ᠬᠤᠭᠤᠴᠠᠭ᠎ᠠ ᠰᠣᠯᠢᠬᠤ ᠰᠤᠩᠭᠤᠭᠤᠯᠢ ᠶᠢᠨ ᠰᠠᠬᠢᠯᠭ᠎ᠠ ᠪᠠᠲᠤ ᠶᠢ  ᠴᠢᠩᠭᠠᠳᠬᠠᠵᠤ  ᠬᠤᠭᠤᠴᠠᠭ᠎ᠠ ᠰᠣᠯᠢᠬᠤ  ᠶᠢ  ᠬᠠᠷᠰᠢᠯᠠᠬᠤ ᠠᠵᠢᠯᠯᠠᠭ᠎ᠠ ᠳᠤ  ᠴᠢᠩᠭ᠎ᠠ  ᠴᠤᠬᠢᠯᠲᠠ  ᠥᠭᠬᠦ  ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2020/12/1
       ᠪᠦᠬᠦ ᠬᠤᠰᠢᠭᠤᠨ ᠤ ᠭᠠᠴᠠᠭ᠎ᠠ ᠲᠤᠰᠬᠤᠨ ᠤ ︽ᠬᠤᠶᠠᠷ ᠵᠦᠪᠯᠠᠯ  ︾   ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠳᠤᠯᠠᠵᠤ᠂ ᠠᠷᠢᠭᠤᠨ ᠴᠢᠭᠡᠴᠢ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠤᠰᠠᠲᠠ  ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠶᠢ ᠴᠢᠩᠭᠠᠳᠬᠠᠵᠤ᠂ ᠬᠤᠭᠤᠴᠠᠭ᠎ᠠ ᠰᠤᠯᠢᠬᠤ ᠶᠢ ᠬᠠᠷᠰᠢᠯᠠᠬᠤ ᠠᠵᠢᠯᠯᠠᠭ᠎ᠠ ᠳᠤ ᠬᠦᠨᠳᠤ ᠴᠤᠬᠢᠯᠲᠠ ᠦᠭᠬᠦ ᠲᠤᠬᠠᠢ ᠵᠠᠷᠯᠠᠯ᠄        ᠨᠢᠬᠡ᠂ ᠠᠶᠤᠯᠭᠠᠨ ᠰᠦᠷᠳᠡᠬᠦᠯᠬᠦ ᠪᠤᠶᠤ  ᠬᠠᠭᠤᠷᠴᠤ ᠮᠡᠬᠡᠯᠡᠬᠦ ᠵᠡᠷᠭᠡ ᠠᠷᠭ᠎ᠠ ᠪᠠᠷᠢᠯ ᠢᠶᠠᠷ ᠨᠠᠮ ᠤᠨ ᠭᠡᠰᠢᠭᠦᠨ ᠪᠠ ᠠᠷᠠᠳ ᠲᠦᠮᠡᠨ ᠤ ᠰᠤᠩᠭᠤᠭᠤᠯᠢ ᠲᠤᠮᠲᠠ ᠰᠤᠩᠭᠤᠬᠤ ᠪᠠ ᠰᠤᠩᠭᠤᠭᠳᠠᠬᠤ ᠡᠷᠭᠡ ᠪᠠᠨ ᠭᠡᠷᠡᠭᠯᠡᠬᠦ ᠶᠢ ᠬᠠᠷᠰᠢᠯᠠᠬᠤ  ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃       ᠬᠤᠶᠠᠷ᠂ ᠲᠠᠶᠢᠯᠠᠯᠭ᠎ᠠ ᠬᠢᠬᠦ᠂ ᠵᠤᠭᠤᠰ ᠮᠦᠩᠭᠦ᠂ ᠦᠨᠡᠲᠤ ᠲᠡᠮᠳᠡᠭᠲᠤ ᠪᠠ ᠡᠯ᠎ᠠ  ᠵᠦᠢᠯ ᠤᠨ ᠪᠡᠯᠡᠭ ᠬᠦᠷᠭᠡᠭᠦ᠂ ᠬᠤᠭᠤᠴᠠᠭ᠎ᠠ ᠰᠤᠯᠢᠭᠰᠡᠨ ᠤ ᠲᠠᠷᠠᠭ᠎ᠠ ᠶᠠᠮᠠᠷ ᠨᠢᠬᠡᠨ ᠵᠦᠢᠯ ᠤᠨ ᠠᠰᠢᠭ  ᠬᠦᠷᠲᠡᠬᠡᠬᠦ ᠪᠠᠷ  ᠲᠤᠭᠲᠠᠬᠤ  ᠵᠡᠷᠭᠡ ᠭᠡᠯᠪᠡᠷᠢ ᠪᠠᠷ ᠪᠢᠯᠧᠲ ᠲᠠᠲᠠᠬᠤ᠂  ᠬᠡᠬᠡᠯᠢ ᠲᠦᠯᠬᠢᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃       ᠭᠤᠷᠪᠠ᠂ ᠰᠣᠩᠭᠤᠭᠤᠯᠢ ᠶᠢ ᠡᠵᠡᠮᠳᠡᠬᠦ᠂ ᠬᠤᠷᠠᠯ ᠠᠴᠠ ᠵᠠᠶᠢᠯᠠᠬᠤ  ᠂ ᠮᠥᠷᠳᠡᠨ ᠭᠡᠲᠡᠬᠦ᠂ ᠬᠠᠨ᠎ᠠ ᠶᠢᠨ ᠰᠤᠨᠢᠨ ᠨᠠᠭᠠᠬᠤ᠂ ᠬᠤᠳᠠᠯ ᠬᠠᠭᠤᠷᠮᠠᠭ ᠢᠶᠠᠷ ᠨᠠᠶᠢᠳᠠᠬᠤ᠂ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ ᠵᠦᠶ ᠪᠤᠰᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃       ᠳᠥᠷᠪᠡ᠂ ᠣᠪᠣᠭ ᠲᠥᠷᠥᠯ᠂ ᠠᠶᠢᠮᠠᠭ ᠪᠦᠯᠦᠭ᠂ ᠱᠠᠰᠢᠨ ᠰᠤᠷᠲᠠᠬᠤᠨ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠰᠢᠭᠯᠠᠨ ᠰᠤᠩᠭᠤᠭᠤᠯᠢ ᠶᠢᠨ ᠠᠵᠢᠯᠯᠠᠭ᠎ᠠ ᠶᠢ ᠬᠠᠷᠰᠢᠯᠠᠬᠤ ᠪᠡ ᠡᠪᠳᠡᠬᠦ ᠶᠢ ᠴᠢᠩᠭ᠎ᠠ ᠴᠠᠭᠠᠵᠠᠯᠠᠨ᠎ᠠ  ᠃       ᠲᠠᠪᠤ᠂ ᠰᠤᠩᠭᠤᠭᠤᠯᠢ ᠶᠢᠨ ᠬᠠᠶᠢᠷᠴᠠᠭ ᠢ ᠪᠤᠯᠢᠶᠠᠨ ᠰᠦᠢᠳᠭᠡᠭᠦ᠂ ᠰᠤᠩᠭᠤᠭᠤᠯᠢ ᠶᠢᠨ ᠬᠠᠶᠢᠷᠴᠠᠭ ᠢ  ᠬᠠᠭᠤᠷᠮᠠᠭᠯᠠᠨ ᠵᠤᠬᠢᠶᠠᠬᠤ᠂  ᠪᠢᠯᠧᠲ   ᠤᠨ ᠲᠤᠭ᠎ᠠ ᠶᠢ ᠬᠤᠳᠠᠯ ᠢᠶᠠᠷ ᠮᠡᠳᠡᠬᠦᠯᠬᠦ᠂ ᠰᠤᠩᠭᠤᠭᠤᠯᠢ ᠶᠢᠨ ᠲᠠᠯᠠᠪᠤᠷ   ᠢ ᠦᠢᠮᠡᠬᠦᠯᠬᠦ ᠵᠡᠷᠭᠡ ᠠᠷᠭ᠎ᠠ ᠪᠠᠷᠢᠯ ᠢᠶᠠᠷ ᠰᠤᠩᠭᠤᠭᠤᠯᠢ ᠶᠢ ᠬᠠᠷᠰᠢᠯᠠᠭᠰᠠᠨ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃     ᠵᠢᠷᠭᠤᠭ᠎ᠠ᠂ ᠭᠦᠳᠬᠡᠨ ᠵᠠᠭᠠᠯᠳᠤᠵᠤ ᠭᠦᠵᠢᠷᠯᠡᠨ ᠬᠤᠤᠷᠯᠠᠬᠤ᠂  ᠴᠤᠤᠷᠬᠠᠯ ᠲᠠᠷᠬᠠᠭᠠᠬᠤ  ᠵᠡᠷᠭᠡ  ᠬᠤᠭᠤᠴᠠᠭ᠎ᠠ ᠰᠤᠯᠢᠬᠤ ᠰᠤᠩᠭᠤᠭᠤᠯᠢ ᠶᠢ ᠬᠠᠷᠰᠢᠯᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠲᠤᠯᠤᠭ᠎ᠠ᠂ ᠨᠠᠮ ᠤᠨ ᠭᠡᠰᠢᠭᠦᠨ ᠺᠠᠳ᠋ᠷᠴᠤᠳ  ᠠᠴᠠ  ᠨᠣᠶᠠᠨ ᠵᠡᠷᠭᠡ ᠡᠷᠭᠦᠮᠵᠢᠯᠡᠬᠦ ᠪᠠᠷ ᠠᠮᠠᠯᠳᠠᠬᠤ᠂ ᠬᠤᠭᠤᠴᠠᠭ᠎ᠠ ᠰᠣᠯᠢᠬᠤ ᠰᠣᠩᠭᠤᠭᠤᠯᠢ ᠶᠢ ᠨᠢᠭᠤᠨ ᠳᠠᠯᠳᠠᠯᠠᠬᠤ᠂ ᠥᠮᠥᠭᠯᠡᠬᠦ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠨᠠᠢᠮᠠ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ  ᠪᠠᠶᠢᠴᠠᠭᠠᠨ ᠰᠢᠢᠳᠪᠤᠷᠢᠯᠡᠬᠦ ᠶᠢ ᠬᠠᠷᠰᠢᠯᠠᠬᠤ᠂ ᠡᠰᠡᠬᠦᠯ᠎ᠡ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠤᠮᠳᠠ  ᠬᠠᠤᠯᠢ ᠴᠠᠭᠠᠵᠠ ᠶᠢ ᠵᠦᠷᠢᠴᠠᠨ᠂ ᠰᠠᠬᠢᠯᠭ᠎ᠠ ᠪᠠᠲᠤ ᠶᠢ ᠡᠪᠳᠡᠭᠰᠡᠨ ᠦᠢᠯᠡ ᠠᠵᠢᠯᠯᠠᠭ᠎ᠠ ᠶᠢ ᠢᠯᠡᠴᠢᠯᠡᠨ  ᠮᠡᠳᠡᠬᠦᠯᠦᠭᠰᠠᠳ ᠠᠴᠠ ᠦᠰᠢᠶ᠎ᠠ ᠠᠪᠬᠤ ᠶᠢ ᠴᠢᠩᠭ᠎ᠠ ᠴᠠᠭᠠᠵᠠᠯᠠᠨ᠎ᠠ᠃      ᠶᠢᠰᠦ᠂ ᠭᠠᠴᠠᠭᠠᠨ ᠤ ᠺᠠᠳ᠋ᠷ ᠤᠨ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠢᠶᠠᠨ  ᠲᠠᠰᠤᠯᠳᠠᠬᠤ ᠶᠢ ᠴᠢᠩᠭ᠎ᠠ ᠴᠠᠭᠠᠵᠠᠯᠠᠵᠤ᠂ ᠬᠤᠭᠤᠴᠠᠭ᠎ᠠ ᠰᠣᠯᠢᠬᠤ ᠲᠣᠬᠢᠶᠠᠯ ᠢ ᠠᠰᠢᠭᠯᠠᠨ  ᠵᠣᠭᠤᠰ ᠵᠠᠷᠤᠬᠤ᠂ ᠠᠯᠪᠠᠨ ᠡᠳ᠋ ︵ᠵᠣᠭᠤᠰ︶ ᠢ ᠬᠤᠪᠢ ᠪᠠᠷ ᠢᠶᠠᠨ ᠬᠤᠪᠢᠶᠠᠬᠤ᠂ ᠨᠥᠬᠦᠪᠥᠷᠢ ᠪᠠ ᠱᠠᠩᠨᠠᠯ ᠤᠨ ᠮᠥᠩᠭᠦ ᠶᠢ ᠳᠤᠷ᠎ᠠ ᠪᠠᠷ ᠢᠶᠠᠨ ᠣᠯᠭᠤᠬᠤ᠂ ᠨᠡᠶᠢᠲᠠ ᠶᠢᠨ ᠡᠳ᠋  ᠬᠦᠷᠤᠩᠭᠡ ᠶᠢ ᠳᠤᠷ᠎ᠠ ᠪᠠᠷ ᠢᠶᠠᠨ ᠰᠢᠢᠳᠪᠤᠷᠢᠯᠡᠬᠦ ᠳᠤ  ᠴᠢᠩᠭ᠎ᠠ ᠴᠤᠬᠢᠯᠲᠠ ᠦᠭᠬᠦᠨ᠎ᠠ᠃     ᠠᠷᠪᠠ᠂ ᠬᠤᠭᠤᠴᠠᠭ᠎ᠠ ᠰᠣᠯᠢᠬᠤ ᠠᠵᠢᠯ ᠳᠠᠭᠤᠰᠤᠭᠰᠠᠨ ᠤ ᠳᠠᠷᠠᠭ᠎ᠠ ᠠᠵᠢᠯ ᠲᠤᠰᠢᠶᠠᠬᠤ ᠦᠭᠡᠢ᠂ ᠲᠠᠮᠠᠭ᠎ᠠ ᠲᠤᠰᠢᠶᠠᠬᠤ ᠦᠭᠡᠢ᠂ ᠳᠠᠩᠰᠠ ᠡᠪᠬᠡᠮᠡᠯ ᠲᠤᠰᠢᠶᠠᠬᠤ ᠦᠭᠡᠢ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠎ᠠ᠃     ᠠᠷᠪᠠᠨ ᠨᠢᠭᠡ᠂ ᠦᠨᠳᠦᠰᠦᠲᠡᠨ ᠤ ᠠᠰᠠᠭᠤᠳᠠᠯ ᠢ ᠠᠰᠢᠭᠯᠠᠨ ᠬᠤᠭᠤᠴᠠᠭ᠎ᠠ ᠰᠣᠯᠢᠬᠤ ᠠᠵᠢᠯ ᠳᠤ ᠭᠠᠷ ᠲᠦᠷᠦᠭᠦ᠂  ᠬᠠᠷᠰᠢᠯᠡᠬᠤ᠂ ᠡᠪᠳᠡᠬᠦ ᠶᠢ ᠴᠢᠩᠭ᠎ᠠ ᠴᠠᠭᠠᠵᠠᠯᠠᠨ᠎ᠠ᠃     ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠳᠡᠭᠡᠷ᠎ᠡ ᠳᠤᠷᠠᠳᠤᠭᠰᠠᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠤᠬᠠᠮᠰᠠᠷ ᠠᠴᠠ ᠪᠠᠨ ᠰᠣᠩᠭᠤᠭᠤᠯᠢ ᠶᠢᠨ ᠫᠢᠶᠣᠣ ᠲᠠᠲᠠᠵᠤ ᠬᠠᠭ᠋ᠤᠤᠯᠢᠳᠠᠨ ᠰᠣᠩᠭᠤᠬᠤ ᠵᠡᠷᠭᠡ ᠬᠤᠭᠤᠴᠠᠭ᠎ᠠ ᠰᠣᠯᠢᠬᠤ ᠰᠣᠩᠭᠤᠭᠤᠯᠢ ᠶᠢᠨ  ᠠᠵᠢᠯ ᠢ ᠡᠪᠳᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠶᠢ ᠡᠰᠡᠷᠭᠦᠴᠡᠨ ᠬᠤᠷᠢᠭᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠬᠢᠯᠭ᠎ᠠ ᠪᠠᠲᠤ ᠶᠢ ᠬᠡᠷᠡᠭᠵᠢᠭᠦᠯᠬᠦ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠬᠢᠯᠭ᠎ᠠ ᠪᠠᠲᠤ ᠠᠴᠠ ᠵᠥᠷᠢᠴᠡᠭᠰᠡᠳ ᠢ ᠴᠥᠮ ᠴᠢᠩᠭ᠎ᠠ ᠪᠠᠶᠢᠴᠠᠭᠠᠨ ᠰᠢᠢᠳᠭᠡᠬᠦ ᠬᠡᠷᠡᠭᠲᠡᠶ᠃ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠮᠤᠷ ᠲᠦᠪᠰᠢᠨ ᠢ  ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠶ ᠥᠷᠨᠢᠭᠦᠯᠬᠦ ᠲᠠᠢ ᠤᠶᠠᠯᠳᠤᠭᠤᠯᠤᠨ ᠬᠦᠴᠦᠷᠬᠡᠭᠯᠡᠬᠦ᠂ ᠰᠦᠷᠳᠡᠭᠦᠯᠬᠦ᠂ ᠮᠡᠬᠡᠯᠡᠬᠦ᠂ ᠬᠡᠭᠡᠯᠢ ᠲᠦᠯᠬᠢᠬᠦ᠂ ᠠᠰᠢᠭ ᠢᠶᠠᠷ ᠲᠠᠲᠠᠬᠤ ᠵᠡᠷᠭᠡ ᠠᠷᠭ᠎ᠠ  ᠮᠠᠶ᠋ᠢᠭ᠂ ᠵᠠᠬᠢᠷᠬᠤ᠂ ᠬᠠᠷᠰᠢᠯᠠᠬᠤ᠂  ᠬᠤᠭᠤᠴᠠᠭ᠎ᠠ ᠰᠣᠯᠢᠬᠤ ᠰᠣᠩᠭᠤᠭᠤᠯᠢ ᠶᠢᠨ ᠦᠢᠯᠡ ᠠᠵᠢᠯᠯᠠᠭ᠎ᠠ ᠶᠢ ᠡᠪᠳᠡᠭᠰᠡᠨ ᠬᠠᠷ᠎ᠠ ᠪᠦᠯᠦᠭᠲᠡᠨ ᠬᠠᠷᠭᠢᠰ ᠬᠦᠴᠦᠨ᠂ ᠲᠥᠷᠥᠯ ᠤᠭᠰᠠᠭ᠎ᠠ ᠣᠪᠣᠭ ᠲᠥᠷᠥᠯ ᠤᠨ ᠬᠦᠴᠦᠨ ᠢ ᠡᠷᠡᠰ  ᠰᠢᠢᠳᠬᠡᠬᠦ ᠶᠢ ᠴᠢᠩᠭ᠎ᠠ ᠪᠠᠳᠤᠯᠠᠵᠤ᠂ ᠬᠦᠴᠦᠲᠡᠶ ᠴᠣᠬᠢᠯᠲᠠ ᠥᠭᠴᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ  ᠰᠢᠢᠳᠭᠡᠨ ᠲᠣᠷᠭᠠᠵᠤ᠂ ᠭᠠᠴᠠᠭ᠎ᠠ  ᠲᠤᠰᠬᠤᠨ ᠤ ︽ᠬᠤᠶᠠᠷ ᠵᠥᠪᠯᠡᠯ︾    ᠤᠨ ᠬᠤᠭᠤᠴᠠᠭ᠎ᠠ ᠰᠤᠯᠢᠬᠤ ᠠᠵᠢᠯ ᠲᠡᠭᠦᠰ ᠠᠮᠵᠢᠯᠲᠠ ᠲᠠᠢ  ᠪᠡᠶᠡᠯᠡᠭᠳᠡᠬᠦ   ᠶᠢ ᠦᠨᠡᠨᠬᠦ ᠪᠠᠲᠤᠯᠠᠨ᠎ᠠ᠃                 ᠣᠩᠨᠢᠭᠤᠳ ᠬᠤᠰᠢᠭᠤᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ                 ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠢᠯᠠᠩ                          2020 ᠣᠨ ᠤ 11 ᠰᠠᠷ᠎ᠠ ᠶᠢᠨ 26 ᠤ ᠡᠳᠦᠷ  
 
ᠢᠷᠡᠯᠲᠡ᠄ ᠣᠩᠨᠢᠭᠤᠳ ᠬᠤᠰᠢᠭᠤᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号