ᠴᠢᠩᠳᠣᠣ ᠬᠤᠳᠠ ᠠᠴᠠ ᠣᠩᠨᠢᠭᠤᠣᠨ ᠲᠤ ᠢᠷᠡᠵᠣ ᠣᠩᠨᠢᠭᠤᠣᠨ ᠳᠠᠭᠠᠨ ᠪᠣᠴᠠᠬᠤ ᠬᠦᠮᠣᠰ ᠤᠨ ᠬᠢᠵᠢᠭ ᠎ ᠤᠨ ᠪᠠᠶᠢᠳᠠᠯ ᠢ ᠰᠡᠷᠬᠡᠶᠢᠯᠡᠵᠣ ᠡᠵᠡᠮᠳᠡᠬᠦ ᠠᠵᠢᠯ ᠢ ᠰᠠᠶᠢᠳᠣᠷ ᠬᠢᠬᠦ ᠲᠣᠬᠠᠢ ᠵᠠᠷᠯᠠᠯ
ᠨᠡᠶᠢᠲᠡᠯᠡᠭᠰᠡᠨ ᠴᠠᠭ᠄
2020/10/23
       ᠣᠶᠢᠷ᠎ᠠ ᠳᠤ᠂  ᠴᠢᠩᠳᠣᠣ ᠬᠤᠳᠠ ᠳᠤ ᠨᠡᠶᠢᠲᠡ 6 ᠣᠨᠣᠰᠢᠯᠠᠭᠰᠠᠨ ᠡᠪᠡᠳᠴᠢᠨ ᠤ ᠵᠢᠱᠢᠶ᠎ᠡ ᠂  ᠡᠪᠡᠳᠴᠢᠨ ᠤ  ᠢᠯᠡᠷᠡᠯ ᠦᠭᠡᠢ 6 ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠣ᠂  ᠴᠢᠩᠳᠣᠣ ᠬᠤᠳᠠ ᠶᠢᠨ ᠯᠢ ᠽᠠᠩ ᠲᠣᠭᠤᠷᠢᠭ ᠤᠨ ᠯᠸᠥ ᠱᠠᠨ ᠾᠸᠥ ᠨᠡᠶᠢᠭᠡᠮ ᠲᠣᠭᠤᠷᠢᠭ ᠢ ᠲᠣᠮᠳᠠ ᠵᠡᠷᠭᠡ ᠶᠢᠨ ᠬᠢᠵᠢᠭ ᠤᠨ ᠲᠦᠭᠰᠢᠬᠦᠷᠢ ᠎ ᠲᠠᠢ ᠣᠷᠣᠨ ᠪᠣᠯᠭᠠᠵᠣ ᠲᠣᠬᠢᠷᠠᠭᠤᠯᠵᠠᠢ᠃ 《 ᠭᠠᠳᠠᠨ᠎ᠠ ᠠᠴᠠ ᠣᠷᠣᠵᠣ  ᠢᠷᠡᠬᠦ ᠶᠢ ᠰᠡᠷᠬᠡᠶᠢᠯᠡᠨ᠂ ᠲᠣᠳᠣᠭᠠᠳᠣ ᠎ ᠳᠠᠭᠠᠨ ᠲᠠᠬᠢᠨ ᠲᠡᠯᠭᠡᠷᠡᠬᠦ ᠶᠢ ᠡᠵᠡᠮᠳᠡᠬᠦ》 ᠪᠠᠶᠢᠩᠭᠤᠴᠢᠯᠠᠭᠰᠠᠨ ᠰᠡᠷᠬᠡᠶᠢᠯᠡᠵᠣ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠵᠣ ᠡᠵᠡᠮᠳᠡᠬᠦ ᠠᠵᠢᠯ ᠢ ᠰᠠᠶᠢᠳᠣᠷ ᠬᠢᠬᠦ ᠶᠢᠨ ᠲᠦᠯᠣᠭᠡ᠂ ᠬᠠᠮᠢᠶ᠎ᠠ ᠪᠦᠬᠦᠢ ᠣᠴᠢᠷ ᠶᠠᠪᠣᠳᠠᠯ ᠢ ᠲᠣᠣᠷᠠᠬᠢ ᠮᠠᠳᠣ ᠮᠡᠳᠡᠭᠳᠡᠶ᠎ᠡ᠄        ᠨᠢᠭᠡ᠂ ᠥᠷᠭᠡᠨ ᠣᠯᠠᠨ ᠲᠦᠮᠡᠨ ᠴᠢᠩᠳᠣᠣ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠠᠨᠳᠣ ᠶᠢᠨ ᠵᠦᠪᠯᠡᠯ ᠤᠨ ᠠᠯᠪᠠᠨ ᠲᠠᠯ᠎ᠠ ᠠᠴᠠ ᠨᠡᠶᠢᠳᠡᠯᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠦᠢᠯᠡ ᠪᠠᠶᠢᠳᠠᠯ ᠢ  ᠰᠠᠶᠢᠳᠣᠷ ᠠᠩᠬᠠᠷᠠᠬᠤ ᠬᠡᠷᠡᠭᠲᠠᠢ᠃  ᠣᠳᠣᠬᠠᠨ ᠳᠤ ᠮᠠᠨ ᠤ ᠬᠤᠰᠢᠭᠤᠨ ᠳᠤ ᠰᠠᠭᠤᠵᠣ ᠪᠠᠶᠢᠭ᠎ᠠ ᠪᠣᠯᠪᠠᠴᠣ᠂ ᠴᠢᠩᠳᠣᠣ ᠬᠤᠳᠠ ᠶᠢᠨ ᠣᠨᠣᠰᠢᠯᠠᠭᠰᠠᠨ ᠡᠪᠡᠳᠴᠢᠨ ᠤ ᠵᠢᠱᠢᠶ᠎ᠡ ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠠᠢ ᠬᠠᠷᠭᠤᠯᠳᠣᠭᠰᠠᠨ᠂ ᠢᠯᠠᠩᠭᠤᠶ᠎ᠠ 9 ᠰᠠᠷ᠎ᠠ ᠶᠢᠨ 27  ᠎ ᠤ ᠡᠳᠣᠷ ᠠᠴᠠ ᠨᠠᠰᠢ ᠴᠢᠩᠳᠣᠣ ᠬᠤᠳᠠ ᠶᠢᠨ ᠴᠡᠭᠡᠵᠢᠨ ᠬᠦᠨᠳᠡᠢ ᠶᠢᠨ ᠰᠠᠯᠠᠭᠠᠨ ᠤ ᠡᠮᠨᠡᠯᠭᠡ ᠳᠤ ᠬᠦᠷᠴᠣ᠂ ᠡᠮᠨᠡᠯᠭᠡ ᠎ ᠳᠤ ᠰᠠᠭᠤᠭ᠎ᠠ ᠡᠪᠡᠳᠴᠢᠲᠡᠨ ᠪᠣᠶᠣ ᠲᠡᠭᠡᠷ᠎ᠡ ᠲᠣᠷᠠᠳᠣᠭᠰᠠᠨ ᠬᠦᠮᠣᠰ ᠲᠠᠢ ᠣᠶᠢᠷᠠᠳᠣᠭᠰᠠᠨ ᠵᠢᠴᠢ ᠴᠢᠩᠳᠣᠣ ᠬᠤᠳᠠ ᠎ ᠶᠢᠨ ᠯᠢ ᠽᠠᠩ ᠲᠣᠭᠤᠷᠢᠭ ᠠᠴᠠ ᠣᠩᠨᠢᠭᠤᠣᠨ ᠳᠠᠭᠠᠨ ᠪᠣᠴᠠᠵᠣ ᠣᠩᠨᠢᠭᠤᠣᠨ ᠲᠤ ᠢᠷᠡᠭᠰᠡᠨ ᠬᠦᠮᠣᠰ ᠬᠦᠳᠡᠯᠣᠩᠬᠦᠢ ᠪᠠᠷ ᠥᠪᠡᠷ ᠤᠨ ᠨᠡᠶᠢᠭᠡᠮ ᠲᠣᠭᠤᠷᠢᠭ᠂  ᠭᠠᠴᠠᠭ᠎ᠠ ᠲᠣᠰᠬᠤᠨ᠂ ᠪᠠᠶᠢᠭᠤᠯᠭ᠎ᠠ ᠨᠢᠭᠡᠴᠡ ᠲᠡᠭᠡᠨ ᠬᠠᠮᠢᠶ᠎ᠠ ᠪᠦᠬᠦᠢ ᠪᠠᠶᠢᠳᠠᠯ ᠢᠶᠠᠨ ᠮᠡᠳᠡᠭᠳᠡᠵᠣ᠂  ᠭᠡᠷ ᠲᠡᠭᠡᠨ ᠰᠠᠭᠤᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠬᠦᠯᠬᠦ ᠶᠢᠨ ᠬᠠᠮᠳᠣ ᠬᠤᠰᠢᠭᠤᠨ ᠤ ᠬᠢᠵᠢᠭ ᠢ ᠰᠡᠷᠬᠡᠶᠢᠯᠡᠬᠦ ᠰᠠᠯᠠᠭ᠎ᠠ ᠮᠦᠴᠢᠷ ᠲᠠᠢ ᠨᠢᠭᠳᠠ ᠬᠠᠮᠵᠢᠯᠴᠠᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠬᠡᠷᠡᠭᠲᠠᠢ᠃ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷ ᠲᠠᠢ ᠬᠦᠮᠣᠰ ᠤᠨ ᠭᠡᠷ ᠲᠡᠭᠡᠨ ᠰᠠᠭᠤᠨ ᠲᠤᠰᠠᠭᠠᠷᠯᠠᠬᠤ ᠪᠠᠶᠢᠳᠠᠯ ᠢ ᠰᠣᠯᠠᠯᠠᠵᠣ᠂ ᠬᠤᠪᠢ ᠬᠦᠮᠣᠨ ᠤ ᠰᠡᠷᠬᠡᠶᠢᠯᠡᠯᠳᠡ ᠶᠢᠨ ᠠᠵᠢᠯ ᠢ ᠰᠠᠶᠢᠳᠣᠷ ᠬᠢᠭᠰᠡᠨ‌ᠤᠷᠢᠳᠠᠯ ᠲᠣᠣᠷ᠎ᠠ᠂  ᠴᠢᠯᠣᠭᠡᠲᠠᠢ ᠡᠮᠬᠢ ᠵᠢᠷᠣᠮ ᠲᠠᠢ ᠠᠵᠢᠯᠯᠠᠭᠠᠨ ᠬᠢᠵᠣ ᠪᠣᠯᠣᠨ᠎ᠠ᠃       ᠬᠤᠶᠠᠷ᠂ 9 ᠰᠠᠷ᠎ᠠ ᠶᠢᠨ 27᠎ ᠤ ᠡᠳᠣᠷ ᠠᠴᠠ ᠨᠠᠰᠢ ᠴᠢᠩᠳᠣᠣ ᠬᠤᠳᠠ ᠠᠴᠠ ᠣᠩᠨᠢᠭᠤᠣᠨ ᠳᠠᠭᠠᠨ ᠪᠣᠴᠠᠵᠣ ᠣᠩᠨᠢᠭᠤᠣᠨ ᠲᠤ ᠢᠷᠡᠭᠰᠡᠨ ᠪᠣᠰᠣᠣᠨ ᠬᠦᠮᠣᠰ ᠬᠦᠳᠡᠯᠣᠩᠬᠦᠢ ᠪᠠᠷ ᠥᠪᠡᠷ ᠤᠨ ᠨᠡᠶᠢᠭᠡᠮ ᠲᠣᠭᠤᠷᠢᠭ᠂  ᠭᠠᠴᠠᠭ᠎ᠠ ᠲᠣᠰᠬᠤᠨ᠂ ᠪᠠᠶᠢᠭᠤᠯᠭ᠎ᠠ ᠨᠢᠭᠡᠴᠡ ᠲᠡᠭᠡᠨ ᠬᠠᠮᠢᠶ᠎ᠠ ᠪᠦᠬᠦᠢ ᠪᠠᠶᠢᠳᠠᠯ ᠢᠶᠠᠨ ᠮᠡᠳᠡᠭᠳᠡᠵᠣ᠂  ᠬᠢᠵᠢᠭ ᠤᠨ ᠪᠠᠶᠢᠳᠠᠯ ᠢ ᠰᠡᠷᠬᠡᠶᠢᠯᠡᠵᠣ ᠡᠵᠡᠮᠳᠡᠬᠦ ᠬᠠᠮᠢᠶ᠎ᠠ ᠪᠦᠬᠦᠢ ᠠᠵᠢᠯ ᠲᠠᠢ ᠰᠠᠶᠢᠳᠣᠷ ᠬᠠᠮᠵᠢᠯᠴᠠᠬᠤ ᠬᠡᠷᠡᠭᠲᠠᠢ᠃       ᠭᠤᠷᠪᠠ᠂ ᠴᠢᠩᠳᠣᠣ ᠬᠤᠳᠠ ᠳᠤ ᠣᠴᠢᠬᠤ ᠴᠢᠬᠤᠯᠠ ᠦᠬᠡᠢ ᠪᠣᠯ ᠣᠴᠢᠬᠤ ᠦᠬᠡᠢ ᠪᠠᠶᠢᠵᠣ᠂  ᠣᠨᠴᠠᠭᠠᠢ ᠪᠠᠶᠢᠳᠠᠯ ᠠᠴᠠ ᠪᠣᠯᠵᠣ ᠡᠷᠬᠡᠪᠰᠢ ᠣᠴᠢᠬᠤ ᠴᠢᠬᠤᠯᠠ ᠲᠠᠢ ᠪᠣᠯ ᠥᠪᠡᠷ ᠤᠨ ᠨᠡᠶᠢᠭᠡᠮ ᠲᠣᠭᠤᠷᠢᠭ᠂  ᠭᠠᠴᠠᠭ᠎ᠠ ᠲᠣᠰᠬᠤᠨ ᠳᠠᠭᠠᠨ ᠮᠡᠳᠡᠬᠦᠯᠵᠣ ᠲᠠᠩᠰᠠᠯᠠᠭᠤᠯᠬᠤ ᠬᠡᠷᠡᠭᠲᠠᠢ᠃ ᠪᠣᠴᠠᠵᠣ ᠢᠷᠡᠬᠦ ᠠᠴᠠ ᠪᠠᠨ ᠡᠮᠣᠨ᠎ᠡ ᠬᠦᠳᠡᠯᠣᠩᠬᠦᠢ ᠎ ᠪᠠᠷ ᠥᠪᠡᠷ ᠤᠨ ᠨᠡᠶᠢᠭᠡᠮ ᠲᠣᠭᠤᠷᠢᠭ᠂  ᠭᠠᠴᠠᠭ᠎ᠠ ᠲᠣᠰᠬᠤᠨ  ᠎ ᠳᠠᠭᠠᠨ ᠬᠦᠷᠴᠣ ᠢᠷᠡᠬᠦ ᠡᠳᠣᠷ ᠬᠤᠭᠤᠴᠠᠭ᠎ᠠ ᠪᠠᠨ ᠮᠡᠳᠡᠭᠳᠡᠬᠦ ᠶᠢᠨ ᠬᠠᠮᠳᠣ ᠬᠠᠮᠢᠶ᠎ᠠ ᠪᠦᠬᠦᠢ ᠬᠠᠮᠢᠶᠠᠷᠴᠣ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠣᠷᠢᠵᠢᠭᠤᠯᠬᠤ ᠬᠡᠷᠡᠭᠲᠠᠢ᠃       ᠲᠦᠷᠪᠡ᠂ ᠬᠤᠪᠢ ᠬᠦᠮᠣᠨ ᠵᠢᠴᠢ ᠬᠦᠯᠢᠶᠡᠨ ᠠᠪᠣᠭᠰᠠᠨ ᠪᠠᠶᠢᠭᠤᠯᠭ᠎ᠠ ᠨᠢᠭᠡᠴᠡ ᠨᠢ ᠵᠣᠷᠢᠭᠤᠳᠠ ᠪᠠᠷ ᠨᠢᠭᠤᠭᠰᠠᠨ ᠪᠣᠶᠣ ᠬᠢᠵᠢᠭ ᠤᠨ ᠪᠠᠶᠢᠳᠠᠯ ᠢ ᠰᠡᠷᠬᠡᠶᠢᠯᠡᠵᠣ ᠡᠵᠡᠮᠳᠡᠬᠦ ᠠᠵᠢᠯ ᠲᠠᠢ ᠬᠠᠮᠵᠢᠯᠴᠠᠭᠰᠠᠨ ᠦᠬᠡᠢ ᠠᠴᠠ ᠪᠣᠯᠵᠣ ᠬᠦᠨᠳᠣ ᠨᠣᠴᠢᠲᠠᠢ ᠦᠷ᠎ᠡ ᠳ᠋ᠦᠩ ᠭᠠᠷᠭᠠᠭᠰᠠᠨ ᠪᠣᠯ ᠲᠣᠳᠣᠭᠠᠳᠣ ᠢ  ᠬᠠᠮᠠᠭᠠᠯᠠᠬᠤ ᠪᠠᠶᠢᠭᠤᠯᠭ᠎ᠠ ᠠᠴᠠ ᠬᠠᠣᠯᠢ ᠶᠣᠰᠣᠭᠠᠷ ᠴᠢᠩᠭ᠎ᠠ ᠰᠢᠳᠭᠡᠨ᠎ᠡ᠃ ᠲᠠᠪᠤ᠂ ᠥᠷᠭᠡᠨ ᠣᠯᠠᠨ ᠲᠦᠮᠡᠨ ᠬᠤᠪᠢ ᠬᠦᠮᠣᠨ ᠤ ᠰᠡᠷᠬᠡᠶᠢᠯᠡᠯᠳᠡ ᠶᠢᠨ ᠣᠬᠠᠮᠰᠠᠷ ᠪᠠᠨ ᠴᠠᠭ ᠢᠮᠠᠭᠳᠠ ᠪᠠᠳᠣᠯᠠᠵᠣ᠂ ᠨᠡᠶᠢᠳᠡ ᠶᠢᠨ ᠮᠠᠰᠢᠨ ᠳᠤ ᠰᠠᠭᠤᠬᠤ᠂ ᠣᠯᠠᠨ ᠨᠡᠶᠢᠳᠡ ᠶᠢᠨ ᠲᠠᠯᠠᠪᠣᠷ ᠥᠷᠳᠡᠭᠡᠨ ᠤ ᠠᠵᠢᠯᠯᠠᠭᠠᠨ ᠳᠤ ᠣᠷᠣᠯᠴᠠᠬᠤ ᠦᠶᠡᠰ ᠠᠮᠠᠪᠴᠢ ᠵᠡᠬᠦᠬᠦ᠂ ᠭᠠᠷ ᠢᠶᠠᠨ ᠣᠬᠢᠶᠠᠬᠤ᠂ ᠰᠠᠯᠬᠢ ᠨᠡᠪᠳᠡᠷᠡᠬᠦᠯᠬᠦ᠂ ᠵᠣᠬᠢᠬᠤ ᠵᠠᠢ ᠶᠢ ᠪᠠᠳᠤᠯᠠᠵᠤ ᠴᠢᠬᠢᠯᠳᠣᠵᠣ ᠰᠢᠬᠠᠯᠳᠣᠬᠤ ᠦᠬᠡᠢ  ᠪᠠᠶᠢᠬᠤ ᠵᠡᠷᠭᠡ ᠠᠮᠣᠷ ᠲᠦᠪᠰᠢᠨ ᠰᠠᠶᠢᠨ ᠰᠠᠶᠢᠬᠠᠨ ᠵᠠᠩ ᠲᠠᠳᠬᠠᠯ ᠎ ᠢ  ᠦᠷᠭᠦᠯᠵᠢᠯᠡᠨ  ᠪᠠᠷᠢᠮᠳᠠᠯᠠᠬᠤ ᠬᠡᠷᠡᠭᠲᠠᠢ᠃      ᠣᠩᠨᠢᠭᠤᠳ ᠬᠤᠰᠢᠭᠤᠨ ᠤ ᠵᠢᠯᠣᠭᠤᠳᠬᠤ ᠭᠠᠵᠠᠷ᠄        0476 - 6352391      ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠄       110 ᠤᠲᠠᠰᠤ     ᠴᠢᠤᠸᠠᠨ ᠨᠢᠩ ᠵᠡᠭᠡᠯᠢ ᠭᠤᠳᠤᠮᠵᠢ ᠶᠢᠨ ᠵᠢᠯᠣᠭᠤᠳᠬᠤ ᠭᠠᠵᠠᠷ᠄        0476-6503036      ᠴᠢᠤᠸᠠᠨ ᠨᠢᠩ ᠨᠡᠶᠢᠭᠡᠮ ᠲᠣᠭᠤᠷᠢᠭ᠄       13848365525     ᠾᠧᠨᠠᠨ ᠨᠡᠶᠢᠭᠡᠮ ᠲᠣᠭᠤᠷᠢᠭ᠄     15047251777    ᠰᠢᠨᠬᠤᠸᠠ ᠨᠡᠶᠢᠭᠡᠮ ᠲᠣᠭᠤᠷᠢᠭ᠄᠄       15049912384    ᠰᠢᠨ᠎ᠡ ᠬᠤᠳᠠ ᠨᠡᠶᠢᠭᠡᠮ ᠲᠣᠭᠤᠷᠢᠭ  ᠄       13804767895    ᠹᠦ᠋ ᠾᠧ ᠨᠡᠶᠢᠭᠡᠮ ᠲᠣᠭᠤᠷᠢᠭ᠄       15047603577    ᠽᠢ ᠴᠧᠩ ᠵᠡᠭᠡᠯᠢ ᠭᠤᠳᠤᠮᠵᠢ ᠶᠢᠨ ᠵᠢᠯᠣᠭᠤᠳᠬᠤ ᠭᠠᠵᠠᠷ᠄       0476-6503440    ᠬᠥ᠋ ᠴᠧᠩ ᠨᠡᠶᠢᠭᠡᠮ ᠲᠣᠭᠤᠷᠢᠭ᠄       0476-6320037        13789467893    ᠶᠦᠩ ᠰᠢᠩ ᠨᠡᠶᠢᠭᠡᠮ ᠲᠣᠭᠤᠷᠢᠭ᠄       0476-6320036      13948168959    ᠹᠦ᠋ ᠰᠢᠩ ᠨᠡᠶᠢᠭᠡᠮ ᠲᠣᠭᠤᠷᠢᠭ᠄       15804764733    ᠪᠣᠷᠣᠬᠤᠳᠠ ᠪᠠᠯᠭᠠᠰᠤᠨ ᠤ ᠵᠢᠯᠣᠭᠤᠳᠬᠤ ᠭᠠᠵᠠᠷ᠄       0476-2303027    ᠴᠢᠶᠣᠤ ᠳᠧᠦ ᠪᠠᠯᠭᠠᠰᠤᠨ ᠤ ᠵᠢᠯᠣᠭᠤᠳᠬᠤ ᠭᠠᠵᠠᠷ᠄       0476 - 6518413    ᠦᠳᠡ ᠶᠢᠨ ᠬᠤᠸᠠ ᠪᠠᠯᠭᠠᠰᠤᠨ ᠤ ᠵᠢᠯᠣᠭᠤᠳᠬᠤ ᠭᠠᠵᠠᠷ᠄       0476 - 6495475    ᠭᠤᠳᠠᠭᠠᠷ ᠭᠦᠩ ᠪᠠᠯᠭᠠᠰᠤᠨ ᠤ ᠵᠢᠯᠣᠭᠤᠳᠬᠤ ᠭᠠᠵᠠᠷ᠄     0476-6615003    ᠡᠤ ᠹᠧᠨ ᠳ᠋ᠢ ᠪᠠᠯᠭᠠᠰᠤᠨ ᠤ ᠵᠢᠯᠣᠭᠤᠳᠬᠤ ᠭᠠᠵᠠᠷ᠄     0476-6684400    ᠣᠳᠠᠨᠳᠣᠬᠤᠢ ᠪᠠᠯᠭᠠᠰᠤᠨ ᠤ ᠵᠢᠯᠣᠭᠤᠳᠬᠤ ᠭᠠᠵᠠᠷ᠄     0476 - 6417306    ᠬᠠᠶᠢᠯᠠᠰᠤ ᠪᠠᠯᠭᠠᠰᠤᠨ ᠤ ᠵᠢᠯᠣᠭᠤᠳᠬᠤ ᠭᠠᠵᠠᠷ᠄     0476 - 6738003     ᠶᠡᠭᠡ ᠭᠦᠩ ᠪᠠᠯᠭᠠᠰᠤᠨ ᠤ ᠵᠢᠯᠣᠭᠤᠳᠬᠤ ᠭᠠᠵᠠᠷ᠄     0476 - 6637440    ᠵᠢᠶᠧ ᠹᠠᠩ ᠶᠢᠩᠽᠢ ᠰᠢᠶᠠᠩ ᠶᠢᠨ ᠵᠢᠯᠣᠭᠤᠳᠬᠤ ᠭᠠᠵᠠᠷ᠄     0476-2787006     ᠮᠠᠭᠤ ᠱᠠᠩᠳᠠ ᠰᠢᠶᠠᠩ ᠶᠢᠨ ᠵᠢᠯᠣᠭᠤᠳᠬᠤ ᠭᠠᠵᠠᠷ᠄     0476-6666003   ᠰᠢᠨᠡᠰᠦ᠋ᠮ᠎ᠡ ᠰᠤᠮᠤ ᠶᠢᠨ ᠵᠢᠯᠣᠭᠤᠳᠬᠤ ᠭᠠᠵᠠᠷ᠄     0476-6755004    ᠪᠠᠶᠠᠨᠲᠣᠬᠤᠶ ᠰᠤᠮᠤ ᠶᠢᠨ ᠵᠢᠯᠣᠭᠤᠳᠬᠤ ᠭᠠᠵᠠᠷ᠄     0476-6782003    ᠠᠰᠢᠬᠠᠨ ᠰᠤᠮᠤ ᠶᠢᠨ ᠵᠢᠯᠣᠭᠤᠳᠬᠤ ᠭᠠᠵᠠᠷ᠄     0476-6400003    ᠬᠡᠷᠰᠡᠩ ᠰᠤᠮᠤ ᠶᠢᠨ ᠵᠢᠯᠣᠭᠤᠳᠬᠤ ᠭᠠᠵᠠᠷ᠄     0476-6748555    ᠳ᠋ᠠᠰᠢᠩ ᠲᠠᠷᠢᠶᠠᠯᠠᠩ ᠤᠨ ᠲᠠᠯᠠᠪᠠᠢ ᠵᠢᠨ‌ᠵᠢᠯᠣᠭᠤᠳᠬᠤ ᠭᠠᠵᠠᠷ᠄     0476-6770003                            ᠣᠩᠨᠢᠭᠤᠣᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ                          ᠥᠷᠪᠢᠰᠣᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ                                   2020 ᠣᠨ  ᠎ ᠤ 10 ᠰᠠᠷ᠎ᠠ ᠶᠢᠨ 12  ᠎ ᠤ ᠡᠳᠣᠷ
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号