ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠣᠷᠢᠳᠣ ᠠᠭᠤᠰᠬᠢᠨ ᠥᠷᠪᠢᠰᠣᠯ ᠢ ᠰᠡᠷᠬᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠲᠣᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2020/2/4
                         ᠬᠤᠶᠠᠳᠤᠭᠠᠷ ᠲᠤᠭᠠᠲᠤ        1 ᠰᠠᠷ᠎ᠠ ᠶᠢᠨ 25  ᠎ ᠤ ᠡᠳᠣᠷ ᠤᠨ ᠲᠦᠪ  ᠎ ᠤᠨ ᠣᠯᠣᠰ ᠲᠦᠷᠣ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂  ᠥᠪᠣᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠨᠡᠳᠳᠡ ᠶᠢᠨ ᠬᠡᠷᠡᠭ ᠶᠠᠪᠤᠳᠠᠯ ᠤᠨ l  ᠲᠡᠰ ᠤᠨ ᠴᠣᠣᠷᠢᠶᠠᠳᠣᠯᠭ᠎ᠠ ᠶᠢᠨ ᠠᠵᠢᠯ ᠢ ᠰᠠᠶᠢᠳᠣᠷ ᠬᠢᠵᠣ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠣᠷᠢᠳᠣ ᠠᠭᠤᠰᠬᠢᠨ ᠥᠷᠪᠢᠰᠣᠯ ᠢ ᠰᠡᠷᠬᠡᠶᠢᠯᠡᠨ ᠬᠢᠵᠠᠭᠠᠷᠯᠠᠬᠤ ᠪᠠᠶᠢᠯᠳᠣᠬᠤ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠣᠯᠠᠭᠠᠨᠬᠠᠳᠠ ᠬᠤᠳᠠ ᠵᠢᠨ‌‍ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠣᠷᠢᠳᠣ ᠠᠭᠤᠰᠬᠢᠨ ᠥᠷᠪᠢᠰᠣᠯ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠬᠡᠯᠳᠡᠰ ᠤᠨ ᠨᠢᠭᠡᠳᠣᠭᠡᠷ ᠵᠠᠷᠯᠢᠭ᠂  ᠣᠩᠨᠢᠭᠤᠣᠨ ᠬᠤᠰᠢᠭᠤᠨ ᠎ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠣᠷᠢᠳᠣ ᠠᠭᠤᠰᠬᠢᠨ ᠥᠷᠪᠢᠰᠣᠯ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠬᠡᠯᠳᠡᠰ ᠤᠨ ᠱᠠᠭᠠᠷᠳᠠᠯᠭ᠎ᠠ ᠪᠠᠷ ᠲᠣᠰ ᠡᠳᠣᠷ ᠠᠴᠠ ᠡᠬᠢᠯᠡᠨ᠄          ᠨᠢᠭᠡ᠂ ᠪᠦᠬᠦ ᠬᠤᠰᠢᠭᠤᠨ ᠤ ᠬᠡᠪᠴᠢᠶ᠎ᠡ ᠳᠠᠬᠢ ᠢᠳᠡᠭᠡᠨ ᠣᠮᠳᠠᠭᠠᠨ ︵ᠰᠦᠯᠵᠢᠶᠡᠨ ᠲᠡᠭᠡᠷ᠎ᠡ ᠬᠤᠭᠤᠯᠠ ᠪᠣᠳᠠᠭ᠎ᠠ ᠵᠠᠬᠢᠶᠠᠯᠠᠬᠤ  ᠲᠠᠪᠴᠠᠩ  ︶  ᠂ ᠣᠬᠢᠶᠠᠯᠭ᠎ᠠ ᠶᠢᠨ ᠭᠠᠵᠠᠷ᠂ ᠮᠦᠽᠸᠢ᠂ ᠣᠮᠪᠠᠯᠳᠠ ᠶᠢᠨ ᠣᠷᠳᠣᠨ᠂ ᠪᠡᠶ᠎ᠡ ᠴᠢᠬᠢᠷᠠᠭᠵᠢᠭᠤᠯᠬᠤ ᠭᠠᠵᠠᠷ᠂  ᠨᠠᠭᠠᠳᠣᠮ ᠲᠣᠭᠯᠠᠭᠠᠮ ᠤᠨ ᠭᠠᠵᠠᠷ᠂  ᠴᠢᠴᠢᠬᠦᠷ ᠪᠦᠮᠪᠥᠭᠡᠨ ᠤ ᠲᠢᠩᠬᠢᠮ᠂  ᠨᠠᠭᠠᠳᠣᠮ ᠤᠨ ᠲᠢᠩᠬᠢᠮ ᠵᠡᠷᠭᠡ ᠬᠦᠮᠣᠨ ᠣᠯᠠᠨ ᠭᠠᠵᠠᠷ ᠤᠨ ᠡᠵᠡᠩᠨᠡᠯᠳᠡ ᠶᠢ ᠲᠦᠷ ᠴᠠᠭ  ᠵᠤᠭᠰᠤᠭᠠᠨ᠎ᠠ᠃  ᠮᠦᠽᠸᠢ᠂  ᠨᠣᠮ ᠤᠨ ᠰᠠᠩ᠂  ᠺᠢᠨᠤ᠋ ᠣᠷᠳᠣᠨ᠂  ᠰᠦᠯᠵᠢᠶᠡᠨ ᠪᠠᠭᠠᠷ᠂ KTV᠂  ᠪᠦᠵᠢᠭ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠳᠡ ᠶᠢ ᠥᠷᠬᠦᠯᠵᠢᠯᠡᠨ ᠵᠤᠭᠰᠤᠭᠠᠨ᠎ᠠ᠃        ᠬᠤᠶᠡᠷ᠂ ᠵᠣᠴᠢᠣᠨ ᠤᠨ ᠪᠠᠭᠤᠳᠠᠯ ᠨᠢ ᠰᠢᠨ᠎ᠡ ᠪᠠᠷ ᠵᠣᠴᠢᠨ ᠬᠦᠯᠢᠶᠠᠨ ᠠᠪᠴᠣ ᠬᠤᠨᠣᠭᠯᠠᠭᠤᠯᠵᠣ ᠪᠣᠯᠬᠤ ᠦᠬᠡᠢ᠂ ᠨᠢᠭᠡᠨᠳᠡ ᠬᠤᠨᠣᠭᠯᠠᠭᠰᠠᠨ ᠵᠣᠴᠢᠣᠨ ᠢ ᠲᠣᠰᠭᠠᠷᠯᠠᠨ ᠬᠢᠨᠠᠵᠣ ᠬᠠᠮᠢᠶᠠᠷᠣᠨ᠎ᠠ᠂ ᠵᠣᠴᠢᠣᠨ ᠤᠨ ᠬᠠᠯᠠᠭᠤᠷᠠᠬᠤ ᠵᠡᠷᠭᠡ ᠪᠠᠶᠢᠳᠠᠯ ᠢ ᠬᠦᠳᠡᠯᠣᠩᠬᠦᠢ ᠪᠠᠷ ᠪᠠᠶᠢᠴᠠᠭᠠᠬᠤ ᠶᠢᠨ ᠬᠠᠮᠳᠣ ᠴᠠᠭ ᠲᠣᠬᠠᠢ ᠳᠤᠨᠢ ᠰᠠᠭᠤᠭ᠎ᠠ ᠭᠠᠵᠠᠷ ᠤᠨ ᠰᠣᠮᠣ ᠰᠢᠶᠠᠩ ᠪᠠᠯᠭᠠᠰᠣ ᠵᠡᠭᠡᠯᠢ ᠭᠤᠳᠣᠮᠵᠢ ᠳᠤ ᠮᠡᠳᠡᠬᠦᠯᠬᠦ ᠬᠡᠷᠡᠭᠲᠠᠢ᠃       ᠭᠤᠷᠪᠠ᠂ ᠡᠯ᠎ᠡ ᠲᠦᠷᠣᠯ ᠤᠨ ᠰᠣᠷᠭᠠᠨ ᠬᠦᠮᠣᠵᠢᠯ ᠤᠨ ᠵᠢᠭᠠᠨ ᠰᠣᠷᠭᠠᠯᠳᠠ ᠪᠣᠯᠣᠨ ᠬᠡᠴᠢᠶᠡᠯ ᠤᠨ ᠭᠠᠳᠠᠨᠠᠬᠢ ᠪᠣᠯᠪᠠᠰᠣᠷᠠᠯ ᠤᠨ ᠪᠠᠶᠢᠭᠤᠯᠣᠮᠵᠢ  ᠂ ᠵᠢᠯᠣᠭᠤᠴᠢ ᠶᠢᠨ ᠰᠣᠷᠭᠠᠭᠤᠯᠢ ᠵᠡᠷᠭᠡ ᠲᠣᠬᠠᠶᠢᠯᠠᠭᠰᠠᠨ ᠠᠵᠢᠯ ᠮᠡᠷᠭᠡᠵᠢᠯ ᠤᠨ ᠪᠣᠯᠪᠠᠰᠣᠷᠠᠯ ᠤᠨ ᠪᠠᠶᠢᠭᠤᠯᠣᠮᠵᠢ ᠨᠢ  ᠪᠦᠬᠦᠨ ᠢᠶᠠᠷ ᠢᠶᠠᠨ ᠵᠢᠭᠠᠨ ᠰᠣᠷᠭᠠᠯᠳᠠ᠂ ᠪᠣᠯᠪᠠᠰᠣᠷᠠᠯ ᠤᠨ ᠠᠵᠢᠯ ᠢᠶᠠᠨ ᠵᠣᠭᠰᠣᠭᠠᠬᠤ ᠬᠡᠷᠡᠭᠲᠠᠢ᠃       ᠲᠦᠷᠪᠡ᠂ ᠪᠦᠬᠦ ᠬᠤᠰᠢᠭᠤᠨ ᠤ ᠪᠦᠬᠦᠶᠢᠯᠡ ᠠᠵᠤ ᠠᠬᠤᠶᠢᠯᠠᠯ ᠤᠳ ᠤᠨᠴᠠᠭᠠᠢ ᠪᠠᠴᠢᠮ ᠪᠠᠶᠢᠳᠠᠯ ᠦᠭᠡᠢ ᠪᠤᠯ᠂ ᠠᠵᠢᠯ ᠦᠢᠯᠡᠳᠪᠥᠷᠢᠯᠡᠯ ᠢᠶᠠᠨ ᠡᠬᠢᠯᠡᠬᠦᠯᠬᠦ ᠪᠠᠨ ᠲᠦᠷ ᠬᠤᠶᠢᠰᠢᠯᠠᠭᠤᠯᠤᠨ᠎ᠠ᠃ ᠠᠵᠢᠯ ᠦᠢᠯᠡᠳᠪᠥᠷᠢᠯᠡᠯ ᠢᠶᠠᠨ ᠡᠬᠢᠯᠡᠬᠦ ᠴᠢᠬᠤᠯᠠ ᠲᠠᠢ ᠪᠤᠯ᠂ ᠨᠠᠷᠢᠨ ᠨᠢᠭᠳᠠ ᠤᠷᠢᠳᠴᠢᠯᠠᠭᠰᠠᠨ ᠰᠡᠷᠭᠡᠶᠢᠯᠡᠯᠳᠡ ᠶᠢᠨ ᠲᠦᠰᠥᠪ ᠲᠤᠭᠳᠠᠭᠠᠵᠤ᠂ ᠬᠤᠰᠢᠭᠤᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠦᠴᠢᠷ ᠢᠶᠠᠷ ᠵᠢᠭᠠᠨ ᠵᠢᠯᠤᠭᠤᠳᠤᠭᠤᠯᠵᠤ ᠬᠢᠨᠠᠭᠤᠯᠬᠤ ᠬᠡᠷᠡᠭᠳᠡᠢ᠃       ᠲᠠᠪᠤ᠂ ᠪᠤᠷᠤᠬᠤᠳᠠ ᠶᠢᠨ ᠠᠶᠠᠨᠴᠢᠳ ᠤᠨ ᠮᠠᠰᠢᠨ ᠲᠡᠷᠭᠡᠨ ᠤ ᠦᠷᠳᠡᠭᠡ᠂ ᠨᠡᠶᠢᠳᠡ ᠶᠢᠨ  ᠮᠠᠰᠢᠨ ᠲᠡᠷᠭᠡ᠂ ᠵᠤᠭᠠᠴᠠᠯ ᠤᠨ ᠮᠠᠰᠢᠨ ᠲᠡᠷᠭᠡ ᠤᠳ ᠡᠵᠡᠩᠨᠡᠯᠳᠡ ᠪᠠᠨ ᠵᠤᠭᠰᠤᠬᠤ ᠬᠡᠷᠡᠭᠳᠡᠢ᠃ ᠮᠠᠨ ᠤ ᠬᠤᠰᠢᠭᠤ ᠪᠠᠷ ᠦᠩᠭᠡᠷᠡᠬᠦ ᠠᠶᠠᠨᠴᠢᠳ ᠤᠨ ᠮᠠᠰᠢᠨ ᠲᠡᠷᠭᠡ ᠠᠶᠠᠨᠴᠢᠳ ᠢ    ᠪᠠᠭᠤᠯᠭᠠᠵᠤ ᠪᠤᠯᠬᠤ ᠦᠭᠡᠢ᠃ ᠳ᠋ᠠᠨᠳᠦ᠋ᠩ ᠠᠴᠠ ᠬᠦᠷᠬᠦ ᠦᠨᠳᠥᠷ ᠬᠤᠷᠳᠤᠴᠠᠳᠤ ᠵᠠᠰᠠᠮᠠᠯ ᠵᠠᠮ ᠤᠨ ᠪᠤᠷᠤᠬᠤᠳᠠ ᠳᠤ ᠪᠠᠭᠤᠬᠤ ᠭᠠᠵᠠᠷ  ᠂ ᠴᠢᠶᠤᠤ ᠲᠸᠤ ᠳᠤ ᠪᠠᠭᠤᠬᠤ ᠭᠠᠵᠠᠷ ᠵᠡᠷᠭᠡ ᠴᠢᠬᠤᠯᠠ ᠵᠠᠮ ᠬᠠᠷᠢᠯᠴᠠᠭᠠᠨ ᠤ ᠭᠠᠵᠠᠷ ᠤᠳ ᠢᠶᠠᠷ ᠬᠤᠪᠸᠢ ᠮᠤᠵᠢ ᠶᠢᠨ ᠲᠠᠩᠰᠠ ᠲᠠᠢ ᠲᠡᠷᠭᠡ ᠬᠦᠰᠭᠡ ᠪᠠᠭᠤᠬᠤ ᠶᠢ ᠴᠠᠭᠠᠵᠠᠯᠠᠨ᠎ᠠ᠃ ᠪᠤᠰᠤᠳ ᠠᠶᠠᠨᠴᠢᠳ ᠤᠨ ᠮᠠᠰᠢᠨ ᠲᠡᠷᠭᠡᠨ ᠤ ᠵᠢᠯᠤᠭᠤᠴᠢᠳ ᠪᠤᠯᠤᠨ ᠦᠢᠯᠡᠴᠢᠯᠡᠭᠴᠢᠳ ᠵᠢᠴᠢ ᠨᠢᠭᠡᠳᠥᠭᠡᠷ ᠹᠷᠤᠨᠲ ᠲᠤ ᠠᠵᠢᠯᠯᠠᠵᠤ ᠪᠠᠶᠢᠭ᠎ᠠ ᠠᠵᠢᠯᠳᠠᠳ ᠵᠠᠪᠠᠯ ᠠᠮᠠᠪᠴᠢ ᠵᠡᠭᠦᠵᠥ ᠠᠵᠢᠯ ᠳᠤ ᠭᠠᠷᠤᠨ᠂ ᠮᠠᠰᠢᠨ ᠲᠡᠷᠭᠡᠨ ᠤ ᠠᠷᠢᠭᠤᠳᠬᠠᠯ ᠢᠶᠠᠨ ᠰᠠᠶᠢᠳᠤᠷ ᠬᠢᠬᠦ ᠬᠡᠷᠡᠭᠳᠡᠢ᠃       ᠵᠢᠷᠭᠤᠭ᠎ᠠ᠂ ᠭᠠᠳᠠᠭᠰᠢ ᠦᠢᠯᠡᠴᠢᠯᠡᠬᠦ ᠰᠢᠨᠵᠢ ᠲᠠᠢ ᠠᠵᠢᠯ ᠤᠨ ᠪᠠᠶᠢᠷᠢ ᠶᠢᠨ ᠠᠵᠢᠯᠳᠠᠳ᠂ ᠡᠷᠬᠡᠪᠰᠢ ᠠᠮᠠᠪᠴᠢ ᠵᠡᠭᠦᠨ ᠠᠵᠢᠯ ᠳᠤ ᠭᠠᠷᠬᠤ ᠬᠡᠷᠡᠭᠳᠡᠢ᠃ ᠮᠠᠯᠴᠢᠨ ᠲᠠᠷᠢᠶᠠᠴᠢᠨ᠂ ᠬᠤᠳᠠ ᠵᠡᠭᠡᠯᠢ ᠶᠢᠨ ᠰᠠᠭᠤᠭᠠᠯᠢ ᠠᠷᠠᠳ ᠭᠠᠳᠠᠭᠰᠢ ᠭᠠᠷᠬᠤ ᠳᠠᠭᠠᠨ ᠡᠷᠬᠡᠪᠰᠢ ᠠᠮᠠᠪᠴᠢ ᠵᠡᠭᠦᠨ᠂ ᠨᠠᠶᠢᠷᠯᠠᠵᠤ ᠴᠤᠭᠯᠠᠬᠤ ᠪᠠᠨ ᠴᠦᠬᠡᠳᠬᠡᠵᠥ᠂  ᠤᠬᠠᠮᠰᠠᠷ ᠎ ᠠᠴᠠ ᠪᠠᠨ ᠰᠡᠷᠭᠡᠶᠢᠯᠡᠬᠦ  ᠬᠡᠷᠡᠭᠳᠡᠢ᠃       ᠲᠤᠯᠤᠭ᠎ᠠ᠂  ᠬᠤᠪᠸᠢ ᠠᠴᠠ ᠢᠷᠡᠭᠰᠡᠳ ᠪᠤᠶᠤ ᠬᠤᠪᠸᠢ ᠠᠴᠠ ᠤᠩᠨᠢᠭᠤᠳ ᠳᠠᠭᠠᠨ ᠪᠤᠴᠠᠭᠰᠠᠳ 14  ᠡᠳᠥᠷ ᠤᠨ ᠭᠡᠷ ᠦᠷᠥᠭᠡᠨ ᠳᠡᠭᠡᠨ ᠲᠤᠰᠠᠭᠠᠷᠯᠠᠬᠤ ᠬᠤᠭᠤᠴᠠᠭ᠎ᠠ ᠨᠢ ᠦᠩᠭᠡᠷᠡᠭᠡ ᠦᠭᠡᠢ᠂  ᠪᠠᠰᠠ ᠢᠳᠬᠠᠯ ᠰᠠᠨᠠᠭᠤᠯᠭ᠎ᠠ ᠶᠢ ᠰᠤᠨᠤᠰᠬᠤ ᠦᠭᠡᠢ᠂ ᠵᠦᠭ ᠪᠤᠯᠭᠠᠨ ᠳᠤ ᠲᠤᠷ᠎ᠠ ᠪᠠᠷ ᠢᠶᠠᠨ ᠤᠷᠤᠵᠤ ᠭᠠᠷᠤᠭᠠᠳ ᠪᠠᠶᠢᠴᠠᠭᠠᠨ ᠲᠤᠳᠤᠯᠠᠭᠳᠠᠪᠠᠯ ᠬᠠᠮᠢᠶ᠎ᠠ ᠪᠦᠬᠦᠢ ᠬᠠᠤᠯᠢ ᠲᠦᠷᠢᠮ ᠢᠶᠠᠷ ᠴᠢᠩᠭ᠎ᠠ ᠶᠠᠯᠠᠳᠠᠨ ᠲᠤᠷᠭᠤᠭᠠᠨ᠎ᠠ᠃       ᠤᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠣᠷᠢᠳᠣ ᠠᠭᠤᠰᠬᠢᠨ ᠥᠷᠪᠢᠰᠣᠯ ᠢ ᠰᠡᠷᠬᠡᠶᠢᠯᠡᠨ ᠬᠢᠵᠠᠭᠠᠷᠯᠠᠬᠤ ᠠᠵᠢᠯ  ᠎ ᠤᠨ ᠵᠢᠯᠤᠭᠤᠳᠬᠤ ᠬᠡᠯᠳᠡᠰ ᠤᠨ  ᠬᠠᠷᠢᠯᠴᠠᠬᠤ ᠤᠳᠠᠰᠤ᠄       0476 —6360101                  0476 —6352391        ᠤᠩᠨᠢᠭᠤᠳ ᠬᠤᠰᠢᠭᠤᠨ ᠤ  ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠣᠷᠢᠳᠣ        ᠠᠭᠤᠰᠬᠢᠨ ᠥᠷᠪᠢᠰᠣᠯ ᠢ  ᠰᠡᠷᠬᠡᠶᠢᠯᠡᠨ ᠬᠢᠵᠠᠭᠠᠷᠯᠠᠬᠤ ᠠᠵᠢᠯ  ᠎ ᠤᠨ  ᠵᠢᠯᠤᠭᠤᠳᠬᠤ ᠬᠡᠯᠳᠡᠰ                                       2020 ᠤᠨ ᠤ 1 ᠰᠠᠷ᠎ᠠ ᠶᠢᠨ 26  ᠎ ᠤ  ᠡᠳᠥᠷ
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号