ᠽᠢ ᠴᠧᠩ ᠵᠡᠭᠡᠯᠢ ᠭᠤᠳᠤᠮᠵᠢ ᠶᠢᠨ ᠹᠦ᠋ ᠰᠢᠩ ᠨᠡᠶᠢᠭᠡᠮ ᠲᠣᠭᠤᠷᠢᠭ  ᠤᠯᠤᠰ ᠤᠨ ᠪᠠᠶᠠᠷ ᠢ ᠤᠭᠲᠤᠬᠤ ᠰᠣᠨᠢᠷᠬᠠᠯᠲᠤ ᠰᠢᠲᠠᠷ᠎ᠠ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2020/10/12
       9 ᠰᠠᠷ᠎ᠠ ᠶᠢᠨ 27 ᠤ ᠡᠳᠦᠷ᠂ ᠽᠢ ᠴᠧᠩ ᠵᠡᠭᠡᠯᠢ ᠭᠤᠳᠤᠮᠵᠢ ᠶᠢᠨ ᠹᠦ᠋ ᠰᠢᠩ ᠨᠡᠶᠢᠭᠡᠮ ᠲᠣᠭᠤᠷᠢᠭ ᠨᠢ ᠤᠯᠤᠰ ᠤᠨ ᠪᠠᠶᠠᠷ ᠢ ᠤᠭᠲᠤᠬᠤ ᠰᠣᠨᠢᠷᠬᠠᠯᠲᠤ ᠰᠢᠲᠠᠷ᠎ᠠ ᠶᠢᠨ ᠤᠷᠤᠯᠳᠤᠭᠠᠨ ᠢ  ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ ᠲᠤᠰ ᠤᠳᠠᠭᠠᠨ ᠤ ᠣᠷᠤᠯᠳᠤᠭᠠᠨ ᠳᠤ ᠹᠦ᠋ ᠰᠢᠩ ᠨᠡᠶᠢᠭᠡᠮ ᠲᠣᠭᠤᠷᠢᠭ ᠤᠨ ᠨᠡᠭᠦᠭᠰᠡᠨ ᠣᠯᠠᠨ ᠲᠦᠮᠡᠨ᠂ ᠠᠰᠠᠷ ᠤᠨ ᠳᠠᠷᠤᠭ᠎ᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠨᠡᠶᠢᠲᠡ 60 ᠬᠥᠮᠦᠨ ᠣᠷᠤᠯᠴᠠᠵᠠᠢ᠃        ᠤᠷᠤᠯᠳᠤᠭᠠᠨ ᠤ ᠠᠬᠤᠶ ᠲᠠᠯᠠᠪᠠᠢ ᠳᠤ ᠣᠷᠤᠯᠳᠤᠭᠴᠢᠳ ᠤᠨ  ᠵᠢᠪᠬᠤᠭ᠎ᠠ ᠲᠡᠭᠦᠯᠳᠡᠷ  ᠣᠶᠤᠨ ᠰᠠᠨᠠᠭᠠᠨ ᠤ ᠳᠦᠷᠰᠦ ᠪᠠᠶᠢᠳᠠᠯ᠂  ᠪᠦᠯᠬᠦᠮᠳᠡᠨ  ᠬᠠᠮᠵᠢᠯᠴᠠᠬᠤ᠂  ᠡᠶ᠎ᠡ ᠨᠠᠶᠢᠷᠰᠠᠭ  ᠪᠠᠶᠠᠷ ᠬᠦᠷ ᠢᠶᠠᠷ ᠪᠢᠯᠬᠠᠵᠦ ᠪᠠᠶᠢᠯ᠎ᠠ᠃        ᠲᠤᠰ ᠤᠳᠠᠭᠠᠨ ᠤ ᠤᠷᠤᠯᠳᠤᠭᠠᠨ ᠨᠢ ᠨᠡᠶᠢᠭᠡᠮ‌‍ᠲ᠋ᠣᠭᠤᠷᠢᠭ ᠤᠨ ᠣᠯᠠᠨ ᠲᠦᠮᠡᠨ ᠤ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠬᠥᠷᠰᠢ ᠵᠡᠷᠭᠡᠯᠡᠳᠡᠭᠡ ᠲᠠᠢ ᠪᠠᠨ ᠡᠶᠡᠯᠳᠡᠭ ᠳᠣᠳᠣᠨᠣ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠥᠭᠡᠳ ᠪᠠᠰᠠ ᠤᠯᠤᠰ  ᠤᠨ ᠪᠠᠶᠠᠷ ᠢ ᠤᠭᠲᠤᠬᠤ ᠳᠤ ᠪᠠᠶᠠᠷ ᠬᠥᠷ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号