ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠢ ᠰᠡᠷᠭᠡᠶᠢᠯᠡᠨ  ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠴᠢᠮ ᠵᠠᠷᠯᠠᠯ
ᠨᠡᠶᠢᠲᠡᠯᠡᠭᠰᠡᠨ ᠴᠠᠭ᠄
2020/2/4
                          (ᠳᠣᠯᠣᠳᠤᠭᠠᠷ ᠲᠤᠭᠠᠲᠤ)          ᠴᠠᠭᠠᠨ ᠰᠠᠷ᠎ᠠ ᠶᠢᠨ ᠬᠤᠭᠤᠴᠠᠭ᠎ᠠ ᠪᠣᠯ᠂ ᠪᠤᠷᠤᠬᠤᠲᠠ ᠶᠢᠨ ᠬᠤᠲᠠ ᠲᠣᠭᠤᠷᠢᠭ ᠤᠨ ᠡᠯ᠎ᠡ ᠰᠠᠭᠤᠭᠠᠯᠢ ᠠᠷᠠᠳ ᠤᠨ ᠲᠤᠭᠤᠷᠢᠭ  ᠬᠦᠮᠦᠨ᠂ ᠲᠡᠷᠭᠡ ᠬᠥᠰᠬᠡ ᠵᠡᠷᠭᠡ ᠳᠡᠭᠡᠳᠦ ᠬᠡᠮᠵᠢᠶ᠎ᠡ ᠪᠠᠷ ᠲᠥᠪᠯᠡᠷᠡᠭᠰᠡᠨ ᠴᠠᠭ ᠦᠶ᠎ᠡ ᠪᠣᠯᠣᠨ᠎ᠠ᠂ ᠡᠭᠦᠨ ᠤ ᠳᠡᠭᠡᠷ᠎ᠡ  ᠶᠠᠭ ᠰᠠᠶᠢᠬᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ  ᠢ ᠠᠷᠭᠠᠴᠠᠬᠤ ᠶᠢᠨ ᠲᠦᠯᠦᠭᠡ ᠰᠠᠭᠤᠭᠠᠯᠢ ᠠᠷᠠᠳ ᠢ ᠭᠡᠷ ᠠᠴᠠ ᠪᠠᠨ ᠭᠠᠷᠬᠤ ᠦᠭᠡᠢ ᠪᠠᠶᠢᠬᠤ ᠶᠢ ᠤᠬᠠᠭᠤᠯᠵᠤ᠂ ᠮᠠᠰᠢᠨ ᠲᠡᠷᠭᠡ ᠶᠢ ᠵᠠᠮ ᠳᠤ ᠭᠠᠷᠬᠤ ᠶᠢ ᠬᠢᠵᠠᠭᠠᠷᠯᠠᠬᠤ ᠠᠷᠭ᠎ᠠ ᠠᠪᠴᠠᠯ ᠠᠪᠤᠭᠰᠠᠨ ᠠᠴᠠ ᠭᠠᠯ ᠠᠯᠳᠠᠬᠤ ᠪᠤᠯᠤᠯᠴᠠᠭ᠎ᠠ ᠶᠡᠬᠡᠲᠡ ᠨᠡᠮᠡᠭᠳᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨ ᠠᠶᠤᠯ ᠤᠨ ᠳᠠᠯᠳᠠ ᠭᠡᠮ ᠬᠠᠷᠢᠴᠠᠩᠭᠤᠶ ᠪᠠᠷ ᠲᠥᠪᠯᠡᠷᠡᠵᠦ᠂ ᠭᠠᠯ ᠰᠡᠷᠭᠡᠶᠢᠯᠡᠬᠦ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠠᠭᠠᠷ ᠤᠨ ᠶᠠᠰᠤ ᠴᠢᠨᠠᠷ ᠢ ᠰᠠᠶᠢᠵᠢᠷᠠᠭᠤᠯᠵᠤ᠂ ᠡᠪᠡᠳᠴᠢᠨ ᠤ ᠵᠠᠭᠤᠴᠢ ᠮᠢᠺᠷᠣᠪ ᠤᠨ ᠡᠭᠦᠰᠴᠦ ᠳᠡᠯᠭᠡᠷᠡᠬᠦ ᠶᠢ ᠪᠠᠭᠠᠰᠬᠠᠬᠤ ᠶᠢᠨ ᠲᠤᠰᠠᠳᠠ᠂ ᠣᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ  ᠤᠨ ᠵᠢᠯᠣᠭᠤᠳᠬᠤ ᠭᠠᠵᠠᠷ ᠠᠴᠠ ᠲᠤᠰ ᠲᠤᠭᠳᠠᠭᠠᠯ ᠢ ᠭᠠᠷᠭᠠᠪᠠ᠃       ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠠᠭᠤᠰᠬᠤ ᠠᠴᠠ ᠡᠮᠦᠨ᠎ᠡ᠂ ᠪᠣᠷᠣᠬᠤᠲᠠ ᠶᠢᠨ ᠬᠤᠲᠠ ᠲᠣᠭᠤᠷᠢᠭ ᠤᠨ ᠬᠡᠪᠴᠢᠶᠡᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃ ᠥᠷᠭᠡᠨ ᠣᠯᠠᠨ ᠬᠤᠲᠠ  ᠶᠢᠨ ᠠᠷᠠᠳ ︽ᠠᠮᠤᠷ ᠲᠦᠪᠰᠢᠨ ᠤ ᠲᠠᠯ᠎ᠠ ᠪᠠᠷ ᠪᠠᠭ᠎ᠠ ᠶᠠᠪᠤᠳᠠᠯ ᠪᠠᠶᠢᠬᠤ ᠥᠬᠡᠶ︾ ᠭᠡᠬᠦ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠸᠠᠷ ᠫᠤᠤᠵᠢᠩ ᠲᠠᠯᠪᠢᠬᠤ ᠦᠶᠯᠡ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠦᠨ᠎ᠡ᠃ ᠵᠠᠷᠯᠢᠭ ᠵᠢᠭᠠᠪᠤᠷᠢ ᠶᠢ ᠬᠡᠷᠡᠭᠵᠢᠭᠦᠯᠬᠦ ᠦᠭᠡᠢ᠂ ᠮᠥᠨ ᠯᠡ ᠳᠤᠷ᠎ᠠ ᠪᠠᠷ ᠢᠶᠠᠨ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠪᠠᠶᠢᠴᠠᠭᠠᠨ ᠲᠣᠳᠣᠯᠠᠮᠠᠭᠴᠠ᠂ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠭᠠᠯ ᠤᠨ ᠠᠶᠤᠯ᠂ ᠳᠡᠯᠪᠡᠷᠡᠯᠲᠡ ᠶᠢᠨ ᠠᠳᠡᠯ ᠭᠠᠷᠭᠠᠵᠤ᠂ ᠬᠥᠮᠦᠨ ᠬᠠᠷ᠎ᠠ ᠦᠬᠦᠵᠦ ᠰᠢᠷᠬᠠᠲᠤᠭᠰᠠᠨ᠂ ᠡᠳ᠋ ᠬᠥᠷᠥᠩᠭᠡ ᠬᠤᠬᠢᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ᠂ ᠢᠷᠭᠡᠨ ᠤ ᠬᠡᠷᠡᠭ ᠤᠨ  ᠬᠠᠷᠢᠭᠤᠴᠠᠯᠭ᠎ᠠ ᠨᠡᠬᠡᠮᠵᠢᠯᠡᠨ᠎ᠡ᠃       ᠢᠯᠡᠴᠢᠯᠡᠨ ᠮᠡᠳᠡᠭᠦᠯᠬᠦ ᠤᠲᠠᠰᠤ᠄ 110          ᠣᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ          ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ  ᠭᠠᠵᠠᠷ                                          2020 ᠣᠨ ᠤ 2 ᠰᠠᠷ᠎ᠠ ᠶᠢᠨ 1 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠶᠢᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号