᠲᠠᠭᠤᠳᠠᠯ ᠵᠶ᠋ᠠᠨ‌ᠨᠥ᠋ᠬᠦᠪᠥᠷᠢᠯᠡᠬᠦ ᠪᠠᠨ ᠴᠢᠩᠭᠠᠳᠬᠠᠵᠤ᠂ ᠪᠠᠯᠭᠠᠰᠤᠨ ᠤ ᠰᠠᠭᠤᠭᠠᠯᠢ ᠠᠷᠠᠳ  ᠪᠠ  ᠡᠷᠭᠢᠨ  

ᠲᠣᠭᠤᠷᠢᠨ ᠤ  ᠬᠥᠳᠡᠭᠡ  ᠲᠣᠰᠬᠤᠨ ᠳ᠋ᠤ᠋‌ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃        

      ᠬᠠᠲᠠᠭᠤ ᠲᠤᠨᠤᠬ ᠠᠴᠠ ᠠᠪᠴᠤ ᠦᠵᠡᠪᠡᠯ᠂ ︽ᠭᠤᠣᠯᠳᠠᠯᠭ᠎ᠠ ᠲᠠᠢ ᠡᠭᠦᠷᠭᠡ︾ ᠳᠤ᠂ ᠵᠠᠮ᠂  ᠤᠰᠤ  

ᠬᠠᠩᠭᠠᠬᠤ  ᠂ᠴᠠᠬᠢᠯᠭᠠᠨ ᠬᠠᠩᠭᠠᠬᠤ᠂ ᠮᠡᠳᠡᠭᠡ ᠵᠠᠩᠭᠢ᠂ ᠡᠳ᠋ ᠪᠠᠷᠠᠭ᠎ᠠ ᠶᠢᠨ ᠭᠦᠢᠯᠭᠡᠭᠡ ᠵᠡᠷᠭᠡ  ᠲᠥᠬᠦᠭᠡᠷᠦᠮᠵᠢ ᠶᠢ  

ᠨᠢᠭᠡᠳᠦᠯᠲᠡᠢ  ᠲᠥᠯᠥᠪᠯᠡᠨ‌‍ᠪᠠᠶᠢᠷᠢᠰᠢᠭᠤᠯᠵᠤ᠂ 2019 ᠣᠨ ᠳᠤ ᠬᠥᠳᠡᠭᠡ ᠲᠣᠰᠬᠤᠨ ᠤ ᠵᠠᠰᠠᠮᠠᠯ ᠵᠠᠮ ᠢ 20  

ᠲᠦᠮᠡᠨ  ᠺᠢᠯᠤᠮᠧᠲᠷ  ᠰᠢᠨ᠎ᠡ ᠪᠠᠷ  ᠵᠠᠰᠠᠵᠤ‌‍ᠲ᠋ᠡᠪᠢᠰᠦᠨ᠎ᠡ ᠭᠡᠵᠦ ᠳᠤᠷᠠᠳᠴᠠᠢ᠃        

       ᠵᠥᠭᠡᠯᠡᠨ ᠲᠣᠨᠤᠭ ᠠᠴᠠ ᠠᠪᠴᠤ ᠦᠵᠡᠪᠡᠯ᠂ ᠡᠨᠡ ᠵᠢᠯ ᠮᠤᠵᠢ ᠶᠢᠨ ᠱᠠᠲᠤᠨ ᠤ ᠵᠠᠰᠠᠭ ᠤᠨ  ᠣᠷᠳᠣᠨ ᠤ

 ᠨᠢᠭᠡᠳᠦᠯᠲᠡᠶ‌‍ᠲ᠋ᠥ᠋ᠯᠥᠪᠵᠢᠭᠦᠯᠬᠦ᠂ ᠨᠢᠭᠡᠳᠦᠯᠲᠡᠶ ᠰᠢᠯᠢᠨ ᠰᠣᠩᠭᠤᠬᠤ ᠬᠥᠳᠡᠭᠡ ᠲᠣᠰᠬᠤᠨ ᠤ ᠪᠠᠭᠰᠢ ᠶᠢ ᠨᠥᠬᠦᠪᠥᠷᠢᠯᠡᠬᠦ

ᠲᠣᠭᠲᠠᠴᠠ  ᠪᠠᠶᠢᠭᠤᠯᠬᠤ ᠵᠢ‌ᠵᠣᠷᠢᠭᠵᠢᠭᠤᠯᠵᠤ᠂ ᠬᠠᠷᠠᠭᠠᠯᠵᠠᠯ ᠢ ᠲᠣᠭᠲᠠᠭᠤᠨ ᠢᠶᠠᠷ  ᠳᠡᠭᠡᠭᠰᠢᠯᠡᠭᠦᠯᠬᠦ  ᠵᠡᠷᠭᠡ  ᠠᠷᠭ᠎ᠠ

 ᠬᠡᠮᠵᠢᠶ᠎ᠡ ᠪᠠᠷ  ᠳᠠᠮᠵᠢᠭᠤᠯᠤᠨ  ᠬᠥᠳᠡᠭᠡ‌‍ᠲ᠋ᠣᠰᠬᠤᠨ ᠤ  ᠪᠠᠭᠰᠢ ᠶᠢᠨ  ᠠᠵᠢᠯ ᠤᠨ  ᠪᠠᠶᠢᠷᠢ ᠶᠢᠨ  ᠲᠠᠲᠠᠬᠤ  

ᠬᠦᠴᠦᠨ ᠢ  ᠴᠢᠩᠭᠠᠷᠠᠭᠤᠯᠤᠨ᠎ᠠ  ᠃  ᠦᠨᠳᠦᠰᠦᠨ  ᠱᠠᠲᠤᠨ ‍ᠤ‌ᠡᠮᠨᠡᠯᠭᠡ ᠶᠢᠨ ᠠᠵᠢᠯᠲᠠᠳ ᠤᠨ ᠠᠵᠢᠯ ᠤᠨ

ᠪᠠᠶᠢᠷᠢ ᠶᠢᠨ ᠲᠠᠲᠠᠬᠤ ᠬᠦᠴᠦᠨ ᠢ ᠨᠡᠮᠡᠭᠳᠡᠭᠦᠯᠦᠨ᠂ ᠰᠢᠶᠠᠨ ᠤ ᠡᠮᠨᠡᠯᠭᠡ ᠶᠢᠨ  ᠬᠤᠷᠢᠶ᠎ᠠ‌‍ᠬᠢᠭᠡᠳ ᠰᠢᠶᠠᠩ

ᠪᠠᠯᠭᠠᠰᠤ ᠶᠢᠨ ᠡᠷᠡᠭᠦᠯ ᠬᠠᠮᠠᠭᠠᠯᠠᠯ ᠤᠨ  ᠬᠤᠷᠢᠶ᠎ᠠ ᠶᠢᠨ  ᠰᠢᠶᠠᠨ ᠤ  ᠬᠡᠪᠴᠢᠶᠡᠨ ᠤ  ᠡᠮᠨᠡᠯᠭᠡ ᠶᠢᠨ  

ᠬᠠᠮᠲᠤ ᠵᠢᠨ‌‍ᠴᠣᠭᠴᠠ ᠶᠢ ᠪᠠᠶᠢᠭᠤᠯᠬᠤ ᠶᠢ ᠵᠣᠷᠢᠭᠵᠢᠭᠤᠯᠵᠤ᠂ ᠬᠤᠳᠠ ᠶᠢᠨ ᠶᠡᠭᠡ ᠡᠮᠨᠡᠯᠭᠡ ᠶᠢᠨ  ᠬᠤᠷᠢᠶ᠎ᠠ  ᠬᠢᠭᠡᠳ  

ᠰᠢᠶᠠᠨ ᠤ  ᠡᠮᠨᠡᠯᠭᠡ ᠵᠢᠨ‌ᠬᠤᠷᠢᠶ᠎ᠠ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠲᠣᠭᠤᠷᠢᠨ ᠡᠮᠨᠡᠭᠦ ᠪᠠ

ᠠᠯᠤᠰ ᠠᠴᠠ  ᠡᠮᠨᠡᠬᠦ  ᠲᠣᠭᠲᠠᠴᠠ ᠵᠢ‌‍ᠪᠠᠶᠢᠭᠤᠯᠬᠤ ᠶᠢ ᠵᠣᠷᠢᠭᠵᠢᠭᠤᠯᠬᠤ ᠪᠤᠯᠤᠨ᠎ᠠ᠃

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号