ᠣᠪᠤᠭᠠᠨ ᠠᠭᠤᠯᠠ ᠶᠢᠨ ᠦᠵᠡᠮᠵᠢ ᠶᠢᠨ ᠴᠡᠭ ᠢ ᠢᠳᠡᠪᠬᠢᠲᠡᠢ ᠪᠥᠲᠦᠭᠡᠨ ᠪᠠᠶᠢᠭᠤᠯᠵᠤ ᠪᠣᠢ
ᠨᠡᠶᠢᠲᠡᠯᠡᠭᠰᠡᠨ ᠴᠠᠭ᠄
2019/6/11
       ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠥᠷᠯᠦᠭᠡ᠂ ᠦᠨᠳᠦᠷ ᠲᠤ ᠭᠠᠷᠴᠤ ᠠᠯᠤᠰ ᠢ ᠪᠠᠷᠠᠯᠠᠳᠠᠭ ᠣᠯᠠᠮᠵᠢᠯᠠᠯᠲᠤ ᠵᠠᠩ ᠥᠢᠯᠡ ᠶᠣᠰᠤᠭᠠᠷ᠂ ᠪᠣᠷᠤᠬᠤᠲᠠ ᠶᠢᠨ ᠭᠠᠵᠠᠷ ᠤᠨ ᠪᠠᠶᠢᠴᠠ ᠶᠢᠨ ᠬᠠᠮᠤᠭ ᠥᠨᠳᠦᠷ ᠴᠡᠭ ᠪᠣᠯᠬᠤ ᠣᠪᠤᠭᠠᠨ ᠠᠭᠤᠯᠠᠨ ᠳᠤ ᠬᠦᠮᠦᠨ ᠠᠮᠢᠲᠠᠨ ᠴᠣᠪᠤᠷᠠᠯᠳᠤᠨ ᠬᠦᠷ ᠨᠠᠷᠭᠢᠶᠠᠨ ᠢᠶᠠᠷ ᠳᠦᠭᠦᠷᠴᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃
     
             ᠣᠪᠤᠭᠠᠨ ᠠᠭᠤᠯᠠ ᠶᠢᠨ ᠣᠷᠤᠢ ᠶᠢᠨ ᠦᠵᠡᠮᠵᠢ ᠰᠤᠨᠢᠷᠬᠠᠬᠤ ᠳᠠᠪᠴᠠᠩ ᠬᠢᠭᠡᠳ ᠪᠠᠷᠠᠭᠤᠨ ᠠᠭᠤᠯᠠ ᠶᠢᠨ ᠠᠭᠤᠯᠠᠨ ᠪᠡᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠶᠡᠷᠦᠩᠬᠡᠢ ᠲᠥᠯᠦᠪᠯᠡᠭᠡᠨ ᠤ ᠲᠠᠯᠠᠪᠠᠢ ᠨᠢ 229 ᠲᠥᠮᠡᠨ ᠺᠦᠸᠠᠲ ᠮᠧᠲᠷ ᠪᠠᠶᠢᠵᠤ᠂ ᠡᠭᠦᠨ ᠳᠤ ᠣᠪᠤᠭᠠᠨ ᠠᠭᠤᠯᠠ ᠶᠢᠨ ᠣᠷᠤᠢ ᠶᠢᠨ ᠦᠵᠡᠮᠵᠢ ᠰᠤᠨᠢᠷᠬᠠᠬᠤ ᠳᠠᠪᠴᠠᠩ ᠤᠨ ᠢᠨᠵᠧᠨᠧᠷᠢᠩ ᠤᠨ ᠲᠥᠯᠦᠪᠯᠡᠭᠡᠨ ᠤ ᠲᠠᠯᠠᠪᠠᠢ ᠨᠢ 109 ᠲᠥᠮᠡᠨ ᠺᠦᠸᠠᠲ ᠮᠧᠲᠷ ᠪᠠᠶᠢᠵᠤ  ᠂ ᠭᠤᠷᠪᠠᠨ ᠬᠤᠭᠤᠴᠠᠭ᠎ᠠ ᠬᠤᠪᠢᠶᠠᠨ ᠪᠥᠲᠦᠭᠡᠨ ᠪᠠᠶᠢᠭᠤᠯᠵᠤ ᠪᠣᠢ᠃        ᠣᠪᠤᠭᠠᠨ ᠠᠭᠤᠯᠠ ᠶᠢᠨ ᠣᠷᠤᠢ ᠶᠢᠨ ᠦᠵᠡᠮᠵᠢ ᠰᠤᠨᠢᠷᠬᠠᠬᠤ ᠳᠠᠪᠴᠠᠩ ᠤᠨ ᠢᠨᠵᠧᠨᠧᠷᠢᠩ ᠨᠢ 2016 ᠣᠨ ᠳᠤ ᠨᠢᠭᠡᠳᠦᠭᠡᠷ ᠬᠤᠭᠤᠴᠠᠭᠠᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠨᠡᠶᠢᠲᠡ 110 ᠲᠥᠮᠡᠨ ᠺᠦᠪ ᠮᠧᠲᠷ ᠰᠢᠷᠤᠢ ᠳᠡᠪᠢᠰᠴᠤ᠂ 29 ᠲᠥᠮᠡᠨ ᠺᠦᠸᠠᠲ ᠮᠧᠲᠷ ᠭᠠᠵᠠᠷ ᠲᠤ ᠨᠣᠭᠤᠭᠠᠷᠠᠭᠤᠯᠤᠯᠲᠠ ᠬᠢᠵᠦ ᠂ 14 ᠲᠥᠮᠡᠨ ᠰᠠᠭᠤᠷᠢ ᠮᠣᠳᠤ ᠣᠶᠢᠵᠢᠭᠤᠯᠵᠤ᠂ ᠲᠤᠰᠤᠯᠭᠠᠨ ᠤᠰᠤᠯᠠᠬᠤ ᠤᠰᠤᠨ ᠬᠤᠭᠤᠯᠠᠢ ᠶᠢ 7100 ᠮᠧᠲᠷ ᠤᠷᠲᠤ ᠲᠠᠲᠠᠪᠠ᠃ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ 2017 ᠣᠨ ᠤ 4 ᠰᠠᠷ᠎ᠠ ᠳᠤ ᠠᠵᠢᠯ ᠢᠶᠠᠨ ᠡᠬᠢᠯᠡᠭᠦᠯᠵᠦ᠂ ᠭᠤᠣᠯᠳᠠᠭᠤ ᠠᠭᠤᠯᠠᠨ ᠣᠷᠤᠢ ᠶᠢᠨ ᠠᠭᠤᠳᠠᠮ ᠲᠠᠯᠠᠪᠠᠢ᠂ ᠤᠰᠤᠨ ᠰᠢᠰᠲ᠋ᠧᠮ᠂ ᠦᠵᠡᠮᠵᠢ ᠰᠣᠨᠢᠷᠬᠠᠬᠤ ᠳᠠᠪᠴᠠᠩ ᠵᠡᠷᠭᠡ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠪᠠᠭᠲᠠᠵᠤ᠂ ᠠᠭᠤᠯᠠᠨ ᠣᠷᠤᠢ ᠶᠢᠨ ᠤᠰᠤᠨ ᠰᠢᠰᠲ᠋ᠧᠮ ᠤᠨ ᠬᠦᠷᠬᠢᠷ᠎ᠡ᠂ ᠯᠤᠤᠲᠤ ᠪᠠᠭᠠᠨ᠎ᠠ᠂ ᠮᠣᠳᠤᠨ ᠵᠠᠮ ᠬᠢᠭᠡᠳ ᠦᠵᠡᠮᠵᠢ ᠰᠣᠨᠢᠷᠬᠠᠬᠤ ᠳᠠᠪᠴᠠᠩ ᠤᠨ ᠢᠨᠵᠧᠨᠧᠷᠢᠩ ᠢ ᠪᠠᠶᠢᠭᠤᠯᠬᠤ ᠪᠠᠶᠢᠵᠤ᠂ ᠣᠳᠤᠬᠠᠨ ᠳᠤ ᠪᠥᠬᠦ ᠢᠨᠵᠧᠨᠧᠷᠢᠩ ᠤᠨ 95% ᠶᠢ ᠪᠡᠶᠡᠯᠡᠭᠦᠯᠦᠭᠰᠡᠨ ᠪᠠᠶᠢᠨ᠎ᠠ᠃ 2014 ᠣᠨ ᠤ 4 ᠰᠠᠷ᠎ᠠ ᠳᠤ ᠳᠠᠬᠢᠨ ᠠᠵᠢᠯ ᠢᠶᠠᠨ ᠥᠷᠭᠦᠯᠵᠢᠯᠡᠭᠦᠯᠵᠦ᠂ ᠨᠥᠬᠦᠨ ᠨᠣᠭᠤᠭᠠᠷᠠᠭᠤᠯᠤᠯᠲᠠ ᠬᠢᠵᠦ᠂ 2018 ᠣᠨ ᠤ 6 ᠰᠠᠷ᠎ᠠ ᠳᠤ ᠪᠥᠬᠦᠨ ᠢ ᠪᠡᠶᠡᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠪᠣᠯᠬᠤ ᠣᠪᠤᠭᠠᠨ ᠠᠭᠤᠯᠠ ᠶᠢᠨ ᠬᠤᠷᠮᠣᠢ ᠳᠠᠬᠢ ᠰᠠᠭᠤᠭᠠᠯᠢ ᠠᠷᠠᠳ ᠤᠨ ᠵᠤᠭᠠᠯᠠᠵᠤ ᠰᠡᠯᠡᠭᠦᠴᠡᠬᠦ ᠣᠷᠤᠨ ᠤ ᠪᠥᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠣᠯᠤᠨ᠎ᠠ᠃         ᠪᠠᠷᠠᠭᠤᠨ ᠠᠭᠤᠯᠠᠨ ᠤ ᠠᠭᠤᠯᠠᠨ ᠪᠡᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠲᠥᠯᠦᠪᠵᠢᠭᠦᠯᠭᠡ ᠶᠢᠨ ᠲᠠᠯᠠᠪᠠᠢ ᠨᠢ 120 ᠲᠥᠮᠡᠨ ᠺᠦᠸᠠᠲ ᠮᠧᠲᠷ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠥᠲᠦᠭᠡᠨ ᠪᠠᠶᠢᠭᠤᠯᠤᠨ᠎ᠠ᠃ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ 2017 ᠣᠨ ᠤ 4 ᠰᠠᠷ᠎ᠠ ᠳᠤ ᠡᠬᠢᠯᠡᠨ᠂ ᠨᠣᠭᠤᠭᠠᠷᠠᠭᠤᠯᠤᠯᠲᠠ ᠶᠢᠨ ᠲᠠᠯᠠᠪᠠᠢ ᠨᠢ  65ᠲᠥᠮᠡᠨ ᠺᠦᠸᠠᠲ ᠮᠧᠲᠷ ᠪᠠᠶᠢᠵᠤ᠂ ᠡᠭᠦᠯᠡᠨ ᠴᠦᠬᠦᠷᠰᠦ᠂ ᠲᠤᠰᠤᠲᠤ ᠨᠠᠷᠠᠰᠤ ᠵᠡᠷᠭᠡ ᠪᠣᠲᠠᠯᠢᠭ ᠮᠣᠳᠤ ᠶᠢ 91513 ᠰᠠᠭᠤᠷᠢ ᠵᠠᠶᠢᠯᠠᠵᠤ᠂  ᠪᠣᠷᠤ ᠬᠤᠩᠭᠤᠷᠴᠤᠭᠲᠤ ᠮᠣᠳᠤ᠂ ᠠᠷᠴᠠ ᠵᠡᠷᠭᠡ ᠲᠣᠷᠤᠭ ᠮᠣᠳᠤ ᠶᠢ 24.1 ᠲᠥᠮᠡᠨ ᠰᠠᠭᠤᠷᠢ ᠲᠠᠷᠢᠵᠤ ᠣᠶᠢᠵᠢᠭᠤᠯᠵᠤ᠂ ᠨᠡᠶᠢᠲᠡ ᠤᠷᠲᠤ ᠨᠢ 6720 ᠮᠧᠲᠷ ᠪᠣᠯᠬᠤ ᠠᠭᠤᠯᠠ ᠣᠷᠢᠶᠠᠭᠰᠠᠨ ᠵᠠᠮ ᠤᠨ ᠪᠥᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ 2018 ᠣᠨ ᠤ 4 ᠰᠠᠷ᠎ᠠ ᠠᠴᠠ ᠡᠬᠢᠯᠡᠨ ᠠᠵᠢᠯ ᠢᠶᠠᠨ ᠥᠷᠭᠦᠯᠵᠢᠯᠡᠭᠦᠯᠵᠦ᠂ ᠨᠥᠬᠦᠨ‌ᠨᠣᠭᠤᠭᠠᠷᠠᠭᠤᠯᠤᠯᠲᠠ ᠬᠢᠵᠦ᠂ 2018 ᠣᠨ ᠤ 6 ᠰᠠᠷ᠎ᠠ ᠳᠤ ᠪᠥᠬᠦᠨ ᠢ ᠪᠡᠶᠡᠯᠡᠭᠦᠯᠵᠦ᠂ ᠳᠣᠬᠢᠷᠠᠮᠵᠢᠲᠠᠢ ᠦᠶ᠎ᠡ ᠳᠤ ᠬᠤᠶᠠᠳᠡᠬᠢ ᠬᠤᠭᠤᠴᠠᠭᠠᠨ ᠤ ᠢᠨᠵᠧᠨᠧᠷᠢᠩ ᠢᠶᠠᠨ ᠡᠬᠢᠯᠡᠭᠦᠯᠬᠦ ᠪᠠᠷ ᠪᠠᠶᠢᠨ᠎ᠠ᠃ ᠳᠠᠷᠠᠭᠠᠴᠢ ᠶᠢᠨ ᠠᠯᠬᠤᠮ ᠳᠤ ᠲᠣᠭᠤᠰᠬᠠᠨ ᠥᠢᠯᠡᠳᠪᠦᠷᠢ ᠪᠠ ᠠᠷᠢᠬᠢᠨ ᠥᠢᠯᠡᠳᠪᠦᠷᠢ ᠶᠢ ᠨᠡᠭᠦᠯᠭᠡᠨ᠂ 434 ᠮᠦ ᠭᠠᠵᠠᠷ ᠰᠢᠷᠤᠢ ᠳᠤ ᠨᠣᠭᠤᠭᠠᠷᠠᠭᠤᠯᠤᠯᠲᠠ ᠬᠢᠬᠦ ᠪᠠᠷ ᠲᠥᠯᠦᠪᠯᠡᠵᠦ ᠪᠠᠶᠢᠨ᠎ᠠ᠃        ᠲᠤᠰ ᠲᠥᠷᠦᠯ ᠵᠦᠢᠯ ᠢ ᠪᠥᠲᠦᠭᠡᠨ ᠪᠠᠶᠢᠭᠤᠯᠵᠤ ᠠᠰᠢᠭᠯᠠᠯᠲᠠ ᠳᠤ ᠣᠷᠤᠭᠤᠯᠬᠤ ᠨᠢ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠶᠡᠭᠡ ᠪᠠᠷ ᠨᠡᠮᠡᠭᠳᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠨᠢᠭᠡᠨ ᠠᠮᠢ ᠠᠬᠤᠢ ᠶᠢᠨ ᠦᠵᠡᠮᠵᠢ ᠶᠢᠨ ᠣᠷᠤᠨ᠂ ᠰᠡᠯᠡᠭᠦᠴᠡᠵᠦ ᠵᠤᠭᠠᠴᠠᠬᠤ᠂ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠬᠤ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠤᠭᠰᠠᠨ ᠲᠠᠭᠠᠲᠠᠢ ᠣᠷᠤᠨ ᠵᠠᠢ ᠶᠢ ᠬᠠᠩᠭᠠᠬᠤ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号