ᠪᠦᠬᠦ ᠬᠤᠰᠢᠭᠤᠨ ᠤ ᠥᠷᠭᠡᠨ ᠤᠯᠠᠨ ᠮᠠᠯᠴᠢᠨ ᠲᠠᠷᠢᠶᠠᠴᠢᠨ ᠳᠤ ᠢᠯᠡᠭᠡᠭᠰᠡᠨ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2019/6/28
ᠪᠦᠬᠦ ᠬᠤᠰᠢᠭᠤᠨ ᠤ ᠥᠷᠭᠡᠨ ᠤᠯᠠᠨ ᠮᠠᠯᠴᠢᠨ ᠲᠠᠷᠢᠶᠠᠴᠢᠨ ᠲᠠᠨ᠎ᠠ᠄        ᠳᠡᠭᠡᠳᠦ ᠱᠠᠲᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠥᠷᠨᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠶᠠᠳᠠᠭᠤ ᠶᠢ ᠲᠡᠳᠬᠦᠬᠦ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠵᠤ᠂ ᠣᠩᠨᠢᠭᠤᠳ ᠬᠤᠰᠢᠭᠤ ᠪᠦᠬᠦ ᠬᠤᠰᠢᠭᠤᠨ ᠤ ᠶᠠᠳᠠᠭᠤ ᠶᠢ ᠲᠡᠳᠬᠦᠬᠦ ᠰᠢᠰᠲ᠋ᠧᠮ ᠤᠨ ᠳᠣᠲᠣᠷ᠎ᠠ ᠲᠤᠰᠬᠠᠢ ᠴᠡᠭᠴᠡᠯᠡᠨ ᠵᠠᠰᠠᠬᠤ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠥᠷᠨᠢᠭᠦᠯᠵᠦ ᠪᠠᠶᠢᠭ᠎ᠠ ᠨᠢ᠂ ᠶᠠᠳᠠᠭᠤ ᠶᠢ ᠲᠡᠳᠬᠦᠬᠦ ᠬᠦᠷᠢᠶᠡᠨ  ᠳᠤ ᠣᠷᠣᠰᠢᠵᠤ ᠪᠠᠶᠢᠭ᠎ᠠ ᠰᠤᠷᠲᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠶᠠᠳᠠᠭᠤ ᠶᠢ ᠲᠡᠳᠬᠦᠬᠦ ᠬᠦᠷᠢᠶᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠬᠤ ᠦᠵᠡᠭᠳᠡᠯ ᠢ ᠪᠦᠲᠦᠮᠵᠢᠲᠡᠢ ᠵᠠᠰᠠᠵᠤ᠂ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠬᠦ ᠬᠤᠰᠢᠭᠤᠨ ᠤ ᠲᠣᠭᠲᠠᠭᠰᠠᠨ ᠴᠠᠭ ᠲᠠᠭᠠᠨ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠰᠤᠷᠲᠠᠯ ᠤᠨ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ᠃       ᠨᠢᠭᠡ᠂ ᠶᠠᠳᠠᠭᠤ ᠶᠢ ᠲᠡᠳᠬᠦᠬᠦ ᠬᠦᠷᠢᠶᠡᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠣᠯᠳᠠᠯᠭ᠎ᠠ      ︵ᠨᠢᠭᠡ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠶᠴᠡᠳᠬᠡᠬᠦ ᠲᠠᠯ᠎ᠠ ᠪᠠᠷ᠃ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢ ᠭᠦᠨᠵᠡᠭᠡᠢ ᠰᠤᠷᠤᠯᠴᠠᠭᠰᠠᠨ ᠨᠢ ᠪᠦᠬᠦ ᠲᠠᠯ᠎ᠠ ᠶᠢᠨ ᠪᠢᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠤᠬᠠᠢ ᠲᠠᠨᠢᠯᠲᠠ ᠬᠦᠷᠦᠯᠴᠡᠬᠦ ᠦᠭᠡᠢ᠂ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠣᠪᠣᠷ ᠨᠢ ᠡᠷᠡᠰ ᠪᠠᠲᠤ ᠪᠢᠰᠢ᠂ ᠠᠵᠢᠯ ᠨᠢ ᠯᠠᠪᠳᠠᠭᠤᠨ ᠪᠠᠲᠤᠲᠠᠢ ᠪᠢᠰᠢ ᠵᠡᠷᠭᠡ ᠠᠰᠠᠭᠤᠳᠠᠯ ᠢ ᠴᠡᠭᠴᠡᠯᠡᠨ ᠵᠠᠰᠠᠨ᠎ᠠ︔ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠢᠨᠠᠯᠲᠠ ᠬᠠᠮᠢᠶᠠᠷᠤᠯᠲᠠ ᠴᠢᠩᠭ᠎ᠠ ᠪᠢᠰᠢ᠂ ᠬᠠᠷᠢᠯᠴᠠᠨ ᠲᠦᠯᠬᠢᠯᠴᠡᠵᠦ᠂ ᠠᠵᠢᠯ ᠬᠢᠬᠦ ᠦᠭᠡᠢ᠂ ᠠᠵᠢᠯ ᠬᠢᠬᠦ ᠶᠢ ᠤᠳᠠᠭᠠᠰᠢᠷᠠᠭᠤᠯᠬᠤ᠂ ᠳᠤᠷ᠎ᠠ ᠪᠠᠷ ᠢᠶᠠᠨ ᠬᠢᠬᠦ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ︵ᠬᠤᠶᠠᠷ︶ ᠨᠠᠷᠢᠯᠢᠭ ᠣᠨᠤᠪᠴᠢᠲᠠᠢ ᠪᠠᠷ ᠢᠯᠭᠠᠨ ᠲᠠᠨᠢᠵᠤ ᠨᠠᠷᠢᠯᠢᠭ ᠣᠨᠤᠪᠴᠢᠲᠠᠢ ᠪᠠᠷ ᠤᠬᠤᠷᠢᠨ ᠭᠠᠷᠬᠤ ᠲᠠᠯ᠎ᠠ ᠪᠠᠷ᠃ ᠶᠠᠳᠠᠭᠤ ᠬᠦᠴᠢᠷᠳᠡᠯᠲᠡᠢ ᠬᠥᠮᠥᠨ ᠠᠮᠠ ᠶᠢ ᠤᠨᠢᠨ ᠳᠡᠭᠡᠷ᠎ᠡ ᠨᠢ ᠢᠯᠭᠠᠨ ᠲᠠᠨᠢᠬᠤ ᠲᠠᠯ᠎ᠠ ᠪᠠᠷ ᠢᠳᠡᠬᠦ ᠠᠪᠬᠤ ᠭᠠᠴᠢᠬᠤ ᠨᠡᠬᠡᠬᠦ᠂ ᠲᠥᠷᠥᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ ᠵᠢᠴᠢ ᠪᠠᠷᠢᠮᠵᠢᠶ᠎ᠠ ᠪᠠ ᠵᠢᠷᠤᠮ  ᠢ ᠴᠢᠩᠭ᠎ᠠ ᠬᠡᠷᠡᠭᠵᠢᠭᠦᠯᠦᠭᠰᠡᠨ ᠦᠭᠡᠢ ᠠᠴᠠ ᠪᠣᠯᠵᠤ ᠪᠤᠷᠤᠭᠤ ᠦᠨᠡᠯᠡᠯᠲᠡ ᠬᠢᠵᠦ ᠣᠷᠬᠢᠭᠳᠠᠭᠤᠯᠤᠭᠰᠠᠨ ᠠᠰᠠᠭᠤᠳᠠᠯ  ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ︔ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠵᠢᠭᠠᠯᠲᠠ ᠲᠤᠭ᠎ᠠ ᠶᠢᠨ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠤᠯᠬᠤ᠂ ᠲᠣᠭᠠᠴᠢᠯᠠᠭᠰᠠᠨ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠤᠯᠬᠤ᠂ ᠳᠠᠩᠰᠠ ᠪᠣᠳᠣᠬᠤ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠣᠷᠣᠰᠢᠵᠤ ᠪᠠᠶᠢᠨ᠎ᠠ᠃      ︵ᠭᠤᠷᠪᠠ︶ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠲᠠᠯ᠎ᠠ  ᠪᠠᠷ᠃ ᠶᠠᠳᠠᠭᠤ ᠶᠢ ᠲᠡᠳᠬᠦᠬᠦ ᠪᠡᠯᠡ ᠮᠥᠩᠭᠦ ᠳᠤ ᠣᠷᠣᠰᠢᠵᠤ ᠪᠠᠶᠢᠭ᠎ᠠ ᠱᠠᠮᠰᠢᠨ ᠡᠵᠡᠯᠡᠬᠦ᠂ ᠬᠡᠭᠡᠯᠢ ᠲᠦᠯᠬᠢᠵᠦ ᠬᠠᠭ᠋ᠤᠤᠯᠢ ᠢᠳᠡᠬᠦ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ᠂ ᠪᠦᠷᠢᠯᠭᠡᠨ ᠰᠦᠢᠳᠬᠡᠬᠦ᠂ ᠰᠤᠯᠠ ᠲᠠᠯᠪᠢᠵᠤ ᠰᠠᠭᠠᠲᠠᠭᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠶᠯ ᠢ ᠬᠡᠷᠡᠭᠵᠢᠭᠦᠯᠬᠦ ᠪᠠ ᠨᠠᠷᠢᠯᠢᠭ ᠣᠨᠤᠪᠴᠢᠲᠠᠢ ᠪᠠᠷ ᠬᠠᠪᠰᠤᠷᠤᠨ ᠲᠡᠳᠬᠦᠬᠦ ᠵᠡᠷᠭᠡ ᠭᠤᠭᠴᠤᠭᠠᠨ ᠳᠤ ᠳᠦᠷᠢᠮ ᠠᠴᠠ ᠵᠥᠷᠢᠴᠡᠨ ᠠᠵᠢᠯᠯᠠᠬᠤ᠂ ᠡᠷᠬᠡ ᠲᠤᠰᠢᠶᠠᠯ ᠢᠶᠠᠨ ᠳᠤᠷ᠎ᠠ ᠪᠠᠷ  ᠢᠶᠠᠨ ᠬᠡᠷᠡᠭᠯᠡᠬᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠵᠡᠷᠭᠡ ᠠᠰᠠᠭᠤᠳᠠᠯ᠃ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ᠂ ᠲᠥᠷᠥᠯ ᠵᠦᠶᠯ᠂ ᠪᠠᠯᠠ ᠮᠥᠩᠭᠦ ᠵᠡᠷᠭᠡ ᠮᠡᠳᠡᠭᠡ ᠵᠠᠩᠭᠢ ᠶᠢ ᠢᠯᠠ ᠪᠣᠯᠭᠠᠭᠰᠠᠨ ᠥᠬᠡᠶ᠂ ᠢᠯᠠ ᠲᠣᠳᠣ ᠪᠤᠰᠤ ᠵᠡᠷᠭᠡ ᠠᠰᠠᠭᠤᠳᠠᠯ᠃      ︵ᠳᠥᠷᠪᠡ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠲᠠᠯ᠎ᠠ ᠪᠠᠷ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾  ᠳᠣᠪᠤᠶᠢᠮ᠎ᠠ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠪᠠᠷᠢᠮᠵᠢᠶ᠎ᠠ ᠶᠢ ᠪᠠᠭᠤᠷᠠᠭᠤᠯᠬᠤ᠂ ᠶᠠᠰᠤ ᠴᠢᠨᠠᠷ ᠪᠠ ᠥᠩᠭᠡ ᠪᠣᠳᠤᠭ ᠢ ᠨᠥᠯᠥᠭᠡᠯᠡᠬᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠬᠡᠯᠪᠡᠷᠢ ᠶᠢ ᠴᠢᠬᠤᠯᠠᠴᠢᠯᠠᠵᠤ᠂ ᠦᠷ᠎ᠡ ᠪᠦᠲᠦᠮᠵᠢ ᠶᠢ ᠬᠥᠩᠭᠡᠪᠴᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠭᠰᠡᠨ ᠦᠭᠡᠢ ᠠᠰᠠᠭᠤᠳᠠᠯ᠃      ᠬᠤᠶᠠᠷ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠪᠠᠶᠢᠳᠠᠯ      ( ᠨᠢᠭᠡ ) ᠲᠥᠷᠥᠯ ᠤᠭᠰᠠᠭ᠎ᠠ ᠣᠪᠣᠭ ᠲᠥᠷᠥᠯ ᠤᠨ ᠬᠦᠴᠦᠨ ᠢ ᠠᠰᠢᠭᠯᠠᠨ ᠶᠠᠳᠠᠭᠤ ᠶᠢ ᠲᠡᠳᠬᠦᠬᠦ ᠡᠷᠦᠬᠡ  ᠶᠢ ᠢᠯᠭᠠᠨ ᠲᠠᠨᠢᠬᠤ᠂ ᠤᠬᠤᠷᠢᠨ ᠭᠠᠷᠬᠤ ᠠᠵᠢᠯ ᠳᠤ ᠭᠠᠷ ᠲᠦᠷᠦᠭᠦ        ( ᠬᠤᠶᠠᠷ ) ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠲᠦᠷᠢᠶᠡᠰᠦᠨ ᠭᠠᠵᠠᠷ᠂ ᠵᠣᠬᠢᠮᠵᠢᠲᠠᠢ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠭᠠᠵᠠᠷ ᠳᠠᠲᠠᠪᠤᠷᠢᠯᠠᠬᠤ᠂  ᠨᠠᠷᠢᠯᠢᠭ ᠣᠨᠤᠪᠴᠢᠲᠠᠢ ᠪᠠᠷ ᠡᠷᠦᠬᠡ ᠳᠤ ᠬᠦᠷᠭᠡᠬᠦ ᠲᠥᠷᠥᠯ ᠵᠦᠢᠯ  ᠤᠨ ᠬᠤᠪᠢᠶᠠᠷᠢᠯᠠᠯᠲᠠ ᠵᠡᠷᠭᠡ ᠲᠠᠯ᠎ᠠ ᠪᠠᠷ ᠤᠯᠠᠨ ᠲᠦᠮᠡᠨ ᠢ ᠥᠳᠥᠭᠡᠨ ᠦᠢᠮᠡᠭᠡᠨ ᠭᠠᠷᠭᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ      ( ᠭᠤᠷᠪᠠ ) ᠶᠠᠳᠠᠭᠤ ᠶᠢ ᠲᠡᠳᠬᠦᠬᠦ ᠬᠦᠷᠢᠶᠡᠨ ᠳᠠᠬᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠵᠠᠯᠭᠢᠭᠰᠠᠨ ᠬᠠᠷ᠎ᠠ ᠬᠠᠷᠭᠢᠰ ᠬᠦᠴᠦᠨ      ︵ᠳᠥᠷᠪᠡ︶ ᠶᠠᠳᠠᠭᠤ ᠶᠢ ᠲᠡᠳᠬᠦᠬᠦ ᠬᠦᠷᠢᠶᠡᠨ ᠳᠤ ᠬᠤᠯᠪᠣᠭᠳᠠᠭᠰᠠᠨ ᠪᠤᠰᠤᠳ ︽ᠬᠠᠷ᠎ᠠ︾ ︽ᠮᠠᠭᠤ︾ ︽ᠰᠠᠮᠠᠭᠤᠨ︾ ᠦᠵᠡᠭᠳᠡᠯ᠃      ᠭᠤᠷᠪᠠ᠂ ᠢᠯᠡᠴᠢᠯᠡᠨ ᠮᠡᠳᠡᠭᠦᠯᠬᠦ ᠠᠷᠭ᠎ᠠ      ︵ᠨᠢᠭᠡ︶ ᠢᠯᠡᠴᠢᠯᠡᠨ ᠮᠡᠳᠡᠭᠦᠯᠬᠦ ᠤᠲᠠᠰᠤ᠄ 0476 — 6360550      ︵ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 00 — 11᠄ 30᠂ ᠦᠳᠡ ᠶᠢᠨ ᠬᠤᠶᠢᠨ᠎ᠠ 14᠄ 30 — 17᠄ 30︶      ( ᠬᠤᠶᠠᠷ ) ᠢᠯᠡᠴᠢᠯᠡᠨ ᠮᠡᠳᠡᠭᠦᠯᠬᠦ ᠡᠯᠧᠺᠲᠷᠤᠨ ᠰᠢᠤᠳᠠᠨ ᠬᠠᠶᠢᠷᠴᠠᠭ᠄ wntqfpkf@163.com      ᠥᠷᠭᠡᠨ ᠤᠯᠠᠨ ᠮᠠᠯᠴᠢᠨ ᠲᠠᠷᠢᠶᠠᠴᠢᠨ ᠤᠯᠠᠨ ᠲᠦᠮᠡᠨ ᠶᠠᠳᠠᠭᠤ ᠶᠢ ᠲᠡᠳᠬᠦᠬᠦ ᠬᠦᠷᠢᠶᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠢᠳᠡᠪᠬᠢᠲᠡᠢ ᠢᠯᠡᠴᠢᠯᠡᠨ ᠮᠡᠳᠡᠭᠦᠯᠵᠦ᠂ ᠪᠢᠳᠡᠨ  ᠢ ᠬᠠᠪᠰᠤᠷᠤᠨ ᠶᠠᠳᠠᠭᠤ ᠶᠢ ᠲᠡᠳᠬᠦᠬᠦ ᠬᠦᠷᠢᠶᠡᠨ ᠳᠤ ᠣᠷᠣᠰᠢᠵᠤ ᠪᠠᠶᠢᠭ᠎ᠠ ᠰᠤᠷᠲᠠᠯ ᠤᠨ ᠠᠰᠠᠭᠤᠳᠠᠯ ᠢ ᠢᠯᠡᠷᠡᠭᠦᠯᠬᠦ ᠪᠠ ᠵᠢᠭᠠᠨ ᠭᠠᠷᠭᠠᠵᠤ᠂ ᠶᠠᠳᠠᠭᠤ ᠶᠢ ᠲᠡᠳᠬᠦᠬᠦ ᠦᠢᠯᠡᠰ ᠤᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ᠃             ᠣᠩᠨᠢᠭᠤᠳ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠪᠠᠭ᠎ᠠ ᠳᠣᠭᠤᠶᠢᠯᠠᠩ ᠤᠨ ᠠᠯᠪᠠᠨ ᠭᠡᠷ         2019 ᠣᠨ 6 ᠰᠠᠷ᠎ᠠ ᠶᠢᠨ 20 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号