ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠡᠭᠡᠷ᠎ᠡ ᠬᠠᠭᠠᠰ ᠵᠢᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠰᠢᠨ᠎ᠡ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2019/7/10
      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠠᠶᠤᠯᠭᠦᠶ ᠦᠶᠯᠡᠳᠪᠦᠷᠢᠯᠡᠯ ᠤᠨ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃       ᠨᠢᠭᠡ᠂ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠰᠢᠰᠲ᠋ᠧᠮ ᠤᠨ ᠳᠣᠲᠣᠷᠠᠬᠢ ᠡᠯ᠎ᠡ ᠨᠢᠭᠡᠴᠡ ᠨᠦᠭᠦᠳ ᠠᠶᠤᠯᠭᠦᠢ ᠦᠶᠯᠡᠳᠪᠦᠷᠢᠯᠡᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ 6 ᠤᠳᠠᠭ᠎ᠠ ᠬᠤᠷᠠᠯᠳᠤᠭᠤᠯᠵᠤ᠂ ᠠᠶᠤᠯᠭᠦᠢ ᠦᠶᠯᠡᠳᠪᠦᠷᠢᠯᠡᠯ ᠤᠨ ᠠᠭᠤᠯᠭ᠎ᠠ ᠳᠤ ᠬᠤᠯᠪᠣᠭᠳᠠᠭᠰᠠᠨ ᠡᠯ᠎ᠡ ᠲᠥᠷᠥᠯ ᠤᠨ ᠬᠤᠷᠠᠯ ᠢ 20 ᠰᠢᠬᠠᠮ ᠤᠳᠠᠭ᠎ᠠ ᠬᠤᠷᠠᠯᠳᠤᠭᠤᠯᠪᠠ᠃       ᠬᠤᠶᠠᠷ᠂《 ᠠᠶᠤᠯ ᠦᠭᠡᠢ ᠦᠶᠯᠡᠳᠪᠦᠷᠢᠯᠡᠯ ᠤᠨ ᠰᠠᠷ᠎ᠠ 》ᠪᠣᠯᠤᠨ《 ᠠᠶᠤᠯ ᠦᠭᠡᠢ ᠦᠶᠯᠡᠳᠪᠦᠷᠢᠯᠡᠯ  ᠤᠨ ᠲᠦᠮᠡᠨ ᠭᠠᠵᠠᠷ ᠤᠨ ᠠᠶᠠᠯᠠᠯ 》 ᠢᠶᠠᠷ ᠲᠣᠬᠢᠶᠠᠯ ᠪᠣᠯᠭᠠᠨ᠂ ᠠᠶᠤᠯ ᠦᠭᠡᠢ ᠦᠶᠯᠡᠳᠪᠦᠷᠢᠯᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠯᠠᠪᠯᠠᠯᠲᠠ ᠵᠡᠷᠭᠡ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠨᠢ ᠤᠬᠠᠭᠤᠯᠬᠤ ᠲᠡᠷᠭᠡ ᠶᠢ 8 ᠤᠳᠠᠭ᠎ᠠ ᠬᠥᠳᠡᠯᠭᠡᠵᠦ᠂ 18 ᠵᠤᠷᠪᠤᠰ ᠤᠬᠠᠭᠤᠯᠭ᠎ᠠ ᠶᠢᠨ ᠤᠷᠢᠶ᠎ᠠ ᠯᠣᠽᠦ᠋ᠩ ᠢ ᠡᠯᠭᠦᠵᠦ᠂ 1500 ᠬᠤᠪᠢ ᠤᠬᠠᠭᠤᠯᠬᠤ ᠬᠠᠭᠤᠳᠠᠰᠤ ᠲᠠᠷᠬᠠᠭᠠᠵᠠᠶ᠃       ᠭᠤᠷᠪᠠ᠂ 2019 ᠣᠨ ᠤ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠢ ᠦᠶᠯᠡᠳᠪᠦᠷᠢᠯᠡᠯ ᠤᠨ ᠮᠡᠳᠡᠯᠭᠡ ᠶᠢᠨ ᠪᠣᠯᠪᠠᠰᠤᠷᠠᠭᠤᠯᠤᠯ ᠤᠨ ᠠᠩᠭᠢ ᠶᠢ ᠠᠮᠵᠢᠯᠲᠠ ᠲᠠᠢ ᠡᠷᠬᠢᠯᠡᠵᠦ᠂ ᠵᠠᠮ ᠲᠡᠭᠡᠭᠡᠪᠦᠷᠢ ᠶᠢᠨ ᠲᠣᠪᠴᠢᠶ᠎ᠠ᠂ ᠲᠣᠪᠴᠢᠶ᠎ᠠ ᠳᠤ ᠬᠠᠷᠢᠶᠠᠯᠠᠭᠳᠠᠬᠤ ᠡᠯ᠎ᠡ ᠨᠢᠭᠡᠴᠡ ᠶᠢᠨ ᠪᠠᠭ ᠤᠨ ᠪᠦᠷᠢᠯᠳᠦᠬᠦᠨ ᠪᠣᠯᠤᠨ ᠲᠣᠰ ᠨᠢᠭᠡᠴᠡ ᠶᠢᠨ ᠠᠶᠤᠯᠭᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ᠂ ᠡᠯ᠎ᠡ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠯᠪᠠᠨ ᠭᠡᠷ ᠤᠨ ᠪᠦᠬᠦ ᠠᠵᠢᠯᠲᠠᠨ ᠪᠣᠯᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠮᠠᠰᠢᠨ ᠲᠡᠷᠭᠡ ᠰᠡᠯᠪᠢᠨ ᠵᠠᠰᠠᠵᠤ ᠡᠵᠡᠩᠨᠡᠵᠦ ᠪᠠᠶᠢᠭ᠎ᠠ ᠠᠵᠤ ᠠᠬᠤᠶᠢᠯᠠᠯ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠵᠠᠮ ᠲᠡᠭᠡᠭᠡᠪᠦᠷᠢ ᠶᠢᠨ ᠥᠷᠲᠡᠭᠡ ( ᠲᠠᠯᠠᠪᠠᠢ ) ᠡᠵᠡᠩᠨᠡᠵᠦ ᠪᠠᠶᠢᠭ᠎ᠠ ᠠᠵᠤ ᠠᠬᠤᠶᠢᠯᠠᠯ᠂ ᠬᠤᠲᠠ ( ᠬᠤᠲᠠ ᠬᠥᠳᠡᠭᠡ ) ᠶᠢᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠪᠠᠶᠢᠭᠤᠯᠵᠤ ᠪᠠᠶᠢᠭ᠎ᠠ ᠢᠨᠵᠧᠨᠧᠷᠢᠩ ᠤᠨ ᠪᠠᠷᠢᠯᠭ᠎ᠠ ᠶᠢᠨ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠵᠠᠰᠠᠮᠠᠯ ᠵᠠᠮ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠥᠷᠥᠯ ᠵᠦᠶᠯ ᠤᠨ ᠬᠠᠷᠢᠭᠤᠴᠠᠯᠭᠠᠲᠠᠨ ᠵᠡᠷᠭᠡ 70 ᠭᠠᠷᠤᠶ ᠬᠥᠮᠦᠨ ᠣᠷᠣᠯᠴᠠᠪᠠ᠃       ᠳᠦᠷᠪᠡ᠂ ᠡᠯ᠎ᠡ ᠨᠢᠭᠡᠴᠡ ᠶᠢ ᠰᠢᠮᠳᠠᠭᠤᠯᠵᠤ ᠪᠠᠶᠢᠭᠠᠳ ᠠᠶᠤᠯᠭᠦᠢ ᠦᠶᠯᠡᠳᠪᠦᠷᠢᠯᠡᠯ ᠤᠨ ᠪᠣᠯᠪᠠᠰᠤᠷᠠᠭᠤᠯᠤᠯ  ᠤᠨ ᠡᠷᠴᠢᠮ ᠢ ᠨᠢ ᠵᠣᠬᠢᠴᠠᠩᠭᠤᠶ ᠪᠠᠷ ᠨᠡᠮᠡᠭᠳᠡᠭᠦᠯᠵᠦ᠂ ᠡᠯ᠎ᠡ ᠲᠥᠷᠥᠯ ᠤᠨ ᠠᠶᠤᠯᠭᠦᠢ ᠦᠶᠯᠡᠳᠪᠦᠷᠢᠯᠡᠯ ᠤᠨ ᠪᠣᠯᠪᠠᠰᠤᠷᠠᠭᠤᠯᠤᠯ ᠤᠨ ᠠᠩᠭᠢ ᠶᠢ 7 ᠬᠤᠭᠤᠴᠠᠭ᠎ᠠ ᠡᠷᠬᠢᠯᠡᠵᠦ᠂ 265 ᠬᠦᠮᠦᠨ ᠤᠳᠠᠭ᠎ᠠ ᠪᠣᠯᠪᠠᠰᠤᠷᠠᠭᠤᠯᠤᠯ  ᠳᠤ ᠣᠷᠤᠯᠴᠠᠪᠠ᠃       ᠲᠠᠪᠤ᠂ ᠪᠦᠬᠦ ᠰᠢᠰᠲ᠋ᠧᠮ ᠳᠤ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ 2 ᠤᠳᠠᠭ᠎ᠠ ᠥᠷᠨᠢᠭᠦᠯᠵᠦ᠂ ᠡᠳᠦᠷ ᠲᠣᠲᠤᠮ ᠤᠨ ᠬᠡᠮ ᠰᠣᠭᠤᠭ ᠢ 34 ᠤᠳᠠᠭ᠎ᠠ ᠵᠢᠭᠰᠠᠭᠠᠨ ᠪᠠᠶᠢᠴᠠᠭᠠᠯᠲᠠ ᠬᠢᠪᠡ᠃ ᠡᠭᠦᠨ  ᠳᠤ᠂ ᠵᠠᠮ ᠲᠡᠭᠡᠭᠡᠪᠦᠷᠢ ᠶᠢᠨ ᠬᠦᠷᠢᠶᠡᠨ ᠳᠤ 11 ᠤᠳᠠᠭ᠎ᠠ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠵᠠᠰᠠᠮᠠᠯ ᠵᠠᠮ  ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠳᠠᠯᠳᠠ ᠭᠡᠮ ᠢ 10 ᠤᠳᠠᠭ᠎ᠠ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠬᠦᠷᠢᠶᠡᠨ ᠳᠤ ᠳᠠᠯᠳᠠ ᠭᠡᠮ ᠢ 1 ᠤᠳᠠᠭ᠎ᠠ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠵᠢᠴᠢ ᠵᠠᠰᠠᠮᠠᠯ ᠵᠠᠮ ᠤᠨ ᠬᠠᠮᠢᠶᠠᠷᠤᠯᠲᠠ ᠶᠢᠨ ᠬᠦᠷᠢᠶᠡᠨ ᠳᠤ ᠳᠠᠯᠳᠠ ᠭᠡᠮ ᠢ 12 ᠤᠳᠠᠭ᠎ᠠ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠨᠡᠶᠢᠲᠡ 75 ᠭᠠᠵᠠᠷ ᠵᠢᠭᠰᠠᠭᠠᠨ ᠪᠠᠶᠢᠴᠠᠭᠠᠵᠤ᠂ ᠡᠳᠦᠭᠡ ᠨᠢᠭᠡᠨᠲᠡ 75 ᠭᠠᠵᠠᠷ ᠴᠡᠭᠴᠡᠯᠡᠨ ᠵᠠᠰᠠᠵᠤ᠂ 13 ᠭᠠᠵᠠᠷ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠵᠤ᠂  ᠦᠰᠦᠭ ᠪᠢᠴᠢᠭ ᠤᠨ ᠬᠡᠯᠪᠡᠷᠢ ᠶᠢᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ 30 ᠬᠤᠪᠢ ᠪᠠᠭᠤᠯᠭᠠᠪᠠ᠃
 
ᠢᠷᠡᠯᠲᠡ᠄ ᠣᠩᠨᠢᠭᠤᠳ ᠬᠤᠰᠢᠭᠤᠨ  ᠤ ᠵᠠᠰᠠᠭ ᠶᠢᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号