ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ︽ᠤᠭ ᠰᠠᠨᠠᠭ᠎ᠠ ᠪᠠᠨ ᠦᠯᠦ  ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠬᠢᠯᠡᠬᠦ︾ ᠭᠤᠤᠯ ᠰᠡᠳᠦᠪᠲᠦ  ᠶᠠᠷᠢᠶ᠎ᠠ ᠢᠯᠡᠳᠬᠡᠯ ᠤᠨ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2020/10/30
        ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ  ᠪᠤᠯᠭᠠᠵᠤ ᠂ ᠡᠬᠡ ᠣᠷᠣᠨᠴᠢ ᠦᠵᠡᠯ  ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠨ ᠤ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 23 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠢ ᠪᠣᠷᠣᠬᠤᠲᠠ ᠨᠢᠭᠡᠳᠦᠭᠡᠷ ᠪᠠᠭ᠎ᠠ  ᠰᠣᠷᠭᠠᠭᠤᠯᠢ ᠪᠤᠯᠤᠨ ᠪᠣᠷᠣᠬᠤᠲᠠ ᠮᠣᠩᠭᠤᠯ ᠳᠣᠮᠲᠠᠲᠣ ᠰᠣᠷᠭᠠᠭᠤᠯᠢ ᠳᠤ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ  ᠡᠷᠬᠢᠯᠡᠬᠦ︾ ᠭᠡᠬᠦ ᠭᠤᠣᠯ ᠰᠡᠳᠦᠪᠲᠦ ᠶᠠᠷᠢᠶᠠᠨ ᠤ ᠤᠷᠤᠯᠳᠤᠭᠠᠨ ᠶᠠᠪᠤᠭᠤᠯᠪᠠ᠃       ᠲᠤᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ︽ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠤᠨ ᠬᠥᠮᠦᠨ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠪᠠᠷ ᠭᠤᠣᠯ ᠵᠣᠷᠢᠯᠭ᠎ᠠ ᠪᠠᠨ ᠪᠤᠯᠭᠠᠭᠰᠠᠨ ᠶᠤᠮ᠃ ᠤᠷᠤᠯᠳᠤᠭᠠᠨ ᠳᠤ ᠣᠷᠣᠯᠴᠠᠭᠰᠠᠳ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ᠂ ᠰᠤᠷᠭᠠᠨ ᠬᠥᠮᠦᠵᠢᠯ ᠵᠢᠭᠠᠨ ᠰᠣᠷᠭᠠᠯᠲᠠ ᠶᠢᠨ ᠬᠠᠮᠢᠶᠠᠷᠤᠯᠲᠠ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠦᠨᠳᠦᠰᠦᠲᠡᠨ ᠤ  ᠪᠥᠯᠭᠦᠮᠲᠡᠯ ᠲᠠᠪᠰᠢᠯᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠡᠷᠭᠡ ᠲᠠᠯ᠎ᠠ ᠪᠠᠷ ᠬᠢ ᠦᠵᠡᠵᠦ ᠰᠣᠨᠣᠰᠤᠭᠰᠠᠨ ᠵᠦᠢᠯ ᠢᠶᠠᠨ ᠲᠣᠭᠠᠴᠢᠨ ᠶᠠᠷᠢᠵᠤ᠂ ᠲᠤᠬᠠᠶ ᠶᠢᠨ ᠲᠠᠯᠠᠪᠠᠶ ᠳᠤ ᠤᠷᠤᠯᠴᠠᠭᠰᠠᠳ ᠲᠤ ᠨᠢᠭᠡᠨ ᠤᠳᠠᠭᠠᠨ ᠤ ᠤᠯᠤᠰ ᠲᠥᠷᠥ ᠦᠵᠡᠯ ᠰᠠᠨᠠᠭᠠᠨ ᠤ ᠬᠦᠮᠥᠵᠢᠯ ᠪᠤᠯᠤᠭᠰᠠᠨ ᠢᠶᠠᠷ ᠪᠠᠷᠠᠬᠤ ᠦᠭᠡᠢ᠂ ᠨᠡᠶᠢᠭᠡᠮ ᠵᠢᠷᠥᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠶ ᠤᠶᠢᠯᠠᠭᠠᠭᠤᠯᠬᠤ ᠶᠢᠨ ᠬᠠᠮᠲᠤ᠂ ᠪᠡᠶ᠎ᠡ ᠪᠠᠷ ᠢᠶᠠᠨ ᠬᠡᠪ ᠲᠥᠷᠢᠮ ᠪᠣᠯᠵᠣ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ ᠳᠠᠭᠠᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠨᠠᠩ ᠰᠠᠠᠶᠢᠳᠤᠷ ᠲᠠᠨᠢᠭᠤᠯᠣᠭᠰᠠᠨ ᠪᠠᠶᠢᠨ᠎ᠠ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号