ᠪᠣᠷᠣᠬᠤᠲᠠ ᠮᠣᠩᠭᠤᠯ ᠳᠤᠮᠳᠠᠳᠤ ᠰᠣᠷᠭᠠᠭᠤᠯᠢ ᠤᠯᠤᠰ ᠪᠠᠶᠢᠭᠤᠯᠤᠭᠳᠠᠭᠰᠠᠨ 71 ᠵᠢᠯ ᠤᠨ ᠤᠢ ᠶᠢ ᠪᠡᠯᠭᠡᠯᠡᠬᠦ ᠭᠤᠴᠣᠯᠠᠯ ᠳᠠᠭᠤᠤ ᠶᠢᠨ ᠣᠷᠣᠯᠲᠣᠭᠠᠨ ᠶᠠᠪᠤᠭᠤᠯᠪᠠ
ᠨᠡᠶᠢᠲᠡᠯᠡᠭᠰᠡᠨ ᠴᠠᠭ᠄
2020/10/29
     ᠨᠠᠮ ᠢᠶᠠᠨ ᠬᠠᠶᠢᠷᠠᠯᠠᠵᠤ᠂ ᠡᠬᠡ ᠣᠷᠣᠨ ᠢᠶᠠᠨ ᠬᠠᠶᠢᠷᠠᠯᠠᠵᠤ᠂ ᠨᠤᠲᠤᠭ ᠤᠰᠤ ᠪᠠᠨ ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠭᠤᠤᠯ ᠬᠥᠭ ᠠᠶᠠᠰ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠲᠥᠯᠥᠭᠡ᠂ 10 ᠰᠠᠷ᠎ᠠ ᠶᠢᠨ 18 ᠤ ᠡᠳᠦᠷ᠂ ᠪᠤᠷᠤᠬᠤᠲᠠ ᠮᠣᠩᠭᠤᠯ ᠳᠤᠮᠳᠠᠳᠤ ᠰᠤᠷᠭᠠᠭᠤᠯᠢ ᠨᠢ ᠤᠯᠤᠰ ᠪᠠᠶᠢᠭᠤᠯᠤᠭᠳᠠᠭᠰᠠᠨ 71 ᠵᠢᠯ ᠤᠨ ᠣᠶ ᠶᠢ ᠪᠡᠯᠭᠡᠯᠡᠬᠦ ᠵᠢᠴᠢ ᠪᠣᠷᠣᠬᠤᠲᠠ ᠮᠣᠩᠭᠤᠯ ᠳᠤᠮᠳᠠᠳᠤ ᠰᠤᠷᠭᠠᠭᠤᠯᠢ ᠶᠢᠨ 23 ᠳ᠋ᠤᠭᠠᠷ ᠬᠤᠭᠤᠴᠠᠭᠠᠨ ᠤ ︽ ᠨᠣᠮᠢᠨ ᠠᠶᠢᠵᠠᠮ︾  ᠭᠤᠴᠣᠯᠠᠯ ᠳᠠᠭᠤᠤ ᠶᠢᠨ ᠤᠷᠤᠯᠳᠤᠭᠠᠨ ᠬᠢᠭᠰᠡᠨ ᠪᠠᠶᠢᠨ᠎ᠠ᠃      ᠤᠯᠤᠰ ᠪᠠᠶᠢᠭᠤᠯᠤᠭᠳᠠᠭᠰᠠᠨ 71 ᠵᠢᠯ ᠤᠨ ᠤᠢ ᠶᠢ ᠪᠡᠯᠭᠡᠯᠡᠵᠦ᠂ ᠡᠭᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠲᠠᠷᠠᠭᠤᠯᠬᠤ ᠶᠢᠨ ᠲᠥᠯᠥᠭᠡ᠂ ᠤᠷᠤᠯᠳᠤᠭᠠᠨ ᠳᠤ ᠣᠷᠣᠯᠴᠠᠭᠰᠠᠨ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠡ ᠣᠯᠣᠰ ᠢᠶᠠᠨ ᠮᠠᠭᠳᠠᠭᠰᠠᠨ᠂ ᠣᠷᠣᠨ ᠨᠣᠲᠤᠭ ᠢᠶᠠᠨ ᠮᠠᠭᠲᠠᠭᠰᠠᠨ ᠲᠠᠭᠤᠣ  ᠨᠤᠭᠤᠳ ᠢᠶᠠᠨ ᠥᠪᠡᠷ ᠥᠪᠡᠷ ᠤᠨ ᠠᠶᠠᠰ ᠢᠶᠠᠷ ᠢᠶᠠᠨ ᠡᠭᠡᠰᠢᠭᠯᠡᠨ ᠳᠠᠭᠤᠯᠠᠵᠤ᠂ ᠳᠣᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠪᠠᠶᠠᠷ ᠪᠠᠭ᠋ᠠᠲᠣᠯ ᠢᠶᠠᠷ ᠪᠢᠯᠬᠠᠭᠤᠯᠣᠭᠰᠠᠨ ᠪᠠᠶᠢᠯ᠎ᠠ᠃ ᠤᠷᠤᠯᠳᠤᠭᠠᠨ ᠤ ᠳᠤᠮᠳᠠ᠂ ᠤᠷᠤᠯᠳᠤᠭᠠᠨ ᠳᠤ ᠣᠷᠣᠯᠴᠠᠭᠰᠠᠳ ᠤᠨ ᠢᠷᠠᠭᠤ ᠲᠠᠭᠤᠣ ᠬᠠᠩᠬᠢᠨᠠᠵᠣ᠂ ᠠᠩᠬᠢ ᠨᠢᠭᠡᠴᠡ ᠪᠠᠨ ᠲᠥᠯᠥᠭᠡᠯᠡᠵᠥ ᠣᠷᠣᠯᠴᠠᠭᠰᠠᠨ ᠰᠣᠷᠣᠭᠴᠢᠳ ᠤᠨ ᠡᠩᠨᠡᠭᠡ ᠴᠤᠭ ᠵᠢᠪᠬᠤᠭ᠎ᠠ ᠲᠡᠭᠦᠯᠳᠡᠷ ᠢᠶᠠᠷ᠂  ᠬᠤᠪᠢ ᠬᠤᠪᠢ ᠶᠢᠨ ᠠᠪᠢᠶᠠᠰ ᠢᠶᠠᠨ ᠭᠠᠶᠢᠬᠠᠭᠤᠯᠣᠨ ᠬᠠᠩᠬᠢᠨᠠᠲᠠᠯ᠎ᠠ ᠳᠠᠭᠤᠯᠠᠵᠤ᠂ ᠬᠠᠮᠲᠣ ᠨᠢᠭᠡᠴᠡ ᠲᠡᠭᠡᠨ ᠢᠷᠠᠭᠤ ᠠᠯᠲᠠᠷ ᠠᠪᠴᠢᠷᠠᠬᠤ ᠶᠢᠨ ᠬᠠᠮᠲᠣ ᠬᠤᠪᠢ ᠭᠥᠮᠥᠨ ᠤ ᠥᠷᠢᠰᠥᠯᠲᠥᠭᠡᠨ ᠢᠶᠠᠨ ᠥᠷᠭᠦᠯᠵᠢᠯᠡᠭᠦᠯᠵᠥ ᠪᠠᠶᠢᠪᠠ᠃ ᠤᠷᠤᠯᠳᠤᠭᠠᠨ ᠤ ᠶᠠᠪᠤᠴᠠ ᠪᠥᠷᠢ ᠳᠤ ᠴᠥᠮ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ  ᠪᠠᠶᠢᠲᠠᠯ ᠪᠠ ᠳᠡᠭᠡᠳᠦ ᠬᠡᠮᠵᠢᠶᠡᠨ ᠤ ᠬᠠᠮᠲᠤ ᠶᠢᠨ ᠢᠷᠠᠭᠤ ᠠᠯᠳᠠᠷᠲᠤ ᠰᠡᠳᠬᠢᠯᠭᠡ ᠢᠯᠡᠷᠡᠵᠣ᠂ ᠨᠥᠭᠦᠷᠯᠡᠯ ᠤᠨ ᠬᠠᠶᠢᠷ᠎ᠠ ᠰᠡᠳᠬᠢᠯᠭᠡ ᠴᠠᠯᠭᠢᠯᠵᠣ᠂ ᠣᠷ᠎ᠠ ᠠᠪᠢᠶᠠᠰ ᠤᠨ ᠰᠣᠷᠢᠯᠲᠠ ᠰᠢᠯᠭᠠᠯᠲᠠ ᠡᠷᠴᠢ ᠭᠥᠴᠥ ᠲᠠᠢ ᠶᠠᠪᠣᠭᠳᠠᠭᠰᠠᠨ ᠪᠠᠶᠢᠨ᠎ᠠ᠃       ᠣᠷᠣᠯᠲᠣᠭᠠᠨ ᠳᠤ ᠣᠷᠣᠯᠴᠠᠭᠰᠠᠨ ᠵᠠᠭᠤ ᠢᠯᠡᠭᠦᠥ ᠰᠣᠷᠣᠭᠴᠢᠳ ᠬᠤᠷᠴᠠ ᠰᠢᠷᠦᠭᠦᠨ ᠪᠠᠴᠢᠮ ᠶᠠᠭᠠᠷᠠᠯᠲᠠᠢ ᠰᠣᠩᠭᠤᠯᠲᠠ ᠤᠷᠤᠯᠳᠤᠭᠠᠨ᠂ ᠰᠢᠢᠳᠪᠥᠷᠢᠲᠥ ᠤᠷᠤᠯᠳᠤᠭᠠᠨ ᠢᠶᠠᠷ ᠳᠠᠮᠵᠢᠨ ᠵᠡᠪᠡ᠂ ᠥᠨᠳᠥᠷ ᠵᠡᠷᠭᠡ 6 ᠰᠤᠷᠤᠭᠴᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠤᠨ ᠱᠠᠩᠨᠠᠯ ᠬᠦᠷᠲᠡᠵᠦ᠂ ᠢᠮᠢᠨ᠂ ᠰᠣᠷᠭᠤᠭ ᠵᠡᠷᠭᠡ 14 ᠰᠤᠷᠤᠭᠴᠢ ᠰᠢᠯᠢᠳᠡᠭ ᠱᠠᠩᠨᠠᠯ  ᠭᠥᠷᠲᠡᠭᠰᠡᠨ ᠪᠠᠶᠢᠨ᠎ᠠ᠃        ᠡᠬᠡ ᠪᠠᠶᠢᠭᠠᠯᠢ ᠪᠠᠨ ᠬᠠᠶᠢᠷᠠᠯᠠᠵᠤ᠂ ᠡᠬᠡ ᠪᠠᠶᠢᠭᠠᠯᠢ ᠪᠠᠨ ᠬᠠᠮᠠᠭᠠᠯᠠᠵᠣ᠂ ᠡᠬᠡ ᠪᠠᠶᠢᠭᠠᠯᠢ ᠲᠠᠢ ᠪᠠᠨ ᠵᠣᠬᠢᠴᠠᠵᠣ ᠠᠮᠢᠲᠣᠷᠠᠬᠤ ᠪᠣᠯ ᠮᠣᠩᠭᠤᠯ ᠥᠨᠲᠥᠰᠥᠲᠡᠨ ᠤ ᠤᠯᠠᠮᠵᠢᠯᠠᠯᠲᠤ ᠵᠨᠩᠰᠢᠯ ᠶᠣᠮ᠃ ᠡᠬᠡ ᠣᠯᠣᠰ ᠢᠶᠠᠨ ᠬᠠᠶᠢᠷᠠᠯᠠᠵᠤ᠂ ᠡᠬᠡ ᠣᠷᠣᠨ ᠢᠶᠠᠨ ᠬᠠᠶᠢᠷᠠᠯᠠᠬᠤ ᠪᠠᠷ ᠣᠷᠢᠶ᠎ᠠ ᠬᠠᠩᠭᠢᠨᠠᠭᠤᠯᠤᠭᠰᠠᠨ ᠪᠣᠷᠣᠬᠤᠲᠠ ᠮᠣᠩᠭᠤᠯ ᠲᠣᠮᠲᠠᠲᠣ ᠰᠣᠷᠭᠠᠭᠤᠯᠢ ᠶᠢᠨ ︽ ᠨᠣᠮᠢᠨ ᠠᠶᠢᠵᠠᠮ︾  ᠭᠤᠴᠣᠯᠠᠯ ᠲᠠᠭᠤᠣ ᠶᠢᠨ ᠣᠷᠣᠯᠲᠣᠭᠠᠨ ᠠᠴᠠ ᠮᠣᠩᠭᠤᠯ ᠮᠣᠷᠢᠨ ᠤ ᠵᠣᠷᠢᠭ ᠰᠠᠨᠠᠭ᠎ᠠ ᠪᠠᠲᠠᠷᠠᠵᠣ᠂ ᠡᠷᠡᠮᠡᠬᠡᠶᠢᠯᠡᠨ ᠣᠷᠣᠭᠰᠢᠯᠠᠬᠤ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠴᠤᠭ ᠰᠦᠯᠳᠡ ᠪᠠᠲᠠᠷᠠᠵᠣ ᠪᠠᠶᠢᠨ᠎ᠠ᠃   ᠢᠩᠬᠢᠵᠣ ᠮᠣᠩᠭᠤᠯ ᠳᠤᠮᠳᠠᠳᠤ ᠰᠤᠷᠭᠠᠭᠤᠯᠢ ᠨᠢ ᠴᠤᠭ ᠪᠠᠳᠠᠷᠠᠩᠭᠤᠢ ᠵᠠᠯᠠᠭᠤ ᠨᠠᠰᠤᠨ ᠤ ᠳᠦᠷᠰᠦ ᠪᠠᠶᠢᠳᠠᠯ ᠢᠶᠠᠷ ᠤᠯᠤᠰ ᠢᠶᠠᠨ ᠬᠠᠶᠢᠷᠯᠠᠬᠤ ᠦᠵᠡᠯ ᠢ ᠪᠠᠳᠠᠷᠠᠭᠤᠯᠵᠤ᠂ ᠣᠷᠣᠭᠰᠢᠯᠲᠠ ᠳᠠᠪᠰᠢᠯᠲᠠ ᠶᠢᠨ ᠬᠠᠩᠭᠢᠨᠠᠮ᠎ᠠ  ᠳᠠᠭᠤᠤ᠂ ᠣᠮᠤᠭ ᠲᠡᠭᠦᠯᠳᠡᠷ  ᠰᠡᠳᠬᠢᠯᠭᠡ ᠪᠠᠷ ᠢᠶᠠᠨ ᠡᠬᠡ ᠤᠯᠤᠰ ᠤᠨ ᠢᠶᠠᠨ ᠪᠠᠶᠠᠷ ᠢ ᠪᠡᠯᠭᠡᠯᠡᠭᠰᠡᠨ ᠪᠠᠶᠢᠨ᠎ᠠ᠃        ᠲᠤᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠴᠢᠪᠬᠠᠳᠠᠵᠤ᠂ ᠡᠬᠡ ᠤᠯᠤᠰ ᠤᠨ ᠢᠶᠠᠨ ᠴᠡᠴᠡᠭᠯᠡᠯ ᠬᠥᠭᠵᠢᠯ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠣᠷᠣᠭᠴᠢᠳ ᠲᠤ ᠣᠷᠠᠯᠢᠭ ᠤᠨ ᠲᠠᠶᠢᠰᠠᠨ᠎ᠠ ᠣᠷ᠎ᠠ ᠠᠪᠢᠶᠠᠰ ᠢᠶᠠᠨ ᠭᠠᠶᠢᠬᠠᠭᠤᠯᠬᠤ ᠲᠣᠬᠢᠶᠠᠯ ᠣᠯᠭᠤᠵᠣ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠰᠤᠷᠤᠭᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠥᠢᠴᠡᠳ ᠬᠠᠷᠠᠭᠤᠯᠵᠤ᠂ ᠠᠩᠭᠢ ᠬᠠᠮᠲᠤ ᠶᠢᠨ ᠨᠢᠭᠲᠠᠷᠠᠯ ᠤᠨ ᠬᠦᠴᠦᠨ ᠪᠣᠯᠤᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠤᠬᠠᠮᠰᠠᠷ ᠢ  ᠨᠡᠮᠡᠭᠲᠡᠭᠦᠯᠥᠨ ᠪᠠᠭᠰᠢ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ  ᠬᠦᠭᠵᠢᠭᠡᠭᠰᠡᠨ ᠪᠠᠶᠢᠨ᠎ᠠ᠃        
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号