ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠥ ᠠᠭᠤᠰᠬᠢᠨ ᠦᠷᠪᠢᠰᠥᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠲᠤᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2020/2/4
                        ︵ᠭᠤᠷᠪᠠᠳᠤᠭᠠᠷ ᠲᠤᠭᠠᠳᠤ︶         ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠭᠡᠨᠡᠳᠳᠡ ᠶᠢᠨ ᠬᠡᠷᠡᠭ ᠶᠠᠪᠤᠳᠠᠯ ᠤᠨ I ᠲᠡᠰ ᠤᠨ ᠴᠤᠤᠷᠢᠶᠠᠳᠤᠯᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠠᠮᠢᠶ᠎ᠠ ᠪᠦᠬᠦᠢ ᠬᠤᠷᠠᠯ ᠤᠨ ᠱᠠᠭᠠᠷᠳᠠᠯᠭ᠎ᠠ ᠶᠤᠰᠤᠭᠠᠷ᠂ ᠤᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠥ ᠠᠭᠤᠰᠬᠢᠨ ᠦᠷᠪᠢᠰᠥᠯ ᠢ ᠰᠡᠷᠭᠡᠶᠢᠯᠡᠨ ᠬᠢᠵᠠᠭᠠᠷᠯᠠᠬᠤ ᠬᠡᠯᠳᠡᠰ ᠠᠴᠠ ᠲᠤᠤᠷᠠᠬᠢ ᠮᠡᠳᠥ ᠲᠤᠭᠳᠠᠭᠠᠯ  ᠭᠠᠷᠭᠠᠪᠠ  ᠄         ᠨᠢᠭᠡ᠂ 2020 ᠤᠨ ᠤ 1 ᠰᠠᠷᠠᠶᠢᠨ 28᠎ ᠤ ᠡᠳᠥᠷ ᠤᠨ 0 ᠴᠠᠭ ᠠᠴᠠ ᠡᠬᠢᠯᠡᠨ᠂ ᠪᠦᠬᠦ ᠬᠤᠰᠢᠭᠤᠨ ᠎ ᠤ ᠰᠠᠭᠤᠭᠠᠯᠢ ᠠᠷᠠᠳ ᠤᠨ ᠲᠤᠭᠤᠷᠢᠭ ᠨᠢ ᠪᠦᠬᠦᠨ ᠢᠶᠠᠷ ᠢᠶᠠᠨ᠂ ᠲᠡᠷᠭᠡ ᠬᠦᠰᠭᠡ ᠪᠤᠯᠤᠨ ᠬᠦᠮᠥᠰ ᠢ ᠦᠨᠡᠨ ᠨᠡᠷ᠎ᠡ ᠎ ᠪᠠᠷ ᠨᠢ ᠲᠠᠩᠰᠠᠯᠠᠨ ᠲᠡᠮᠳᠡᠭᠯᠡᠬᠦ ᠬᠠᠮᠢᠶᠠᠷᠤᠯᠳᠠ ᠶᠢ ᠬᠡᠷᠡᠭᠵᠢᠬᠦᠯᠥᠨ᠎ᠡ᠃ ᠰᠠᠭᠤᠭᠠᠯᠢ ᠲᠤᠭᠤᠷᠢᠭ ᠲᠤ ᠤᠷᠤᠬᠤ ᠬᠦᠮᠥᠨ ᠪᠦᠬᠦᠨ ᠡᠷᠬᠡᠪᠰᠢ ᠪᠡᠶ᠎ᠡ ᠶᠢᠨ ᠬᠠᠯᠠᠭᠤᠨ ᠤ ᠪᠠᠶᠢᠴᠠᠭᠠᠯᠳᠠ ᠶᠢ ᠬᠦᠯᠢᠶᠡᠬᠦ ᠬᠡᠷᠡᠭᠳᠡᠢ᠃ ᠬᠤᠪᠸᠢ ᠮᠤᠵᠢ ᠶᠢᠨ ᠲᠠᠩᠰᠠ ᠲᠠᠢ ᠲᠡᠷᠭᠡ ᠬᠦᠰᠭᠡ ᠪᠤᠯᠤᠨ ᠬᠤᠪᠸᠢ ᠮᠤᠵᠢ ᠠᠴᠠ ᠢᠷᠡᠭᠰᠡᠨ᠂ ᠡᠰᠡᠪᠡᠯ ᠬᠤᠪᠸᠢ ᠮᠤᠵᠢ ᠠᠴᠠ ᠤᠩᠨᠢᠭᠤᠳ ᠬᠤᠰᠢᠭᠤᠨ ᠲᠠᠭᠠᠨ ᠪᠤᠴᠠᠵᠤ ᠢᠷᠡᠭᠰᠡᠨ ᠬᠦᠮᠥᠰ ᠰᠠᠭᠤᠭᠠᠯᠢ ᠲᠤᠭᠤᠷᠢᠭ ᠲᠤ ᠤᠷᠤᠬᠤ ᠶᠢ  ᠴᠠᠭᠠᠵᠠᠯᠠᠨ᠎ᠠ᠃ ᠨᠢᠭᠡᠨᠳᠡ ᠤᠷᠤᠵᠤ ᠰᠠᠭᠤᠷᠢᠰᠢᠭᠰᠠᠨ ᠪᠠᠶᠢᠪᠠᠯ ᠦᠷᠬᠦᠯᠵᠢᠯᠡᠨ ᠭᠡᠷ ᠦᠷᠥᠭᠡᠨ ᠳᠡᠭᠡᠨ ᠲᠤᠰᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃        ᠬᠤᠶᠠᠷ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ᠂ ᠡᠮᠡᠭᠳᠡᠶᠢᠴᠥᠳ  ᠪᠤᠯᠤᠨ ᠬᠡᠥᠬᠡᠳ ᠤᠨ ᠡᠮᠨᠡᠯᠭᠡ ᠶᠢᠨ ᠬᠤᠷᠢᠶ᠎ᠠ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠎ ᠤᠨ ᠬᠤᠷᠢᠶ᠎ᠠ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠵᠡᠷᠭᠡ ᠡᠯ᠎ᠡ ᠱᠠᠳᠤᠨ ᠤ ᠡᠯ᠎ᠡ ᠲᠦᠷᠥᠯ ᠤᠨ ᠡᠮᠴᠢᠯᠡᠭᠡᠨ ᠤ ᠪᠠᠶᠢᠭᠤᠯᠤᠮᠵᠢ  ᠎ ᠳᠤ ᠢᠷᠠᠵᠣ ᠡᠮᠨᠡᠯᠭᠡ ᠳᠤ ᠰᠠᠭᠤᠭ᠎ᠠ ᠲᠦᠷᠥᠯ ᠰᠠᠳᠤᠨ ᠨᠠᠶᠢᠵᠠ ᠨᠦᠬᠦᠳ ᠢᠶᠠᠨ ᠪᠤᠯᠭᠤᠭᠠᠨ ᠦᠵᠡᠬᠦ ᠶᠢ ᠵᠤᠭᠰᠤᠭᠠᠨ᠎ᠠ᠃        ᠭᠤᠷᠪᠠ᠂ ᠬᠤᠪᠸᠢ ᠮᠤᠵᠢ ᠠᠴᠠ ᠤᠩᠨᠢᠭᠤᠳ ᠬᠤᠰᠢᠭᠤᠨ ᠳᠤ ᠢᠷᠡᠭᠡᠣᠨ ᠲᠠᠬᠢᠨ ᠪᠣᠴᠠᠬᠤ ᠰᠠᠨᠠᠭᠠᠳᠠᠢ ᠬᠦᠮᠥᠰ ᠲᠤᠤᠷᠠᠬᠢ ᠮᠡᠳᠣ ᠭᠤᠷᠪᠠᠨ ᠨᠦᠬᠦᠴᠡᠯ ᠢ ᠪᠦᠷᠢᠯᠳᠥᠭᠦᠯᠬᠦ ᠬᠡᠷᠡᠭᠳᠡᠢ  ᠄  ᠨᠢᠭᠡ  ᠎ ᠳᠤ᠂ ᠲᠤᠰᠠᠭᠠᠷᠯᠠᠭᠰᠠᠨ ᠬᠤᠭᠤᠴᠠᠭ᠎ᠠ ᠨᠢ ᠡᠷᠬᠡᠪᠰᠢ 14  ᠡᠳᠥᠷ ᠠᠴᠠ ᠲᠡᠭᠡᠭᠰᠢ ᠪᠠᠶᠢᠬᠤ ᠬᠡᠷᠡᠭᠳᠡᠢ︔ ᠬᠤᠶᠠᠷ ᠲᠤ᠂ ᠡᠷᠬᠡᠪᠰᠢ ᠪᠡᠶ᠎ᠡ  ᠎ ᠶᠢᠨ ᠬᠠᠯᠠᠭᠤᠨ ᠢ  ᠬᠡᠮᠵᠢᠨ ᠬᠠᠨᠢᠶᠠᠬᠤ ᠦᠬᠡᠢ᠂ ᠬᠠᠯᠠᠭᠤᠷᠠᠬᠤ ᠦᠬᠡᠢ ᠪᠠᠶᠢᠳᠠᠯ ᠲᠠᠢ ᠪᠠᠶᠢᠬᠤ ᠶᠢ ᠪᠠᠳᠣᠯᠠᠵᠣ᠂  ᠡᠰᠡᠪᠡᠯ ᠲᠣᠰᠬᠠᠢ ᠡᠮᠴᠢ ᠠᠵᠢᠯᠳᠠᠨ ᠠᠴᠠ ᠲᠣᠳᠣᠯᠠᠵᠣ ᠨᠣᠳᠠᠯᠠᠭᠰᠠᠨ ᠤ ᠲᠠᠷᠠᠭ᠎ᠠ ᠶᠠᠪᠣᠵᠣ ᠪᠣᠯᠣᠨ᠎ᠠ  ︔  ᠭᠤᠷᠪᠠ ᠎ ᠳᠤ᠂  ᠬᠢᠵᠢᠭ ᠤᠨ ᠪᠠᠶᠢᠳᠠᠯ ᠲᠠᠭᠤᠰᠬᠤ ᠠᠴᠠ ᠡᠮᠣᠨ᠎ᠡ ᠣᠩᠨᠢᠭᠤᠣᠨ ᠬᠤᠰᠢᠭᠤᠨ  ᠎ ᠳᠤ ᠲᠠᠬᠢᠨ ᠢᠷᠠᠵᠣ ᠪᠣᠯᠬᠤ ᠦᠬᠡᠢ  ᠃                           ᠤᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ  ᠸᠢᠷᠦ᠋ᠰ ᠤᠨ ᠬᠠᠯᠳᠠᠪᠤᠷᠢᠳᠤ         ᠠᠭᠤᠰᠬᠢᠨ ᠦᠷᠪᠢᠰᠥᠯ  ᠎ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ  ᠬᠡᠯᠳᠡᠰ                                   2020 ᠤᠨ ᠤ 1 ᠰᠠᠷ᠎ᠠ ᠶᠢᠨ 27  ᠎ ᠤ  ᠡᠳᠥᠷ                    
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号