ᠪᠤᠷᠤᠬᠤᠳᠠ ᠬᠤᠳᠠ ᠲᠤᠭᠤᠷᠢᠭ ᠤᠨ ᠪᠠᠢ ᠾᠧ ᠡᠮᠥᠨᠡᠳᠥ ᠰᠠᠭᠤᠭᠠᠯᠢ ᠲᠤᠭᠤᠷᠢᠭ ᠪᠤᠯᠤᠨ ᠤᠷᠴᠢᠨ ᠲᠤᠭᠤᠷᠢᠨ ᠤ ᠲᠡᠯᠭᠡᠭᠦᠷ            ᠬᠤᠳᠠᠯᠳᠤᠭ᠎ᠠ ᠶᠢ ᠪᠢᠳᠡᠭᠦᠮᠵᠢᠯᠡᠨ ᠬᠢᠵᠠᠭᠠᠷᠯᠠᠵᠤ ᠬᠠᠮᠢᠶᠠᠷᠬᠤ ᠪᠤᠶᠤ ᠡᠭᠦᠳᠡ ᠶᠢ ᠨᠢ ᠬᠠᠭᠠᠯᠭᠠᠬᠤ ᠲᠤᠬᠠᠢ ᠪᠠᠴᠢᠮ ᠵᠠ᠊
ᠨᠡᠶᠢᠲᠡᠯᠡᠭᠰᠡᠨ ᠴᠠᠭ᠄
2020/2/15
                    ︵ᠠᠷᠪᠠᠳᠤᠭᠠᠷ ᠲᠤᠭᠠᠳᠤ︶        ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠤᠯᠤᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠦᠨᠳᠥ ᠴᠢᠬᠤᠯᠠ ᠭᠡᠨᠡᠳᠳᠡ ᠶᠢᠨ ᠬᠡᠷᠡᠭ ᠤᠴᠢᠷ ᠤᠨ ᠨᠢᠭᠡᠳᠥᠭᠡᠷ ᠲᠡᠰ ᠤᠨ ᠴᠤᠤᠷᠢᠶᠠᠳᠤᠯᠭ᠎ᠠ ᠵᠢᠴᠢ ︽ᠤᠩᠨᠢᠭᠤᠳ ᠬᠤᠰᠢᠭᠤᠨ ᠤ ᠤᠯᠠᠨ ᠨᠡᠶᠢᠳᠡ ᠶᠢᠨ ᠭᠡᠨᠡᠳᠳᠡ ᠶᠢᠨ ᠬᠡᠷᠡᠭ ᠤᠴᠢᠷ ᠢ ᠠᠷᠭᠠᠴᠠᠬᠤ ᠲᠦᠰᠥᠪ︾ ᠵᠡᠷᠭᠡ ᠬᠠᠮᠢᠶ᠎ᠠ ᠪᠦᠬᠦᠢ ᠲᠦᠷᠢᠮ ᠲᠤᠭᠳᠠᠭᠠᠯ ᠢ ᠦᠨᠳᠥᠰᠥᠯᠡᠨ᠂ ᠵᠠᠭᠤᠴᠢᠯᠠᠭᠤᠷ ᠠᠴᠠ ᠨᠡᠶᠢᠳᠡᠯᠡᠭᠰᠡᠨ ᠮᠠᠨ ᠤ ᠬᠤᠰᠢᠭᠤᠨ ᠳᠤ ᠨᠢᠭᠡᠨᠳᠡ ᠤᠨᠤᠰᠢᠯᠠᠭᠰᠠᠨ ᠬᠤᠶᠠᠷ ᠨᠡᠷ᠎ᠡ ᠰᠢᠨ᠎ᠡ ᠲᠢᠳᠢᠮᠯᠢᠭ ᠠᠭᠤᠰᠬᠢᠨ ᠦᠷᠪᠢᠰᠥᠯ ᠤᠨ ᠡᠪᠡᠳᠴᠢᠳᠡᠨ ᠢᠯᠡᠷᠡᠭᠰᠡᠨ ᠬᠦᠨᠳᠥ ᠨᠤᠴᠢᠳᠠᠢ ᠪᠠᠶᠢᠳᠠᠯ ᠠᠴᠠ ᠪᠤᠯᠵᠤ᠂ ᠲᠠᠷᠤᠢ ᠲᠦᠷᠭᠡᠨ ᠸᠢᠷᠦ᠋ᠰ ᠤᠨ ᠲᠠᠮᠵᠢᠭᠳᠠᠬᠤ ᠵᠠᠮ ᠮᠦᠷ ᠢ ᠲᠠᠰᠤᠯᠵᠤ ᠂ ᠰᠠᠭᠤᠭᠠᠯᠢ ᠲᠤᠭᠤᠷᠢᠭ ᠤᠨ ᠪᠦᠬᠦᠶᠢᠯᠡ ᠡᠷᠥᠬᠡ ᠪᠤᠯᠤᠨ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ᠂ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠦᠨᠡᠨ ᠬᠦ ᠬᠠᠮᠠᠭᠠᠯᠠᠬᠤ ᠶᠢᠨ ᠲᠦᠯᠥᠭᠡ᠂ ᠤᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠥᠯ ᠎ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠠᠴᠠ ᠲᠤᠭᠳᠠᠭᠠᠯ ᠭᠠᠷᠭᠠᠵᠤ᠂ ᠦᠨᠥᠳᠥᠷ ᠠᠴᠠ ᠡᠬᠢᠯᠡᠨ ᠬᠡᠰᠡᠭ ᠪᠦᠯᠥᠭ ᠰᠠᠭᠤᠭᠠᠯᠢ ᠲᠤᠭᠤᠷᠢᠭ ᠢ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢᠶᠠᠨ ᠲᠡᠰ ᠲᠡᠪᠰᠢᠬᠦᠯᠬᠦ ᠲᠤᠬᠠᠢ ᠬᠡᠷᠡᠭ ᠤᠴᠢᠷ ᠢ ᠲᠤᠤᠷᠠᠬᠢ ᠮᠡᠳᠥ ᠵᠠᠷᠯᠠᠶ᠎ᠠ᠄       ᠨᠢᠭᠡ᠂ ᠪᠤᠷᠤᠬᠤᠳᠠ ᠬᠤᠳᠠ ᠲᠤᠭᠤᠷᠢᠭ ᠤᠨ ᠪᠠᠢ ᠾᠧ ᠡᠮᠥᠨᠡᠳᠥ ᠰᠠᠭᠤᠭᠠᠯᠢ ᠲᠤᠭᠤᠷᠢᠭ ᠢ ᠪᠢᠳᠡᠭᠦᠮᠵᠢᠯᠡᠨ ᠬᠠᠮᠢᠶᠠᠷᠴᠤ ᠪᠠᠶᠢᠭ᠎ᠠ ᠬᠤᠭᠤᠴᠠᠭᠠᠨ ᠳᠤ ᠲᠤᠰ ᠲᠤᠭᠤᠷᠢᠭ ᠤᠨ ᠰᠠᠭᠤᠭᠠᠯᠢ ᠠᠷᠠᠳ ᠤᠷᠤᠵᠤ ᠪᠤᠯᠬᠤ ᠎ ᠠᠴᠠ ᠪᠢᠰᠢ ᠭᠠᠷᠴᠤ ᠪᠤᠯᠬᠤ ᠦᠭᠡᠢ ︵ᠡᠭᠦᠨ ᠳᠤ ᠭᠠᠳᠠᠨ᠎ᠠ ᠤᠷᠤᠨ ᠠᠴᠠ ᠪᠤᠴᠠᠨ ᠢᠷᠡᠭᠰᠡᠳ ᠤᠨ ᠲᠤᠳᠤᠷᠠᠬᠢ ᠶᠠᠪᠤᠵᠤ ᠢᠷᠡᠭᠰᠡᠨ ᠬᠤᠨᠤᠵᠤ ᠰᠠᠭᠤᠭᠰᠠᠨ ᠦᠩᠭᠡᠷᠡᠯᠳᠡ ᠨᠢ ᠪᠤᠳᠤᠯᠢᠶᠠᠨᠳᠠᠢ ᠬᠦᠮᠥᠰ  ᠎ ᠢ ᠪᠠᠭᠳᠠᠭᠠᠬᠤ ᠦᠭᠡᠢ︶᠃  ᠪᠠᠢ ᠾᠧ ᠡᠮᠥᠨᠡᠳᠥ ᠲᠤᠭᠤᠷᠢᠭ ᠤᠨ 4 ᠳ᠋ᠥ᠋ᠭᠡᠷ ᠨᠤᠮᠧᠷᠳᠤ ᠠᠰᠠᠷ ᠢ ᠳᠠᠰᠣ ᠪᠢᠳᠡᠬᠦᠮᠵᠢᠯᠡᠨ ᠲᠤᠰᠠᠭᠠᠷᠯᠠᠵᠤ᠂ ᠲᠤᠰᠠᠭᠠᠷᠯᠠᠵᠤ ᠪᠠᠶᠢᠭ᠎ᠠ ᠬᠤᠭᠤᠴᠠᠭᠠᠨ ᠳᠤ ᠬᠡᠨ ᠴᠤ ᠭᠡᠰᠡᠨ ᠤᠷᠤᠵᠤ ᠭᠠᠷᠴᠤ ᠪᠤᠯᠬᠤ ᠦᠭᠡᠢ᠃        ᠬᠤᠶᠠᠷ᠂ ᠰᠢᠨᠬᠤᠸᠠ ᠵᠡᠭᠡᠯᠢ ᠠᠴᠠ ᠡᠮᠥᠨᠡᠰᠢ᠂ ᠰᠢᠶᠠᠩ ᠶᠠᠩ ᠵᠡᠭᠡᠯᠢ ᠠᠴᠠ ᠤᠮᠠᠷᠠᠰᠢ᠂ ᠴᠢᠩ ᠴᠢᠥᠸᠡᠨ ᠵᠠᠮ ᠠᠴᠠ ᠪᠠᠷᠠᠭᠤᠨᠰᠢ ᠬᠤᠩᠱᠠᠨ ᠵᠠᠮ ᠠᠴᠠ ᠵᠡᠭᠦᠨᠰᠢ ᠬᠡᠪᠴᠢᠶᠡᠨ ᠳᠠᠬᠢ ᠬᠡᠳᠥ ᠲᠡᠯᠭᠡᠭᠦᠷ᠂ ᠡᠮ ᠤᠨ ᠲᠡᠯᠭᠡᠭᠦᠷ ᠵᠡᠷᠭᠡ ᠲᠡᠯᠭᠡᠭᠦᠷ ᠬᠤᠳᠠᠯᠳᠤᠭ᠎ᠠ ᠶᠢ ᠪᠦᠬᠦᠨ ᠢ ᠡᠭᠦᠳᠡ ᠶᠢ ᠨᠢ ᠬᠠᠭᠠᠯᠭᠠᠨ᠎ᠠ᠃       ᠭᠤᠷᠪᠠ᠂ ᠪᠠᠢ ᠾᠧ ᠡᠮᠥᠨᠡᠳᠥ ᠲᠤᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠰᠡᠯ ᠤᠨ ᠡᠳ᠋ ᠪᠣᠳᠠᠰ ᠪᠦᠬᠦᠨ ᠢ ᠤᠳᠠᠰᠤ᠂ ᠰᠦᠯᠵᠢᠶ᠎ᠡ ᠪᠠᠷ ᠬᠤᠳᠠᠯᠳᠤᠨ ᠠᠪᠬᠤ ᠬᠡᠯᠪᠡᠷᠢ ᠶᠢ ᠬᠡᠷᠡᠭᠵᠢᠭᠦᠯᠥᠨ᠎ᠡ᠃ ᠬᠦᠴᠢᠷ ᠶᠠᠪᠤᠳᠠᠯ ᠲᠤᠬᠢᠶᠠᠯᠳᠤᠪᠠᠯ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠤᠨ ᠣᠴᠢᠷ ᠢ ᠠᠵᠢᠯᠯᠠᠵᠤ ᠪᠠᠶᠢᠭ᠎ᠠ ᠨᠢᠭᠡᠴᠡ ᠠᠴᠠ ᠨᠢ ᠵᠤᠬᠢᠴᠠᠭᠤᠯᠤᠨ ᠰᠢᠢᠳᠪᠤᠷᠢᠯᠡᠵᠤ᠂ ᠠᠵᠤ ᠠᠬᠤᠶᠢᠯᠠᠯ ᠤᠨ ᠠᠵᠢᠯᠳᠠᠳ ᠤᠨ ᠤᠴᠢᠷ ᠢ ᠠᠵᠢᠯᠯᠠᠵᠤ ᠪᠠᠶᠢᠭ᠎ᠠ ᠠᠵᠤ ᠠᠬᠤᠶᠢᠯᠠᠯ ᠠᠴᠠ ᠨᠢ ᠵᠤᠬᠢᠴᠠᠭᠤᠯᠤᠨ ᠰᠢᠢᠳᠪᠥᠷᠢᠯᠡᠵᠥ᠂ ᠪᠤᠰᠤᠳ ᠰᠠᠭᠤᠭᠠᠯᠢ ᠠᠷᠠᠳ ᠤᠨ ᠤᠴᠢᠷ ᠢ ᠴᠢᠥᠸᠠᠨ ᠨᠢᠩ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠤᠬᠢᠴᠠᠭᠤᠯᠤᠨ ᠰᠢᠢᠳᠪᠥᠷᠢᠯᠡᠨ᠎ᠡ᠃ 4  ᠳ᠋ᠥ᠋ᠭᠡᠷ ᠨᠤᠮᠧᠷᠳᠤ ᠠᠰᠠᠷ ᠠᠴᠠ ᠪᠤᠰᠤᠳ ᠠᠰᠠᠷ ᠤᠨ ᠬᠢᠨ ᠤᠶᠢᠷᠠᠯᠴᠠᠭ᠎ᠠ ᠡᠭᠦᠳᠡ ᠬᠠᠭᠠᠯᠭᠠᠨ ᠳᠤ ᠬᠦᠷᠴᠥ ᠠᠷᠰᠠᠷ ᠪᠠᠷᠠᠭ᠎ᠠ ᠶᠢ ᠲᠤᠰᠬᠤ ᠳᠠᠭᠠᠨ ᠡᠷᠬᠡᠪᠰᠢ ᠠᠮᠠᠪᠴᠢ ᠵᠡᠭᠦᠵᠥ᠂ ᠬᠤᠪᠢ ᠪᠡᠶ᠎ᠡ ᠶᠢᠨ ᠬᠠᠮᠠᠭᠠᠯᠠᠯᠳᠠ ᠪᠠᠨ ᠰᠠᠶᠢᠳᠤᠷ ᠬᠢᠵᠥ᠂ ᠪᠤᠰᠤᠳ ᠬᠦᠮᠥᠨ ᠠᠴᠠ ᠵᠠᠶᠢᠳᠠᠭᠤᠬᠠᠨ ᠭᠠᠷᠴᠤ ᠤᠷᠤᠬᠤ ᠶᠢ ᠪᠠᠳᠤᠯᠠᠭᠰᠠᠨ ᠰᠠᠭᠤᠷᠢᠨ ᠲᠡᠭᠡᠷ᠎ᠡ᠂ ᠪᠠᠷᠠᠭ᠎ᠠ ᠪᠠᠨ ᠠᠪᠬᠤ ᠳᠤ ᠪᠠᠨ ᠴᠤ ᠪᠤᠰᠤᠳ ᠲᠠᠢ ᠬᠦᠷᠥᠯᠴᠡᠬᠦ ᠦᠭᠡᠢ᠂ ᠤᠶᠢᠷᠠᠳᠬᠤ ᠦᠭᠡᠢ ᠪᠠᠶᠢᠬᠤ ᠶᠢ ᠪᠠᠳᠤᠯᠠᠬᠤ  ᠭᠡᠷᠡᠭᠳᠡᠢ᠃ 4  ᠳ᠋ᠥ᠋ᠭᠡᠷ ᠨᠤᠮᠧᠷᠳᠤ ᠠᠰᠠᠷ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠰᠡᠯ ᠤᠨ ᠡᠳ᠋ ᠪᠠᠷᠠᠭ᠎ᠠ  ᠎ ᠶᠢ ᠲᠤᠰᠬᠠᠢ ᠠᠵᠢᠯᠳᠠᠳ ᠠᠴᠠ ᠠᠰᠠᠷ ᠤᠨ ᠬᠡᠰᠡᠭ ᠤᠨ ᠡᠭᠦᠳᠡᠨ ᠳᠤ ᠬᠦᠷᠭᠡᠨ ᠦᠭᠭᠦᠨ᠎ᠡ᠃      ᠲᠦᠷᠪᠡ᠂ ᠬᠡᠷᠪᠡ ᠤᠨᠤᠰᠢᠯᠠᠭᠳᠠᠭᠰᠠᠨ ᠡᠪᠡᠳᠴᠢᠳᠡᠨ ᠲᠠᠢ ᠨᠢᠭᠳᠠ ᠬᠦᠷᠥᠯᠴᠡᠭᠰᠡᠨ ᠦᠩᠭᠡᠷᠡᠯᠳᠡ ᠲᠠᠢ ᠬᠦᠮᠥᠨ ᠪᠠᠶᠢᠪᠠᠯ ᠲᠠᠷᠤᠶᠢᠬᠠᠨ ᠰᠠᠨᠠᠭᠠᠴᠢᠯᠠᠭ᠎ᠠ ᠠᠴᠠ ᠪᠠᠨ ᠵᠠᠭᠡᠯᠢ ᠭᠤᠳᠤᠮᠵᠢ ᠨᠡᠶᠢᠭᠡᠮ ᠲᠤᠭᠤᠷᠢᠭ ᠲᠤ ᠮᠡᠳᠡᠭᠦᠯᠬᠦ ᠬᠡᠷᠡᠭᠳᠡᠢ᠃ ᠢᠯᠡᠴᠢᠯᠡᠵᠥ ᠮᠡᠳᠡᠭᠦᠯᠥᠭᠰᠡᠨ ᠰᠦᠪᠡᠭᠴᠢ ᠨᠢ ᠦᠨᠡᠨ ᠬᠦ ᠬᠠᠯᠳᠠᠪᠤᠷᠢᠯᠠᠯ ᠤᠨ ᠡᠬᠢ ᠢᠷᠡᠯᠳᠡ ᠶᠢ  ᠲᠤᠳᠤᠯᠠᠭᠰᠠᠨ ᠪᠠᠶᠢᠪᠠᠯ ᠲᠦᠮᠡᠨ ᠲᠦᠭᠦᠷᠢᠭ  ᠎ ᠢᠶᠠᠷ ᠱᠠᠩᠨᠠᠨ᠎ᠠ᠃       ᠲᠠᠪᠤ᠂ ᠡᠷᠥᠬᠡ ᠭᠡᠷ ᠲᠤ ᠪᠠᠨ ᠲᠤᠰᠠᠭᠠᠷᠯᠠᠵᠤ ᠪᠠᠶᠢᠬᠤ ᠬᠤᠭᠤᠴᠠᠭᠠᠨ ᠳᠤ᠂ ᠬᠠᠯᠠᠭᠤᠷᠠᠬᠤ᠂ ᠬᠠᠨᠢᠶᠠᠬᠤ᠂ ᠪᠦᠬᠦ ᠪᠡᠶ᠎ᠡ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠬᠠᠮᠤᠭ ᠲᠦᠷᠥᠭᠦᠨ ᠳᠤ ᠵᠠᠭᠡᠯᠢ ᠭᠤᠳᠤᠮᠵᠢ ᠨᠡᠶᠢᠭᠡᠮ ᠲᠤᠭᠤᠷᠢᠭ ᠲᠤ ᠪᠠᠶᠢᠳᠠᠯ ᠢᠶᠠᠨ ᠮᠡᠳᠡᠭᠳᠡᠬᠦ ᠬᠡᠷᠡᠭᠳᠡᠢ᠂ ᠬᠡᠷᠪᠡ ᠨᠢᠭᠤᠨ ᠲᠠᠯᠳᠠᠯᠠᠪᠠᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠵᠢᠷᠭᠤᠭ᠎ᠠ᠂ ᠰᠠᠭᠤᠭᠠᠯᠢ  ᠠᠷᠠᠳ ᠬᠡᠷᠪᠡ ᠡᠪᠡᠳᠴᠢᠨ ᠬᠦᠷᠬᠦ᠂ ᠵᠢᠷᠮᠤᠰᠤᠨ ᠤ ᠣᠴᠢᠷ ᠵᠡᠷᠭᠡ ᠤᠨᠴᠠᠭᠠᠢ ᠪᠠᠶᠢᠳᠠᠯ ᠲᠠᠢ ᠪᠤᠯ 24  ᠴᠠᠭ ᠢᠶᠠᠷ ᠰᠠᠬᠢᠨ ᠵᠢᠵᠢᠭᠦᠷᠯᠡᠵᠥ ᠪᠠᠶᠢᠭ᠎ᠠ ᠤᠳᠠᠰᠤ ᠶᠢ ᠤᠳᠠᠰᠤᠳᠠᠵᠤ᠂ ᠵᠦᠪᠰᠢᠶᠡᠷᠡᠭᠦᠯᠥᠭᠰᠡᠨ ᠤ ᠲᠠᠷᠠᠭ᠎ᠠ ᠭᠠᠷᠴᠤ ᠤᠷᠤᠵᠤ ᠪᠤᠯᠤᠨ᠎ᠠ᠃     ᠲᠤᠯᠤᠭ᠎ᠠ᠂ ᠰᠠᠭᠤᠭᠠᠯᠢ ᠠᠷᠠᠳ ᠪᠦᠬᠦᠨ ᠵᠠᠭᠡᠯᠢ ᠭᠤᠳᠤᠮᠵᠢ ᠪᠤᠯᠤᠨ ᠨᠡᠶᠢᠭᠡᠮ ᠲᠤᠭᠤᠷᠢᠭ ᠤᠨ ᠨᠢᠭᠡᠳᠥᠯᠳᠡᠢ ᠵᠢᠯᠤᠭᠤᠳᠤᠯᠭ᠎ᠠ ᠪᠤᠯᠤᠨ ᠲᠤᠬᠢᠷᠠᠭᠤᠯᠤᠯᠳᠠ ᠶᠢ ᠨᠦᠬᠦᠴᠡᠯ ᠦᠭᠡᠢ ᠪᠠᠷ ᠲᠠᠭᠠᠬᠤ ᠬᠡᠷᠡᠭᠳᠡᠢ᠃ ᠨᠠᠮ ᠤᠨ ᠬᠡᠰᠢᠬᠦᠨ ᠺᠠᠳ᠋ᠷ ᠰᠠᠭᠤᠭ᠎ᠠ ᠠᠰᠠᠷ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠷᠤᠯᠴᠠᠵᠤ᠂ ᠸᠢᠴᠠᠲ ᠬᠤᠯᠪᠤᠭ᠎ᠠ ᠪᠠᠶᠢᠭᠤᠯᠤᠨ᠂ ᠡᠷᠬᠡᠳᠥ ᠰᠤᠷᠠᠭ ᠵᠠᠩᠬᠢ ᠨᠡᠶᠢᠳᠡᠯᠡᠵᠥ᠂ ᠰᠠᠭᠤᠭᠠᠯᠢ ᠠᠷᠠᠳ ᠤᠨ ᠰᠡᠳᠬᠢᠯ ᠰᠠᠨᠠᠭ᠎ᠠ ᠶᠢ ᠠᠮᠤᠷᠵᠢᠭᠤᠯᠬᠤ ᠪᠤᠯᠤᠨ ᠲᠦᠷᠥ ᠶᠢᠨ ᠪᠤᠳᠤᠯᠭ᠎ᠠ ᠶᠢᠨ ᠤᠬᠠᠭᠤᠯᠤᠯ ᠤᠨ ᠠᠵᠢᠯ ᠢ ᠰᠠᠶᠢᠳᠤᠷ ᠦᠷᠨᠢᠬᠦᠯᠬᠦ ᠬᠡᠷᠡᠭᠳᠡᠢ᠃        ᠨᠠᠢᠮᠠ᠂ ᠬᠦᠮᠥᠨ ᠪᠦᠬᠦᠨ ᠡᠷᠬᠡᠪᠰᠢ ᠲᠡᠭᠡᠷᠡᠬᠢ ᠲᠤᠭᠳᠠᠭᠠᠯ ᠢ ᠨᠦᠬᠦᠴᠡᠯ ᠦᠭᠡᠢ ᠪᠠᠷ ᠲᠠᠭᠠᠬᠤ ᠬᠡᠷᠡᠭᠳᠡᠢ᠂ ᠦᠪᠡᠷᠳᠡᠭᠡᠨ ᠡᠷᠥᠬᠡ ᠭᠡᠷ ᠲᠤ ᠪᠠᠨ ᠲᠤᠰᠠᠭᠠᠷᠯᠠᠵᠤ᠂ ᠬᠢᠵᠢᠭ ᠤᠨ ᠪᠠᠶᠢᠳᠠᠯ ᠳᠤ ᠵᠦᠪ ᠢᠶᠠᠷ ᠬᠠᠨᠳᠤᠨ᠂ ᠴᠤᠤᠷᠬᠠᠯ ᠎ ᠢ ᠢᠳᠡᠭᠡᠬᠦ ᠦᠭᠡᠢ᠂ ᠲᠠᠮᠵᠢᠭᠤᠯᠬᠤ ᠦᠭᠡᠢ᠂  ᠵᠣᠬᠢᠶᠠᠬᠤ ᠦᠭᠡᠢ᠂ ᠠᠶᠤᠵᠤ ᠰᠦᠷᠳᠡᠬᠦ ᠦᠭᠡᠢ ᠪᠠᠶᠢᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠳᠡᠢ  ᠬᠠᠪᠰᠤᠷᠤᠯᠴᠠᠵᠤ᠂ ᠲᠠᠩᠰᠠᠯᠠᠵᠤ ᠪᠠᠶᠢᠴᠠᠭᠠᠬᠤ᠂ ᠤᠯᠠᠨ ᠨᠡᠶᠢᠳᠡ ᠶᠢᠨ ᠲᠠᠯᠠᠪᠤᠷ ᠢ ᠠᠷᠢᠭᠤᠳᠬᠠᠬᠤ ᠵᠡᠷᠭᠡ ᠠᠵᠢᠯ ᠢ ᠦᠷᠨᠢᠬᠦᠯᠬᠦ ᠬᠡᠷᠡᠭᠳᠡᠢ᠃ ᠲᠤᠰᠠᠭᠠᠷᠯᠠᠬᠤ᠂ ᠰᠡᠷᠡᠮᠵᠢᠯᠡᠭᠦᠯᠬᠦ᠂ ᠪᠢᠳᠡᠭᠦᠮᠵᠢᠯᠡᠨ ᠡᠵᠡᠮᠳᠡᠬᠦ ᠲᠤᠨᠤᠭ ᠲᠦᠬᠦᠭᠡᠷᠥᠮᠵᠢ ᠶᠢ ᠬᠦᠴᠥᠷᠬᠡᠭᠯᠡᠯ ᠢᠶᠠᠷ ᠲᠠᠭᠠᠷᠢᠵᠤ ᠬᠠᠮᠢᠶᠠᠷᠤᠯᠳᠠ ᠶᠢ ᠲᠠᠭᠠᠭᠰᠠᠨ ᠦᠭᠡᠢ ᠪᠤᠯ ᠬᠡᠷᠡᠭ ᠤᠨ ᠬᠦᠨᠳᠥ ᠬᠦᠩᠭᠡᠨ ᠢ ᠨᠢ ᠦᠵᠡᠵᠥ ᠵᠠᠰᠠᠭ ᠵᠠᠬᠢᠷᠭᠠᠨ ᠤ ᠲᠦᠷ ᠬᠤᠷᠢᠬᠤ ᠰᠢᠢᠳᠬᠡᠯ ᠦᠭᠬᠦ ᠪᠤᠶᠤ ᠡᠷᠡᠭᠦᠥ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃        ᠶᠢᠰᠥ᠂ ᠪᠢᠳᠡᠭᠦᠮᠵᠢᠯᠡᠨ ᠬᠠᠮᠢᠶᠠᠷᠬᠤ ᠬᠢᠵᠠᠭᠠᠷᠯᠠᠯᠳᠠ ᠶᠢᠨ ᠬᠤᠭᠤᠴᠠᠭ᠎ᠠ ᠨᠢ 14 ᠡᠳᠥᠷ ᠢᠶᠠᠷ ᠨᠢᠭᠡ ᠡᠷᠭᠢᠯᠳᠡ ᠶᠢᠨ ᠬᠤᠭᠤᠴᠠᠭ᠎ᠠ ᠪᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠳ᠋ᠦᠩ ᠢ ᠨᠢ ᠦᠵᠡᠵᠥ ᠪᠢᠳᠡᠭᠦᠮᠵᠢᠯᠡᠯᠳᠡ ᠶᠢ ᠬᠦᠴᠥᠨ ᠦᠭᠡᠢ ᠪᠤᠯᠭᠠᠬᠤ ᠪᠤᠶᠤ ᠦᠷᠭᠦᠯᠵᠢᠯᠡᠨ ᠪᠢᠳᠡᠭᠦᠮᠵᠢᠯᠡᠨ  ᠬᠢᠵᠠᠭᠠᠷᠯᠠᠨ᠎ᠠ᠃ ᠤᠩᠨᠢᠭᠤᠳ ᠬᠤᠰᠢᠭᠤᠨ ᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠤᠳᠠᠰᠤ᠄        0476 —6352391       6360101 ᠤᠩᠨᠢᠭᠤᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠵᠢᠵᠢᠭᠦᠷᠯᠡᠬᠦ ᠤᠳᠠᠰᠤ᠄        0476 —6322057 ᠤᠩᠨᠢᠭᠤᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠦᠪ ᠤᠨ ᠵᠢᠵᠢᠭᠦᠷᠯᠡᠬᠦ ᠤᠲᠠᠰᠤ᠄       0476 ︱ 6328094 ᠴᠢᠤᠸᠠᠨ ᠨᠢᠩ ᠵᠡᠭᠡᠯᠢ ᠭᠤᠳᠤᠮᠵᠢ ᠶᠢᠨ ᠵᠢᠵᠢᠭᠦᠷᠯᠡᠬᠦ ᠤᠲᠠᠰᠤ᠄   0476 ︱ 6503036       ᠲᠢᠶᠠᠨ ᠯᠢ᠄ 13848985662         ᠵᠢᠶᠠᠩ ᠯᠢ᠄ 15335660645 ᠴᠢᠤᠸᠠᠨ ᠨᠢᠩ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠬᠠᠯᠠᠮᠰᠢᠯ ᠤᠲᠠᠰᠤ᠄         0476 ︱ 6501280       ᠷᠧᠨ ᠯᠢ ᠴᠢᠨ ᠄ 13848365525      ᠵᠧᠩ ᠬᠠᠢ ᠶᠠᠨ᠄ 15504765228       ᠳ᠋ᠦ᠋ ᠭᠥᠸᠧ ᠱᠦᠨ  ᠄ 13947361481 ᠪᠠᠢ ᠾᠧ ᠡᠮᠦᠨᠡᠲᠦ ᠲᠤᠭᠤᠷᠢᠭ ᠤᠨ 24 ᠴᠠᠭ ᠢᠶᠠᠷ ᠵᠢᠵᠢᠭᠦᠷᠯᠡᠬᠦ ᠤᠲᠠᠰᠤ᠄      ᠲᠤᠤ ᠰᠢᠨ᠄ 13488595503      ᠵᠠᠩ  ᠾᠥᠩ ᠢᠦᠢ᠄ 13604762582      ᠸᠠᠩ ᠹᠧᠩ ᠢᠦᠢ᠄ 15647617052 ᠤᠶᠢᠷᠠᠯᠴᠠᠭ᠎ᠠ ᠬᠡᠳᠦ ᠳᠡᠯᠭᠡᠭᠦᠷ ᠤᠨ ᠦᠢᠯᠡᠴᠢᠯᠡᠭᠡᠨ ᠤ ᠤᠲᠠᠰᠤ᠄     ᠯᠥᠩ ᠴᠠᠩ ᠬᠡᠳᠦ ᠳᠡᠯᠭᠡᠭᠦᠷ᠄13663140900     ᠰᠢᠨ ᠴᠧᠩ ᠬᠡᠳᠦ ᠳᠡᠯᠭᠡᠭᠦᠷ ︵ᠪᠠᠢ ᠾᠧ ᠵᠡᠭᠦᠨ ᠲᠤᠭᠤᠷᠢᠭ︶᠄15147664666ᠤᠶᠢᠷᠠᠯᠴᠠᠭ᠎ᠠ ᠡᠮ ᠤᠨ ᠳᠡᠯᠭᠡᠭᠦᠷ ᠤᠨ ᠦᠢᠯᠡᠴᠢᠯᠡᠭᠡᠨ ᠤ ᠤᠲᠠᠰᠤ᠄     ᠷᠧᠨ ᠴᠤᠸᠠᠨ ᠡᠮ ᠤᠨ ᠳᠡᠯᠭᠡᠭᠦᠷ ︵ᠪᠠᠢ ᠾᠧ ᠪᠠᠷᠠᠭᠤᠨ ᠲᠤᠭᠤᠷᠢᠭ ‍ᠤᠨ‌‍ᠲ᠋ᠡᠯᠬᠡᠬᠦᠷ︶ ᠄15849616263     ᠷᠥᠩ ᠵᠢᠢ ᠡᠮ ᠤᠨ ᠳᠡᠯᠭᠡᠭᠦᠷ ︵ᠰᠢᠨ ᠬᠤᠸᠠ ᠶᠤᠸᠠᠨ ᠲᠤᠭᠤᠷᠢᠭ ‍ᠤᠨ‌‍ᠲ᠋ᠡᠯᠬᠡᠬᠦᠷ︶᠄13947650286     ᠷᠧᠨ ᠴᠤᠸᠠᠨ ᠡᠮ ᠤᠨ ᠳᠡᠯᠭᠡᠭᠦᠷ ︵ᠾᠧᠩ ᠮᠤᠤ ᠳᠡᠯᠬᠡᠬᠦᠷ︶᠄18147630005     ᠴᠧᠩ ᠳ᠋ᠠ ᠹᠠᠩ ᠶᠤᠸᠠᠨ ᠡᠮ ᠤᠨ ᠳᠡᠯᠭᠡᠭᠦᠷ ︵ᠾᠧᠩ ᠮᠤᠤ ᠳᠡᠯᠬᠡᠬᠦᠷ︶᠄  17747072079                   ᠤᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ                   ᠠᠭᠤᠰᠬᠢᠨ  ᠦᠷᠪᠢᠰᠦᠯ ᠢ ᠰᠡᠷᠭᠡᠶᠢᠯᠡᠨ  ᠡᠵᠡᠮᠳᠡᠬᠦ ᠠᠵᠢᠯ ᠤᠨ  ᠵᠢᠯᠤᠭᠤᠳᠬᠤ  ᠬᠡᠯᠲᠡᠰ                                                                      2020.2.14
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号