| | | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ᠂ ᠬᠠᠮᠳᠤ ᠪᠠᠷ ᠪᠠᠶᠠᠵᠢᠬᠤ ᠶᠢ | ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ︔ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠪᠣᠳᠠᠲᠤ ᠬᠡᠷᠡᠭᠴᠡᠭᠡ︔ ᠬᠤᠶᠠᠷ | ᠵᠥᠪᠯᠡᠯ ᠤᠨ ᠤᠳᠤᠷᠢᠳᠬᠤ ᠪᠠᠭ ᠤᠨ ᠳᠠᠶᠢᠴᠢᠨ ᠪᠠᠬᠢᠯᠡᠯᠲᠡ ᠶᠢᠨ ᠦᠶ᠋ᠯᠡᠳᠦᠯ ᠢ ᠪᠠᠳᠠᠷᠠᠭᠤᠯᠵᠤ᠂ ᠬᠥᠳᠡᠭᠡ | ᠲᠣᠰᠬᠤᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠬᠦ ᠵᠠᠶᠢᠯᠠᠰᠢ | ᠦᠭᠡᠶ ᠰᠣᠩᠭᠤᠯᠲᠠ ᠮᠦᠨ᠃ | ᠤᠩᠨᠢᠭᠤᠳ ᠬᠤᠰᠢᠭᠤᠨ ᠤ ᠪᠤᠷᠤᠬᠤᠳᠠ ᠪᠠᠯᠭᠠᠰᠤ ᠶᠢᠨ ᠪᠠᠶᠠᠡᠬᠠᠨ ᠭᠠᠴᠠᠭ᠎ᠠ ᠨᠢ ᠹᠦ᠋ ᠰᠢ ᠲᠠᠷᠢᠶᠠᠯᠠᠩ ᠤᠨ | ᠦᠵᠡᠬᠦᠯᠬᠡ ᠶᠢᠨ ᠬᠦᠷᠢᠶᠠᠯᠠᠩ᠂ ᠠᠯᠠᠰᠢᠨ ᠦᠬᠡᠷ ᠲᠡᠵᠢᠬᠡᠬᠦ ᠠᠵᠤ ᠦᠢᠯᠡᠰ᠂ ᠬᠡᠷᠡᠯ ᠴᠡᠨᠡᠭ ᠢᠶᠠᠷ ᠴᠡᠬᠢᠯᠭᠠᠨ | ᠭᠠᠷᠭᠠᠬᠤ ᠠᠴᠠ ᠠᠰᠢᠭ ᠬᠦᠷᠳᠡᠬᠦ ᠵᠡᠷᠬᠡ ᠭᠤᠷᠮᠤᠰᠤᠨ ᠠᠷᠭ᠎ᠠ ᠠᠪᠴᠠᠯ ᠢᠶᠠᠷ ᠭᠠᠴᠠᠭᠠᠨ ᠤ ᠬᠠᠮᠳᠤ ᠶᠢᠨ ᠠᠵᠤ | ᠠᠬᠤᠢ ᠪᠠᠨ ᠬᠦᠭᠵᠢᠬᠦᠯᠦᠨ ᠪᠤᠵᠠᠭᠠᠢᠢᠷᠠᠭᠤᠯᠵᠤ ᠪᠠᠶᠢᠨ᠎ᠠ᠃ | ᠪᠠᠶᠠᠨᠬᠠᠨ ᠭᠠᠴᠠᠭ᠎ᠠ ᠪᠠᠯᠭᠠᠰᠤᠨ ᠲᠦᠪ ᠠᠴᠠ ᠵᠡᠬᠦᠨᠰᠢ ᠪᠠᠨ 9 ᠺᠢᠯᠣᠮᠧᠲᠷ ᠵᠠᠶᠢᠳᠠᠢ ᠪᠠᠶᠢᠷᠢᠯᠠᠵᠤ᠂ 528 | ᠡᠷᠦᠬᠡ᠂ 1380 ᠬᠥᠮᠦᠨ ᠠᠮᠠ ᠲᠠᠢ᠃ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠠᠢ 19 ᠡᠷᠦᠬᠡ ᠶᠢᠨ 45 | ᠬᠦᠮᠦᠨ ᠲᠠᠢ᠂ ᠲᠠᠷᠢᠶᠠᠨ ᠭᠠᠵᠠᠷ ᠤᠨ ᠲᠠᠯᠠᠪᠠᠢ ᠨᠢ 1.31 ᠲᠦᠮᠡᠨ ᠮᠦ ᠬᠦᠷᠴᠦ᠂ 7.9 ᠲᠦᠮᠡᠨ ᠮᠥ ᠬᠠᠳᠤᠯᠠᠩ | ᠪᠡᠯᠴᠢᠭᠡᠷ ᠪᠣᠶ᠃ | 2017 ᠤᠨ ᠳᠤ᠂ ᠪᠠᠶᠠᠨᠬᠠᠨ ᠭᠠᠴᠠᠭ᠎ᠠ ᠡᠳ᠋ ᠤᠨ ᠵᠠᠰᠠᠭ ᠤᠨ ᠳᠤᠪᠴᠢᠶ᠎ᠠ ᠶᠢᠨ ︽ᠨᠢᠬᠡ ᠶᠠᠪᠤᠳᠠᠯ ᠢ ᠨᠢᠬᠡ | ᠵᠦᠪᠯᠡᠬᠦ︾ ᠡᠳ᠋ ᠤᠨ ᠵᠠᠰᠠᠭ ᠤᠨ ᠱᠠᠩᠨᠠᠯ ᠤᠨ ᠳᠤᠰᠠᠯᠠᠮᠵᠢ ᠪᠠᠷ 140 ᠲᠦᠮᠡᠨ ᠲᠦᠬᠦᠷᠢᠭ ᠤᠨ ᠪᠡᠯᠡ ᠮᠦᠩᠬᠦ | ᠡᠷᠡᠮᠡᠯᠵᠠᠨ ᠤᠯᠵᠤ᠂ ᠲᠠᠬᠢᠨ ᠦᠪᠡᠰᠤᠪᠠᠨ 3360 ᠲᠦᠮᠡᠨ ᠲᠦᠬᠦᠷᠢᠭ ᠤᠨ ᠪᠡᠯᠡ ᠤᠷᠤᠭᠤᠯᠤᠨ 120 ᠮᠦ | ᠲᠠᠯᠠᠪᠠᠢ ᠪᠦᠬᠦᠢ ᠹᠦ᠋ ᠰᠢ ᠲᠠᠷᠢᠶᠠᠯᠠᠩ ᠤᠨ ᠦᠵᠡᠬᠦᠯᠬᠡ ᠶᠢᠨ ᠬᠦᠷᠢᠶᠠᠯᠠᠩ — ᠮᠤᠩᠭᠤᠯ ᠬᠤᠸᠠᠷᠠᠨ ᠢ ᠪᠠᠶᠢᠭᠤᠯᠵᠤ | ᠂ ᠳᠤᠰ ᠲᠥᠷᠥᠯ ᠵᠦᠢᠯ ᠨᠢ ᠣᠷᠭᠠᠨᠢᠭ ᠢᠳᠡᠰᠢᠨ ᠨᠣᠭᠤᠭ᠎ᠠ ᠳᠠᠷᠢᠬᠤ᠂ ᠴᠡᠴᠡᠭ ᠡᠪᠡᠰᠦ ᠳᠠᠷᠢᠬᠤ᠂ ᠣᠨᠴᠠᠯᠢᠭᠲᠤ | ᠢᠳᠡᠭᠡᠨ ᠤᠮᠳᠠᠭᠠᠨ᠂ ᠵᠤᠭᠠᠴᠠᠨ ᠲᠣᠭᠤᠷᠢᠬᠤ ᠶᠢ ᠨᠢᠭᠡ ᠴᠣᠭᠴᠠ ᠪᠣᠯᠭᠠᠭᠰᠠᠨ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠴᠣᠭᠴᠠ ᠪᠣᠯᠤᠨ᠎ᠠ᠃ ᠲᠥᠷᠥᠯ ᠵᠦᠢᠯ ᠳᠤ 6 ᠨᠡᠷᠡᠨ ᠭᠡᠷᠡᠯ ᠤᠨ ᠬᠦᠯᠡᠮᠵᠢ᠂ 4650 ᠲᠡᠭᠰᠢ | ᠳᠥᠷᠪᠡᠯᠵᠢᠨ ᠮᠧᠲᠷ ᠪᠦᠬᠦᠢ ᠪᠣᠯᠣᠳ ᠪᠦᠳᠦᠴᠡᠳᠦ ᠬᠦᠯᠡᠮᠵᠢ᠂ 50 ᠮᠣᠩᠭᠤᠯ ᠭᠡᠷ᠂ 1200 ᠲᠡᠭᠰᠢ | ᠳᠥᠷᠪᠡᠯᠵᠢᠨ ᠮᠧᠲᠷ ᠪᠦᠬᠦᠢ ᠰᠢᠨ᠎ᠡ ᠰᠣᠷᠭᠤᠭ ᠢ ᠪᠠᠳᠤᠯᠬᠠᠤ ᠬᠥᠮᠥᠷᠭᠡ ᠲᠠᠢ᠃ ᠲᠥᠷᠥᠯ ᠵᠦᠢᠯ ᠢ | ᠪᠡᠶᠡᠯᠡᠭᠦᠯᠦᠭᠰᠡᠨ ᠤ ᠳᠠᠷᠠᠭ᠎ᠠ᠂ ᠵᠢᠱᠢᠯᠲᠡ ᠪᠠᠷ ᠵᠢᠯ ᠤᠨ ᠠᠰᠢᠭ ᠣᠷᠣᠯᠭ᠎ᠠ 800 ᠲᠦᠮᠡᠨ ᠲᠥᠭᠦᠷᠢᠭ ᠲᠤ ᠬᠦᠷᠬᠦ | ᠪᠤᠯᠤᠨ᠎ᠠ᠃ | ᠳᠤᠰ ᠲᠥᠷᠥᠯ ᠵᠦᠢᠯ ᠨᠢ ︽ᠬᠤᠷᠰᠢᠶ᠎ᠠ + ᠺᠣᠮᠫᠠᠨᠢ + ᠲᠠᠷᠢᠶᠠᠴᠢᠨ ᠡᠷᠦᠬᠡ︾ ᠶᠢᠨ ᠬᠡᠪ ᠵᠠᠭᠪᠤᠷ ᠢ | ᠠᠪᠴᠤ᠂ ᠹᠦ᠋ ᠰᠢ ᠲᠡᠷᠢᠵᠤ ᠲᠡᠵᠢᠬᠡᠬᠦ ᠲᠤᠰᠬᠠᠶ ᠬᠤᠷᠰᠢᠶ᠎ᠠ ᠪᠠᠷ ᠲᠤᠯᠤᠭᠠᠢᠢᠯᠠᠭᠤᠯᠤᠨ᠂ ᠶᠢᠨ ᠽᠦᠨ ᠪᠠᠭᠤᠳᠠᠯ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ᠂ ᠬᠦᠷᠢᠶ᠎ᠠ ᠬᠠᠰᠢᠶᠠᠨ ᠤ | ᠠᠵᠤ ᠠᠬᠤᠶ ᠶᠢ ᠬᠥᠭᠵᠢᠭᠦᠯᠵᠦ᠂ ᠺᠣᠮᠫᠠᠨᠢ ᠳᠤ ᠳᠠᠬᠢᠶ᠎ᠠ ᠨᠤᠭᠤᠰᠤ᠂ ᠦᠬᠡᠷ ᠬᠤᠨᠢ᠂ ᠢᠳᠡᠰᠢᠨ ᠨᠣᠭᠤᠭ᠎ᠠ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠪᠠ ᠮᠠᠯ ᠤᠨ ᠠᠰᠢᠭ ᠰᠢᠮ᠎ᠡ ᠬᠠᠩᠭᠠᠵᠤ᠂ ᠲᠠᠷᠢᠶᠠᠨ ᠭᠠᠵᠠᠷ ᠤᠨ ᠪᠣᠬᠢᠷᠲᠤᠯ ᠦᠭᠡᠶ | ᠪᠦᠲᠦᠭᠡᠭᠳᠡᠬᠦᠨ ᠢ ᠬᠤᠭᠤᠯᠠᠨ ᠰᠢᠷᠡᠭᠡᠨ ᠤ ᠢᠳᠡᠭᠡᠨ ᠪᠣᠯᠭᠠᠨ ᠬᠤᠪᠢᠷᠠᠭᠤᠯᠪᠠ᠃ ᠣᠳᠣ ᠨᠢᠭᠡᠨᠲᠡ 30 ᠬᠥᠮᠦᠨ ᠳᠤ | ᠠᠵᠢᠯ ᠣᠯᠭᠤᠵᠤ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 200 ᠭᠠᠷᠤᠶ ᠮᠠᠯᠵᠢᠬᠤ ᠲᠠᠷᠢᠶᠠᠯᠠᠬᠤ | ᠡᠷᠦᠬᠡ ᠶᠢ ᠳᠠᠶᠢᠴᠢᠯᠠᠨ ᠡᠵᠡᠩᠨᠡᠯᠲᠡ ᠳᠤ ᠣᠷᠣᠯᠴᠠᠭᠤᠯᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢᠨ | ᠨᠡᠮᠡᠭᠳᠡᠯ ᠨᠢ 3000 ᠠᠴᠠ 5000 ᠲᠥᠭᠦᠷᠢᠭ ᠬᠦᠷᠴᠠᠢ᠃ ᠡᠭᠦᠨ ᠤ ᠬᠠᠮᠲᠤ ᠲᠥᠷᠥᠯ ᠵᠦᠢᠯ ᠳᠤ ᠵᠢᠯ ᠪᠦᠷᠢ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ 10% ᠪᠠᠷ ᠭᠠᠴᠠᠭ᠎ᠠ ᠲᠣᠰᠬᠤᠨ ᠳᠤ ᠠᠰᠢᠭ ᠬᠤᠪᠢᠶᠠᠨ | ᠥᠭᠴᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠵᠢᠯ ᠪᠦᠷᠢ 14 ᠲᠦᠮᠡᠨ ᠲᠥᠭᠦᠷᠢᠭ ᠤᠨ | ᠣᠷᠣᠯᠭ᠎ᠠ ᠨᠡᠮᠡᠭᠳᠡᠭᠦᠯᠵᠠᠢ᠃ | 2020 ᠤᠨ ᠳᠤ᠂ ︽ᠭᠠᠭᠴᠠ ᠨᠢᠬᠡ ᠡᠷᠦᠬᠡ ᠪᠠᠷ ᠦᠬᠡᠷ ᠲᠡᠵᠢᠬᠡᠬᠦ︾ ᠥᠪᠡᠷ ᠤᠨ ᠥᠷᠲᠡᠭ ᠥᠨᠳᠥᠷ᠂ | ᠦᠷ᠎ᠡ ᠠᠰᠢᠭ ᠳᠣᠤᠷ᠎ᠠ᠂ ᠡᠷᠡᠭᠦᠯ ᠬᠠᠮᠠᠭᠠᠯᠠᠯ ᠤᠨ ᠨᠦᠬᠦᠴᠡᠯ ᠪᠠᠷᠤᠭᠳᠠᠢ ᠪᠠ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠷᠣᠯᠭ᠎ᠠ ᠳᠣᠤᠷ᠎ᠠ ᠵᠡᠷᠭᠡ ᠠᠰᠠᠭᠤᠳᠠᠯ ᠢ ᠰᠢᠶ᠋ᠳᠪᠦᠷᠢᠯᠡᠬᠦ ᠶᠢᠨ ᠲᠥᠯᠥᠭᠡ᠂ ᠪᠠᠯᠭᠠᠰᠤᠨ ᠤ | ᠨᠠᠮ ᠤᠨ ᠪᠠᠶᠢᠭᠤᠯᠤᠯᠲᠠ ᠪᠠᠷ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ | ᠬᠥᠲᠥᠯᠥᠨ ᠲᠠᠭᠠᠭᠤᠯᠬᠤ ᠨᠢᠭᠡᠳᠦᠯᠲᠡᠶ ᠲᠦᠯᠦᠪᠵᠢᠬᠦᠯᠬᠡ ᠪᠠ ᠰᠢᠭᠤᠳ ᠠᠬᠢᠭᠤᠯᠤᠯ ᠳᠣᠤᠷ᠎ᠠ᠂ ᠪᠠᠶᠠᠨᠬᠠᠨ | ᠭᠠᠴᠠᠭᠠᠨ ᠤ ᠨᠠᠮ ᠤᠨ ᠡᠭᠦᠷ ᠭᠠᠴᠠᠭᠠᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ | ᠪᠠ ᠹᠦ᠋ ᠰᠢ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢ ᠪᠠᠶᠢᠭᠤᠯᠵᠠᠢ᠃ ᠬᠤᠷᠰᠢᠶ᠎ᠠ ᠪᠠᠶᠢᠭᠤᠯᠤᠭᠳᠠᠭᠰᠠᠨ ᠤ | ᠳᠠᠷᠠᠭ᠎ᠠ᠂ ᠬᠠᠮᠲᠤ ᠶᠢᠨ ᠴᠣᠭᠴᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠭᠰᠠᠨ ᠳᠡᠮᠵᠢᠯᠭᠡ ᠪᠠᠷ | ᠳᠠᠮᠵᠢᠨ᠂ ᠪᠡᠯᠡ ᠮᠥᠩᠭᠦ᠂ ᠬᠠᠳᠤᠯᠠᠩ ᠪᠡᠯᠴᠢᠭᠡᠷ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠵᠢᠯ | ᠰᠤᠯᠠ ᠲᠠᠯᠪᠢᠭᠰᠠᠨ 4320 ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ ᠶᠢ ᠲᠥᠪᠯᠡᠷᠡᠭᠦᠯᠦᠨ ᠠᠰᠢᠭᠯᠠᠵᠦ | ᠂ ᠪᠠᠶᠠᠨᠬᠠᠨ ᠭᠠᠴᠠᠭᠠᠨ ᠤ ᠠᠯᠠᠰᠢᠨ ᠦᠬᠡᠷ ᠢ ᠨᠠᠶᠢᠳᠠᠨ ᠲᠡᠵᠢᠭᠡᠯᠭᠡᠬᠦ ᠲᠥᠪ ᠢ ᠪᠠᠶᠢᠭᠤᠯᠵᠤ᠂ ᠣᠯᠠᠨ ᠲᠦᠮᠡᠨ ᠢ | ᠳᠠᠶᠢᠴᠢᠯᠠᠨ ᠣᠷᠣᠯᠴᠠᠭᠤᠯᠵᠤ᠂ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠠᠯᠠ ᠮᠥᠩᠭᠦ ᠶᠢ | ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ | ᠬᠤᠪᠢᠷᠠᠭᠤᠯᠬᠤ︾᠂ ︽ᠭᠤᠷᠪᠠ ᠶᠢ ᠬᠤᠪᠢᠷᠠᠭᠤᠯᠬᠤ︾ ᠵᠠᠭᠪᠤᠷ ᠢᠶᠠᠷ ᠳᠠᠮᠵᠢᠭᠤᠯᠤᠨ ᠦᠬᠡᠷ ᠲᠡᠵᠢᠭᠡᠬᠦ ᠠᠵᠤ | ᠦᠢᠯᠡᠰ ᠢ ᠲᠦᠪᠯᠡᠷᠡᠬᠦᠯᠵᠦ ᠡᠷᠴᠢᠮᠵᠢᠬᠦᠯᠬᠦ ᠬᠦᠭᠵᠢᠯᠳᠠ ᠶᠢ ᠠᠬᠢᠭᠤᠯᠪᠠ᠃ ᠦᠢᠯᠡᠳᠪᠦᠷᠢᠯᠡᠯ ᠤᠨ ᠲᠠᠯ᠎ᠠ ᠪᠠᠷ ᠱᠧᠩ | ᠴᠢᠤᠸᠠᠨ ᠣᠲᠣ ᠦᠶ᠎ᠡ ᠶᠢᠨ ᠮᠠᠯ ᠠᠵᠤ ᠠᠬᠤᠶ ᠶᠢᠨ ᠺᠣᠮᠫᠠᠨᠢ ᠠᠴᠠ ᠮᠡᠷᠭᠡᠵᠢᠯ ᠤᠨ ᠦᠶ᠋ᠯᠡᠴᠢᠯᠡᠭᠡ ᠬᠠᠩᠭᠠᠨ᠂ | ᠪᠣᠷᠣᠯᠠᠭᠤᠯᠭ᠎ᠠ ᠶᠢᠨ ᠲᠠᠯ᠎ᠠ ᠪᠠᠷ ᠾᠧᠩ ᠳ᠋ᠦ᠋ ᠢᠳᠡᠭᠡᠨ ᠤ ᠺᠣᠮᠫᠠᠨᠢ ᠪᠠ ᠯᠢ ᠶᠤᠸᠠᠨ ᠺᠣᠮᠫᠠᠨᠢ ᠠᠴᠠ ᠬᠤᠳᠠᠯᠳᠤᠨ | ᠠᠪᠬᠤ ᠪᠠ ᠪᠣᠷᠣᠯᠠᠭᠤᠯᠬᠤ ᠦᠶ᠋ᠯᠡᠴᠢᠯᠡᠭᠡ ᠬᠠᠩᠭᠠᠵᠤ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ | ᠲᠥ᠋ᠷᠥᠯ ᠵᠦᠢᠯ ᠪᠠ ᠮᠡᠷᠭᠡᠵᠢᠯ ᠤᠨ ᠳᠡᠮᠵᠢᠯᠭᠡ ᠦᠵᠡᠬᠦᠯᠤᠨ᠂ ᠪᠡᠯᠡ ᠮᠦᠩᠬᠦᠨ ᠤ ᠲᠠᠯ᠎ᠠ ᠪᠠᠷ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶ᠎ᠠ ᠠᠴᠠ ᠮᠥᠩᠭᠦᠨ ᠬᠦᠢᠯᠬᠡᠬᠡᠨ ᠤ ᠦᠢᠯᠡᠴᠢᠯᠡᠭᠡ ᠬᠠᠩᠭᠠᠵᠤ ᠪᠤᠢ᠃ | ᠣᠳᠣᠬᠠᠨ ᠳᠤ᠂ ᠨᠠᠶᠢᠳᠠᠨ ᠲᠡᠵᠢᠭᠡᠯᠭᠡᠬᠦ ᠲᠥᠪ ᠲᠤ 20 ᠦᠨᠢᠶ᠎ᠡ ᠪᠣᠯᠤᠨ 700 ᠠᠯᠠᠰᠢᠨ ᠦᠬᠡᠷ ᠢ | ᠨᠠᠶᠢᠳᠠᠨ ᠲᠡᠵᠢᠭᠡᠯᠭᠡᠵᠦ᠂ 45 ᠮᠠᠯᠵᠢᠬᠤ ᠡᠷᠦᠬᠡ ᠶᠢ ᠬᠠᠮᠤᠷᠴᠤ᠂ ᠦᠢᠯᠡᠴᠢᠯᠡᠭᠡᠨ ᠤ ᠰᠢᠰᠲ᠋ᠧᠮ ᠪᠦᠷᠢᠨ ᠲᠡᠭᠦᠯᠳᠡᠷ᠂ | ᠠᠶᠤᠯ ᠲᠦᠭᠰᠢᠭᠦᠷᠢ ᠪᠠᠭ᠎ᠠ ᠪᠠᠢᠶ᠋ᠬᠤ ᠪᠠᠷ ᠪᠠᠷᠠᠬᠤ ᠦᠭᠡᠢ ᠠᠵᠤ ᠦᠢᠯᠡᠰ ᠤᠨ ᠦᠷ᠎ᠡ ᠠᠰᠢᠭ ᠴᠤ | ᠥᠩᠭᠡᠷᠡᠭᠰᠡᠨ ᠤ ᠬᠢ ᠠᠴᠠ ᠪᠠᠭ᠎ᠠ ᠪᠤᠰᠤ ᠳᠡᠭᠡᠭᠰᠢᠯᠡᠵᠦ᠂ ᠣᠯᠠᠨ ᠲᠦᠮᠡᠨ ᠤ ᠬᠦᠷᠢᠶᠡᠯᠡᠯ ᠢ ᠨᠠᠩ ᠶᠡᠭᠡ ᠣᠯᠤᠭᠰᠠᠨ | ᠪᠠᠶᠢᠨ᠎ᠠ᠃ ︽ᠮᠠᠨ ᠤ ᠭᠠᠴᠠᠭᠠᠨ ᠤ ᠠᠵᠤ ᠦᠢᠯᠡᠰ ᠤᠨ ᠠᠰᠢᠭ ᠣᠷᠣᠯᠭ᠎ᠠ ᠶᠢᠨ 95% ᠶᠢ ᠮᠠᠯᠵᠢᠬᠤ ᠡᠷᠦᠬᠡ ᠳᠤ | ᠥᠭᠴᠦ᠂ 5% ᠶᠢ ᠦᠬᠡᠷ ᠤᠨ ᠬᠠᠰᠢᠶ᠎ᠠ ᠰᠠᠷᠠᠪᠴᠢ ᠬᠡᠷᠡᠭᠯᠡᠬᠦ ᠵᠠᠷᠤᠳᠠᠯ ᠪᠣᠯᠤᠨ ᠦᠢᠯᠡᠴᠢᠯᠡᠬᠡᠨ ᠤ | ᠬᠠᠮᠢᠶᠠᠷᠤᠯᠲᠠ ᠶᠢᠨ ᠵᠠᠷᠤᠳᠠᠯ ᠪᠣᠯᠭᠠᠵᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠤ ᠣᠷᠣᠭᠤᠯᠤᠨ᠎ᠠ᠃ | ᠡᠭᠦᠨ ᠤ ᠰᠠᠭᠤᠷᠢᠨ ᠲᠡᠬᠡᠷ᠎ᠠ ᠲᠣᠰᠬᠤᠨ ᠤ ᠨᠠᠮ ᠤᠨ ᠡᠭᠦᠷ ᠠᠴᠠ ᠪᠡᠯᠡ ᠴᠤᠭᠯᠠᠭᠤᠯᠤᠨ 20 ᠦᠨᠢᠶ᠎ᠡ ᠬᠤᠳᠠᠯᠳᠤᠨ | ᠠᠪᠴᠤ᠂ ᠨᠠᠶᠢᠳᠠᠨ ᠲᠡᠵᠢᠭᠡᠯᠭᠡᠬᠦ ᠲᠥᠪ ᠲᠤ ᠲᠡᠵᠢᠬᠡᠯᠬᠡᠵᠤ᠂ ᠵᠢᠯ ᠤᠨ ᠣᠷᠣᠯᠭ᠎ᠠ ᠨᠢ 16 ᠲᠦᠮᠡᠨ ᠲᠥᠭᠦᠷᠢᠭ | ᠣᠷᠴᠢᠮ ᠬᠦᠷᠴᠦ᠂ ᠡᠨᠡ ᠵᠢᠯ ᠤᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ | ᠣᠷᠣᠯᠭ᠎ᠠ ᠶᠢ 35 ᠲᠦᠮᠡᠨ ᠲᠥᠭᠦᠷᠢᠭ ᠠᠴᠠ ᠳᠡᠭᠡᠭᠰᠢ ᠲᠣᠭᠲᠠᠪᠤᠷᠢᠵᠢᠭᠤᠯᠵᠤ ᠴᠢᠳᠠᠨ᠎ᠠ︾ ᠬᠡᠵᠦ ᠨᠠᠮ ᠤᠨ | ᠡᠬᠦᠷ ᠤᠨ ᠱᠦᠵᠢ ᠤᠶᠤᠨᠳᠠᠯᠠᠢ ᠢᠳᠡᠬᠡᠯ ᠲᠡᠬᠦᠯᠳᠡᠷ ᠶᠠᠷᠢᠨ᠎ᠠ᠃ | ᠡᠬᠦᠨ ᠠᠴᠠ ᠭᠠᠳᠠᠨ᠎ᠠ᠂ 2018 ᠤᠨ ᠳᠤ ᠪᠠᠶᠠᠡᠬᠠᠨ ᠭᠠᠴᠠᠭ᠎ᠠ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭ᠎ᠠ — ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ 50.5 | ᠲᠦᠮᠡᠨ ᠲᠥᠭᠦᠷᠢᠭ ᠤᠨ ᠪᠠᠯᠠ ᠣᠷᠣᠭᠤᠯᠤᠨ᠂ ᠵᠢᠯ ᠪᠦᠷᠢ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 6.57 | ᠲᠦᠮᠡᠨ ᠲᠥᠭᠦᠷᠢᠭ ᠨᠡᠮᠡᠭᠳᠡᠬᠦᠯᠵᠤ ᠪᠤᠢ᠃ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠶᠢᠨ ᠨᠡᠮᠡᠭᠳᠡᠯ ᠨᠢ ᠭᠠᠴᠠᠭᠠᠨ ᠤ ᠨᠠᠮ ᠤᠨ ᠡᠭᠦᠷ ᠤᠨ | ᠣᠯᠠᠨ ᠲᠦᠮᠡᠨ ᠳᠤ ᠦᠶ᠋ᠯᠡᠴᠢᠯᠡᠬᠦ ᠴᠢᠳᠠᠪᠤᠷᠢ ᠶᠢ ᠲᠡᠭᠡᠭᠰᠢᠯᠡᠬᠦᠯᠤᠨ᠂ ᠨᠠᠮ ᠤᠨ ᠡᠭᠦᠷ ᠢᠶᠠᠷ ᠳᠠᠮᠵᠢᠨ ᠣᠯᠠᠨ | ᠲᠦᠮᠡᠨ ᠢ ᠳᠠᠶᠢᠴᠢᠯᠠᠨ ᠠᠵᠤ ᠦᠢᠯᠡᠰ ᠢᠶᠠᠨ ᠬᠥᠭᠵᠢᠭᠦᠯᠵᠦ᠂ ᠠᠷᠠᠳ ᠲᠦᠮᠡᠨ ᠲᠠᠢ ᠤᠯᠠᠮ ᠨᠢᠭᠲᠠ ᠬᠠᠷᠢᠯᠴᠠᠵᠤ᠂ | ᠤᠯᠠᠮ ᠤᠶᠢᠷᠠᠳᠴᠤ᠂ ᠨᠠᠮ ᠤᠨ ᠡᠭᠦᠷ ᠤᠨ ᠤᠯᠠᠨ ᠲᠦᠮᠡᠨ ᠤ ᠳᠤᠮᠳᠠᠬᠢ ᠢᠲᠡᠭᠡᠯ ᠬᠦᠨᠳᠦ ᠴᠦ ᠨᠡᠩ ᠥᠨᠳᠥᠷ | ᠪᠤᠯᠵᠤ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠡᠶᠢᠳᠡᠮ ᠵᠥᠪᠰᠢᠶᠡᠷᠡᠯ ᠪᠠ ᠳᠡᠮᠵᠢᠯᠭᠡ ᠶᠢ ᠤᠯᠵᠦ᠂ | ᠭᠠᠴᠠᠭᠠᠨ ᠤ ᠠᠷᠠᠳ ᠤᠨ ᠴᠢᠨᠡᠬᠡᠯᠢᠭ ᠠᠮᠢᠳᠤᠷᠠᠯ ᠢ ᠪᠡᠶᠡᠯᠡᠬᠦᠯᠬᠦ ᠳᠤ ᠵᠤᠬᠢᠶᠠᠨ ᠪᠠᠶᠢᠭᠤᠯᠤᠯᠳᠠ ᠶᠢᠨ ᠰᠠᠭᠤᠷᠢ | ᠲᠠᠯᠪᠢᠵᠤ᠂ ᠤᠯᠠᠨ ᠲᠦᠮᠡᠨ ᠤ ᠤᠷᠤᠯᠭ᠎ᠠ ᠲᠠᠰᠤᠷᠠᠯᠳᠠ ᠦᠬᠡᠢ ᠨᠡᠮᠡᠭᠳᠡᠵᠤ᠂ ᠨᠢᠳᠤᠨᠤᠨ ᠤ ᠬᠥᠮᠦᠨ ᠳᠤᠮᠳᠠᠴᠢ ᠶᠢᠨ | ᠣᠷᠣᠯᠭ᠎ᠠ 8427 ᠲᠥᠭᠦᠷᠢᠭ ᠬᠦᠷᠦᠭᠰᠡᠨ ᠪᠠᠶᠢᠨ᠎ᠠ᠃ |