ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠤᠨ ᠠᠶᠤᠯ ᠶᠡᠬᠡᠲᠡᠶ ᠭᠤᠤᠯᠳᠠᠯᠭ᠎ᠠ ᠲᠠᠢ ᠬᠥᠮᠦᠰ ᠢ ᠦᠨᠡᠨ ᠢᠶᠠᠷ ᠢᠶᠠᠨ ᠳᠠᠩᠰᠠᠯᠠᠭᠤᠯᠤᠨ ᠮᠡᠳᠡᠭᠦᠯᠬᠦ  ᠶᠢ ᠱᠠᠯᠠᠪᠳᠠᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2020/2/9
         ᠣᠳᠣᠬᠠᠨ ᠳᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠬᠠᠮᠤᠭ ᠤᠨ ᠪᠠᠴᠢᠮ᠂ ᠬᠠᠮᠤᠭ ᠤᠨ ᠬᠦᠨᠳᠦ ᠬᠡᠴᠡᠭᠦᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠦᠨᠡᠨ ᠪᠣᠳᠠᠲᠠᠶ ᠪᠠᠷ ᠮᠡᠳᠡᠭᠦᠯᠬᠦ᠂ ᠲᠤᠰᠠᠭᠠᠷᠯᠠᠬᠤ ᠳᠤ ᠬᠠᠮᠵᠢᠯᠴᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠨᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠶᠢᠯ ᠤᠨ ᠴᠢᠬᠤᠯᠠ ᠪᠣᠯᠣᠨ᠎ᠠ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠮᠥᠨ ᠬᠦ ᠬᠡᠰᠡᠭ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠵᠢᠷᠤᠮᠯᠠᠬᠤ ᠶᠢ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ ᠵᠢᠷᠤᠮ ᠢ ᠰᠠᠮᠠᠭᠤᠷᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠎ ᠳᠤ ᠰᠦᠷᠳᠡᠭᠦᠯᠦᠯ ᠪᠣᠯᠵᠣ ᠪᠠᠶᠢᠬᠤ ᠶᠢ ᠣᠯᠵᠤ ᠮᠡᠳᠡᠵᠡᠶ᠃ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠠᠶᠢᠯᠠᠯᠳᠤᠭᠠᠨ ᠤ ᠢᠯᠠᠯᠲᠠ ᠶᠢ ᠣᠯᠬᠤ ᠶᠢ ᠡᠷᠡᠰ ᠪᠠᠲᠤᠯᠠᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠭᠳᠠᠭᠠᠯ ᠢ ᠦᠨᠳᠦᠰᠦᠯᠡᠨ᠂ ᠡᠳᠦᠭᠡ ᠳᠣᠤᠷᠠᠬᠢ ᠮᠡᠲᠦ ᠵᠠᠷᠯᠠᠶ᠎ᠠ᠄         ᠨᠢᠭᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ᠂ ᠵᠠᠷᠯᠢᠭ ᠢ ᠨᠥᠬᠦᠴᠡᠯ ᠦᠭᠡᠢ ᠪᠠᠷ ᠳᠠᠭᠠᠵᠤ᠂ ᠤᠬᠠᠮᠰᠠᠷ ᠠᠴᠠ ᠪᠠᠨ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠵᠡᠷᠭᠡ ᠵᠣᠬᠢᠶᠠᠨ ᠪᠠᠶᠢᠭᠤᠯᠤᠯᠲᠠ᠂ ᠠᠵᠢᠯᠳᠠᠳ ᠤᠨ ᠠᠪᠤᠭᠰᠠᠨ ᠪᠡᠶ᠎ᠡ ᠶᠢᠨ ᠳᠤᠯᠠᠭᠠᠨ ᠢ ᠬᠡᠮᠵᠢᠨ ᠰᠢᠯᠭᠠᠬᠤ᠂ ᠳᠠᠩᠰᠠᠯᠠᠨ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠦᠯᠢᠭᠡᠷ ᠶᠠᠩᠵᠤ ᠴᠤᠭᠯᠠᠭᠤᠯᠬᠤ᠂ ᠲᠤᠰᠠᠭᠠᠷᠯᠠᠨ ᠠᠵᠢᠭᠯᠠᠬᠤ᠂ ᠲᠤᠰᠠᠭᠠᠷᠯᠠᠨ ᠡᠮᠨᠡᠨ ᠵᠠᠰᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠭᠥᠯᠢᠶᠡᠨ ᠠᠪᠬᠤ ᠶᠢᠨ ᠬᠠᠮᠲᠤ ᠬᠠᠮᠵᠢᠯᠴᠠᠵᠤ᠂ ᠡᠪᠡᠳᠴᠢᠨ ᠤ ᠪᠠᠶᠢᠳᠠᠯ᠂ ᠵᠢᠭᠤᠯᠴᠢᠯᠠᠨ ᠰᠠᠭᠤᠭᠰᠠᠨ ᠲᠡᠦᠬᠡ᠂ ᠡᠪᠡᠳᠴᠢᠲᠡᠨ ᠲᠠᠢ ᠣᠶᠢᠷᠠᠲᠤᠭᠰᠠᠨ ᠲᠡᠦᠬᠡ ᠵᠡᠷᠭᠡ ᠬᠠᠮᠢᠶ᠎ᠠ ᠪᠥᠬᠦᠶ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠦᠨᠡᠨ ᠪᠣᠳᠠᠲᠠᠶ ᠪᠠᠷ ᠮᠡᠳᠡᠭᠦᠯᠬᠦ ᠬᠡᠷᠡᠭᠲᠡᠶ᠃ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠳᠠᠷᠤᠭᠠᠳ ᠦᠯᠦ ᠮᠡᠳᠡᠭᠦᠯᠬᠦ᠂ ᠬᠤᠳᠠᠯ ᠢᠶᠠᠷ ᠮᠡᠳᠡᠭᠦᠯᠵᠦ ᠪᠣᠯᠬᠤ ᠤᠢᠭᠡᠢ᠃        ᠬᠤᠶᠠᠷ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠤᠨ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠰᠢᠨᠵᠢ ᠦᠭᠡᠢ ᠬᠠᠯᠳᠠᠪᠤᠷᠢᠯᠠᠭᠳᠠᠭᠰᠠᠳ ᠵᠢᠱᠢᠶᠡᠯᠡᠪᠡᠯ ᠣᠷᠬᠢᠭᠳᠠᠭᠤᠯᠤᠨ ᠮᠡᠳᠡᠭᠦᠯᠬᠦ᠂ ᠮᠡᠳᠡᠬᠦᠯᠬᠦ ᠦᠭᠡᠢ ᠨᠢᠭᠤᠭᠰᠠᠨ᠂ ᠡᠪᠡᠳᠴᠢᠨ ᠎ ᠤ ᠪᠠᠶᠢᠳᠠᠯ᠂ ᠵᠢᠭᠤᠯᠴᠢᠯᠠᠨ ᠰᠠᠭᠤᠭᠰᠠᠨ ᠲᠡᠦᠬᠡ ᠪᠠ ᠡᠪᠡᠳᠴᠢᠲᠡᠨ ᠲᠠᠢ ᠣᠶᠢᠷᠠᠲᠤᠭᠰᠠᠨ ᠲᠡᠦᠬᠡ ᠵᠡᠷᠭᠡ ᠮᠡᠳᠡᠭᠡ ᠵᠠᠩᠭᠢ ᠶᠢ ᠬᠤᠳᠠᠯ ᠢᠶᠠᠷ ᠮᠡᠳᠡᠭᠦᠯᠦᠭᠰᠡᠨ᠂ ᠡᠰᠡᠬᠦᠯ᠎ᠡ ᠲᠤᠰᠠᠭᠠᠷᠯᠠᠬᠤ᠂ ᠡᠮᠨᠡᠨ ᠵᠠᠰᠠᠬᠤ ᠵᠡᠷᠭᠡ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠥᠷᠢᠴᠡᠵᠦ᠂ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠤᠭᠰᠠᠨ ᠂ ᠬᠥᠮᠦᠰ ᠬᠤᠷᠠᠨ ᠴᠤᠭᠯᠠᠷᠠᠭᠰᠠᠨ ᠠᠵᠢᠯᠯᠠᠭ᠎ᠠ ᠳᠤ ᠣᠷᠣᠯᠴᠠᠭᠰᠠᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠵᠣᠷᠢᠭᠤᠳᠠ ᠲᠠᠷᠬᠠᠭᠠᠭᠰᠠᠨ ᠪᠤᠶᠤ ᠸᠢᠷᠦ᠋ᠰ ᠢ ᠲᠠᠷᠬᠠᠭᠠᠬᠤ ᠠᠶᠤᠯ ᠤᠴᠠᠷᠠᠭᠤᠯᠤᠭᠰᠠᠨ ᠪᠠᠶᠢᠪᠠᠯ᠂ ᠠᠶᠤᠯᠲᠠᠶ ᠠᠷᠭ᠎ᠠ ᠎ ᠪᠠᠷ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯ᠎ᠠ ᠶᠣᠰᠣᠭᠠᠷ ᠡᠷᠡᠭᠦᠦ ᠎ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠭᠤᠷᠪᠠ᠂ ᠬᠢᠵᠢᠭ ᠤᠨ ᠪᠠᠶᠢᠳᠠᠯ ᠤᠨ ᠪᠠᠶᠢᠴᠠᠭᠠᠨ ᠰᠢᠯᠭᠠᠯᠲᠠ᠂ ᠠᠯᠪᠠᠳᠠᠯᠭ᠎ᠠ ᠪᠠᠷ ᠲᠤᠰᠠᠭᠠᠷᠯᠠᠬᠤ ᠪᠤᠶᠤ ᠡᠮᠨᠡᠨ ᠵᠠᠰᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠪᠴᠢᠭᠡᠳ ᠠᠳᠡᠯ ᠎ ᠠᠴᠠ ᠪᠤᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠬᠦ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠳᠤ ᠬᠦᠷᠦᠭᠦᠯᠦᠭᠰᠡᠨ ᠪᠦᠭᠡᠳ᠂ ᠬᠡᠷᠪᠡ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠠᠳᠡᠯ ᠠᠴᠠ ᠪᠤᠯᠵᠤ ᠠᠶᠤᠯᠲᠠᠶ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠲᠦᠷᠪᠡ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠶᠣᠰᠣᠭᠠᠷ ᠳᠤᠷᠠᠳᠤᠨ ᠭᠠᠷᠭᠠᠭᠰᠠᠨ ᠰᠡᠷᠭᠡᠶᠢᠯᠡᠬᠦ᠂ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠡᠪᠴᠢᠭᠡᠳ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠲᠠᠷᠬᠠᠭᠠᠬᠤ ᠪᠤᠶᠤ ᠬᠦᠨᠳᠦ ᠨᠣᠴᠢᠲᠠᠶ ᠲᠠᠷᠬᠠᠭᠠᠬᠤ ᠠᠶᠤᠯ ᠲᠠᠢ ᠪᠣᠯᠭᠠᠭᠰᠠᠨ ᠪᠠᠶᠢᠪᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠰᠢᠯᠠᠭᠰᠠᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠲᠠᠪᠤ᠂ ᠬᠢᠵᠢᠭ ᠤᠨ ᠪᠠᠶᠢᠳᠠᠯ ᠤᠨ ᠲᠤᠬᠠᠶ ᠴᠤᠤᠷᠬᠠᠯ ᠲᠠᠷᠬᠠᠭᠠᠵᠤ᠂ ᠬᠢᠵᠢᠭ ᠤᠨ ᠪᠠᠶᠢᠳᠠᠯ ᠢ ᠬᠤᠳᠠᠯ ᠎ ᠢᠶᠠᠷ ᠮᠡᠳᠡᠭᠦᠯᠦᠭᠰᠡᠨ ᠪᠠᠶᠢᠪᠠᠯ᠂ ᠬᠠᠤᠯᠢ ᠶᠣᠰᠣᠭᠠᠷ ᠬᠦᠨᠳᠦ ᠪᠠᠷ ᠰᠢᠳᠬᠡᠨ᠎ᠡ᠂ ᠬᠤᠳᠠᠯ ᠬᠠᠭᠤᠷᠮᠠᠭ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠵᠣᠬᠢᠶᠠᠵᠤ᠂ ᠵᠣᠷᠢᠭᠤᠳᠠ ᠤᠯᠠᠮᠵᠢᠯᠠᠨ ᠲᠠᠷᠬᠠᠭᠠᠵᠤ᠂ ᠴᠤᠤᠷᠬᠠᠯ ᠲᠠᠯᠪᠢᠨ ᠬᠡᠷᠡᠭ ᠥᠳᠥᠭᠡᠵᠦ᠂ ᠬᠡᠷᠡᠭ ᠡᠲᠦᠵᠦ᠂ ᠨᠡᠶᠢᠭᠡᠮ ᠤᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠤᠭᠰᠠᠨ ᠪᠤᠶᠤ ᠤᠯᠠᠨ ᠨᠡᠶᠢᠲᠡ ᠶᠢᠨ ᠡᠮᠬᠢ ᠵᠢᠷᠤᠮ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠴᠢᠩᠭ᠎ᠠ ᠨᠡᠬᠡᠮᠵᠢᠯᠡᠨ᠎ᠡ᠃        ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ᠂ 2 ᠳ᠋ᠤᠭᠠᠷ ᠰᠠᠷ᠎ᠠ ᠶᠢᠨ 10᠎ ᠤ ᠡᠳᠦᠷ ᠤᠨ 17 ᠴᠠᠭ ᠪᠣᠯᠲᠠᠯ᠎ᠠ᠂ ᠬᠠᠷᠠᠬᠠᠨ ᠳᠠᠩᠰᠠᠯᠠᠭᠤᠯᠤᠭᠠᠳᠤᠶ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠳᠦ ᠠᠭᠤᠰᠬᠢᠨ ᠦᠷᠪᠢᠰᠦᠯ ᠤᠨ ᠰᠡᠵᠢᠭᠯᠡᠯᠲᠡᠢ ᠡᠪᠡᠳᠴᠢᠨ ᠤ ᠵᠢᠱᠢᠶ᠎ᠡ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ ᠡᠪᠡᠳᠴᠢᠨ ᠤ ᠰᠢᠨᠵᠢ ᠲᠡᠮᠳᠡᠭ ᠦᠭᠡᠢ ᠬᠠᠯᠳᠠᠪᠤᠷᠢᠯᠠᠭᠰᠠᠳ ᠵᠡᠷᠭᠡ ᠭᠤᠷᠪᠠᠨ ᠲᠥᠷᠥᠯ ᠤᠨ ᠬᠥᠮᠦᠰ ᠲᠠᠢ ᠨᠢᠭᠲᠠ ᠣᠶᠢᠷᠠᠲᠤᠭᠰᠠᠳ ᠵᠢᠴᠢ ᠬᠢᠵᠢᠭ ᠤᠨ ᠪᠠᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ᠠᠴᠠ ᠣᠩᠨᠢᠭᠤᠳ ᠬᠤᠰᠢᠭᠤᠨ ᠳᠤ ᠪᠤᠴᠠᠭᠰᠠᠨ ᠪᠣᠢ ᠪᠦᠬᠦᠢ ᠠᠶᠤᠯ ᠶᠡᠬᠡᠲᠡᠶ ᠭᠤᠤᠯᠳᠠᠯᠭ᠎ᠠ ᠲᠠᠢ ᠬᠥᠮᠦᠰ ᠡᠷᠬᠡᠪᠰᠢ ᠰᠠᠭᠤᠭ᠎ᠠ ᠭᠠᠵᠠᠷ ᠎ ᠤᠨ ᠢᠶᠠᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠰᠠᠨᠠᠭᠠᠴᠢᠯᠠᠭ᠎ᠠ ᠎ ᠠᠴᠠ ᠪᠠᠨ ᠮᠡᠳᠡᠭᠦᠯᠬᠦ ᠬᠡᠷᠡᠭᠲᠡᠶ᠃ ᠲᠣᠭᠲᠠᠭᠰᠠᠨ ᠬᠤᠭᠤᠴᠠᠭᠠᠨ ᠳᠣᠲᠣᠷ᠎ᠠ ᠳᠠᠩᠰᠠᠯᠠᠭᠤᠯᠬᠤ ᠮᠡᠳᠡᠭᠦᠯᠦᠯᠲᠡ ᠶᠢᠨ ᠡᠭᠦᠷᠭᠡ ᠪᠠᠨ ᠭᠦᠶᠴᠡᠳᠬᠡᠬᠦ ᠶᠢ ᠲᠡᠪᠴᠢᠭᠰᠡᠨ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠬᠠᠤᠯᠢ ᠶᠣᠰᠣᠭᠠᠷ ᠴᠢᠩᠭ᠎ᠠ ᠰᠢᠳᠬᠡᠨ᠎ᠡ᠃ ᠬᠦᠴᠦᠷᠬᠡᠭᠯᠡᠯ ᠢᠶᠠᠷ ᠡᠮᠴᠢ ᠶᠢ ᠰᠢᠷᠬᠠᠲᠤᠭᠤᠯᠤᠭᠰᠠᠨ᠂ ᠬᠠᠭᠤᠷᠮᠠᠭ ᠮᠠᠭᠤ ᠲᠠᠸᠠᠷ ᠦᠶᠯᠡᠳᠴᠦ ᠪᠣᠷᠣᠯᠠᠭᠤᠯᠤᠭᠰᠠᠨ᠂ ᠬᠠᠤᠯᠢ ᠪᠤᠰᠤ ᠪᠠᠷ ᠡᠵᠡᠩᠨᠡᠭᠰᠡᠨ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠦᠨᠳᠦ ᠪᠥᠭᠡᠳ ᠲᠦᠷᠭᠡᠨ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ  ᠃       ᠠᠯᠢᠪᠠ ᠠᠶᠤᠯ ᠶᠡᠬᠡᠲᠡᠶ ᠭᠤᠤᠯᠳᠠᠯᠭ᠎ᠠ ᠲᠠᠢ ᠬᠥᠮᠦᠰ ᠤᠨ ᠮᠡᠳᠡᠭᠦᠯᠦᠭᠰᠡᠨ ᠮᠡᠳᠡᠭᠡ ᠵᠠᠩᠭᠢ ᠶᠢᠨ ᠨᠢᠭᠤᠴᠠ ᠎ ᠶᠢ ᠡᠷᠬᠡᠪᠰᠢ ᠴᠢᠩᠭ᠎ᠠ ᠬᠠᠮᠠᠭᠠᠯᠠᠵᠤ᠂ ᠨᠢᠭᠤᠴᠠ ᠶᠢ ᠠᠯᠳᠠᠵᠤ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠵᠢᠭᠠᠨ ᠲᠣᠮᠢᠯᠠᠭᠰᠠᠨ᠂ ᠨᠠᠶᠢᠳᠠᠭᠰᠠᠨ ᠪᠤᠰᠤᠳ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠮᠡᠳᠡᠬᠦ ᠲᠣᠭᠲᠠᠭᠠᠯ᠂ ᠵᠠᠷᠯᠢᠭ ᠢ ᠬᠡᠷᠡᠭᠵᠢᠭᠦᠯᠬᠦ ᠦᠭᠡᠶ ᠪᠤᠶᠤ ᠬᠢᠵᠢᠭ ᠤᠨ ᠪᠠᠶᠢᠳᠠᠯ ᠢ ᠵᠣᠷᠢᠭᠤᠳᠠ  ᠨᠢᠭᠤᠵᠤ ᠮᠡᠳᠡᠭᠦᠯᠬᠦ᠂ ᠬᠤᠶᠢᠰᠢᠯᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠦᠭᠰᠡᠨ ᠎ ᠠᠴᠠ ᠪᠣᠯᠵᠤ ᠬᠢᠵᠢᠭ ᠤᠨ ᠪᠠᠶᠢᠳᠠᠯ ᠢ ᠡᠭᠦᠰᠬᠡᠬᠦ᠂ ᠥᠷᠭᠡᠳᠬᠡᠬᠦ ᠪᠤᠶᠤ ᠬᠦᠨᠳᠦᠷᠡᠭᠦᠯᠬᠦ ᠳᠤ ᠬᠦᠷᠦᠭᠦᠯᠦᠭᠰᠡᠨ ᠪᠣᠯ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠶᠠᠯ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠠᠷᠢᠭᠤᠴᠠᠯᠭ᠎ᠠ ᠠᠯᠳᠠᠭᠰᠠᠨ ᠶᠠᠯ᠎ᠠ ᠪᠠᠷ ᠰᠢᠳᠬᠡᠨ ᠲᠣᠷᠭᠠᠬᠤ ᠬᠡᠷᠡᠭᠲᠡᠶ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ᠃                          ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ                          ᠣᠩᠨᠢᠭᠤᠳ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶ᠎ᠠ                          ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                  ᠣᠩᠨᠢᠭᠤᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                                              2020 ᠣᠨ ᠤ 2 ᠰᠠᠷ᠎ᠠ ᠶᠢᠨ 8᠎ ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号