ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ  ᠪᠠᠴᠢᠮ ᠵᠠᠷᠯᠠᠯ
ᠨᠡᠶᠢᠲᠡᠯᠡᠭᠰᠡᠨ ᠴᠠᠭ᠄
2020/2/4
                          (ᠵᠢᠷᠭᠤᠳᠤᠭᠠᠷ ᠲᠤᠭᠠᠲᠤ)         ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠲᠤ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠲᠤᠬᠠᠶ ᠬᠤᠯᠪᠤᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠤᠳᠠᠲᠠᠢ ᠲᠠᠢ ᠤᠶᠠᠯᠳᠤᠭᠤᠯᠤᠨ᠂ ᠣᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠠᠴᠠ ᠳᠣᠣᠷᠠᠬᠢ ᠲᠣᠭᠲᠠᠭᠠᠯ ᠢ ᠭᠠᠷᠭᠠᠪᠠ  ᠃        ᠨᠢᠭᠡ᠂ ᠲᠣᠰ ᠡᠳᠦᠷ ᠠᠴᠠ ᠡᠬᠢᠯᠡᠨ᠂ ᠠᠮᠤ ᠪᠤᠳᠠᠭ᠎ᠠ ᠲᠣᠰᠣ᠂ ᠢᠳᠡᠰᠢᠨ ᠨᠣᠭᠤᠭ᠎ᠠ ᠵᠢᠮᠢᠰ᠂ ᠡᠮ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ  ᠲᠤ ᠬᠤᠯᠪᠣᠭᠳᠠᠬᠤ ᠡᠵᠡᠩᠨᠡᠯᠲᠡ ᠶᠢᠨ ᠲᠠᠯᠠᠪᠤᠷ ᠭᠠᠵᠠᠷ ︵ᠮᠢᠨ ᠰᠢᠶᠠᠩ ᠵᠢᠮᠢᠰ ᠨᠣᠭᠤᠭ᠎ᠠ ᠠᠮᠤ ᠪᠠ ᠰᠢᠨᠬᠤᠸᠠ ᠵᠠᠬ᠎ᠠ ᠳᠡᠯᠭᠡᠭᠦᠷ ᠪᠠᠭᠲᠠᠨ᠎ᠠ︶ ᠢ ᠭᠠᠷᠭᠠᠪᠠᠯ᠂ ᠪᠤᠰᠤᠳ ᠡᠵᠡᠩᠨᠡᠯᠲᠡ ᠶᠢᠨ ᠲᠠᠯᠠᠪᠤᠷ ᠭᠠᠵᠠᠷ ︵ᠬᠥᠳᠡᠭᠡ ᠲᠣᠰᠬᠤᠨ  ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠪᠠᠭᠲᠠᠨ᠎ᠠ︶ ᠤᠨ ᠡᠵᠡᠩᠨᠡᠯᠲᠡ ᠶᠢ ᠲᠦᠷ ᠬᠤᠶᠢᠰᠢᠯᠠᠭᠤᠯᠤᠨ᠎ᠠ᠃         ᠬᠤᠶᠠᠷ᠂ ᠪᠠᠩᠬᠢ ᠶᠢᠨ ᠲᠣᠤᠷ ᠴᠢᠭ ᠠᠴᠠ ᠭᠠᠳᠠᠨ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠵᠠᠰᠠᠭ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠡᠮ ᠡᠮᠨᠡᠯᠭᠡ ᠶᠢᠨ ᠳᠠᠭᠠᠳᠬᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠦᠶᠯᠡᠴᠢᠯᠡᠭᠡᠨ ᠤ ᠲᠢᠩᠬᠢᠮ ᠪᠠ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠨ ᠠᠪᠬᠤ ᠲᠥᠪ ᠵᠡᠷᠭᠡ ᠡᠯ᠎ᠡ ᠲᠥᠷᠥᠯ ᠤᠨ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ︽ᠨᠢᠭᠤᠷᠳᠠᠬᠤ︾  ᠦᠢᠯᠡᠴᠢᠯᠡᠬᠦ ᠠᠵᠢᠯ ᠢ ᠲᠦᠷ ᠬᠤᠶᠢᠰᠢᠯᠠᠭᠤᠯᠵᠤ᠂ ᠡᠯ᠎ᠡ ᠵᠦᠶᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠪᠤᠶᠤ ᠤᠲᠠᠰᠤ ᠪᠠᠷ ᠪᠣᠯᠵᠣᠨ ᠭᠦᠶᠴᠡᠳᠬᠡᠬᠦ ᠶᠢ ᠬᠡᠷᠡᠭᠵᠢᠭᠦᠯᠦᠨ᠎ᠡ᠃        ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ᠄ 0476 — 6360788︔        ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠲᠢᠩᠬᠢᠮ᠄ 0476 — 6300046        ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ᠄ 18847669262︔        ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ᠄ 0476 — 6360697︔        ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠲᠢᠩᠬᠢᠮ᠄ 0476-6320405        ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠲᠢᠩᠬᠢᠮ᠄                    0476 — 6320041 ︵ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶︔                    0476-6360592 (ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ)︔                    0476 — 6321889 (ᠠᠵᠢᠯ ᠣᠯᠭᠤᠬᠤ ᠲᠣᠪᠴᠢᠶ᠎ᠠ)︔          ᠳᠡᠭᠡᠷᠡᠬᠢ ᠬᠦᠯᠢᠶᠡᠨ ᠠᠪᠴᠤ ᠰᠢᠶᠳᠪᠦᠷᠢᠯᠡᠬᠦ ᠨᠢᠭᠡᠴᠡ 24 ᠴᠠᠭ ᠲᠤᠰᠬᠠᠶ ᠬᠥᠮᠦᠨ ᠵᠢᠵᠢᠭᠦᠷᠯᠡᠨ᠎ᠡ᠃       ᠭᠤᠷᠪᠠ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ  ᠵᠠᠬᠢᠷᠭ᠎ᠠ᠂ ᠠᠵᠢᠯ ᠦᠶᠯᠡᠰ  ᠤᠨ ᠨᠢᠭᠡᠴᠡ 2 ᠰᠠᠷ᠎ᠠ ᠶᠢᠨ 3 ᠤ ᠡᠳᠦᠷ ᠬᠡᠪ ᠤᠨ ᠶᠣᠰᠣᠭᠠᠷ ᠠᠵᠢᠯᠯᠠᠭᠰᠠᠨ ᠤ ᠳᠠᠷᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠪᠠ ᠪᠠᠶᠢᠭᠤᠯᠭ᠎ᠠ ᠨᠢᠭᠡᠴᠢ ᠶᠢᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠠᠷᠢᠮᠠᠬᠠᠶ ᠴᠢᠨᠠᠷᠲᠠᠶ ᠠᠵᠢᠯ ᠤᠨ ᠲᠦᠷᠢᠮ ᠢ 2 ᠰᠠᠷ᠎ᠠ ᠶᠢᠨ 9 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠤᠲᠠᠰᠤ᠂ ᠭᠠᠷ ᠤᠲᠠᠰᠤ᠂ ᠰᠦᠯᠵᠢᠶ᠎ᠡ᠂ ᠬᠠᠷᠠᠭᠠᠨ ᠳᠠᠪᠲᠠᠮᠵᠢ ᠵᠡᠷᠭᠡ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠠᠯᠪᠠᠯᠠᠵᠤ᠂ ᠠᠯᠢ ᠴᠢᠳᠠᠬᠤ ᠪᠠᠷ ᠬᠥᠮᠦᠰ ᠤᠨ ᠴᠤᠭᠯᠠᠷᠠᠬᠤ  ᠶᠢ ᠪᠠᠭᠠᠰᠬᠠᠬᠤ ᠬᠡᠷᠡᠭᠲᠡᠢ᠃       ᠳᠥᠷᠪᠡ᠂ ᠪᠦᠬᠦ ᠬᠤᠰᠢᠭᠤᠨ ᠤ ᠡᠯ᠎ᠡ ᠲᠥᠷᠥᠯ ᠤᠨ ᠠᠵᠤ ᠠᠬᠤᠶᠢᠯᠠᠯ 2 ᠰᠠᠷ᠎ᠠ ᠶᠢᠨ 9 ᠤ ᠡᠳᠦᠷ ᠤᠨ 24 ᠴᠠᠭ ᠠᠴᠠ ᠡᠮᠦᠨ᠎ᠡ ᠠᠵᠢᠯ ᠢᠶᠠᠨ ᠰᠡᠷᠭᠦᠭᠡᠵᠦ ᠪᠣᠯᠬᠤ ᠦᠭᠡᠢ᠃ ᠣᠯᠠᠨ ᠨᠡᠶᠢᠲᠡ ᠶᠢᠨ ᠠᠵᠢᠯ ᠦᠶᠯᠡᠰ ᠤᠨ ᠦᠢᠯᠡᠴᠢᠯᠡᠭᠡᠨ ᠤ ᠴᠢᠬᠤᠯᠠ ᠬᠡᠷᠡᠭᠴᠡᠭᠡ ( ᠤᠰᠤ ᠬᠠᠩᠭᠠᠬᠤ᠂ ᠳᠤᠯᠠᠭᠠᠯᠠᠭ᠎ᠠ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠠᠵᠢᠯ ᠲᠥᠷᠥᠯ )᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠴᠢᠬᠤᠯᠠ ᠬᠡᠷᠡᠭᠴᠡᠭᠡ ᠲᠠᠢ ( ᠡᠮᠴᠢᠯᠡᠭᠡᠨ ᠤ ᠪᠠᠭᠠᠵᠢ ᠬᠡᠷᠡᠭᠰᠡᠯ᠂ ᠡᠮ ᠤᠨ ᠵᠦᠶᠯ᠂ ᠰᠡᠷᠭᠡᠶᠢᠯᠡᠨ ᠬᠠᠮᠠᠭᠠᠯᠠᠬᠤ ᠡᠳ᠋ ᠤᠨ ᠦᠶᠯᠡᠳᠪᠦᠷᠢᠯᠡᠯ ᠪᠠ ᠪᠣᠷᠣᠯᠠᠭᠤᠯᠭ᠎ᠠ ᠵᠡᠷᠭᠡ ᠠᠵᠢᠯ ᠲᠥᠷᠥᠯ )᠂ ᠣᠯᠠᠨ ᠲᠦᠮᠡᠨ ᠤ ᠠᠮᠢᠳᠤᠷᠠᠯ ᠤᠨ ᠡᠷᠬᠡᠪᠰᠢ ᠬᠡᠷᠡᠭᠰᠡᠬᠦ ᠵᠦᠢᠯᠡᠰ ( ᠢᠳᠡᠭᠡᠨ ᠤ ᠦᠢᠯᠡᠳᠪᠦᠷᠢᠯᠡᠯ ᠪᠠ ᠬᠠᠩᠭᠠᠬᠤ ᠵᠡᠷᠭᠡ ᠠᠵᠢᠯ ᠲᠥᠷᠥᠯ ) ᠵᠢᠴᠢ ᠤᠯᠤᠰ ᠤᠨ ᠪᠣᠳᠣᠯᠭ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠪᠤᠰᠤᠳ ᠬᠤᠯᠪᠣᠭᠳᠠᠯ ᠪᠦᠬᠦᠢ ᠠᠵᠤ ᠠᠬᠤᠶᠢᠯᠠᠯ ᠡᠭᠦᠨ ᠳᠤ ᠪᠠᠭᠲᠠᠬᠤ ᠦᠭᠡᠶ᠃ ᠠᠵᠤ ᠠᠬᠤᠶᠢᠯᠠᠯ ᠤᠳ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ  ᠪᠠᠲᠤᠯᠠᠵᠤ᠂ ᠠᠵᠢᠯ ᠢᠶᠠᠨ ᠰᠡᠷᠭᠦᠭᠡᠬᠦ ᠠᠴᠠ ᠡᠮᠦᠨ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠬᠢᠵᠢᠭ ᠤᠨ ᠪᠠᠶᠢᠴᠠᠭᠠᠯᠲᠠ ᠪᠠ ᠡᠷᠡᠭᠦᠯ ᠮᠡᠨᠳᠦ ᠶᠢᠨ ᠬᠠᠮᠠᠭᠠᠯᠠᠯᠲᠠ ᠶᠢ ᠬᠡᠷᠡᠭᠵᠢᠭᠦᠯᠵᠦ᠂ ᠠᠶᠤᠯᠭᠦᠢ ᠪᠠᠷ ᠠᠵᠢᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠲᠠᠪᠤ᠂ ᠮᠠᠨ ᠤ ᠬᠤᠰᠢᠭᠤᠨ ᠤ ᠬᠢᠯᠢ ᠳᠣᠲᠤᠷᠠᠬᠢ ᠤᠯᠤᠰ ᠮᠤᠵᠢ ᠶᠢᠨ ᠭᠤᠤᠯ ᠱᠤᠭᠤᠮ ᠠᠴᠠ ( ᠪᠣᠷᠣᠬᠤᠲᠠ ᠶᠢᠨ ᠬᠤᠲᠠ ᠲᠤᠭᠤᠷᠢᠭ ᠪᠠᠭᠲᠠᠨ᠎ᠠ ) ᠦᠶᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠵᠡᠷᠭᠡ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠬᠤᠰᠢᠭᠤᠨ ᠳᠤ ᠣᠷᠣᠵᠤ ᠢᠷᠡᠵᠦ ᠪᠣᠯᠣᠨ᠎ᠠ᠃ ᠡᠪᠡᠳᠴᠢᠲᠡᠨ ᠬᠦᠷᠭᠡᠬᠦ᠂ ᠨᠢᠰᠬᠡᠯ ᠤᠨ ᠲᠠᠯᠠᠪᠤᠷ ᠪᠣᠯᠣᠨ ᠲᠡᠷᠭᠡᠨ‌ᠦᠷᠲᠡᠭᠡᠨ ᠳᠤ ᠬᠦᠷᠬᠡᠬᠦ ᠵᠡᠷᠭᠡ ᠲᠡᠷᠭᠡ ᠬᠥᠰᠬᠡ ᠶᠢ ᠳᠠᠩᠰᠠᠯᠠᠭᠤᠯᠤᠨ ᠨᠤᠲᠠᠯᠠᠵᠤ᠂ ᠪᠡᠶ᠎ᠡ ᠶᠢᠨ ᠳᠤᠯᠠᠭᠠᠨ ᠤ ᠬᠡᠮᠵᠢᠯᠲᠡ ᠪᠠᠷ ᠳᠠᠮᠵᠢᠨ ᠬᠡᠪ ᠤᠨ ᠪᠤᠰᠤ ᠪᠠᠶᠢᠳᠠᠯ ᠭᠠᠷᠤᠭᠰᠠᠨ ᠦᠭᠡᠢ ᠪᠣᠯ ᠪᠣᠷᠣᠬᠤᠲᠠ ᠶᠢᠨ ᠬᠤᠲᠠ ᠲᠣᠭᠤᠷᠢᠭ ᠲᠤ ᠣᠷᠣᠬᠤ ᠶᠢ ᠵᠥᠪᠰᠢᠶᠡᠷᠡᠨ᠎ᠡ᠃ ᠪᠤᠰᠤᠳ ᠲᠡᠷᠭᠡ ᠬᠥᠰᠬᠡ ᠶᠢ ᠴᠥᠮ ᠪᠣᠷᠤᠬᠤᠲᠠ ᠶᠢᠨ ᠬᠤᠲᠠ ᠲᠣᠭᠤᠷᠢᠭ ᠲᠤ ᠣᠷᠣᠭᠤᠯᠵᠤ ᠪᠣᠯᠬᠤ ᠦᠭᠡᠢ᠃      ᠵᠢᠷᠭᠤᠭ᠎ᠠ᠂ ᠡᠪᠡᠳᠴᠢᠲᠡᠨ ᠢ ᠲᠤᠰᠴᠤ ᠬᠦᠷᠭᠡᠵᠦ ᠡᠮᠨᠡᠭᠦᠯᠬᠦ ᠵᠡᠷᠭᠡ ᠪᠠᠴᠢᠮ ᠪᠠᠶᠢᠳᠠᠯ ᠳᠣᠤᠷ᠎ᠠ ᠰᠠᠭᠤᠭᠠᠯᠢ ᠠᠷᠠᠳ ᠤᠨ ᠲᠣᠭᠤᠷᠢᠭ ᠲᠤ ᠣᠷᠣᠵᠤ ᠭᠠᠷᠬᠤ᠂ ᠵᠠᠮ ᠢᠶᠠᠷ ᠶᠠᠪᠤᠬᠤ ᠴᠢᠬᠤᠯᠠᠲᠠᠶ ᠲᠡᠷᠭᠡ ᠬᠥᠰᠬᠡ ᠶᠢ ᠨᠡᠪᠲᠡᠷᠡᠬᠦ ᠶᠢ ᠵᠥᠪᠰᠢᠶᠡᠷᠡᠨ᠎ᠡ᠃ ᠲᠡᠷᠭᠡ ᠬᠥᠰᠬᠡ ᠶᠢᠨ ᠵᠢᠯᠣᠭᠤᠴᠢ ᠶᠠᠪᠤᠳᠠᠯ ᠤᠨ ᠳᠠᠷᠠᠭ᠎ᠠ ᠡᠷᠬᠡᠪᠰᠢ ᠱᠠᠭᠠᠷᠳᠠᠯᠭ᠎ᠠ ᠶᠣᠰᠣᠭᠠᠷ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠤ ᠶᠠᠪᠤᠭᠰᠠᠨ ᠵᠠᠮ ᠱᠤᠭᠤᠮ᠂  ᠬᠦᠷᠦᠭᠰᠡᠨ ᠭᠠᠵᠠᠷ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠭᠥᠯᠢᠶᠡᠨ ᠠᠪᠴᠤ ᠰᠢᠶᠳᠪᠦᠷᠢᠯᠡᠬᠦ ᠨᠢᠭᠡᠴᠡ᠄ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠭᠥᠯᠢᠶᠡᠨ ᠠᠪᠴᠤ ᠰᠢᠶᠳᠪᠦᠷᠢᠯᠡᠬᠦ ᠤᠲᠠᠰᠤ᠄ 0476 — 6341122᠃      ᠣᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ  ᠬᠠᠯᠳᠠᠪᠤᠷᠢᠳᠦ        ᠠᠭᠤᠰᠬᠢᠨ ᠦᠷᠪᠢᠰᠦᠯ ᠢ  ᠰᠡᠷᠭᠡᠶᠢᠯᠡᠨ  ᠬᠢᠵᠠᠭᠠᠷᠯᠠᠬᠤ  ᠠᠵᠢᠯ ᠤᠨ ᠵᠢᠯᠣᠭᠤᠳᠬᠤ ᠭᠠᠵᠠᠷ                                              2020 ᠣᠨ ᠤ 1 ᠰᠠᠷ᠎ᠠ ᠶᠢᠨ 3 ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号