ᠪᠦᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠂ ᠬᠤᠲᠠ ᠶᠢᠨ ᠠᠷᠠᠳ ᠲᠤ ᠥᠭᠭᠦᠭᠰᠡᠨ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2020/2/6
         ᠨᠢᠭᠡ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠮᠠᠨ ᠤ ᠳᠡᠷᠭᠡᠳᠡ ᠪᠠᠶᠢᠬᠤ ᠮᠠᠭᠠᠳ᠂ ᠮᠠᠨ ᠤ ᠬᠤᠲᠠ ᠳᠤ ᠨᠢᠭᠡᠨᠲᠡ ᠨᠢᠭᠡᠨ ᠰᠡᠵᠢᠭ ᠲᠠᠢ ᠡᠪᠡᠳᠴᠢᠨ ᠤ ᠵᠢᠱᠢᠶ᠎ᠡ ᠪᠠᠶᠢᠨ᠎ᠠ᠂ ᠡᠷᠬᠡᠪᠰᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠨ ᠪᠠᠲᠤᠯᠠᠬᠤ ᠬᠡᠷᠡᠭᠲᠡᠢ᠂ ᠶᠠᠭᠠᠬᠢᠭᠰᠠᠨ ᠴᠤ ᠥᠪᠡᠷ ᠳᠤ ᠴᠢᠨᠢ ᠬᠠᠮᠢᠶ᠎ᠠ ᠦᠭᠡᠢ ᠬᠡᠵᠦ ᠮᠢᠨᠴᠦᠭᠦᠷᠡᠨ ᠲᠠᠶᠢᠪᠤᠰᠢᠷᠠᠵᠤ  ᠪᠣᠯᠬᠤ ᠦᠭᠡᠢ᠂ ᠶᠠᠮᠠᠷᠪᠠ ᠠᠵᠠ ᠬᠠᠷᠠᠭᠰᠠᠨ ᠪᠣᠳᠣᠯ ᠨᠢ ᠴᠥᠮ ᠭᠠᠢ ᠭᠠᠮᠰᠢᠭ ᠤᠨ ᠴᠢᠨᠠᠷᠲᠠᠢ ᠦᠷ᠎ᠡ ᠳ᠋ᠦᠩ ᠢ ᠡᠭᠦᠰᠭᠡᠵᠦ ᠮᠡᠳᠡᠨ᠎ᠡ᠂ ᠬᠥᠮᠦᠨ ᠤ ᠠᠮᠢ ᠨᠠᠰᠤ ᠶᠠᠭᠤᠨ ᠠᠴᠠ ᠴᠦ ᠡᠷᠬᠢᠮ ᠲᠤᠯᠠ ᠠᠮᠢ ᠨᠠᠰᠤ ᠶᠢ ᠬᠦᠨᠳᠦᠳᠬᠡᠨ ᠪᠢᠰᠢᠷᠡᠬᠦ ᠬᠡᠷᠡᠭᠲᠡᠢ᠃          ᠬᠤᠶᠠᠷ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠤᠭᠤᠳ ᠡᠯ᠎ᠡ ᠵᠦᠶᠯ ᠤᠨ ᠰᠡᠷᠭᠡᠶᠢᠯᠡᠨ‌ᠡᠵᠡᠮᠳᠡᠬᠦ ᠠᠷᠭ᠎ᠠ ᠬᠡᠮᠵᠢᠶ᠎ᠡ ᠶᠢ ᠶᠠᠭ ᠡᠮᠬᠢ ᠵᠢᠷᠤᠮ ᠲᠠᠢ ᠪᠠᠷ ᠥᠷᠨᠢᠭᠦᠯᠵᠦ᠂ ᠮᠠᠰᠢ ᠣᠯᠠᠨ ᠺᠠᠳ᠋ᠷ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠪᠠᠨ ᠣᠷᠬᠢᠵᠦ ᠡᠨᠡ ᠤᠳᠠᠭᠠᠨ ᠤ ᠲᠠᠶᠢᠯᠠᠯᠳᠤᠭᠠᠨ ᠳᠤ ᠣᠷᠣᠯᠴᠠᠵᠤ ᠪᠠᠶᠢᠨ᠎ᠠ᠂ ᠣᠯᠠᠨ ᠢᠶᠠᠷ ᠢᠶᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠢᠳᠡᠭᠡᠨ ᠲᠦᠰᠢᠭᠯᠡᠵᠦ᠂ ᠭᠠᠴᠠᠭ᠎ᠠ ᠲᠣᠰᠬᠤᠨ ᠤ ᠨᠠᠮ ᠤᠨ ᠡᠭᠦᠷ ᠲᠣᠰᠬᠤᠨ ᠤ ᠵᠥᠪᠯᠡᠯ ᠪᠣᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ ᠢᠳᠡᠪᠬᠢᠲᠡᠶ ᠬᠠᠮᠵᠢᠯᠴᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃         ᠭᠤᠷᠪᠠ᠂ ᠣᠯᠠᠨ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠪᠠᠶᠢᠭ᠎ᠠ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠪᠣᠯᠣᠨ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠬᠤᠪᠧᠢ ᠎ ᠶᠢᠨ ᠦᠬᠠᠨ ᠠᠴᠠ ᠣᠩᠨᠢᠭᠤᠳ ᠬᠤᠰᠢᠭᠤᠨ ᠳᠤ ᠪᠤᠴᠠᠭᠰᠠᠨ ᠬᠥᠮᠦᠰ ᠢ ᠮᠡᠳᠡᠭᠦᠯᠬᠦ ᠶᠢ ᠬᠦᠰᠡᠶ᠎ᠡ᠂ ᠡᠨᠡ ᠪᠦᠯᠦᠭ ᠬᠥᠮᠦᠰ ᠪᠣᠯ ᠬᠠᠯᠳᠠᠪᠤᠷᠢᠲᠤ ᠡᠪᠡᠳᠴᠢᠨ ᠤ ᠬᠤᠣᠷ ᠢ ᠳᠠᠮᠵᠢᠭᠤᠯᠬᠤ ᠴᠢᠬᠤᠯᠠ ᠵᠠᠮ ᠮᠥᠨ᠂ ᠴᠢ ᠪᠢᠳᠡᠨ ᠤ ᠠᠮᠢ ᠨᠠᠰᠤ ᠲᠠᠢ ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ ᠪᠦᠬᠦᠨ ᠢ ᠪᠠᠶᠢᠴᠠᠭᠠᠨ ᠲᠣᠳᠣᠯᠠᠵᠤ᠂ ᠪᠦᠬᠦ ᠬᠤᠰᠢᠭᠤᠨ ᠤ ᠠᠷᠠᠳ ᠲᠦᠮᠡᠨ ᠤ ᠬᠥᠮᠦᠨ ᠪᠦᠬᠦᠨ ᠣᠷᠣᠯᠴᠠᠭᠰᠠᠨ ᠪᠦᠬᠦ ᠠᠷᠠᠳ ᠤᠨ ᠳᠠᠶᠢᠨ ᠢ ᠥᠷᠨᠢᠭᠦᠯᠬᠦ ᠬᠡᠷᠡᠭᠲᠡᠢ᠃           ᠳᠥᠷᠪᠡ᠂ ᠵᠠᠰᠠᠭ ᠤᠨ ᠣᠷᠳᠣᠨ ᠤ ᠡᠵᠡᠮᠳᠡᠭᠰᠡᠨ ᠦᠭᠡᠢ ᠬᠤᠪᠧᠢ ᠶᠢᠨ ᠦᠬᠠᠨ ᠠᠴᠠ ᠣᠩᠨᠢᠭᠤᠳ ᠬᠤᠰᠢᠭᠤᠨ ᠳᠠᠭᠠᠨ ᠪᠤᠴᠠᠭᠰᠠᠳ ᠢ ᠢᠯᠡᠴᠢᠯᠡᠭᠰᠡᠨ ᠪᠦᠬᠦᠨ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠰᠡᠳ ᠲᠤ 200 ᠲᠥᠭᠦᠷᠢᠭ ᠤᠨ ᠭᠠᠷ ᠤᠳᠠᠰᠤᠨ ᠤ ᠵᠠᠷᠤᠳᠠᠯ ᠮᠥᠩᠭᠦ ᠨᠡᠮᠡᠵᠦ ᠥᠭᠭᠦᠨ᠎ᠡ᠃         ᠲᠠᠪᠤ᠂ ᠣᠯᠠᠨ ᠢᠶᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠳᠤ ᠲᠥᠷᠥᠯ ᠰᠠᠳᠤᠨ ᠨᠠᠶᠢᠵᠠ ᠨᠥᠬᠦᠳ ᠎ ᠢᠶᠠᠨ ᠰᠤᠷᠪᠤᠯᠵᠢᠯᠠᠵᠤ ᠪᠣᠯᠬᠤ ᠦᠭᠡᠶ᠂ ᠭᠡᠷ ᠲᠤᠨᠢ ᠬᠦᠷᠴᠦ ᠰᠢᠨ᠎ᠡ ᠵᠢᠯ ᠤᠨ ᠵᠣᠯᠭᠠᠯᠲᠠ ᠬᠢᠬᠦ ᠦᠭᠡᠶ᠂ ᠬᠠᠮᠲᠤ ᠎ ᠪᠠᠷ ᠬᠤᠭᠤᠯᠠᠯᠠᠬᠤ ᠴᠤᠭᠯᠠᠭᠠᠨ ᠵᠡᠷᠭᠡ ᠬᠤᠷᠠᠨ ᠴᠤᠭᠯᠠᠷᠠᠬᠤ ᠠᠵᠢᠯᠯᠠᠭ᠎ᠠ ᠶᠢ ᠬᠦᠴᠦᠨ ᠦᠭᠡᠶ ᠪᠣᠯᠭᠠᠵᠤ᠂ ᠠᠯᠢ ᠪᠣᠯᠬᠤ ᠪᠠᠷ ᠭᠡᠷ ᠲᠡᠭᠡᠨ ᠠᠮᠠᠷᠠᠬᠤ ᠶᠢᠨ ᠬᠠᠮᠲᠤ ᠭᠡᠷ ᠳᠣᠲᠣᠷ᠎ᠠ ᠪᠠᠨ ᠰᠠᠯᠬᠢ ᠨᠡᠪᠲᠡᠷᠡᠭᠦᠯᠦᠨ ᠠᠷᠢᠭᠤᠳᠬᠠᠬᠤ ᠶᠢ ᠰᠠᠶᠢᠲᠤᠷ ᠬᠢᠬᠦ ᠬᠡᠷᠡᠭᠲᠡᠶ᠃ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠬᠤᠪᠢ ᠬᠦᠮᠦᠨ ᠤ ᠡᠷᠡᠭᠦᠯ ᠬᠠᠮᠠᠭᠠᠯᠠᠯ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠠᠩᠬᠠᠷᠬᠤ ᠬᠡᠷᠡᠭᠲᠡᠶ᠃         ᠵᠢᠷᠭᠤᠭ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢᠭᠡᠨᠲᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠᠶᠢᠭᠤᠯᠪᠠ᠂ ᠬᠠᠯᠠᠭᠤᠷᠠᠵᠤ ᠬᠠᠨᠢᠶᠠᠬᠤ ᠵᠡᠷᠭᠡ ᠡᠪᠡᠳᠴᠢᠨ ᠤ ᠢᠯᠡᠷᠡᠯ ᠎ ᠲᠠᠢ ᠬᠦᠮᠦᠰ ᠲᠤᠬᠠᠶ ᠶᠢᠨ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠪᠣᠯᠤᠨ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠯᠴᠠᠬᠤ ᠬᠥᠮᠦᠨ ᠲᠠᠢ ᠳᠠᠷᠤᠶᠢᠬᠠᠨ ᠬᠠᠷᠢᠯᠴᠠᠵᠤ ᠡᠮᠨᠡᠭᠦᠯᠦᠭᠡᠷᠡᠶ᠂ ᠥᠪᠡᠷᠲᠡᠭᠡᠨ ᠲᠡᠷᠭᠡᠨ ᠳᠤ ᠰᠠᠭᠤᠵᠤ ᠡᠮᠨᠡᠯᠭᠡ ᠳᠤ ᠬᠦᠷᠴᠦ ᠪᠣᠯᠬᠤ ᠥᠬᠡᠶ᠃                    ᠣᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ                    ᠎ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ                     ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ                                        2020 ᠣᠨ ᠤ 1 ᠰᠠᠷ᠎ᠠ ᠶᠢᠨ 25᠎ ᠤ ᠡᠳᠦᠷ                                                                                          
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号