ᠣᠩᠨᠢᠭᠤᠳ ᠬᠤᠰᠢᠭᠤᠨ ᠤ 2019 ᠣᠨ ᠤ ᠡᠩ ᠤᠨ ᠲᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠲᠥᠷᠥᠯ ᠵᠦᠶᠯ ᠢ ᠬᠦᠯᠢᠶᠡᠨ ᠠᠪᠴᠤ ᠰᠢᠶᠳᠪᠦᠷᠢᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2019/8/20
       2019 ᠣᠨ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠶᠢ ᠭᠥᠯᠢᠶᠡᠨ ᠠᠪᠴᠤ ᠰᠢᠶᠳᠪᠦᠷᠢᠯᠡᠬᠦ ᠠᠵᠢᠯ ᠤᠳᠠᠯ ᠥᠬᠡᠶ ᠡᠬᠢᠯᠡᠬᠦ ᠭᠡᠵᠦ ᠪᠤᠢ᠂ ᠡᠳᠦᠭᠡ ᠪᠣᠳᠠᠲᠠᠶ ᠵᠦᠶᠯᠡᠰ ᠢ ᠳᠣᠤᠷᠠᠬᠢ ᠮᠡᠲᠦ ᠵᠠᠷᠯᠠᠪᠠ᠄     ᠨᠢᠭᠡ᠂ ᠡᠳ᠋ ᠮᠥᠩᠭᠦ ᠪᠠᠷ ᠲᠤᠰᠠᠯᠠᠬᠤ ᠡᠲᠡᠭᠡᠳ     ︵ᠨᠢᠭᠡ︶ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ᠄ 2019 ᠣᠨ ᠳᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠠᠮᠵᠢᠨ ᠡᠩ ᠤᠨ ᠳᠡᠭᠡᠳᠦ ᠰᠤᠷᠭᠠᠭᠤᠯᠢ ᠳᠤ ᠵᠢᠩᠬᠢᠨᠢ ᠎ ᠪᠠᠷ ᠡᠯᠰᠡᠭᠳᠡᠭᠰᠡᠨ ᠰᠢᠨ᠎ᠡ ᠰᠤᠷᠤᠭᠴᠢ ᠮᠥᠷᠲᠡᠭᠡᠨ ᠡᠯᠰᠡᠭᠳᠡᠭᠰᠡᠨ ᠲᠤᠬᠠᠶ ᠶᠢᠨ ᠵᠢᠯ ᠤᠨ 9 ᠳ᠋ᠦ᠋ᠭᠡᠷ ᠰᠠᠷ᠎ᠠ ᠶᠢᠨ 1 ᠎ ᠤ ᠡᠳᠦᠷ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠪᠣᠯᠤᠨ᠎ᠠ᠃     ︵ᠬᠤᠶᠠᠷ︶ ᠰᠤᠷᠤᠯᠴᠠᠵᠤ ᠪᠠᠶᠢᠭ᠎ᠠ ᠰᠤᠷᠤᠭᠴᠢ᠄ 2018 ᠣᠨ ᠳᠤ ᠰᠤᠷᠭᠠᠭᠤᠯᠢ ᠳᠤ ᠣᠷᠣᠭᠰᠠᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠭ᠎ᠠ ᠰᠤᠷᠤᠭᠴᠢ ᠮᠥᠷᠲᠡᠭᠡᠨ 2019 ᠣᠨ 9 ᠳ᠋ᠦ᠋ᠭᠡᠷ ᠰᠠᠷ᠎ᠠ ᠶᠢᠨ 1᠎ ᠤ ᠡᠳᠦᠷ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠎ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠪᠣᠯᠤᠨ᠎ᠠ᠃    ᠬᠤᠶᠠᠷ᠂ ᠡᠳ᠋ ᠮᠥᠩᠭᠦ ᠪᠠᠷ ᠲᠤᠰᠠᠯᠠᠬᠤ ᠪᠠᠷᠢᠮᠵᠢᠶ᠎ᠠ    ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠰᠤᠷᠤᠭᠴᠢ ᠨᠢᠭᠡᠪᠦᠷᠢ ᠶᠢ ᠵᠢᠯ ᠪᠦᠷᠢ 10000 ᠲᠥᠭᠦᠷᠢᠭ ᠡᠳ᠋ ᠮᠥᠩᠭᠦ ᠪᠠᠷ ᠲᠤᠰᠠᠯᠠᠨ᠎ᠠ᠂ ᠡᠭᠦᠨ ᠳᠤ ᠵᠢᠩᠬᠢᠨᠢ ᠠᠩᠭᠢ ᠶᠢᠨ ᠲᠥᠷᠥᠯ ᠤᠨ ᠰᠤᠷᠤᠭᠴᠢ ᠶᠢ ᠨᠡᠶᠢᠲᠡ ᠡᠳ᠋ ᠮᠥᠩᠭᠦ ᠪᠠᠷ ᠲᠤᠰᠠᠯᠠᠬᠤ ᠳᠤ 40000 ᠲᠥᠭᠦᠷᠢᠭ ᠢ ᠳᠠᠪᠠᠭᠤᠯᠬᠤ ᠦᠭᠡᠢ᠂ ᠲᠤᠰᠬᠠᠶ ᠠᠩᠭᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠥᠷᠥᠯ ᠤᠨ ᠰᠤᠷᠤᠭᠴᠢ ᠶᠢ ᠨᠡᠶᠢᠲᠡ ᠡᠳ᠋ ᠮᠥᠩᠭᠦ ᠪᠠᠷ ᠲᠤᠰᠠᠯᠠᠬᠤ ᠳᠤ  30000 ᠲᠥᠭᠦᠷᠢᠭ ᠢ ᠳᠠᠪᠠᠭᠤᠯᠬᠤ ᠦᠭᠡᠢ᠃    ᠭᠤᠷᠪᠠ᠂ ᠬᠦᠯᠢᠶᠡᠨ ᠠᠪᠬᠤ ᠡᠳᠦᠷ ᠬᠤᠭᠤᠴᠠᠭ᠎ᠠ    ᠰᠢᠶᠠᠩ ᠪᠠᠯᠭᠠᠰᠤ ᠬᠤᠪᠢᠶᠠᠨ ᠬᠡᠰᠡᠭ ᠬᠤᠪᠢᠶᠠᠬᠤ ᠠᠷᠭ᠎ᠠ ᠪᠠᠷ ᠬᠦᠯᠢᠶᠡᠨ ᠠᠪᠴᠤ᠂ ᠭᠤᠶᠤᠴᠢᠯᠠᠭᠴᠢ ᠬᠤᠪᠢ ᠬᠥᠮᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠢᠶᠠᠨ ᠦᠨᠳᠦᠰᠦᠯᠡᠨ ᠪᠣᠳᠠᠲᠠᠶ ᠭᠤᠶᠤᠴᠢᠯᠠᠬᠤ ᠡᠳᠦᠷ ᠬᠤᠭᠤᠴᠠᠭ᠎ᠠ ᠶᠢ ᠰᠣᠩᠭᠤᠨ᠎ᠠ  ᠂ ᠬᠦᠯᠢᠶᠡᠨ ᠠᠪᠴᠤ ᠰᠢᠶᠳᠪᠦᠷᠢᠯᠡᠬᠦ ᠴᠠᠭ ᠨᠢ ᠦᠳᠡ ᠶᠢᠨ ᠡᠮᠦᠨᠡᠬᠢ 8᠄ 30 ᠎ ᠠᠴᠠ 12᠄ 00᠂ ᠦᠳᠡ ᠶᠢᠨ ᠬᠤᠶᠢᠨᠠᠬᠢ 2᠄ 30᠎ ᠠᠴᠠ 5᠄ 30᠂ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠎ ᠶᠢᠨ ᠪᠣᠳᠠᠲᠠᠶ ᠬᠦᠯᠢᠶᠡᠨ ᠠᠪᠴᠤ ᠰᠢᠶᠳᠪᠦᠷᠢᠯᠡᠬᠦ ᠡᠳᠦᠷ ᠬᠤᠭᠤᠴᠠᠭ᠎ᠠ ᠨᠢ ᠳᠣᠤᠷᠠᠬᠢ ᠮᠡᠲᠦ᠄    8 ᠰᠠᠷ᠎ᠠ ᠶᠢᠨ 19᠎ ᠤ ᠡᠳᠦᠷ᠄ ᠴᠢᠤᠸᠠᠨ ᠨᠢᠩ ᠵᠡᠭᠡᠯᠢ ᠭᠤᠳᠤᠮᠵᠢ᠂ ᠽᠢ ᠴᠧᠩ ᠵᠡᠭᠡᠯᠢ ᠭᠤᠳᠤᠮᠵᠢ᠂ ᠦᠳᠡ ᠎ ᠶᠢᠨ ᠬᠤᠸᠠ ᠪᠠᠯᠭᠠᠰᠤ᠂ ᠡᠦ ᠹᠧᠨ ᠳ᠋ᠢ ᠪᠠᠯᠭᠠᠰᠤ    8 ᠰᠠᠷ᠎ᠠ ᠶᠢᠨ 20᠎ ᠤ ᠡᠳᠦᠷ᠄ ᠪᠣᠷᠣᠬᠤᠲᠠ ᠪᠠᠯᠭᠠᠰᠤ᠂ ᠴᠢᠶᠣᠤ ᠳᠧᠦ ᠪᠠᠯᠭᠠᠰᠤ᠂ ᠣᠳᠣᠨᠲᠤᠬᠤᠢ ᠪᠠᠯᠭᠠᠰᠤ᠂ ᠵᠢᠶᠧ ᠹᠠᠩ ᠶᠢᠩᠽᠢ ᠰᠢᠶᠠᠩ    8 ᠰᠠᠷ᠎ᠠ ᠶᠢᠨ 21᠎ ᠤ ᠡᠳᠦᠷ᠄ ᠭᠤᠸᠠᠩ ᠳ᠋ᠧ ᠭᠦᠩ ᠪᠠᠯᠭᠠᠰᠤ᠂ ᠶᠡᠭᠡ ᠭᠦᠩ ᠪᠠᠯᠭᠠᠰᠤ᠂ ᠮᠠᠭᠤ ᠱᠠᠩᠳᠠ ᠰᠢᠶᠠᠩ᠂ ᠬᠠᠶᠢᠯᠠᠰᠤ ᠪᠠᠯᠭᠠᠰᠤ    8 ᠰᠠᠷ᠎ᠠ ᠶᠢᠨ 22᠎ ᠤᠨ ᠡᠳᠦᠷ᠄ ᠠᠰᠢᠬᠠᠨ ᠰᠤᠮᠤ᠂ ᠭᠡᠷᠰᠡᠩ ᠰᠤᠮᠤ᠂ ᠰᠢᠨᠡᠰᠦ᠋ᠮ᠎ᠡ ᠰᠤᠮᠤ   ᠪᠠᠶᠠᠨᠲᠤᠬᠤᠢ ᠰᠤᠮᠤ    8 ᠰᠠᠷ᠎ᠠ ᠶᠢᠨ 23᠎ ᠤ ᠡᠳᠦᠷ᠄ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ᠂ ᠬᠠᠯᠵᠠᠨ ᠠᠭᠤᠯᠠ ᠮᠠᠯᠵᠢᠯ ᠤᠨ ᠲᠠᠯᠠᠪᠠᠢ᠂ ᠬᠤᠸᠠ ᠲᠦᠰᠢ ᠲᠠᠷᠢᠶᠠᠯᠠᠩ ᠤᠨ ᠲᠠᠯᠠᠪᠠᠢ   ᠪᠠᠶᠠᠨᠬᠤᠸᠠ ᠬᠤᠨᠢᠨ ᠲᠠᠯᠠᠪᠠᠢ᠂ ᠳ᠋ᠧᠩᠯᠦ ᠭᠤᠤᠯ ᠮᠠᠯᠵᠢᠯ ᠎ ᠤᠨ ᠲᠠᠯᠠᠪᠠᠢ᠂  ᠳ᠋ᠠᠰᠢᠩ ᠲᠠᠷᠢᠶᠠᠯᠠᠩ ᠤᠨ ᠲᠠᠯᠠᠪᠠᠢ    ᠲᠦᠷᠪᠡ᠂ ᠬᠦᠯᠢᠶᠡᠨ ᠠᠪᠴᠤ ᠰᠢᠢᠳᠪᠦᠷᠢᠯᠡᠬᠦ ᠭᠠᠵᠠᠷ    ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠵᠢᠯᠣᠭᠤᠳᠬᠤ ᠭᠠᠵᠠᠷ ᠤᠨ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠠᠯᠪᠠᠨ ᠭᠡᠷ ︵ᠬᠠᠶ᠋ᠢᠭ ᠄ ᠪᠤᠷᠤᠬᠤᠳᠠ ᠪᠠᠯᠭᠠᠰᠤᠨ ᠤ ᠴᠢᠩ ᠴᠢᠤᠸᠠᠨ ᠵᠠᠮ ᠤᠨ ᠵᠠᠰᠠᠭ ᠵᠠᠬᠢᠷᠭᠠᠨ ᠤ ᠠᠯᠪᠠᠯᠠᠬᠤ ᠲᠣᠭᠤᠷᠢᠭ ᠤᠨ 2 ᠳ᠋ᠤᠭᠠᠷ ᠠᠰᠠᠷ ᠤᠨ ᠪᠠᠷᠠᠭᠤᠨ ᠲᠠᠯ᠎ᠠ ᠶᠢᠨ ᠬᠠᠷᠢᠶᠠᠲᠤ ᠠᠰᠠᠷ ᠤᠨ 1 ᠳ᠋ᠦ᠋ᠭᠡᠷ ᠠᠰᠠᠷ ᠤᠨ 1010 ᠳ᠋ᠤᠭᠠᠷ ᠥᠷᠥᠭᠡ︶     ᠲᠠᠪᠤ᠂ ᠬᠦᠯᠢᠶᠡᠨ ᠠᠪᠴᠤ ᠰᠢᠢᠳᠪᠦᠷᠢᠯᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ    ︵ᠨᠢᠭᠡ︶ 2019 ᠣᠨ ᠤ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ     1. ᠡᠩ ᠤᠨ ᠲᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠨᠠᠷ ᠰᠤᠷᠭᠠᠭᠤᠯᠢ ᠳᠤ ᠣᠷᠣᠬᠤ ᠳᠤ ᠡᠳ᠋ ᠮᠥᠩᠭᠦ ᠪᠠᠷ ᠲᠤᠰᠠᠯᠠᠬᠤ ᠭᠤᠶᠤᠴᠢᠯᠠᠯ ᠤᠨ ᠬᠦᠰᠦᠨᠦᠭᠲᠦ 1 ᠬᠤᠪᠢ ︵ᠭᠦᠶᠴᠡᠳᠬᠡᠬᠦ ᠦᠶ᠎ᠡ ᠳᠤ ᠲᠤᠬᠠᠶ ᠶᠢᠨ ᠲᠠᠯᠠᠪᠠᠢ ᠳᠤ ᠲᠠᠭᠯᠠᠨ ᠪᠢᠴᠢᠨ᠎ᠡ︶      2. ᠰᠤᠷᠤᠭᠴᠢ ᠨᠠᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ︵ᠤᠭ ᠮᠠᠲ᠋ᠧᠷᠢᠶᠠᠯ ᠢ ᠬᠢᠨᠠᠨ ᠰᠢᠯᠭᠠᠨ᠎ᠠ︶      3. ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ‍ᠦᠨ‌ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )      4. ᠡᠯᠰᠡᠬᠦ ᠮᠡᠳᠡᠭᠳᠡᠯ ᠤᠨ ᠪᠢᠴᠢᠭ ᠤᠨ ᠬᠠᠭᠤᠯᠪᠤᠷᠢ  1 ᠬᠤᠪᠢ ︵ᠤᠭ ᠮᠠᠲ᠋ᠧᠷᠢᠶᠠᠯ ᠢ ᠬᠢᠨᠠᠨ ᠰᠢᠯᠭᠠᠨ᠎ᠠ  ︶      5. ᠰᠤᠷᠤᠭᠴᠢ ᠪᠣᠯᠤᠨ ᠭᠡᠷ ᠤᠨ ᠡᠵᠡᠨ ᠤ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ‌‍ᠰᠢᠯᠭᠠᠨ᠎ᠠ  )     6. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ( ᠡᠰᠡᠬᠦᠯ᠎ᠡ ᠳᠠᠩᠰᠠᠯᠠᠵᠤ ᠺᠠᠷᠲᠯᠠᠭᠰᠠᠨ ᠡᠷᠦᠬᠡ )᠎ ᠶᠢᠨ ᠭᠡᠷ ᠤᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     7. ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠬᠢᠨ ᠶᠠᠳᠠᠭᠤ ᠶᠢ ᠲᠡᠳᠬᠦᠬᠦ ᠭᠠᠷ ᠳᠡᠪᠲᠡᠷ ᠤᠨ ᠬᠠᠭᠤᠯᠪᠤᠷᠢ 1 ᠬᠤᠪᠢ ᠬᠠᠩᠭᠠᠨ᠎ᠠ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     8. ᠰᠤᠷᠤᠭᠴᠢ ᠶᠢᠨ ᠣᠪᠣᠭ ᠨᠡᠷ᠎ᠡ ᠪᠠᠷ ᠳᠠᠩᠰᠠ ᠨᠡᠭᠡᠭᠡᠭᠰᠡᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠩᠬᠢ ᠶᠢᠨ ᠺᠠᠷᠲ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     9. ᠰᠤᠷᠤᠭᠴᠢ ᠨᠠᠷ ᠲᠣᠰ ᠪᠡᠶ᠎ᠡ ᠶᠢᠨ ᠤᠶᠢᠷ᠎ᠠ ᠶᠢᠨ ᠬᠤᠭᠤᠴᠠᠭᠠᠨ ᠳᠤ  ᠲᠠᠳᠠᠭᠤᠯᠤᠭᠰᠠᠨ 2 ᠢᠮᠠᠬᠤ ᠶᠢᠨ ᠭᠡᠷᠡᠯ ᠵᠢᠷᠤᠭ1 ᠬᠤᠪᠢ     ︵ᠬᠤᠶᠠᠷ  ︶ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ     1. ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠨᠠᠷ ᠰᠤᠷᠭᠠᠭᠤᠯᠢ ᠳᠤ ᠣᠷᠣᠬᠤ ᠳᠤ ᠡᠳ᠋ ᠮᠥᠩᠭᠦ ᠪᠠᠷ ᠲᠤᠰᠠᠯᠠᠬᠤ ᠭᠤᠶᠤᠴᠢᠯᠠᠯ ᠤᠨ ᠬᠦᠰᠦᠨᠦᠭᠲᠦ 1 ᠬᠤᠪᠢ ︵ᠭᠦᠶᠴᠡᠳᠬᠡᠬᠦ ᠦᠶ᠎ᠡ ᠳᠤ ᠲᠤᠬᠠᠶ ᠶᠢᠨ ᠲᠠᠯᠠᠪᠠᠢ ᠳᠤ ᠲᠠᠭᠯᠠᠨ ᠪᠢᠴᠢᠨ᠎ᠡ︶     2. ᠰᠤᠷᠤᠭᠴᠢ ᠨᠠᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ︵ᠤᠭ ᠮᠠᠲ᠋ᠧᠷᠢᠶᠠᠯ ᠢ ᠬᠢᠨᠠᠨ ᠰᠢᠯᠭᠠᠨ᠎ᠠ︶     3. ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠦᠨᠡᠮᠯᠡᠯ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠎ ᠢ ᠬᠢᠨᠠᠨ ᠰᠢᠯᠭᠠᠨ᠎ᠠ )     4. ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠪᠠᠭᠤᠯᠭᠠᠭᠰᠠᠨ 1 ᠬᠤᠪᠢ ᠰᠤᠷᠤᠯᠭ᠎ᠠ ᠶᠢᠨ ᠨᠠᠮᠲᠠᠷ ᠢ ᠬᠢᠨᠠᠨ ᠰᠢᠯᠭᠠᠭᠰᠠᠨ ᠮᠡᠳᠡᠭᠦᠯᠦᠯᠲᠡ ( ᠬᠦᠴᠦᠨ ᠲᠠᠢ ᠬᠤᠭᠤᠴᠠᠭ᠎ᠠ 1 ᠰᠠᠷ᠎ᠠ )     5. ᠰᠤᠷᠤᠭᠴᠢ ᠪᠣᠯᠤᠨ ᠭᠡᠷ ᠤᠨ ᠡᠵᠡᠨ ᠤ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ )    6. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ( ᠡᠰᠡᠬᠦᠯ᠎ᠡ ᠳᠠᠩᠰᠠᠯᠠᠵᠤ ᠺᠠᠷᠲᠯᠠᠭᠰᠠᠨ ᠡᠷᠦᠬᠡ )᠎ ᠶᠢᠨ ᠭᠡᠷ ᠎ ᠤᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     7. ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠬᠢᠨ ᠶᠠᠳᠠᠭᠤ ᠶᠢ ᠲᠡᠳᠬᠦᠬᠦ ᠭᠠᠷ ᠳᠡᠪᠲᠡᠷ ᠤᠨ ᠬᠠᠭᠤᠯᠪᠤᠷᠢ1 ᠬᠤᠪᠢ ᠬᠠᠩᠭᠠᠨ᠎ᠠ     8. ᠰᠤᠷᠤᠭᠴᠢ ᠶᠢᠨ ᠣᠪᠣᠭ ᠨᠡᠷ᠎ᠡ ᠪᠠᠷ ᠳᠠᠩᠰᠠ ᠨᠡᠭᠡᠭᠡᠭᠰᠡᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠩᠬᠢ ᠶᠢᠨ ᠺᠠᠷᠲ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ )     9. ᠰᠤᠷᠤᠭᠴᠢ ᠨᠠᠷ ᠲᠣᠰ ᠪᠡᠶ᠎ᠡ ᠶᠢᠨ ᠤᠶᠢᠷ᠎ᠠ ᠶᠢᠨ ᠬᠤᠭᠤᠴᠠᠭᠠᠨ ᠳᠤ  ᠲᠠᠳᠠᠭᠤᠯᠤᠭᠰᠠᠨ 2 ᠢᠮᠠᠬᠤ ᠶᠢᠨ ᠭᠡᠷᠡᠯ ᠵᠢᠷᠤᠭ1 ᠬᠤᠪᠢ     ᠵᠢᠷᠭᠤᠭ᠎ᠠ᠂ ᠬᠠᠮᠢᠶ᠎ᠠ ᠪᠦᠬᠦᠢ ᠪᠠᠶᠢᠳᠠᠯ ᠤᠨ ᠲᠣᠳᠣᠷᠬᠠᠶᠢᠯᠠᠯᠲᠠ     ︵ᠨᠢᠭᠡ︶ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠥᠨᠥᠴᠢᠨ ᠬᠡᠦᠬᠡᠳ ᠪᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥᠯ ᠵᠦᠶᠯ ᠢ ᠵᠥᠪᠬᠡᠨ ᠲᠡᠭᠦᠨ ᠤ ᠳᠣᠲᠣᠷᠠᠬᠢ ᠨᠢᠭᠡ ᠶᠢ ᠨᠢ ᠭᠤᠶᠤᠴᠢᠯᠠᠵᠤ ᠪᠣᠯᠤᠨ᠎ᠠ᠂ ᠬᠠᠮᠲᠤ ᠳᠤᠨᠢ ᠬᠦᠷᠲᠡᠵᠦ ᠪᠣᠯᠬᠤ ᠥᠬᠡᠶ᠃     ( ᠬᠤᠶᠠᠷ ) ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥᠯ ᠵᠦᠶᠯ ᠢ ᠭᠤᠶᠤᠴᠢᠯᠠᠭᠰᠠᠨ ᠰᠤᠷᠤᠭᠴᠢ ᠬᠡᠷᠪᠡ ᠭᠡᠷ ᠤᠨ ᠡᠵᠡᠨ ( ᠡᠴᠢᠭᠡ ᠪᠤᠶᠤ ᠡᠬᠡ )᠎ ᠨᠢ ᠠᠳᠠᠯᠢ ᠨᠢᠭᠡᠨ ᠡᠷᠦᠬᠡ ᠠᠮᠠ ᠶᠢᠨ ᠳᠠᠩᠰᠠᠨ ᠳᠤ  ᠪᠠᠶᠢᠬᠤ ᠦᠭᠡᠢ ᠮᠥᠷᠲᠡᠭᠡᠨ ᠰᠤᠷᠤᠭᠴᠢ ᠲᠣᠰ ᠬᠥᠮᠦᠨ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠥᠮᠦᠨ ᠠᠮᠠ ᠪᠢᠰᠢ ᠪᠣᠯ᠂ ᠰᠤᠷᠤᠭᠴᠢ ᠬᠢᠭᠡᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠶᠢᠨ ᠭᠤᠤᠯ ᠬᠠᠷᠢᠴᠠᠭᠠᠨ ᠤ ᠭᠡᠷᠡᠴᠢ᠂ ᠵᠢᠱᠢᠶᠡᠯᠡᠪᠡᠯ ᠡᠴᠢᠭᠡ ᠡᠬᠡ ᠪᠤᠶᠤ ᠰᠤᠷᠤᠭᠴᠢ ᠶᠢᠨ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠵᠡᠷᠭᠡ ᠦᠨᠡᠨ ᠪᠣᠳᠠᠲᠠᠶ ᠬᠠᠷᠢᠴᠠᠭ᠎ᠠ ᠶᠢ ᠲᠤᠰᠬᠠᠵᠤ ᠲᠡᠶᠢᠯᠬᠦ ᠮᠠᠲ᠋ᠧᠷᠢᠶᠠᠯ ᠬᠠᠩᠭᠠᠬᠤ ᠬᠡᠷᠡᠭᠲᠡᠶ᠃     ( ᠭᠤᠷᠪᠠ ) 2018 ᠣᠨ ᠳᠤ ᠰᠤᠷᠭᠠᠭᠤᠯᠢ ᠳᠤ ᠣᠷᠣᠬᠤ ᠦᠶ᠎ᠡ ᠳᠤ ᠨᠢᠭᠡᠨᠲᠡ 10000 ᠲᠥᠭᠦᠷᠢᠭ ᠎ ᠤᠨ ᠲᠤᠰᠠᠯᠠᠮᠵᠢ ᠬᠦᠷᠲᠡᠵᠦ ᠥᠩᠭᠡᠷᠡᠭᠰᠡᠨ ᠣᠶᠤᠲᠠᠨ᠂ ᠬᠡᠷᠪᠡ ᠮᠥᠨ ᠬᠦ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠎ ᠳᠤ ᠨᠡᠶᠢᠴᠡᠵᠦ ᠪᠠᠶᠢᠪᠠᠯ᠂ ᠡᠷᠬᠡᠪᠰᠢ ᠡᠨᠡ ᠵᠢᠯ ᠦᠷᠭᠦᠯᠵᠢᠯᠡᠨ ᠭᠤᠶᠤᠴᠢᠯᠠᠨ ᠭᠦᠶᠴᠡᠳᠬᠡᠬᠦ ᠶᠢᠨ ᠬᠠᠮᠲᠤ ᠶᠡᠭᠡ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠠᠷ ᠭᠤᠶᠤᠴᠢᠯᠠᠯ ᠤᠨ ᠮᠠᠲ᠋ᠧᠷᠢᠶᠠᠯ ᠬᠠᠩᠭᠠᠬᠤ ᠬᠡᠷᠡᠭᠲᠡᠶ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号