ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠪᠤᠷᠤᠬᠤᠳᠠ ᠬᠤᠲᠠ ᠲᠤᠭᠤᠷᠢᠭ ᠤᠨ ᠬᠠᠮᠢᠶᠠᠷᠤᠨ  ᠬᠢᠵᠠᠭᠠᠷᠯᠠᠬᠤ ᠠᠷᠭ᠎ᠠ ᠠᠪᠴᠠᠯ ᠢ ᠤᠯᠠᠮ ᠨᠢᠭᠡ ᠠᠯᠬᠤᠮ ᠲᠤᠳᠤᠷᠬᠠᠶᠢᠯᠠᠬᠤ ᠲᠤᠬᠠᠢ
ᠨᠡᠶᠢᠲᠡᠯᠡᠭᠰᠡᠨ ᠴᠠᠭ᠄
2020/2/4
                         ︵ ᠨᠠᠢᠮᠠᠳᠤᠭᠠᠷ ᠲᠤᠭᠠᠳᠤ︶       ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠤ ᠠᠭᠤᠰᠬᠢᠨ ᠦᠷᠪᠢᠰᠥᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠠᠪᠴᠠᠯ ᠤᠨ ᠪᠦᠳᠥᠮᠵᠢᠳᠡᠢ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠶᠢᠨ ᠲᠦᠯᠥᠭᠡ᠂  ᠡᠳᠦᠬᠡ ᠬᠤᠯᠪᠤᠭᠳᠠᠯ ᠪᠦᠬᠦᠢ ᠬᠡᠷᠡᠭ ᠤᠴᠢᠷ ᠢ ᠳᠣᠣᠷᠠᠬᠢ ᠮᠡᠲᠦ ᠵᠠᠷᠯᠠᠪᠠ  ᠃       ᠨᠢᠭᠡ᠂ ᠠᠮᠤ ᠲᠤᠰᠤ ᠨᠤᠭᠤᠭ᠎ᠠ ᠵᠢᠮᠢᠰ᠂ ᠰᠢᠲᠠᠮᠠᠬᠠᠢ ᠬᠡᠢ᠂ ᠡᠮ ᠲᠠᠩ ᠡᠮᠴᠢᠯᠡᠭᠡᠨ ᠤ ᠪᠠᠭᠠᠵᠢ ᠵᠡᠷᠭᠡ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠡᠵᠡᠩᠨᠡᠵᠥ ᠪᠠᠶᠢᠭ᠎ᠠ ᠲᠠᠯᠠᠪᠤᠷ ᠭᠠᠵᠠᠷ ᠤᠨ ᠠᠵᠢᠯᠲᠠᠳ ᠪᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠥᠨ᠎ᠡ ᠹᠷᠣᠨᠲ ᠤᠨ ᠠᠵᠢᠯᠳᠠᠳ ᠰᠠᠭᠤᠭᠠᠯᠢ ᠠᠷᠠᠳ ᠤᠨ ᠲᠤᠭᠤᠷᠢᠭ ᠲᠤ ᠤᠷᠤᠵᠤ ᠭᠠᠷᠬᠤ ᠠᠰᠠᠭᠤᠳᠠᠯ ᠤᠨ  ᠲᠤᠬᠠᠢ       ᠬᠠᠮᠢᠶ᠎ᠠ ᠪᠦᠬᠦᠢ ᠲᠡᠯᠭᠡᠭᠦᠷ ᠬᠤᠳᠠᠯᠳᠤᠭ᠎ᠠ ︵ᠬᠡᠳᠥ ᠲᠡᠯᠭᠡᠭᠦᠷ︶ ᠶᠢᠨ ᠬᠠᠤᠯᠢ ᠶᠢᠨ ᠡᠷᠬᠡᠳᠡᠨ ᠦᠢᠯᠡᠳᠪᠥᠷᠢ ᠬᠤᠳᠠᠯᠳᠤᠭᠠᠨ ᠤ ᠡᠵᠡᠩᠨᠡᠯᠳᠡ ᠶᠢᠨ ᠦᠨᠡᠮᠯᠠᠯ ᠢᠶᠠᠨ ᠠᠪᠴᠤ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶᠠᠨ ᠳᠤ ᠬᠦᠷᠴᠥ ᠠᠵᠢᠯᠳᠠᠨ ᠤ ᠦᠨᠡᠮᠯᠠᠯ ᠢ ᠨᠢᠭᠡᠳᠦᠯᠲᠠᠢ ᠭᠦᠢᠴᠡᠳᠬᠡᠵᠦ ᠪᠣᠯᠣᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠥᠨ᠎ᠡ ᠹᠷᠤᠨᠲ ᠤᠨ ᠠᠵᠢᠯᠳᠠᠳ ᠤᠨ ᠦᠨᠡᠮᠯᠠᠯ ᠢ ᠬᠤᠰᠢᠭᠤᠨ  ᠤ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠬᠡᠯᠳᠡᠰ ᠠᠴᠠ ᠨᠢᠭᠡᠳᠥᠯᠳᠡᠢ ᠭᠦᠢᠴᠡᠳᠬᠡᠵᠦ ᠦᠭᠭᠦᠨ᠎ᠡ᠃ ᠡᠳᠡᠭᠡᠷ ᠦᠨᠡᠮᠯᠡᠯ ᠲᠠᠢ ᠬᠦᠮᠥᠰ ᠠᠵᠢᠯᠲᠠᠨ ᠤ ᠦᠨᠡᠮᠯᠡᠯ᠂ ᠪᠡᠶ᠎ᠡ ᠶᠢᠨ ᠦᠨᠡᠮᠯᠡᠯ ᠢᠶᠠᠷ ᠢᠶᠠᠨ ᠰᠠᠭᠤᠭᠠᠯᠢ ᠲᠤᠭᠤᠷᠢᠭ  ᠲᠤ ᠤᠷᠤᠵᠤ ᠭᠠᠷᠴᠤ ᠪᠤᠯᠤᠨ᠎ᠠ᠃ ᠠᠵᠢᠯᠳᠠᠨ ᠤ ᠦᠨᠡᠮᠯᠡᠯ ᠨᠢ ᠵᠦᠪᠬᠡᠨ ᠲᠤᠭᠳᠠᠭᠰᠠᠨ ᠠᠵᠢᠯ ᠢ ᠦᠷᠨᠢᠭᠦᠯᠬᠦ ᠳᠤ ᠬᠡᠷᠡᠭᠯᠡᠵᠥ ᠪᠤᠯᠤᠨ᠎ᠠ︔ ᠰᠠᠭᠤᠭᠠᠯᠢ ᠲᠤᠭᠤᠷᠢᠭ ᠲᠤ ᠤᠷᠤᠵᠤ ᠭᠠᠷᠬᠤ ᠳᠠᠭᠠᠨ ᠠᠵᠢᠯᠳᠠᠨ ᠤ ᠦᠨᠡᠮᠯᠡᠯ ᠪᠤᠯᠤᠨ ᠪᠡᠶ᠎ᠡ  ᠶᠢᠨ ᠦᠨᠡᠮᠯᠡᠯ ᠢᠶᠠᠨ ᠵᠡᠷᠭᠡᠪᠡᠷ ᠭᠠᠷᠭᠠᠨ  ᠦᠵᠡᠭᠦᠯᠵᠥ᠂  ᠮᠡᠳᠡᠭᠡ ᠵᠠᠩᠭᠢ ᠶᠢ ᠬᠠᠷᠭᠤᠭᠤᠯᠤᠭᠠᠳ ᠠᠳᠠᠯᠢᠬᠠᠨ ᠪᠤᠯ ᠤᠷᠤᠵᠤ ᠭᠠᠷᠴᠤ ᠪᠤᠯᠤᠨ᠎ᠠ᠃       ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶᠠᠨ ᠤ ᠬᠦᠯᠢᠶᠡᠨ ᠠᠪᠴᠤ ᠰᠢᠢᠳᠪᠦᠷᠢᠯᠡᠬᠦ ᠤᠳᠠᠰᠤ᠄ 0476 —6338012       ᠬᠤᠶᠠᠷ  ᠂  ᠪᠣᠷᠣᠬᠤᠳᠠ ᠶᠢᠨ ᠬᠤᠳᠠ ᠲᠣᠭᠤᠷᠢᠭ ᠤᠨ ᠲᠡᠷᠭᠡ ᠬᠦᠰᠭᠡ ᠶᠢᠨ ᠤᠷᠤᠵᠤ ᠭᠠᠷᠬᠤ ᠦᠨᠡᠮᠯᠡᠯ  ᠢ ᠵᠢᠷᠤᠮᠵᠢᠭᠤᠯᠤᠨ ᠬᠡᠷᠡᠭᠯᠡᠬᠦ ᠠᠰᠠᠭᠤᠳᠠᠯ ᠤᠨ ᠲᠣᠬᠠᠢ       ᠬᠤᠰᠢᠭᠤᠨ ᠤ ᠰᠡᠷᠬᠡᠶᠢᠯᠡᠵᠣ ᠬᠢᠵᠠᠭᠠᠷᠯᠠᠬᠤ ᠠᠵᠢᠯ ᠤᠨ ᠵᠢᠯᠣᠭᠤᠳᠬᠤ ᠬᠡᠯᠳᠡᠰ ᠠᠴᠠ ᠲᠠᠷᠬᠠᠭᠠᠭᠰᠠᠨ ᠲᠡᠷᠭᠡ ᠬᠦᠰᠭᠡ ᠶᠢᠨ ᠤᠷᠤᠵᠤ ᠭᠠᠷᠬᠤ ᠳᠤ ᠬᠡᠷᠡᠭᠯᠡᠬᠦ ᠦᠨᠡᠮᠯᠡᠯ ᠨᠢ ᠪᠦᠷ ᠠᠯᠪᠠᠨ ᠲᠠᠮᠠᠭ᠎ᠠ ᠲᠠᠷᠣᠭᠰᠠᠨ ᠮᠦᠷᠳᠡᠭᠡᠨ ᠬᠢᠳᠡᠣᠨ ᠮᠣᠩᠭᠤᠯ ᠦᠰᠣᠭ᠌ ᠬᠠᠪᠰᠣᠷᠭᠠᠭᠰᠠᠨ ᠨᠡᠷ᠎ᠡ ᠶᠢᠨ ᠪᠢᠴᠢᠭᠡᠰᠥ ᠲᠠᠢ ᠣᠭ ᠵᠦᠢᠯ ᠪᠣᠯᠣᠨ᠎ᠠ᠂ ᠵᠦᠪᠬᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠳᠤᠯᠠᠭ᠎ᠠ ᠶᠢᠨ ᠲᠡᠷᠭᠡ ᠬᠦᠰᠭᠡ ᠳᠤ ᠬᠡᠷᠡᠭᠯᠡᠨ᠎ᠡ᠃ ᠲᠡᠷᠭᠡ ᠨᠡᠪᠲᠡᠷᠡᠬᠦ ᠦᠨᠡᠮᠯᠡᠯ ᠲᠠᠢ ᠪᠠᠶᠢᠭᠤᠯᠭ᠎ᠠ ᠨᠢᠭᠡᠴᠡ ᠪᠣᠯᠣᠨ ᠬᠤᠪᠢ ᠬᠦᠮᠣᠨ ᠡᠷᠬᠡᠪᠰᠢ ᠲᠣᠭᠳᠠᠭᠠᠭᠰᠠᠨ ᠵᠠᠮ ᠱᠣᠭᠤᠮ  ᠢᠶᠠᠷ ᠶᠠᠪᠣᠵᠣ᠂ ᠨᠡᠪᠲᠡᠷᠡᠬᠦ ᠦᠨᠡᠮᠯᠡᠯ ᠢᠶᠠᠨ ᠠᠰᠢᠭᠯᠠᠨ ᠬᠤᠪᠢᠨ ᠤ ᠶᠠᠪᠣᠳᠠᠯ ᠢᠶᠠᠨ ᠬᠢᠬᠦ ᠪᠠ ᠳᠦᠷᠢᠮ ᠠᠴᠠ ᠵᠦᠷᠢᠴᠡᠨ ᠲᠡᠷᠭᠡ ᠵᠢᠯᠣᠭᠤᠳᠴᠣ ᠪᠣᠯᠬᠤ ᠦᠬᠡᠢ᠃  ᠪᠣᠷᠣᠬᠤᠳᠠ ᠶᠢᠨ ᠬᠤᠳᠠ ᠲᠣᠭᠤᠷᠢᠭ ᠠᠴᠠ ᠭᠠᠷᠴᠣ ᠪᠣᠯᠬᠤ ᠲᠣᠳᠣᠷᠬᠠᠶᠢᠯᠠᠯ ᠲᠠᠢ ᠲᠡᠷᠭᠡ ᠬᠦᠰᠭᠡ ᠶᠢᠨ ᠤᠷᠤᠵᠤ ᠭᠠᠷᠬᠤ ᠦᠨᠡᠮᠯᠡᠯ ᠠᠴᠠ ᠭᠠᠳᠠᠨ᠎ᠠ ᠪᠣᠰᠣᠣᠨ ᠬᠡᠷᠴᠢ ᠲᠡᠮᠳᠡᠭ ᠢ ᠪᠣᠷᠣᠬᠤᠳᠠ ᠶᠢᠨ ᠬᠤᠳᠠ ᠲᠣᠭᠤᠷᠢᠭ ᠠᠴᠠ ᠭᠠᠷᠬᠤ ᠬᠡᠷᠴᠢ ᠲᠡᠮᠳᠡᠭ ᠪᠣᠯᠭᠠᠨ ᠬᠡᠷᠡᠭᠯᠡᠵᠣ ᠪᠣᠯᠬᠤ ᠦᠬᠡᠢ  ᠃  ᠵᠢᠵᠢᠬᠦᠷᠯᠡᠵᠣ  ᠪᠠᠶᠢᠭ᠎ᠠ ᠵᠠᠮ ᠬᠠᠷᠢᠯᠴᠠᠭᠠᠨ   ᠤ ᠴᠠᠭᠳᠠᠭ᠎ᠠ ᠤᠷᠤᠵᠤ ᠭᠠᠷᠬᠤ  ᠲᠡᠷᠭᠡ ᠬᠦᠰᠭᠡ ᠳᠤ ᠪᠠᠶᠢᠴᠠᠭᠠᠯᠳᠠ ᠬᠢᠵᠣ᠂ ᠬᠠᠭᠤᠷᠮᠠᠭᠯᠠᠵᠣ ᠵᠣᠬᠢᠶᠠᠭᠰᠠᠨ ᠪᠣᠶᠣ ᠤᠷᠤᠵᠤ ᠭᠠᠷᠬᠤ ᠭᠡᠷᠡᠴᠢ ᠲᠡᠮᠳᠡᠭ ᠤᠨ ᠬᠡᠷᠡᠭᠯᠡᠯᠳᠡ ᠶᠢᠨ ᠱᠠᠭᠠᠷᠳᠠᠯᠭ᠎ᠠ ᠳᠤ ᠨᠡᠶᠢᠴᠡᠬᠦ ᠦᠬᠡᠢ ᠪᠠᠷ ᠵᠠᠮ ᠳᠤ ᠭᠠᠷᠣᠭᠰᠠᠨ ᠲᠡᠷᠭᠡ ᠬᠦᠰᠭᠡ ᠶᠢ ᠪᠠᠶᠢᠴᠠᠭᠠᠵᠣ ᠢᠯᠡᠷᠡᠬᠦᠯᠪᠡᠯ᠂ ᠤᠷᠤᠵᠤ ᠭᠠᠷᠬᠤ  ᠦᠨᠡᠮᠯᠡᠯ ᠢ ᠨᠢ ᠲᠡᠷᠡ ᠲᠠᠷᠣᠢ ᠳᠤᠨᠢ ᠬᠤᠷᠢᠶᠠᠨ ᠠᠪᠬᠤ ᠶᠢᠨ ᠬᠠᠮᠳᠣ ᠬᠠᠮᠢᠶ᠎ᠠ ᠪᠦᠬᠦᠢ ᠲᠣᠭᠳᠠᠭᠠᠯ ᠢᠶᠠᠷ ᠴᠢᠩᠭ᠎ᠠ ᠰᠢᠳᠭᠡᠨ ᠲᠤᠷᠭᠤᠭᠠᠨ᠎ᠠ᠃ ᠠᠯᠪᠠᠨ ᠲᠤᠰᠢᠶᠠᠯᠲᠠᠨ ᠲᠡᠷᠭᠡ ᠬᠦᠰᠭᠡ ᠶᠢᠨ ᠤᠷᠤᠵᠤ ᠭᠠᠷᠬᠤ ᠬᠡᠷᠴᠢ ᠲᠡᠮᠳᠡᠭ ᠤᠨ ᠬᠡᠷᠡᠭᠯᠡᠯᠳᠡ ᠶᠢᠨ ᠱᠠᠭᠠᠷᠳᠠᠯᠭ᠎ᠠ ᠶᠢ ᠵᠦᠷᠢᠴᠡᠪᠡᠯ ᠪᠠᠶᠢᠳᠠᠯ ᠢ ᠨᠢ ᠦᠵᠡᠵᠣ ᠵᠣᠬᠢᠶᠠᠨ ᠪᠠᠶᠢᠭᠤᠯᠣᠯᠳᠠ ᠠᠴᠠ ᠰᠢᠢᠳᠪᠦᠷᠢᠯᠡᠬᠦ ᠶᠢᠨ ᠬᠠᠮᠳᠣ ᠬᠠᠷᠢᠭᠤᠴᠠᠯᠭ᠎ᠠ ᠨᠡᠬᠡᠮᠵᠢᠯᠡᠨ᠎ᠡ᠃ ᠥᠷᠭᠡᠨ ᠣᠯᠠᠨ ᠺᠠᠳ᠋ᠷ ᠣᠯᠠᠨ ᠲᠦᠮᠠᠨ ᠲᠡᠷᠭᠡ ᠬᠦᠰᠭᠡ ᠶᠢᠨ ᠤᠷᠤᠵᠤ ᠭᠠᠷᠬᠤ ᠭᠡᠷᠡᠴᠢ ᠲᠡᠮᠳᠡᠭ ᠲᠠᠢ ᠪᠠᠶᠢᠭᠤᠯᠭ᠎ᠠ ᠨᠢᠭᠡᠴᠡ ᠪᠣᠯᠣᠨ ᠬᠤᠪᠢ ᠬᠦᠮᠣᠨ ᠤ ᠠᠵᠢᠯᠠᠯᠭ᠎ᠠ ᠳᠤ ᠬᠢᠨᠠᠯᠳᠠ ᠲᠠᠯᠪᠢᠬᠤ ᠶᠢ ᠣᠭᠳᠣᠨ᠎ᠠ᠃       ᠢᠯᠡᠴᠢᠯᠡᠨ ᠮᠡᠳᠡᠬᠦᠯᠬᠦ ᠣᠳᠠᠰᠣ᠄  0476  —  6338012       ᠭᠤᠷᠪᠠ᠂  ᠦᠷᠲᠡᠭᠡ ᠠᠴᠠ ᠲᠤᠰᠴᠤ ᠬᠦᠷᠭᠡᠬᠦ ᠵᠡᠷᠭᠡ ᠲᠡᠷᠭᠡ ᠬᠦᠰᠭᠡ ᠶᠢᠨ ᠪᠣᠷᠣᠬᠤᠳᠠ ᠶᠢᠨ ᠬᠤᠳᠠ ᠲᠣᠭᠤᠷᠢᠭ ᠢᠶᠠᠷ ᠭᠠᠷᠴᠤ ᠣᠷᠣᠬᠤ ᠠᠰᠠᠭᠤᠳᠠᠯ ᠤᠨ ᠲᠣᠬᠠᠢ       ᠡᠪᠡᠳᠴᠢᠲᠡᠨ ᠲᠤᠰᠴᠤ ᠬᠦᠷᠭᠡᠬᠦ᠂ ᠦᠷᠲᠡᠭᠡ ᠠᠴᠠ ᠲᠣᠰᠴᠤ ᠬᠦᠷᠭᠡᠬᠦ ᠵᠡᠷᠭᠡ ᠲᠡᠷᠭᠡ ᠬᠦᠰᠭᠡ ᠨᠢ ᠡᠷᠬᠡᠪᠰᠢ ᠬᠤᠳᠠ ᠠᠴᠠ ᠭᠠᠷᠬᠤ ᠪᠠᠶᠢᠴᠠᠭᠠᠯᠳᠠ ᠶᠢᠨ ᠥᠷᠳᠡᠭᠡᠨ ᠳᠤ ᠬᠦᠷᠴᠣ ᠣᠴᠢᠷ ᠶᠠᠪᠣᠳᠠᠯ᠂  ᠬᠦᠷᠬᠦ ᠭᠠᠵᠠᠷ᠂ ᠪᠤᠴᠠᠨ ᠢᠷᠡᠬᠦ ᠴᠠᠭ᠂ ᠵᠢᠯᠣᠭᠤᠴᠢ ᠪᠣᠶᠣ ᠲᠡᠷᠭᠡ ᠬᠦᠰᠭᠡᠨ ᠤ ᠰᠣᠷᠠᠭ ᠵᠠᠩᠬᠢ ᠪᠠᠨ ᠲᠡᠮᠳᠡᠭᠯᠡᠬᠦᠯᠵᠣ᠂  ᠪᠣᠴᠠᠨ ᠢᠷᠡᠭᠰᠡᠨ ᠤ ᠲᠠᠷᠠᠭ᠎ᠠ ᠲᠡᠷᠭᠡᠨ ᠳᠤ ᠰᠠᠭᠤᠭ᠎ᠠ ᠬᠦᠮᠣᠰ ᠲᠤ ᠪᠡᠶ᠎ᠡ ᠶᠢᠨ ᠬᠠᠯᠠᠭᠤᠨ ᠤ ᠬᠡᠮᠵᠢᠯᠳᠡ ᠬᠢᠵᠣ᠂ ᠬᠡᠪ ᠤᠨ ᠪᠣᠰᠣ ᠢᠯᠡᠷᠡᠯ ᠦᠬᠡᠢ ᠮᠦᠷᠳᠡᠭᠡᠨ ᠣᠣᠯ ᠤᠨ ᠲᠡᠮᠳᠡᠭᠯᠡᠯ ᠲᠠᠢ ᠪᠠᠨ ᠠᠳᠠᠯᠢ ᠪᠣᠯ  ᠪᠣᠷᠣᠬᠤᠳᠠ  ᠬᠤᠳᠠ ᠲᠣᠭᠤᠷᠢᠭ  ᠲᠤ ᠣᠷᠣᠬᠤ ᠶᠢ ᠵᠦᠪᠰᠢᠶᠡᠷᠡᠨ᠎ᠡ᠃  ᠣᠯᠠᠭᠠᠨᠬᠠᠳᠠ ᠶᠢᠨ ᠬᠠᠷᠢᠶᠠᠳᠣ ᠣᠷᠣᠨ ᠠᠴᠠ ᠰᠠᠯᠤᠭᠰᠠᠨ ᠲᠡᠷᠭᠡ ᠬᠦᠰᠭᠡ ᠪᠣᠯᠣᠨ ᠬᠦᠮᠣᠰ᠂ ᠬᠢᠵᠢᠭ ᠤᠨ ᠪᠠᠶᠢᠳᠠᠯ ᠲᠠᠭᠤᠰᠬᠤ ᠠᠴᠠ ᠡᠮᠣᠨ᠎ᠡ ᠪᠣᠴᠠᠨ ᠢᠷᠡᠵᠣ ᠪᠣᠯᠬᠤ ᠦᠬᠡᠢ᠃ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠲᠤᠪᠴᠢᠶ᠎ᠠ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠵᠡᠷᠬᠡ ᠰᠠᠯᠠᠭ᠎ᠠ ᠮᠦᠴᠢᠷ ᠨᠢ ᠣᠯᠠᠨ ᠨᠡᠶᠢᠳᠡ ᠶᠢᠨ ᠵᠠᠮ  ᠬᠠᠷᠢᠯᠴᠠᠭ᠎ᠠ ᠶᠢᠨ ᠡᠵᠡᠩᠨᠡᠯᠳᠡ ᠶᠢ ᠵᠣᠭᠰᠣᠭᠠᠵᠣ ᠪᠠᠶᠢᠭ᠎ᠠ ᠲᠠᠰᠢᠷᠠᠮ ᠳᠤ ᠬᠠᠣᠯᠢ ᠪᠣᠰᠣ ᠪᠠᠷ ᠡᠵᠡᠩᠨᠡᠯᠳᠡ ᠬᠢᠵᠣ ᠪᠠᠶᠢᠭ᠎ᠠ ︽ᠬᠠᠷ᠎ᠠ ᠲᠡᠷᠭᠡ︾ ᠶᠢ ᠴᠢᠩᠭ᠎ᠠ ᠪᠠᠷ ᠪᠠᠶᠢᠴᠠᠭᠠᠨ ᠰᠢᠢᠳᠪᠤᠷᠢᠯᠡᠨ᠎ᠡ᠃       ᠲᠦᠷᠪᠡ᠂ ᠪᠠᠷᠠᠭᠠᠨ ᠤ ᠲᠡᠭᠡᠭᠡᠪᠥᠷᠢ ᠶᠢᠨ ᠲᠡᠷᠭᠡ ᠬᠦᠰᠭᠡ ᠪᠤᠷᠤᠬᠤᠳᠠ ᠬᠤᠳᠠ ᠲᠤᠭᠤᠷᠢᠭ ᠪᠠᠷ ᠤᠷᠤᠵᠤ ᠭᠠᠷᠬᠤ ᠠᠰᠠᠭᠤᠳᠠᠯ ᠤᠨ ᠲᠤᠬᠠᠢ       ᠦᠢᠯᠡᠳᠪᠥᠷᠢᠯᠡᠯ ᠠᠮᠢᠳᠤᠷᠠᠯ ᠤᠨ ᠴᠢᠬᠤᠯᠠ ᠬᠡᠷᠡᠭᠯᠡᠭᠡᠨ ᠤ ᠪᠠᠷᠠᠭ᠎ᠠ ᠲᠠᠸᠠᠷ ᠬᠦᠷᠭᠡᠬᠦ ᠲᠡᠷᠭᠡ᠂ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠵᠦᠭᠡᠭᠡᠪᠥᠷᠢᠯᠡᠵᠥ ᠪᠠᠶᠢᠭ᠎ᠠ ᠲᠡᠷᠭᠡ ᠵᠡᠷᠭᠡ ᠪᠠᠷᠠᠭᠠᠨ ᠤ ᠲᠡᠭᠡᠭᠡᠪᠥᠷᠢ ᠶᠢᠨ ᠲᠡᠷᠭᠡ ᠬᠦᠰᠭᠡ ᠪᠤᠷᠤᠬᠤᠳᠠ ᠬᠤᠳᠠ ᠲᠤᠭᠤᠷᠢᠭ ᠤᠨ ᠲᠤᠳᠤᠷ᠎ᠠ ᠶᠠᠪᠤᠬᠤ ᠳᠤ ᠲᠡᠷᠭᠡ ᠨᠡᠪᠳᠡᠷᠡᠬᠦ ᠦᠨᠡᠮᠯᠡᠯ ᠠᠪᠬᠤ ᠴᠢᠬᠤᠯᠠ ᠦᠭᠡᠢ᠃ ᠪᠤᠷᠤᠬᠤᠳᠠ ᠬᠤᠳᠠ ᠲᠤᠭᠤᠷᠢᠭ ᠲᠤ ᠤᠷᠤᠵᠤ ᠭᠠᠷᠬᠤ ᠴᠢᠬᠤᠯᠠ ᠲᠠᠢ ᠪᠠᠷᠠᠭᠠᠨ ᠤ ᠲᠡᠭᠡᠭᠡᠪᠥᠷᠢ ᠶᠢᠨ ᠲᠡᠷᠭᠡ ᠬᠦᠰᠭᠡ  ᠪᠦᠬᠦᠨ ᠢᠶᠠᠷ ᠢᠶᠠᠨ ᠮᠤᠵᠢ ᠶᠢᠨ ᠲᠡᠰ ᠤᠨ 304  ᠵᠠᠮ ᠱᠤᠭᠤᠮ ᠪᠤᠯᠤᠨ ᠵᠡᠭᠦᠨ ᠲᠤᠭᠤᠷᠢᠭ ᠵᠠᠮ ᠤᠨ ᠠᠭᠤᠯᠵᠠᠭᠤᠷ ᠢᠶᠠᠷ ᠶᠠᠪᠤᠬᠤ ᠬᠡᠷᠡᠭᠳᠡᠢ᠃ ᠪᠤᠷᠤᠬᠤᠳᠠ ᠬᠤᠳᠠ ᠲᠤᠭᠤᠷᠢᠭ ᠲᠤ ᠤᠷᠤᠵᠤ ᠭᠠᠷᠬᠤ ᠴᠢᠬᠤᠯᠠ   ᠲᠠᠢ ᠵᠢᠵᠢᠭ ᠰᠠᠭᠤᠳᠠᠯ ᠤᠨ ᠮᠠᠰᠢᠨ ᠲᠡᠷᠭᠡ ᠪᠤᠯᠤᠨ ᠪᠤᠰᠤᠳ ᠲᠡᠷᠭᠡ ᠬᠦᠰᠭᠡ ᠪᠦᠬᠦᠨ ᠢᠶᠠᠷ ᠢᠶᠠᠨ ᠬᠠᠶᠢᠯᠠᠰᠤ ᠶᠡᠭᠡ ᠵᠡᠭᠡᠯᠢ ᠪᠤᠯᠤᠨ ᠬᠠᠰᠯᠤᠤ ᠵᠠᠮ ᠤᠨ ᠠᠭᠤᠯᠵᠠᠭᠤᠷ ᠢᠶᠠᠷ ᠤᠷᠤᠵᠤ ᠭᠠᠷᠬᠤ ᠬᠡᠷᠡᠭᠳᠡᠢ᠃ ᠤᠯᠤᠰ ᠤᠨ ᠲᠡᠰ ᠤᠨ 306 ᠵᠠᠮ ︵ᠤᠤᠯ ᠤᠨ ᠮᠤᠵᠢ ᠶᠢᠨ ᠲᠡᠰ ᠤᠨ 205 ᠵᠠᠮ︶  ᠪᠤᠯᠤᠨ ᠲᠤᠭᠤᠷᠢᠭ ᠵᠠᠮ ᠤᠨ ᠬᠤᠶᠢᠳᠤ ᠬᠡᠰᠡᠭ ᠤᠨ ᠠᠭᠤᠯᠵᠠᠭᠤᠷ ᠵᠢᠴᠢ ᠡᠮᠥᠨᠡᠳᠥ ᠠᠭᠤᠯᠵᠠᠭᠤᠷ ᠢ ᠲᠦᠷ ᠴᠠᠭ ᠬᠠᠭᠠᠨ᠎ᠠ᠃       ᠲᠠᠪᠤ᠂  ᠬᠤᠪᠸᠢ ᠮᠤᠵᠢ ᠠᠴᠠ ᠪᠤᠰᠤᠳ ᠮᠤᠵᠢ ︿ᠬᠤᠳᠠ᠂ ᠣᠷᠤᠨ﹀ ᠤ  ᠬᠦᠮᠤᠰ ᠣᠩᠨᠢᠭᠤᠳ ᠠᠴᠠ ᠶᠠᠪᠤᠬᠤ ᠠᠰᠠᠭᠤᠳᠠᠯ ᠤᠨ  ᠳᠤᠬᠠᠢ       ︿ᠬᠤᠪᠸᠢ ᠮᠤᠵᠢ ᠶᠢᠨ ᠣᠩᠨᠢᠭᠤᠳ ᠳᠤ ᠪᠠᠶᠢᠭ᠎ᠠ ᠬᠦᠮᠥᠰ ᠤᠨ ᠤᠩᠨᠢᠭᠤᠳ ᠠᠴᠠ ᠶᠠᠪᠤᠬᠤ ᠬᠤᠯᠪᠤᠭᠳᠠᠯ ᠪᠦᠬᠦᠢ ᠣᠴᠢᠷ ᠤᠨ ᠳᠤᠬᠠᠢ ᠮᠡᠳᠡᠭᠳᠡᠯ﹀ ︿ᠣᠩᠨᠢᠭᠤᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠬᠡᠯᠳᠡᠰ ᠠᠴᠠ ᠳᠠᠷᠬᠠᠭᠠᠭᠰᠠᠨ 2020 ᠣᠨ ᠤ 21 ᠳ᠋ᠤᠭᠡᠷ ᠳᠣᠭᠠᠳᠦ  ﹀  ᠶᠢ ᠦᠨᠳᠤᠰᠤᠯᠠᠨ ᠬᠡᠷᠡᠭᠵᠢᠭᠦᠯᠦᠨ᠎ᠠ᠃ ᠣᠩᠨᠢᠭᠤᠳ ᠠᠴᠠ ᠶᠠᠪᠤᠭᠰᠠᠨ ᠬᠦᠮᠤᠰ ᠬᠢᠵᠢᠭ ᠤᠨ  ᠪᠠᠶᠢᠳᠠᠯ ᠦᠩᠭᠡᠷᠡᠬᠦ  ᠠᠴᠠ ᠡᠮᠤᠨ᠎ᠠ ᠪᠤᠴᠠᠨ ᠢᠷᠡᠵᠦ ᠪᠤᠯᠬᠤ ᠦᠭᠡᠢ᠃       ᠵᠢᠷᠭᠤᠭ᠎ᠠ᠂ ᠣᠯᠠᠭᠠᠨᠬᠠᠳᠠ ᠬᠤᠳᠠ ᠠᠴᠠ ᠪᠤᠰᠤᠳ ᠭᠠᠵᠠᠷ ᠠᠴᠠ ᠤᠩᠨᠢᠭᠤᠳ ᠳᠤ ᠪᠤᠴᠠᠨ ᠢᠷᠡᠭᠰᠡᠳ ᠢ ᠬᠠᠮᠢᠶᠠᠷᠠᠬᠤ ᠠᠰᠠᠭᠤᠳᠠᠯ ᠤᠨ ᠳᠤᠬᠠᠢ        ︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠰᠢᠨ᠎ᠠ ᠬᠡᠯᠪᠡᠷᠢ ᠶᠢᠨ ᠲᠢᠳᠢᠮᠮᠯᠢᠭ ᠸᠢᠷᠤᠰ ᠤᠨ ᠬᠠᠯᠳᠠᠪᠤᠷᠢᠳᠦ ᠠᠭᠤᠰᠬᠢᠨ ᠦᠷᠪᠢᠰᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠬᠡᠯᠳᠡᠰ ᠤᠨ ᠪᠠᠶᠢᠭᠤᠯᠭ᠎ᠠ ᠠᠵᠦ ᠠᠬᠤᠶᠢᠯᠠᠯ ᠠᠵᠢᠯ ᠦᠢᠯᠡᠰ ᠤᠨ ᠨᠢᠭᠡᠴᠠ ᠶᠢᠨ ᠴᠠᠭᠠᠨ ᠰᠠᠷ᠎ᠠ ᠶᠢᠨ ᠠᠮᠠᠷᠠᠯᠳᠠ ᠠᠴᠠ ᠰᠡᠭᠦᠯᠡᠷ ᠠᠵᠢᠯ ᠤᠨ ᠪᠠᠶᠢᠷᠢ ᠳᠠᠭᠠᠨ ᠭᠠᠷᠤᠭᠰᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠳᠤᠷ ᠬᠢᠬᠦ ᠳᠤᠬᠠᠢ ᠪᠠᠴᠢᠮ ᠮᠡᠳᠡᠭᠳᠡᠯ﹀  ︿ᠦᠪᠤᠷ ᠮᠣᠩᠭᠤᠯ ᠤᠨ ᠬᠢᠵᠢᠭ ᠢ ᠰᠡᠷᠭᠡᠶᠢᠯᠡᠬᠦ ᠵᠢᠯᠤᠭᠤᠳᠬᠤ ᠬᠡᠯᠳᠡᠰ ᠤᠨ ᠳᠠᠷᠬᠠᠭᠠᠭᠰᠠᠨ ︿2020﹀ 12 ᠳ᠋ᠤᠭᠠᠷ ᠳᠤᠭᠠᠳᠦ﹀ ᠶᠢᠨ ᠱᠠᠭᠠᠷᠳᠠᠯᠭ᠎ᠠ ᠪᠠᠷ ᠣᠯᠠᠭᠠᠨᠬᠠᠳᠠ ᠬᠤᠳᠠ  ᠠᠴᠠ ᠭᠠᠳᠠᠨᠠᠬᠢ ᠭᠠᠵᠠᠷ ᠠᠴᠠ ᠣᠩᠨᠢᠭᠤᠳ ᠲᠤ ᠪᠤᠴᠠᠭᠰᠠᠳ ᠡᠷᠬᠡᠪᠰᠢ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠡ ᠪᠤᠯᠤᠨ ᠰᠠᠭᠤᠭ᠎ᠠ ᠭᠠᠵᠠᠷ ᠤᠨ ᠰᠤᠮᠤ ᠰᠢᠶᠠᠩ ᠪᠠᠯᠭᠠᠰᠦ ᠵᠡᠭᠡᠯᠢ ᠭᠤᠳᠤᠮᠵᠢ ᠭᠠᠴᠠᠭ᠎ᠠ ᠳᠤᠰᠬᠤᠨ ︿ᠨᠠᠶᠢᠭᠡᠮ ᠳᠤᠭᠤᠷᠢᠭ﹀ ᠳᠠᠭᠠᠨ ᠦᠨᠡᠨ ᠪᠤᠳᠠᠳᠠᠢ ᠪᠠᠷ ᠮᠡᠳᠡᠭᠦᠯᠵᠦ ᠳᠠᠩᠰᠠᠯᠠᠭᠤᠯᠬᠤ ᠶᠢᠨ ᠬᠠᠮᠳᠦ ᠣᠷᠤᠨ ᠰᠠᠭᠤᠴᠠ ᠲᠭᠠᠨ 14 ᠡᠳᠦᠷ ᠳᠣᠰᠠᠭᠠᠷᠯᠠᠬᠤ ᠱᠠᠭᠠᠷᠳᠠᠯᠭ᠎ᠠ ᠶᠢ  ᠴᠢᠩᠭ᠎ᠠ ᠭᠦᠢᠴᠡᠳᠭᠡᠬᠦ ᠬᠡᠷᠡᠭᠳᠡᠢ᠃         ᠣᠩᠨᠢᠭᠤᠳ ᠬᠤᠰᠢᠭᠤᠨ ᠤ  ᠰᠢᠨ᠎ᠠ ᠬᠡᠯᠪᠡᠷᠢ ᠶᠢᠨ ᠲᠢᠳᠢᠮᠯᠢᠭ  ᠸᠢᠷᠦ᠋ᠰ ᠤᠨ ᠬᠠᠯᠳᠠᠪᠣᠷᠢᠳᠦ         ᠠᠭᠤᠰᠬᠢᠨ ᠦᠷᠪᠢᠰᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ  ᠵᠢᠯᠤᠭᠤᠳᠬᠤ ᠬᠡᠯᠳᠡᠰ                                 2020 ᠣᠨ ᠤ 2  ᠰᠠᠷ᠎ᠠ ᠶᠢᠨ 3   ᠤ  ᠡᠳᠦᠷ
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号