ᠣᠩᠨᠢᠭᠤᠳ ᠬᠤᠰᠢᠭᠤᠨ ᠤ 2019 ᠣᠨ ᠤ ᠡᠩ ᠤᠨ ᠲᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠲᠥᠷᠥᠯ ᠵᠦᠶᠯ ᠢ ᠬᠦᠯᠢᠶᠡᠨ ᠠᠪᠴᠤ ᠰᠢᠶᠳᠪᠦᠷᠢᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2019/8/20
       2019 ᠣᠨ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠶᠢ ᠭᠥᠯᠢᠶᠡᠨ ᠠᠪᠴᠤ ᠰᠢᠶᠳᠪᠦᠷᠢᠯᠡᠬᠦ ᠠᠵᠢᠯ ᠤᠳᠠᠯ ᠥᠬᠡᠶ ᠡᠬᠢᠯᠡᠬᠦ ᠭᠡᠵᠦ ᠪᠤᠢ᠂ ᠡᠳᠦᠭᠡ ᠪᠣᠳᠠᠲᠠᠶ ᠵᠦᠶᠯᠡᠰ ᠢ ᠳᠣᠤᠷᠠᠬᠢ ᠮᠡᠲᠦ ᠵᠠᠷᠯᠠᠪᠠ᠄     ᠨᠢᠭᠡ᠂ ᠡᠳ᠋ ᠮᠥᠩᠭᠦ ᠪᠠᠷ ᠲᠤᠰᠠᠯᠠᠬᠤ ᠡᠲᠡᠭᠡᠳ     ︵ᠨᠢᠭᠡ︶ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ᠄ 2019 ᠣᠨ ᠳᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠠᠮᠵᠢᠨ ᠡᠩ ᠤᠨ ᠳᠡᠭᠡᠳᠦ ᠰᠤᠷᠭᠠᠭᠤᠯᠢ ᠳᠤ ᠵᠢᠩᠬᠢᠨᠢ  ᠪᠠᠷ ᠡᠯᠰᠡᠭᠳᠡᠭᠰᠡᠨ ᠰᠢᠨ᠎ᠡ ᠰᠤᠷᠤᠭᠴᠢ ᠮᠥᠷᠲᠡᠭᠡᠨ ᠡᠯᠰᠡᠭᠳᠡᠭᠰᠡᠨ ᠲᠤᠬᠠᠶ ᠶᠢᠨ ᠵᠢᠯ ᠤᠨ 9 ᠳ᠋ᠦ᠋ᠭᠡᠷ ᠰᠠᠷ᠎ᠠ ᠶᠢᠨ 1  ᠤ ᠡᠳᠦᠷ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠪᠣᠯᠤᠨ᠎ᠠ᠃     ︵ᠬᠤᠶᠠᠷ︶ ᠰᠤᠷᠤᠯᠴᠠᠵᠤ ᠪᠠᠶᠢᠭ᠎ᠠ ᠰᠤᠷᠤᠭᠴᠢ᠄ 2018 ᠣᠨ ᠳᠤ ᠰᠤᠷᠭᠠᠭᠤᠯᠢ ᠳᠤ ᠣᠷᠣᠭᠰᠠᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠭ᠎ᠠ ᠰᠤᠷᠤᠭᠴᠢ ᠮᠥᠷᠲᠡᠭᠡᠨ 2019 ᠣᠨ 9 ᠳ᠋ᠦ᠋ᠭᠡᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ  ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠪᠣᠯᠤᠨ᠎ᠠ᠃    ᠬᠤᠶᠠᠷ᠂ ᠡᠳ᠋ ᠮᠥᠩᠭᠦ ᠪᠠᠷ ᠲᠤᠰᠠᠯᠠᠬᠤ ᠪᠠᠷᠢᠮᠵᠢᠶ᠎ᠠ    ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠰᠤᠷᠤᠭᠴᠢ ᠨᠢᠭᠡᠪᠦᠷᠢ ᠶᠢ ᠵᠢᠯ ᠪᠦᠷᠢ 10000 ᠲᠥᠭᠦᠷᠢᠭ ᠡᠳ᠋ ᠮᠥᠩᠭᠦ ᠪᠠᠷ ᠲᠤᠰᠠᠯᠠᠨ᠎ᠠ᠂ ᠡᠭᠦᠨ ᠳᠤ ᠵᠢᠩᠬᠢᠨᠢ ᠠᠩᠭᠢ ᠶᠢᠨ ᠲᠥᠷᠥᠯ ᠤᠨ ᠰᠤᠷᠤᠭᠴᠢ ᠶᠢ ᠨᠡᠶᠢᠲᠡ ᠡᠳ᠋ ᠮᠥᠩᠭᠦ ᠪᠠᠷ ᠲᠤᠰᠠᠯᠠᠬᠤ ᠳᠤ 40000 ᠲᠥᠭᠦᠷᠢᠭ ᠢ ᠳᠠᠪᠠᠭᠤᠯᠬᠤ ᠦᠭᠡᠢ᠂ ᠲᠤᠰᠬᠠᠶ ᠠᠩᠭᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠥᠷᠥᠯ ᠤᠨ ᠰᠤᠷᠤᠭᠴᠢ ᠶᠢ ᠨᠡᠶᠢᠲᠡ ᠡᠳ᠋ ᠮᠥᠩᠭᠦ ᠪᠠᠷ ᠲᠤᠰᠠᠯᠠᠬᠤ ᠳᠤ  30000 ᠲᠥᠭᠦᠷᠢᠭ ᠢ ᠳᠠᠪᠠᠭᠤᠯᠬᠤ ᠦᠭᠡᠢ᠃    ᠭᠤᠷᠪᠠ᠂ ᠬᠦᠯᠢᠶᠡᠨ ᠠᠪᠬᠤ ᠡᠳᠦᠷ ᠬᠤᠭᠤᠴᠠᠭ᠎ᠠ    ᠰᠢᠶᠠᠩ ᠪᠠᠯᠭᠠᠰᠤ ᠬᠤᠪᠢᠶᠠᠨ ᠬᠡᠰᠡᠭ ᠬᠤᠪᠢᠶᠠᠬᠤ ᠠᠷᠭ᠎ᠠ ᠪᠠᠷ ᠬᠦᠯᠢᠶᠡᠨ ᠠᠪᠴᠤ᠂ ᠭᠤᠶᠤᠴᠢᠯᠠᠭᠴᠢ ᠬᠤᠪᠢ ᠬᠥᠮᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠢᠶᠠᠨ ᠦᠨᠳᠦᠰᠦᠯᠡᠨ ᠪᠣᠳᠠᠲᠠᠶ ᠭᠤᠶᠤᠴᠢᠯᠠᠬᠤ ᠡᠳᠦᠷ ᠬᠤᠭᠤᠴᠠᠭ᠎ᠠ ᠶᠢ ᠰᠣᠩᠭᠤᠨ᠎ᠠ  ᠂ ᠬᠦᠯᠢᠶᠡᠨ ᠠᠪᠴᠤ ᠰᠢᠶᠳᠪᠦᠷᠢᠯᠡᠬᠦ ᠴᠠᠭ ᠨᠢ ᠦᠳᠡ ᠶᠢᠨ ᠡᠮᠦᠨᠡᠬᠢ 8᠄ 30  ᠠᠴᠠ 12᠄ 00᠂ ᠦᠳᠡ ᠶᠢᠨ ᠬᠤᠶᠢᠨᠠᠬᠢ 2᠄ 30 ᠠᠴᠠ 5᠄ 30᠂ ᠡᠯ᠎ᠡ ᠰᠤᠮᠤ ᠰᠢᠶᠠᠩ ᠪᠠᠯᠭᠠᠰᠤ ᠲᠠᠯᠠᠪᠠᠢ  ᠶᠢᠨ ᠪᠣᠳᠠᠲᠠᠶ ᠬᠦᠯᠢᠶᠡᠨ ᠠᠪᠴᠤ ᠰᠢᠶᠳᠪᠦᠷᠢᠯᠡᠬᠦ ᠡᠳᠦᠷ ᠬᠤᠭᠤᠴᠠᠭ᠎ᠠ ᠨᠢ ᠳᠣᠤᠷᠠᠬᠢ ᠮᠡᠲᠦ᠄    8 ᠰᠠᠷ᠎ᠠ ᠶᠢᠨ 19 ᠤ ᠡᠳᠦᠷ᠄ ᠴᠢᠤᠸᠠᠨ ᠨᠢᠩ ᠵᠡᠭᠡᠯᠢ ᠭᠤᠳᠤᠮᠵᠢ᠂ ᠽᠢ ᠴᠧᠩ ᠵᠡᠭᠡᠯᠢ ᠭᠤᠳᠤᠮᠵᠢ᠂ ᠦᠳᠡ  ᠶᠢᠨ ᠬᠤᠸᠠ ᠪᠠᠯᠭᠠᠰᠤ᠂ ᠡᠦ ᠹᠧᠨ ᠳ᠋ᠢ ᠪᠠᠯᠭᠠᠰᠤ    8 ᠰᠠᠷ᠎ᠠ ᠶᠢᠨ 20 ᠤ ᠡᠳᠦᠷ᠄ ᠪᠣᠷᠣᠬᠤᠲᠠ ᠪᠠᠯᠭᠠᠰᠤ᠂ ᠴᠢᠶᠣᠤ ᠳᠧᠦ ᠪᠠᠯᠭᠠᠰᠤ᠂ ᠣᠳᠣᠨᠲᠤᠬᠤᠢ ᠪᠠᠯᠭᠠᠰᠤ᠂ ᠵᠢᠶᠧ ᠹᠠᠩ ᠶᠢᠩᠽᠢ ᠰᠢᠶᠠᠩ    8 ᠰᠠᠷ᠎ᠠ ᠶᠢᠨ 21 ᠤ ᠡᠳᠦᠷ᠄ ᠭᠤᠸᠠᠩ ᠳ᠋ᠧ ᠭᠦᠩ ᠪᠠᠯᠭᠠᠰᠤ᠂ ᠶᠡᠭᠡ ᠭᠦᠩ ᠪᠠᠯᠭᠠᠰᠤ᠂ ᠮᠠᠭᠤ ᠱᠠᠩᠳᠠ ᠰᠢᠶᠠᠩ᠂ ᠬᠠᠶᠢᠯᠠᠰᠤ ᠪᠠᠯᠭᠠᠰᠤ    8 ᠰᠠᠷ᠎ᠠ ᠶᠢᠨ 22 ᠤᠨ ᠡᠳᠦᠷ᠄ ᠠᠰᠢᠬᠠᠨ ᠰᠤᠮᠤ᠂ ᠭᠡᠷᠰᠡᠩ ᠰᠤᠮᠤ᠂ ᠰᠢᠨᠡᠰᠦ᠋ᠮ᠎ᠡ ᠰᠤᠮᠤ   ᠪᠠᠶᠠᠨᠲᠤᠬᠤᠢ ᠰᠤᠮᠤ    8 ᠰᠠᠷ᠎ᠠ ᠶᠢᠨ 23 ᠤ ᠡᠳᠦᠷ᠄ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ᠂ ᠬᠠᠯᠵᠠᠨ ᠠᠭᠤᠯᠠ ᠮᠠᠯᠵᠢᠯ ᠤᠨ ᠲᠠᠯᠠᠪᠠᠢ᠂ ᠬᠤᠸᠠ ᠲᠦᠰᠢ ᠲᠠᠷᠢᠶᠠᠯᠠᠩ ᠤᠨ ᠲᠠᠯᠠᠪᠠᠢ   ᠪᠠᠶᠠᠨᠬᠤᠸᠠ ᠬᠤᠨᠢᠨ ᠲᠠᠯᠠᠪᠠᠢ᠂ ᠳ᠋ᠧᠩᠯᠦ ᠭᠤᠤᠯ ᠮᠠᠯᠵᠢᠯ  ᠤᠨ ᠲᠠᠯᠠᠪᠠᠢ᠂  ᠳ᠋ᠠᠰᠢᠩ ᠲᠠᠷᠢᠶᠠᠯᠠᠩ ᠤᠨ ᠲᠠᠯᠠᠪᠠᠢ    ᠲᠦᠷᠪᠡ᠂ ᠬᠦᠯᠢᠶᠡᠨ ᠠᠪᠴᠤ ᠰᠢᠢᠳᠪᠦᠷᠢᠯᠡᠬᠦ ᠭᠠᠵᠠᠷ    ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠵᠢᠯᠣᠭᠤᠳᠬᠤ ᠭᠠᠵᠠᠷ ᠤᠨ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠠᠯᠪᠠᠨ ᠭᠡᠷ ︵ᠬᠠᠶ᠋ᠢᠭ ᠄ ᠪᠤᠷᠤᠬᠤᠳᠠ ᠪᠠᠯᠭᠠᠰᠤᠨ ᠤ ᠴᠢᠩ ᠴᠢᠤᠸᠠᠨ ᠵᠠᠮ ᠤᠨ ᠵᠠᠰᠠᠭ ᠵᠠᠬᠢᠷᠭᠠᠨ ᠤ ᠠᠯᠪᠠᠯᠠᠬᠤ ᠲᠣᠭᠤᠷᠢᠭ ᠤᠨ 2 ᠳ᠋ᠤᠭᠠᠷ ᠠᠰᠠᠷ ᠤᠨ ᠪᠠᠷᠠᠭᠤᠨ ᠲᠠᠯ᠎ᠠ ᠶᠢᠨ ᠬᠠᠷᠢᠶᠠᠲᠤ ᠠᠰᠠᠷ ᠤᠨ 1 ᠳ᠋ᠦ᠋ᠭᠡᠷ ᠠᠰᠠᠷ ᠤᠨ 1010 ᠳ᠋ᠤᠭᠠᠷ ᠥᠷᠥᠭᠡ︶     ᠲᠠᠪᠤ᠂ ᠬᠦᠯᠢᠶᠡᠨ ᠠᠪᠴᠤ ᠰᠢᠢᠳᠪᠦᠷᠢᠯᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ    ︵ᠨᠢᠭᠡ︶ 2019 ᠣᠨ ᠤ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ     1. ᠡᠩ ᠤᠨ ᠲᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠨᠠᠷ ᠰᠤᠷᠭᠠᠭᠤᠯᠢ ᠳᠤ ᠣᠷᠣᠬᠤ ᠳᠤ ᠡᠳ᠋ ᠮᠥᠩᠭᠦ ᠪᠠᠷ ᠲᠤᠰᠠᠯᠠᠬᠤ ᠭᠤᠶᠤᠴᠢᠯᠠᠯ ᠤᠨ ᠬᠦᠰᠦᠨᠦᠭᠲᠦ 1 ᠬᠤᠪᠢ ︵ᠭᠦᠶᠴᠡᠳᠬᠡᠬᠦ ᠦᠶ᠎ᠡ ᠳᠤ ᠲᠤᠬᠠᠶ ᠶᠢᠨ ᠲᠠᠯᠠᠪᠠᠢ ᠳᠤ ᠲᠠᠭᠯᠠᠨ ᠪᠢᠴᠢᠨ᠎ᠡ︶      2. ᠰᠤᠷᠤᠭᠴᠢ ᠨᠠᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ︵ᠤᠭ ᠮᠠᠲ᠋ᠧᠷᠢᠶᠠᠯ ᠢ ᠬᠢᠨᠠᠨ ᠰᠢᠯᠭᠠᠨ᠎ᠠ︶      3. ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ‍ᠦᠨ‌ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )      4. ᠡᠯᠰᠡᠬᠦ ᠮᠡᠳᠡᠭᠳᠡᠯ ᠤᠨ ᠪᠢᠴᠢᠭ ᠤᠨ ᠬᠠᠭᠤᠯᠪᠤᠷᠢ  1 ᠬᠤᠪᠢ ︵ᠤᠭ ᠮᠠᠲ᠋ᠧᠷᠢᠶᠠᠯ ᠢ ᠬᠢᠨᠠᠨ ᠰᠢᠯᠭᠠᠨ᠎ᠠ  ︶      5. ᠰᠤᠷᠤᠭᠴᠢ ᠪᠣᠯᠤᠨ ᠭᠡᠷ ᠤᠨ ᠡᠵᠡᠨ ᠤ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ‌‍ᠰᠢᠯᠭᠠᠨ᠎ᠠ  )     6. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ( ᠡᠰᠡᠬᠦᠯ᠎ᠡ ᠳᠠᠩᠰᠠᠯᠠᠵᠤ ᠺᠠᠷᠲᠯᠠᠭᠰᠠᠨ ᠡᠷᠦᠬᠡ ) ᠶᠢᠨ ᠭᠡᠷ ᠤᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     7. ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠬᠢᠨ ᠶᠠᠳᠠᠭᠤ ᠶᠢ ᠲᠡᠳᠬᠦᠬᠦ ᠭᠠᠷ ᠳᠡᠪᠲᠡᠷ ᠤᠨ ᠬᠠᠭᠤᠯᠪᠤᠷᠢ 1 ᠬᠤᠪᠢ ᠬᠠᠩᠭᠠᠨ᠎ᠠ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     8. ᠰᠤᠷᠤᠭᠴᠢ ᠶᠢᠨ ᠣᠪᠣᠭ ᠨᠡᠷ᠎ᠡ ᠪᠠᠷ ᠳᠠᠩᠰᠠ ᠨᠡᠭᠡᠭᠡᠭᠰᠡᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠩᠬᠢ ᠶᠢᠨ ᠺᠠᠷᠲ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     9. ᠰᠤᠷᠤᠭᠴᠢ ᠨᠠᠷ ᠲᠣᠰ ᠪᠡᠶ᠎ᠡ ᠶᠢᠨ ᠤᠶᠢᠷ᠎ᠠ ᠶᠢᠨ ᠬᠤᠭᠤᠴᠠᠭᠠᠨ ᠳᠤ  ᠲᠠᠳᠠᠭᠤᠯᠤᠭᠰᠠᠨ 2 ᠢᠮᠠᠬᠤ ᠶᠢᠨ ᠭᠡᠷᠡᠯ ᠵᠢᠷᠤᠭ1 ᠬᠤᠪᠢ     ︵ᠬᠤᠶᠠᠷ  ︶ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ     1. ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠨᠠᠷ ᠰᠤᠷᠭᠠᠭᠤᠯᠢ ᠳᠤ ᠣᠷᠣᠬᠤ ᠳᠤ ᠡᠳ᠋ ᠮᠥᠩᠭᠦ ᠪᠠᠷ ᠲᠤᠰᠠᠯᠠᠬᠤ ᠭᠤᠶᠤᠴᠢᠯᠠᠯ ᠤᠨ ᠬᠦᠰᠦᠨᠦᠭᠲᠦ 1 ᠬᠤᠪᠢ ︵ᠭᠦᠶᠴᠡᠳᠬᠡᠬᠦ ᠦᠶ᠎ᠡ ᠳᠤ ᠲᠤᠬᠠᠶ ᠶᠢᠨ ᠲᠠᠯᠠᠪᠠᠢ ᠳᠤ ᠲᠠᠭᠯᠠᠨ ᠪᠢᠴᠢᠨ᠎ᠡ︶     2. ᠰᠤᠷᠤᠭᠴᠢ ᠨᠠᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ︵ᠤᠭ ᠮᠠᠲ᠋ᠧᠷᠢᠶᠠᠯ ᠢ ᠬᠢᠨᠠᠨ ᠰᠢᠯᠭᠠᠨ᠎ᠠ︶     3. ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠦᠨᠡᠮᠯᠡᠯ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ  ᠢ ᠬᠢᠨᠠᠨ ᠰᠢᠯᠭᠠᠨ᠎ᠠ )     4. ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠪᠠᠭᠤᠯᠭᠠᠭᠰᠠᠨ 1 ᠬᠤᠪᠢ ᠰᠤᠷᠤᠯᠭ᠎ᠠ ᠶᠢᠨ ᠨᠠᠮᠲᠠᠷ ᠢ ᠬᠢᠨᠠᠨ ᠰᠢᠯᠭᠠᠭᠰᠠᠨ ᠮᠡᠳᠡᠭᠦᠯᠦᠯᠲᠡ ( ᠬᠦᠴᠦᠨ ᠲᠠᠢ ᠬᠤᠭᠤᠴᠠᠭ᠎ᠠ 1 ᠰᠠᠷ᠎ᠠ )     5. ᠰᠤᠷᠤᠭᠴᠢ ᠪᠣᠯᠤᠨ ᠭᠡᠷ ᠤᠨ ᠡᠵᠡᠨ ᠤ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ )    6. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ( ᠡᠰᠡᠬᠦᠯ᠎ᠡ ᠳᠠᠩᠰᠠᠯᠠᠵᠤ ᠺᠠᠷᠲᠯᠠᠭᠰᠠᠨ ᠡᠷᠦᠬᠡ ) ᠶᠢᠨ ᠭᠡᠷ  ᠤᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ  )     7. ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠬᠢᠨ ᠶᠠᠳᠠᠭᠤ ᠶᠢ ᠲᠡᠳᠬᠦᠬᠦ ᠭᠠᠷ ᠳᠡᠪᠲᠡᠷ ᠤᠨ ᠬᠠᠭᠤᠯᠪᠤᠷᠢ1 ᠬᠤᠪᠢ ᠬᠠᠩᠭᠠᠨ᠎ᠠ     8. ᠰᠤᠷᠤᠭᠴᠢ ᠶᠢᠨ ᠣᠪᠣᠭ ᠨᠡᠷ᠎ᠡ ᠪᠠᠷ ᠳᠠᠩᠰᠠ ᠨᠡᠭᠡᠭᠡᠭᠰᠡᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠩᠬᠢ ᠶᠢᠨ ᠺᠠᠷᠲ ᠤᠨ ᠬᠠᠭᠤᠯᠪᠤᠷᠢ 1 ᠬᠤᠪᠢ ( ᠤᠭ ᠮᠠᠲ᠋ᠧᠷᠢᠶᠠᠯ ᠢ ᠬᠢᠨᠠᠨ ᠰᠢᠯᠭᠠᠨ᠎ᠠ )     9. ᠰᠤᠷᠤᠭᠴᠢ ᠨᠠᠷ ᠲᠣᠰ ᠪᠡᠶ᠎ᠡ ᠶᠢᠨ ᠤᠶᠢᠷ᠎ᠠ ᠶᠢᠨ ᠬᠤᠭᠤᠴᠠᠭᠠᠨ ᠳᠤ  ᠲᠠᠳᠠᠭᠤᠯᠤᠭᠰᠠᠨ 2 ᠢᠮᠠᠬᠤ ᠶᠢᠨ ᠭᠡᠷᠡᠯ ᠵᠢᠷᠤᠭ1 ᠬᠤᠪᠢ     ᠵᠢᠷᠭᠤᠭ᠎ᠠ᠂ ᠬᠠᠮᠢᠶ᠎ᠠ ᠪᠦᠬᠦᠢ ᠪᠠᠶᠢᠳᠠᠯ ᠤᠨ ᠲᠣᠳᠣᠷᠬᠠᠶᠢᠯᠠᠯᠲᠠ     ︵ᠨᠢᠭᠡ︶ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠥᠨᠥᠴᠢᠨ ᠬᠡᠦᠬᠡᠳ ᠪᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥᠯ ᠵᠦᠶᠯ ᠢ ᠵᠥᠪᠬᠡᠨ ᠲᠡᠭᠦᠨ ᠤ ᠳᠣᠲᠣᠷᠠᠬᠢ ᠨᠢᠭᠡ ᠶᠢ ᠨᠢ ᠭᠤᠶᠤᠴᠢᠯᠠᠵᠤ ᠪᠣᠯᠤᠨ᠎ᠠ᠂ ᠬᠠᠮᠲᠤ ᠳᠤᠨᠢ ᠬᠦᠷᠲᠡᠵᠦ ᠪᠣᠯᠬᠤ ᠥᠬᠡᠶ᠃     ( ᠬᠤᠶᠠᠷ ) ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥᠯ ᠵᠦᠶᠯ ᠢ ᠭᠤᠶᠤᠴᠢᠯᠠᠭᠰᠠᠨ ᠰᠤᠷᠤᠭᠴᠢ ᠬᠡᠷᠪᠡ ᠭᠡᠷ ᠤᠨ ᠡᠵᠡᠨ ( ᠡᠴᠢᠭᠡ ᠪᠤᠶᠤ ᠡᠬᠡ ) ᠨᠢ ᠠᠳᠠᠯᠢ ᠨᠢᠭᠡᠨ ᠡᠷᠦᠬᠡ ᠠᠮᠠ ᠶᠢᠨ ᠳᠠᠩᠰᠠᠨ ᠳᠤ  ᠪᠠᠶᠢᠬᠤ ᠦᠭᠡᠢ ᠮᠥᠷᠲᠡᠭᠡᠨ ᠰᠤᠷᠤᠭᠴᠢ ᠲᠣᠰ ᠬᠥᠮᠦᠨ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠥᠮᠦᠨ ᠠᠮᠠ ᠪᠢᠰᠢ ᠪᠣᠯ᠂ ᠰᠤᠷᠤᠭᠴᠢ ᠬᠢᠭᠡᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠶᠢᠨ ᠭᠤᠤᠯ ᠬᠠᠷᠢᠴᠠᠭᠠᠨ ᠤ ᠭᠡᠷᠡᠴᠢ᠂ ᠵᠢᠱᠢᠶᠡᠯᠡᠪᠡᠯ ᠡᠴᠢᠭᠡ ᠡᠬᠡ ᠪᠤᠶᠤ ᠰᠤᠷᠤᠭᠴᠢ ᠶᠢᠨ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠵᠡᠷᠭᠡ ᠦᠨᠡᠨ ᠪᠣᠳᠠᠲᠠᠶ ᠬᠠᠷᠢᠴᠠᠭ᠎ᠠ ᠶᠢ ᠲᠤᠰᠬᠠᠵᠤ ᠲᠡᠶᠢᠯᠬᠦ ᠮᠠᠲ᠋ᠧᠷᠢᠶᠠᠯ ᠬᠠᠩᠭᠠᠬᠤ ᠬᠡᠷᠡᠭᠲᠡᠶ᠃     ( ᠭᠤᠷᠪᠠ ) 2018 ᠣᠨ ᠳᠤ ᠰᠤᠷᠭᠠᠭᠤᠯᠢ ᠳᠤ ᠣᠷᠣᠬᠤ ᠦᠶ᠎ᠡ ᠳᠤ ᠨᠢᠭᠡᠨᠲᠡ 10000 ᠲᠥᠭᠦᠷᠢᠭ  ᠤᠨ ᠲᠤᠰᠠᠯᠠᠮᠵᠢ ᠬᠦᠷᠲᠡᠵᠦ ᠥᠩᠭᠡᠷᠡᠭᠰᠡᠨ ᠣᠶᠤᠲᠠᠨ᠂ ᠬᠡᠷᠪᠡ ᠮᠥᠨ ᠬᠦ ᠲᠤᠰᠠᠯᠠᠮᠵᠢ ᠶᠢᠨ ᠲᠥᠷᠥ ᠶᠢᠨ ᠪᠣᠳᠣᠯᠭ᠎ᠠ  ᠳᠤ ᠨᠡᠶᠢᠴᠡᠵᠦ ᠪᠠᠶᠢᠪᠠᠯ᠂ ᠡᠷᠬᠡᠪᠰᠢ ᠡᠨᠡ ᠵᠢᠯ ᠦᠷᠭᠦᠯᠵᠢᠯᠡᠨ ᠭᠤᠶᠤᠴᠢᠯᠠᠨ ᠭᠦᠶᠴᠡᠳᠬᠡᠬᠦ ᠶᠢᠨ ᠬᠠᠮᠲᠤ ᠶᠡᠭᠡ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠠᠷ ᠭᠤᠶᠤᠴᠢᠯᠠᠯ ᠤᠨ ᠮᠠᠲ᠋ᠧᠷᠢᠶᠠᠯ ᠬᠠᠩᠭᠠᠬᠤ ᠬᠡᠷᠡᠭᠲᠡᠶ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号