ᠴᠢᠶᠣᠣ ᠲᠧᠤ ᠪᠠᠯᠭᠠᠰᠤ ᠨᠢ《 ᠭᠤᠷᠪᠠ ᠶᠢ ᠪᠣᠳᠠᠲᠠᠶᠢᠵᠢᠭᠤᠯᠵᠤ 》 ᠳᠡᠭᠡᠳᠦ ᠰᠤᠷᠭᠠᠭᠤᠯᠢ ᠲᠡᠭᠦᠰᠦᠭᠰᠡᠳ  ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2019/7/4
        ᠣᠶᠤᠲᠠᠳ ᠲᠡᠭᠦᠰᠬᠦ ᠤᠯᠠᠷᠢᠯ ᠪᠣᠯᠵᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠨᠠᠮ  ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠪᠠᠨ ᠰᠢᠯᠵᠢᠭᠦᠯᠬᠦ ᠠᠵᠢᠯ ᠣᠷᠭᠢᠯ ᠤᠨ ᠱᠠᠲᠤᠨ ᠳᠤ ᠣᠷᠤᠵᠠᠢ᠃  ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠤᠷᠤᠭᠰᠢᠲᠠᠶ ᠰᠢᠯᠵᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠴᠢᠶᠣᠤ ᠳᠧᠦ ᠪᠠᠯᠭᠠᠰᠤ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂《 ᠭᠤᠷᠪᠠ ᠶᠢ ᠪᠣᠳᠠᠲᠠᠶᠢᠵᠢᠭᠤᠯᠵᠤ 》 ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠵᠢᠷᠤᠮᠵᠢᠭᠤᠯᠬᠤ᠂ ᠡᠮᠬᠢ ᠵᠢᠷᠤᠮ ᠲᠠᠢ ᠪᠣᠯᠭᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃        ᠨᠢᠭᠡ᠂ ᠬᠠᠯᠠᠭᠤᠮᠰᠤᠭ ᠢᠶᠠᠷ ᠦᠶᠯᠡᠴᠢᠯᠡᠬᠦ ᠶᠢ  ᠪᠣᠳᠠᠲᠠᠶᠢᠵᠢᠭᠤᠯᠪᠠ᠃ ᠪᠠᠯᠭᠠᠰᠤᠨ ᠤ ᠨᠠᠮ ᠤᠨ ᠬᠤᠷᠢᠶ᠎ᠠ ᠲᠤᠰᠬᠠᠶ ᠬᠥᠮᠦᠨ ᠲᠣᠭᠲᠠᠭᠠᠵᠤ ᠪᠦᠬᠦ ᠡᠳᠦᠷ ᠢᠶᠠᠷ ᠢᠶᠠᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠪᠠᠨ ᠰᠢᠯᠵᠢᠭᠦᠯᠬᠦ ᠬᠤᠯᠪᠤᠭᠳᠠᠯ ᠪᠥᠬᠦᠢ ᠤᠲᠠᠰᠤᠨ ᠤ ᠠᠰᠠᠭᠤᠨ ᠯᠠᠪᠯᠠᠯᠲᠠ ᠶᠢ ᠬᠦᠯᠢᠶᠡᠨ ᠠᠪᠴᠤ᠂ ᠲᠥᠷᠦ ᠶᠢᠨ ᠪᠣᠳᠣᠯᠭ᠎ᠠ ᠶᠢ ᠬᠢᠨᠠᠮᠠᠭᠠᠶ ᠲᠠᠶᠢᠯᠪᠤᠷᠢᠯᠠᠵᠤ᠂  ᠮᠠᠳᠠᠭ ᠲᠠᠢ ᠠᠰᠠᠭᠤᠳᠠᠯ ᠢ ᠬᠦᠯᠢᠴᠡᠩᠭᠦᠢ ᠬᠠᠷᠢᠭᠤᠯᠵᠤ᠂ ᠬᠠᠯᠠᠭᠤᠨ ᠰᠡᠳᠬᠢᠯ ᠢᠶᠠᠷ ᠰᠠᠨᠠᠭᠤᠯᠭ᠎ᠠ ᠬᠠᠩᠭᠠᠵᠤ᠂ ᠠᠰᠠᠭᠤᠨ ᠯᠠᠪᠯᠠᠭᠰᠠᠨ ᠠᠰᠠᠭᠤᠳᠠᠯ ᠳᠤ ᠬᠠᠷᠢᠭᠤᠯᠲᠠ ᠥᠭᠬᠦ ᠶᠢ ᠦᠨᠡᠨ ᠬᠦ ᠪᠠᠲᠤᠯᠠᠵᠤ᠂ ᠪᠤᠷᠤᠭᠤ ᠵᠠᠬᠢᠳᠠᠯ ᠪᠢᠴᠢᠬᠦ ᠂ ᠢᠯᠡᠭᠦᠦ ᠭᠦᠶᠦᠬᠦ ᠦᠵᠡᠭᠳᠡᠯ ᠭᠠᠷᠬᠤ ᠠᠴᠠ ᠵᠠᠶᠢᠯᠠᠰᠬᠢᠪᠠ᠃ ᠡᠭᠦᠨ ᠤ ᠬᠠᠮᠲᠤ᠂ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠶᠳᠪᠦᠷᠢᠯᠡᠬᠦ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠶᠠᠪᠤᠳᠠᠯ ᠭᠦᠶᠴᠡᠳᠬᠡᠬᠦ ᠳᠡᠰ ᠳᠠᠷᠠᠭᠠᠯᠠᠯ ᠢ ᠳᠥᠭᠦᠮᠴᠢᠯᠡᠨ᠂ ᠭᠦᠶᠴᠡᠳᠬᠡᠬᠦ ᠠᠯᠬᠤᠮ ᠳᠠᠷᠠᠭᠠᠯᠠᠯ ᠤᠨ ᠥᠨᠳᠥᠷ ᠦᠷ᠎ᠡ ᠪᠦᠲᠦᠮᠵᠢᠲᠡᠶ ᠪᠥᠭᠡᠳ ᠲᠦᠷᠭᠡᠨ ᠪᠠᠶᠢᠬᠤ ᠶᠢ ᠦᠨᠡᠨᠬᠦ ᠪᠠᠲᠤᠯᠠᠪᠠ᠃        ᠬᠤᠶᠠᠷ᠂ ᠬᠢᠨᠠᠨ ᠬᠠᠷᠭᠤᠭᠤᠯᠬᠤ ᠪᠣᠭᠤᠮᠲᠠ ᠶᠢ ᠪᠣᠳᠠᠲᠠᠶᠢᠵᠢᠭᠤᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠨᠠᠮ ᠤᠨ ᠬᠡᠰᠢᠭᠦᠨ ᠰᠤᠷᠤᠭᠴᠢ ᠨᠢᠭᠡᠪᠦᠷᠢ ᠳᠤ ᠭᠠᠷ ᠭᠦᠶᠴᠡᠳᠬᠡᠯ ᠬᠢᠵᠦ ᠥᠭᠬᠦ ᠳᠡᠭᠡᠨ᠂ ᠬᠤᠪᠢ ᠬᠥᠮᠦᠨ ᠤ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠪᠠᠨ ᠰᠢᠯᠵᠢᠭᠦᠯᠦᠭᠰᠡᠨ ᠰᠢᠯᠲᠠᠭᠠᠨ᠂ ᠭᠠᠳᠠᠨ᠎ᠠ ᠰᠤᠷᠤᠯᠴᠠᠵᠤ ᠠᠵᠢᠯ ᠣᠯᠤᠭᠰᠠᠨ ᠵᠡᠷᠭᠡ ᠪᠠᠶᠢᠳᠠᠯ ᠢ ᠨᠠᠷᠢᠨ ᠨᠢᠮᠪᠠᠶ ᠯᠠᠪᠯᠠᠨ ᠠᠰᠠᠭᠤᠵᠤ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢᠨ ᠲᠠᠨᠢᠯᠴᠠᠭᠤᠯᠭ᠎ᠠ ᠶᠢᠨ ᠪᠢᠴᠢᠭ᠂ ᠨᠠᠮ ᠤᠨ ᠭᠡᠰᠢᠭᠦᠨ ᠤ ᠳᠠᠩᠰᠠ ᠡᠪᠬᠡᠮᠡᠯ ᠵᠡᠷᠭᠡ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠨᠠᠷᠢᠨ ᠨᠢᠮᠪᠠᠶ ᠬᠢᠨᠠᠨ ᠪᠠᠶᠢᠴᠠᠭᠠᠵᠤ᠂ ᠠᠰᠠᠭᠤᠳᠠᠯ ᠲᠠᠢ ᠨᠠᠮ ᠤᠨ ᠭᠡᠰᠢᠭᠦᠨ ᠪᠠ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢᠨ ᠰᠢᠯᠵᠢᠭᠦᠯᠬᠦ ᠭᠠᠵᠠᠷ ᠪᠤᠷᠤᠭᠤᠳᠠᠬᠤ ᠵᠡᠷᠭᠡ ᠪᠠᠶᠢᠳᠠᠯ ᠭᠠᠷᠬᠤ ᠶᠢ ᠰᠡᠷᠭᠡᠶᠢᠯᠡᠪᠡ᠃ ᠡᠭᠦᠨ ᠤ ᠳᠤ ᠬᠠᠮᠲᠤ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠨ ᠡᠯ᠎ᠡ ᠲᠥᠷᠥᠯ ᠤᠨ ᠦᠨᠳᠦᠰᠦᠨ ᠮᠡᠳᠡᠭᠡ ᠵᠠᠩᠭᠢ ᠶᠢ ᠳᠠᠩᠰᠠᠨ ᠳᠤ ᠲᠡᠮᠳᠡᠭᠯᠡᠵᠦ᠂ ᠴᠠᠭ ᠲᠤᠬᠠᠶ ᠳᠤᠨᠢ ᠳᠠᠩᠰᠠᠯᠠᠵᠤ᠂ ᠴᠠᠭ ᠲᠤᠬᠠᠶ ᠳᠤᠨᠢ ᠰᠢᠯᠵᠢᠭᠦᠯᠦᠨ ᠴᠠᠭ ᠲᠤᠬᠠᠶ ᠳᠤᠨᠢ ᠲᠡᠮᠳᠡᠭᠯᠡᠵᠦ᠂ ᠠᠰᠠᠭᠤᠨ ᠯᠠᠪᠯᠠᠬᠤ ᠳᠤ  ᠪᠡᠯᠡᠳᠬᠡᠪᠡ᠃        ᠭᠤᠷᠪᠠ᠂ ᠰᠤᠷᠭᠠᠨ ᠬᠥᠮᠦᠵᠢᠯ ᠤᠨ ᠰᠠᠨᠠᠭᠤᠯᠤᠮᠵᠢ ᠶᠢ ᠪᠣᠳᠠᠲᠠᠶᠢᠵᠢᠭᠤᠯᠪᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠰᠢᠯᠵᠢᠮᠡᠲᠡᠭᠡᠢ ᠴᠢᠨᠠᠷ ᠶᠡᠭᠡ ᠪᠠᠶᠢᠳᠠᠭ ᠣᠨᠴᠠᠯᠢᠭ ᠲᠤ ᠴᠢᠭᠯᠡᠭᠦᠯᠦᠨ᠂  ᠰᠢᠯᠵᠢᠭᠦᠯᠬᠦ ᠭᠠᠷ ᠭᠦᠶᠴᠡᠳᠬᠡᠯ ᠢ ᠰᠠᠶᠢᠲᠤᠷ ᠬᠢᠬᠦ ᠶᠢᠨ ᠬᠠᠮᠲᠤ ᠰᠤᠷᠭᠠᠨ ᠬᠥᠮᠦᠵᠢᠭᠦᠯᠵᠦ ᠰᠠᠨᠠᠭᠤᠯᠬᠤ ᠪᠠᠨ ᠴᠢᠩᠭᠠᠳᠬᠠᠪᠠ᠂ ᠡᠭᠦᠨ ᠳᠤ ᠨᠠᠮ ᠤᠨ ᠰᠦᠶᠳᠬᠡᠯ ᠢᠶᠠᠨ ᠴᠠᠭ ᠲᠤᠬᠠᠶ ᠳᠤᠨᠢ ᠲᠤᠰᠢᠶᠠᠬᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠵᠡᠷᠭᠡ ᠠᠭᠤᠯᠭ᠎ᠠ ᠪᠠᠭᠲᠠᠨ᠎ᠠ᠃ ᠡᠭᠦᠨ ᠤ ᠵᠡᠷᠭᠡᠴᠡᠭᠡ  ᠪᠠᠷ᠂ ᠨᠠᠮ ᠤᠨ ᠭᠡᠰᠢᠭᠦᠨ ᠬᠤᠪᠢ ᠬᠥᠮᠦᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ᠂ ᠠᠵᠢᠯᠯᠠᠭ᠎ᠠ ᠪᠠ ᠱᠠᠭᠠᠷᠳᠠᠯᠭ᠎ᠠ ᠶᠢ ᠦᠷᠭᠦᠯᠵᠢ ᠤᠯᠠᠮᠵᠢᠯᠠᠵᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠠᠪᠴᠢᠷᠠᠮᠠᠭᠴᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠥᠷᠨᠢᠭᠦᠯᠵᠦ᠂ ᠢᠳᠡᠪᠬᠢ ᠦᠶᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠪᠠ
 
ᠢᠷᠡᠯᠲᠡ᠄ ᠣᠩᠨᠢᠭᠤᠳ ᠬᠤᠰᠢᠭᠤᠨ  ᠤ ᠵᠠᠰᠠᠭ ᠶᠢᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号