︽ᠣᠩᠨᠢᠭᠤᠳ ᠤᠨ ᠮᠣ᠋ ᠶᠤᠸᠠᠨ ᠬᠠᠶᠢᠷ᠎ᠠ ᠶᠢᠨ ᠬᠤᠷᠠᠮᠳᠠᠭᠤᠯᠤᠯ ᠰᠤᠷᠤᠯᠭ᠎ᠠ ᠲᠡᠳᠬᠦᠬᠦ︾ ᠱᠠᠩᠨᠠᠯ ᠤᠨ ᠮᠦᠩᠭᠦ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/10/14
     9 ᠰᠠᠷ᠎ᠠ ᠶᠢᠨ 18 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ︽ᠣᠩᠨᠢᠭᠤᠳ ᠬᠤᠰᠢᠭᠤᠨ ᠤ ᠮᠤ᠋ ᠶᠤᠸᠠᠨ ᠬᠠᠶᠢᠷ᠎ᠠ ᠶᠢᠨ ᠬᠤᠷᠠᠮᠳᠠᠭᠤᠯᠤᠯ ᠰᠤᠷᠤᠯᠭ᠎ᠠ ᠲᠡᠳᠬᠦᠬᠦ︾ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠶᠣᠰᠣᠯᠠᠯ ᠬᠠᠰ ᠯᠤᠤ ᠠᠵᠤ ᠥᠢᠯᠡᠳᠪᠥᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ  ᠳ᠋ᠧ ᠬᠠᠶ᠂ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠥᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠼᠦᠢ ᠭᠤᠸᠠᠩ ᠴᠢᠩ ᠨᠡᠷ ᠶᠣᠰᠣᠯᠠᠯ ᠳᠤ ᠣᠷᠣᠯᠴᠠᠵᠠᠶ᠃       ᠯᠢᠦ ᠳ᠋ᠧ ᠬᠠᠢ ᠶᠠᠷᠢᠶᠠᠨ ᠳᠠᠭᠠᠨ᠂ ᠲᠤᠰᠠᠯᠠᠮᠵᠢ ᠬᠦᠷᠲᠡᠭᠰᠡᠨ ᠰᠤᠷᠤᠭᠴᠢᠳ ᠰᠤᠷᠤᠯᠴᠠᠬᠤ ᠲᠣᠬᠢᠶᠠᠯ ᠢᠶᠠᠨ ᠨᠠᠨᠳᠢᠩᠨᠠᠵᠤ᠂ ᠠᠯᠤᠰ ᠬᠡᠲᠦ ᠶᠢᠨ ᠬᠦᠰᠡᠯᠡᠩ ᠢ ᠪᠤᠢ ᠪᠤᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ ᠶᠢ ᠬᠠᠷᠢᠭᠤᠯᠵᠤ᠂ ᠡᠬᠡ ᠣᠷᠣᠨ ᠢᠶᠠᠨ ᠪᠦᠲᠦᠭᠡᠨ ᠪᠠᠶᠢᠭᠤᠯᠬᠤ᠂ ᠨᠤᠲᠤᠭ ᠤᠰᠤ ᠪᠠᠨ ᠪᠦᠲᠦᠭᠡᠨ ᠪᠠᠶᠢᠭᠤᠯᠬᠤ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠪᠠᠶᠢᠭᠤᠯᠭ᠎ᠠ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠰᠤᠷᠤᠯᠭ᠎ᠠ ᠲᠡᠳᠬᠦᠬᠦ ᠠᠵᠢᠯ ᠢ ᠬᠠᠯᠠᠮᠵᠢᠯᠠᠨ ᠳᠠᠮᠵᠢᠵᠤ᠂ ᠥᠷᠭᠡᠨ ᠣᠯᠠᠨ ᠶᠠᠳᠠᠭᠤ ᠬᠦᠴᠢᠷᠳᠡᠯᠲᠡᠶ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠢᠮᠠᠭᠲᠠ ᠠᠩᠬᠠᠷᠤᠨ ᠬᠠᠪᠰᠤᠷᠬᠤ ᠬᠡᠷᠡᠭᠲᠡᠶ ᠭᠡᠵᠠᠢ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠳᠤ᠂ ᠣᠩᠨᠢᠭᠤᠳ ᠬᠤᠰᠢᠭᠤᠨ ᠤ ᠮᠤ᠋ ᠶᠤᠸᠠᠨ ᠺᠣᠮᠫᠠᠨᠢ ᠠᠴᠠ ᠮᠠᠨ ᠤ ᠬᠤᠰᠢᠭᠤᠨ ᠤ 51 ᠨᠡᠷ᠎ᠡ ᠶᠡᠭᠡ ᠰᠤᠷᠭᠠᠭᠤᠯᠢ ᠳᠤ  ᠤᠷᠤᠭᠰᠠᠨ ᠶᠠᠳᠠᠭᠤ ᠬᠦᠴᠢᠷᠳᠡᠯᠲᠡᠢ ᠰᠤᠷᠤᠭᠴᠢ ᠶᠢ ᠲᠡᠳᠬᠦᠨ ᠲᠡᠮᠵᠢᠭᠰᠡᠨ ᠪᠠᠶᠢᠨ᠎ᠠ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号