| 2020 ᠣᠨ ᠤ 4 ᠰᠠᠷ᠎ᠠ ᠶᠢᠨ 15 ᠤ ᠡᠳᠦᠷ ᠣᠩᠨᠢᠭᠤᠳ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ | ᠬᠤᠷᠠᠯᠳᠤᠭᠠᠨ ᠳᠡᠭᠡᠷ᠎ᠡ | ᠬᠤᠰᠢᠭᠤᠨ ᠲᠠᠷᠤᠭ᠎ᠠ ᠹᠠᠩ ᠷᠦᠢ | ᠲᠦᠯᠦᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠣ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ | ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠣ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠮᠥᠨ᠂ ᠪᠦᠬᠦ | ᠬᠤᠰᠢᠭᠤᠨ ᠤ ᠳᠡᠭᠡᠳᠦ ᠳᠤᠤᠷᠠᠳᠤ ᠱᠠᠲᠤ ᠨᠢ ᠤᠭ ᠰᠠᠨᠠᠭ᠎ᠠ ᠪᠠᠨ ᠦᠯᠦ ᠮᠠᠷᠲᠠᠨ᠂ ᠬᠠᠲᠠᠭᠤᠵᠢᠨ ᠤᠷᠤᠭᠰᠢᠯᠠᠭᠰᠠᠨ | ᠨᠢᠭᠡ ᠵᠢᠯ ᠮᠥᠨ᠂ ᠪᠠᠰᠠ ᠴᠤ ᠡᠯᠪᠡᠭ ᠪᠠᠶᠠᠯᠢᠭ ᠦᠷ᠎ᠡ ᠪᠦᠲᠦᠭᠡᠯ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ | ᠮᠥᠨ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠭᠤᠷᠪᠠᠨ ᠶᠡᠭᠡ ᠪᠤᠭᠤᠮᠳᠠ ᠰᠢᠪᠲᠤᠯᠤᠯᠲᠠ ᠶᠢᠨ ᠲᠠᠶᠢᠯᠠᠯᠳᠤᠭᠠᠨ ᠢ ᠭᠤᠶᠢᠪᠢᠰᠢ ᠦᠭᠡᠢ ᠬᠢᠵᠦ᠂ ᠠᠵᠤ ᠠᠬᠤᠢ ᠶᠢᠨ | ᠳᠡᠭᠡᠳᠦ ᠴᠢᠨᠠᠷ ᠴᠢᠨᠰᠠᠭ᠎ᠠ ᠪᠦᠬᠦᠢ ᠬᠥᠭᠵᠢᠯᠲᠡ ᠶᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠳᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠵᠡᠶ᠃ ᠪᠦᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 137.8 ᠳ᠋ᠦᠩᠰᠢᠭᠤᠷ ᠲᠥᠭᠦᠷᠢᠭ ᠲᠤ ᠬᠦᠷᠴᠦ᠂ 4.9% ᠪᠠᠷ | ᠨᠡᠮᠡᠭᠳᠡᠪᠡ᠃ 500 ᠲᠦᠮᠡᠨ ᠲᠥᠭᠦᠷᠢᠭ ᠠᠴᠠ ᠳᠡᠭᠡᠭᠰᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 49 | ᠳ᠋ᠦᠩᠰᠢᠭᠤᠷ ᠲᠦᠭᠦᠷᠢᠭ᠂ 3.9% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ 54.2 ᠳ᠋ᠦᠩᠰᠢᠭᠤᠷ ᠲᠦᠭᠦᠷᠢᠭ ᠲᠤ ᠬᠦᠷᠴᠦ᠂ 5.7% ᠪᠠᠷ ᠨᠡᠮᠡᠭᠳᠡᠪᠡ᠃ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 4.2 ᠳ᠋ᠦᠩᠰᠢᠭᠤᠷ ᠲᠥᠭᠦᠷᠢᠭ᠂ ᠭᠠᠶᠢᠯᠢ ᠶᠢ | ᠬᠠᠰᠤᠵᠤ ᠰᠦᠢᠳᠬᠡᠯ ᠳᠣᠷᠣᠭᠰᠢᠯᠠᠭᠤᠯᠬᠤ ᠵᠡᠷᠬᠡ ᠡᠯᠧᠮᠧᠨ᠋ᠲ ᠠᠴᠠ ᠲᠣᠬᠢᠷᠠᠭᠤᠯᠤᠭᠰᠠᠨ ᠲᠦᠰᠦᠪ ᠤᠨ ᠲᠤᠭ᠎ᠠ 6 | % ᠪᠠᠷ ᠨᠡᠮᠡᠭᠳᠡᠪᠡ᠃ ᠪᠦᠬᠦ ᠵᠢᠯ ᠳᠤ ᠡᠳ᠋ ᠤᠨ ᠵᠠᠰᠠᠭ ᠤᠨ ᠵᠠᠷᠤᠯᠭ᠎ᠠ ᠶᠢ ᠪᠡᠶᠡᠯᠡᠭᠦᠯᠦᠭᠰᠡᠨ ᠨᠢ 46.5 | ᠳ᠋ᠦᠩᠰᠢᠭᠤᠷ ᠲᠥᠭᠦᠷᠢᠭ᠂ ᠡᠭᠦᠨ ᠳᠤ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ 42.2 ᠳ᠋ᠦᠩᠰᠢᠭᠤᠷ | ᠲᠥᠭᠦᠷᠢᠭ᠂ 9.3% ᠢᠶᠠᠷ ᠨᠡᠮᠡᠭᠳᠡᠵᠡᠢ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ 29853 ᠲᠥᠭᠦᠷᠢᠭ ᠪᠠ 11562 ᠲᠥᠭᠦᠷᠢᠭ ᠲᠤ | ᠬᠦᠷᠴᠦ᠂ ᠲᠣᠰ ᠲᠣᠰ 6.9% ᠪᠠ 11.1% ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ | ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠃ | ᠬᠠᠷᠠᠯᠲᠠ ᠪᠠᠷᠢᠮᠵᠢᠶ᠎ᠠ ᠳᠤ ᠠᠩᠬᠠᠷᠣᠯ ᠢᠶᠠᠨ ᠲᠥᠪᠯᠡᠷᠡᠭᠦᠯᠦᠭᠰᠡᠨ ᠠᠴᠠ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠵᠢᠯᠣᠭᠤᠳᠬᠤ ᠭᠠᠵᠠᠷ ᠤᠨ ᠲᠥᠪᠯᠡᠷᠡᠭᠦᠯᠦᠨ ᠠᠯᠪᠠᠯᠠᠬᠤ ᠳᠦᠷᠢᠮ ᠢ ᠬᠡᠷᠡᠭᠵᠢᠭᠦᠯᠵᠦ᠂ ︽ | ᠠᠷᠪᠠᠨ ᠵᠦᠢᠯ ᠢ ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ ᠣᠷᠣᠭᠤᠯᠵᠤ᠂ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠ ᠣᠷᠣᠨ ᠰᠠᠭᠤᠴᠠ ᠶᠢᠨ ᠣᠷᠴᠢᠨ ᠲᠣᠭᠤᠷᠢᠨ ᠢ | ᠴᠡᠭᠴᠡᠯᠡᠨ ᠵᠠᠰᠠᠬᠤ 12011 ᠡᠷᠦᠬᠡ ᠶᠢ ᠬᠡᠷᠡᠭᠵᠢᠭᠦᠯᠵᠦ᠂ 428 ᠰᠠᠭᠤᠷᠢ ᠢᠳᠡᠬᠦ ᠤᠰᠤᠨ ᠤ ᠢᠨᠵᠧᠨᠧᠷᠢᠩ ᠢ | ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ 2.25 ᠲᠦᠮᠡᠨ ᠰᠠᠭᠤᠷᠢ ᠤᠰᠤ | ᠴᠡᠪᠡᠷᠰᠢᠭᠦᠯᠬᠦ ᠲᠥᠬᠦᠭᠡᠷᠦᠮᠵᠢ ᠤᠭᠰᠠᠷᠠᠵᠤ᠂ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠶᠠᠳᠠᠭᠤ ᠶᠢ ᠲᠡᠳᠬᠦᠬᠦ | ᠲᠥᠷᠦ ᠶᠢᠨ ᠪᠣᠳᠣᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ | ᠪᠠᠲᠤᠯᠠᠬᠤ︾ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ᠃ ᠨᠠᠭᠠᠳᠤ ᠵᠠᠬ᠎ᠠ ᠶᠢᠨ ᠪᠠᠲᠤᠯᠠᠭ᠎ᠠ ᠬᠢᠭᠡᠳ ᠶᠠᠳᠠᠭᠤ | ᠶᠢ ᠲᠡᠳᠬᠦᠬᠦ ᠬᠤᠶᠠᠷ ᠵᠦᠢᠯ ᠤᠨ ᠳᠦᠷᠢᠮ ᠤᠨ ᠨᠡᠶᠢᠯᠡᠯᠲᠡ ᠶᠢᠨ ᠨᠣᠷᠮ᠎ᠠ 60.8% ᠳᠤ ᠬᠦᠷᠪᠡ᠃ ᠨᠡᠶᠢᠲᠡ | 7138 ᠶᠠᠳᠠᠭᠤ ᠬᠦᠴᠢᠷᠳᠡᠯᠲᠡᠶ ᠣᠯᠠᠨ ᠲᠦᠮᠡᠨ ᠢ ᠨᠡᠭᠦᠯᠭᠡᠵᠦ᠂ ︽13 · 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃ | 3.3 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠾᠧᠩ ᠳ᠋ᠦ᠋ ᠦᠬᠡᠷ ᠤᠨ ᠬᠠᠪᠢᠷᠭ᠎ᠠ | ᠪᠣᠯᠪᠠᠰᠤᠷᠠᠭᠤᠯᠵᠤ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ | ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠤ ᠦᠶᠯᠡᠰ ᠢᠶᠠᠷ ᠲᠡᠳᠬᠦᠬᠦ ᠶᠢ | ᠪᠥᠬᠦ ᠲᠠᠯ᠎ᠠ ᠪᠠᠷ ᠪᠦᠷᠬᠦᠭᠦᠯᠪᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ | ᠪᠡᠯᠡ ᠮᠥᠩᠭᠦ ᠶᠢ 5406 ᠲᠦᠮᠡᠨ ᠲᠦᠭᠦᠷᠢᠭ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶᠢᠯᠠᠯ ᠤᠨ ᠴᠡᠭ | ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠥᠷᠨᠢᠭᠦᠯᠪᠡ᠃ ︽ᠬᠠᠶᠢᠷ᠎ᠠ ᠬᠠᠯᠠᠮᠵᠢ ᠶᠢᠨ ᠬᠡᠲᠦ | ᠳᠡᠯᠭᠡᠭᠦᠷ︾ ᠤᠨ ᠵᠠᠭᠪᠤᠷ ᠢ ᠬᠡᠷᠡᠭᠵᠢᠭᠦᠯᠵᠦ᠂ ᠮᠥᠩᠭᠦᠨ ᠭᠦᠶᠯᠭᠡᠭᠡ᠂ ᠠᠮᠢ ᠠᠬᠤᠶ᠂ ᠠᠵᠢᠯ ᠣᠯᠭᠤᠯᠲᠠ᠂ | ᠬᠡᠷᠡᠭᠯᠡᠭᠡ᠂ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ ᠵᠡᠷᠬᠡ ᠶᠠᠳᠠᠭᠤ ᠶᠢ ᠲᠡᠳᠬᠦᠬᠦ ᠠᠵᠢᠯ ᠪᠦᠬᠦ ᠲᠠᠯ᠎ᠠ ᠪᠠᠷ | ᠦᠷ᠎ᠡ ᠪᠦᠲᠦᠮᠵᠢ ᠤᠯᠪᠠ᠃ ᠪᠥᠬᠦ ᠵᠢᠯ ᠳᠤ 9583 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ ᠡᠭᠦᠰᠬᠦ | ᠨᠣᠷᠮ᠎ᠠ ᠶᠢ 0.57% ᠪᠣᠯᠭᠠᠨ ᠪᠠᠭᠤᠷᠠᠭᠤᠯᠵᠤ᠂ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠤ ᠳᠡᠰ | ᠳᠠᠷᠠᠭᠠᠯᠠᠯ ᠠᠴᠠ ᠵᠢᠩᠬᠢᠨᠢ ᠪᠠᠷ ᠤᠬᠤᠷᠢᠨ ᠭᠠᠷᠪᠠ᠃ | ᠬᠦᠴᠦ ᠪᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠵᠦ᠂ ᠠᠵᠤ ᠦᠶᠯᠡᠳᠪᠦᠷᠢ | ᠶᠢᠨ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠰᠢᠨ᠎ᠡ ᠳᠡᠭᠡᠭᠰᠢᠯᠯᠡᠲᠡ ᠶᠢ ᠪᠡᠶᠡᠯᠡᠭᠦᠯᠪᠡ᠃ ᠪᠦᠬᠦ | ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠬᠤ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠥᠷᠦᠯ ᠵᠦᠢᠯ 24 ᠶᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 14.4 ᠳ᠋ᠦᠩᠰᠢᠭᠤᠷ | ᠲᠥᠭᠦᠷᠢᠭ ᠪᠡᠶᠡᠯᠡᠭᠦᠯᠪᠡ᠃ ᠾᠧᠩ ᠳ᠋ᠦ᠋ ᠶᠢᠨ 10 ᠲᠦᠮᠡᠨ ᠲᠣᠯᠣᠭᠠᠢ ᠠᠯᠠᠰᠢᠨ ᠦᠬᠡᠷ ᠠᠯᠠᠵᠤ ᠡᠳ᠋ᠰᠢᠭᠦᠯᠬᠦ᠂ ᠮᠦ | ᠶᠤᠸᠠᠨ ᠤ 60 ᠲᠦᠮᠡᠨ ᠲᠣᠨ ᠪᠣᠷᠳᠤᠭ᠎ᠠ ᠡᠳ᠋ᠰᠢᠭᠦᠯᠬᠦ᠂ ᠢᠤᠢ ᠴᠢᠶᠣᠤ ᠲᠡᠮᠦᠷᠯᠢᠭ ᠲᠦᠬᠦᠭᠡᠷᠦᠮᠵᠢ ᠦᠢᠯᠡᠳᠬᠦ | ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠂ ᠠᠨ ᠴᠢ ᠬᠥᠷᠥᠩᠭᠡ ᠶᠢᠨ | ᠢᠰᠭᠡᠭᠦᠷ ᠤᠨ 5 ᠲᠦᠮᠡᠨ ᠲᠣᠨ ᠪᠣᠷᠳᠣᠭᠤᠷ ᠢ ᠥᠷᠭᠡᠳᠬᠡᠨ ᠪᠠᠶᠢᠭᠤᠯᠬᠤ᠂ ᠬᠤᠩ ᠾᠧ ᠬᠥᠪᠰᠥᠭᠡᠷ ᠰᠢᠷᠣᠶ | ᠪᠣᠯᠪᠠᠰᠤᠷᠠᠭᠤᠯᠬᠤ᠂ ᠤᠯᠤᠰ ᠤᠨ ᠲᠠᠷᠢᠶᠠᠯᠠᠩ ᠤᠨ 30 ᠲᠦᠮᠡᠨ ᠲᠣᠨ ᠠᠮᠢᠳᠤ ᠪᠣᠳᠠᠰ ᠤᠨ ᠣᠷᠭᠠᠨᠢᠭ ᠪᠣᠷᠲᠣᠭᠤᠷ | ᠦᠶᠯᠡᠳᠪᠦᠷᠢᠯᠡᠬᠦ ᠵᠡᠷᠭᠡ ᠲᠥᠷᠥᠯ ᠵᠦᠶᠯ ᠤᠷᠤᠭᠰᠢᠲᠠᠶ ᠶᠠᠪᠤᠭᠳᠠᠵᠤ᠂ ᠵᠦᠩ ᠯᠢᠶᠠᠩ ᠤᠨ 100 ᠲᠦᠮᠡ᠂ ᠮᠦ | ᠶᠤᠸᠠᠨ ᠤ 200 ᠲᠦᠮᠡᠨ ᠭᠠᠭ᠋ᠠᠶ ᠠᠯᠠᠵᠤ ᠡᠳ᠋ᠰᠢᠭᠦᠯᠬᠦ ᠲᠥᠷᠥᠯ ᠵᠦᠶᠯ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃ | ᠬᠤᠸᠠ ᠳ᠋ᠢᠶᠠᠨ ᠭᠤᠤ ᠵᠢᠶᠠ ᠯᠢᠶᠠᠩ ᠤᠨ 4.95 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ ᠂ ᠵᠦᠩ ᠭᠤᠸᠠᠩ ᠾᠧ ᠰᠠᠯᠬᠢᠨ ᠴᠠᠬᠢᠯᠭᠠᠨ ᠤ ᠶᠠᠳᠠᠭᠤ ᠶᠢ | ᠲᠡᠳᠬᠦᠬᠦ᠂ ᠵᠢᠦᠢ ᠳ᠋ᠢᠩ ᠭᠡᠷᠡᠯ ᠸᠣᠯᠲ ᠵᠡᠷᠭᠡ ᠴᠡᠪᠡᠷ ᠡᠨᠧᠷᠭᠢ ᠶᠢᠨ ᠲᠦᠷᠥᠯ ᠵᠦᠢᠯ ᠢ ᠵᠠᠯᠭᠠᠭ᠎ᠠ ᠪᠠᠷ | ᠨᠠᠶᠢᠳᠠᠪᠤᠷᠢᠵᠢᠭᠤᠯᠪᠠ᠂ ᠲᠢᠶᠠᠨ ᠷᠦᠨ ᠾᠧ ᠫᠢᠩ ᠶᠢᠩᠽᠢ 3 ᠲᠦᠮᠡᠨ ᠺᠢᠯᠣᠸᠠᠲ ᠤᠨ ᠲᠠᠷᠬᠠᠮᠠᠯ ᠬᠡᠯᠪᠡᠷᠢ ᠶᠢᠨ | ᠰᠠᠯᠬᠢᠨ ᠬᠦᠴᠦᠨ ᠤ ᠴᠠᠬᠢᠯᠭᠠᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠴᠡᠪᠡᠷ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠶ ᠬᠡᠪᠴᠢᠶ᠎ᠡ ᠶᠢ 120 ᠲᠦᠮᠡᠨ ᠺᠢᠯᠣᠸᠠᠲ ᠲᠤ ᠬᠦᠷᠭᠡᠪᠡ᠃ ᠷᠦᠢ ᠨᠧᠩ᠂ ᠱᠧᠩ | ᠳ᠋ᠢ ᠵᠡᠷᠭᠡ ᠥᠩᠭᠡᠲᠦ ᠲᠡᠮᠦᠷᠯᠢᠭ ᠤᠨ ᠠᠭᠤᠷᠬᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠠᠯᠬᠤᠴᠠ ᠲᠦᠷᠭᠡᠳᠴᠦ᠂ | ᠯᠢ ᠶᠤᠸᠠᠨ ᠠᠭᠤᠷᠬᠠᠢ ᠶᠢᠨ ᠦᠢᠯᠡᠰ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ | ᠪᠣᠯᠭᠠᠨ ᠪᠠᠶᠢᠭᠤᠯᠪᠠ᠃ ᠲᠠᠯ᠎ᠠ ᠨᠤᠲᠤᠭ ᠤᠨ ᠬᠤᠸᠠ ᠢᠤᠢ᠂ ᠶᠠ ᠢ ᠪᠤᠭᠤᠳᠠᠯᠯᠠᠬᠤ ᠶᠢ ᠳᠠᠬᠢᠨ ᠵᠣᠬᠢᠶᠠᠨ | ᠪᠠᠶᠢᠭᠤᠯᠵᠤ ᠳᠠᠭᠤᠰᠬᠠᠪᠠ᠃ ᠬᠠᠰ ᠯᠤᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠪᠤᠯᠠᠬᠤ ᠲᠠᠯᠠᠪᠠᠢ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠲᠥᠪᠯᠡᠷᠡᠭᠦᠯᠦᠨ ᠢᠯᠴᠢ | ᠬᠠᠩᠭᠠᠬᠤ ᠬᠡᠢ ᠬᠠᠩᠭᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠬᠦᠷᠢᠶᠡᠯᠡᠩ ᠲᠣᠭᠤᠷᠢᠭ ᠤᠨ | ᠳᠠᠭᠠᠭᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ | ᠪᠦᠲᠦᠴᠡ ᠶᠢ ᠦᠷᠭᠦᠯᠵᠢᠯᠡᠭᠦᠯᠦᠨ ᠰᠢᠯᠢᠳᠡᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢ ᠲᠦᠷᠭᠡᠳᠬᠡᠪᠡ᠃ ᠠᠮᠤ ᠪᠤᠳᠠᠭᠠᠨ ᠤ ᠦᠶᠯᠡᠳᠪᠦᠷᠢᠯᠡᠯ ᠡᠯᠪᠡᠭ ᠬᠤᠷᠢᠶᠠᠯᠲᠠ ᠣᠯᠵᠤ᠂ | ᠠᠮᠤ ᠪᠤᠳᠠᠭᠠᠨ ᠤ ᠶᠡᠷᠦᠩᠬᠡᠶ ᠤᠨᠠᠯᠲᠠ 25 ᠳ᠋ᠦᠩᠰᠢᠭᠤᠷ ᠵᠢᠩ ᠳᠤ ᠬᠦᠷᠴᠡᠶ᠃ ᠱᠧᠩ ᠴᠢᠤᠸᠠᠨ ᠲᠦᠮᠡᠨ | ᠲᠣᠯᠤᠭᠠᠢ ᠠᠯᠠᠰᠢᠨ ᠦᠬᠡᠷ ᠢ ᠲᠥᠪᠯᠡᠷᠡᠭᠦᠯᠦᠨ ᠬᠠᠳᠠᠭᠠᠯᠠᠬᠤ ᠲᠥᠪ᠂ ᠴᠢᠶᠠᠩ ᠷᠦᠨ 5000 ᠲᠣᠯᠣᠭᠠᠢ ᠰᠠᠭᠠᠯᠢ | ᠶᠢᠨ ᠦᠨᠢᠶ᠎ᠡ ᠲᠡᠵᠢᠭᠡᠨ ᠦᠷᠡᠵᠢᠭᠦᠯᠬᠦ᠂ ᠮᠦ ᠶᠤᠸᠠᠨ ᠤ 30 ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠵᠡᠷᠭᠡ | ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠵᠦᠩ ᠯᠢᠶᠠᠩ 30 ᠲᠦᠮᠡᠨ ᠭᠠᠭ᠋ᠠᠢ ᠶᠢ ᠬᠤᠷᠰᠢᠨ ᠲᠡᠵᠢᠭᠡᠵᠦ | ᠦᠷᠡᠵᠢᠭᠦᠯᠬᠦ᠂ ᡁᠢ ᠱᠧᠩ 80 ᠲᠦᠮᠡᠨ ᠡᠭᠦᠯᠳᠡᠷ ᠤᠨ ᠨᠤᠭᠤᠰᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ | ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠶᠠᠩ ᠵᠢᠶᠠ ᠶᠢᠩᠽᠢ ᠶᠢᠨ | ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠵᠢᠴᠢ ᠪᠡᠭᠡᠵᠢᠩ ᠥᠪᠥᠷ ᠮᠣᠩᠭᠤᠯ ᠤᠨ ᠶᠠᠳᠠᠭᠤ ᠶᠢ | ᠲᠡᠳᠬᠦᠬᠦ ᠬᠠᠮᠵᠢᠯᠴᠠᠭ᠎ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ︵ᠨᠢᠭᠡᠳᠦᠭᠡᠷ ᠬᠤᠭᠤᠴᠠᠭ᠎ᠠ︶ ᠤᠨ | 266 ᠰᠠᠭᠤᠷᠢ ᠥᠨᠳᠥᠷ ᠪᠠᠷᠢᠮᠵᠢᠶᠠᠲᠤ ᠨᠡᠷᠡᠨ ᠤ ᠭᠡᠷᠡᠯ ᠤᠨ ᠬᠦᠯᠡᠮᠵᠢ ᠠᠰᠢᠭᠯᠠᠯᠲᠠ ᠳᠤ ᠣᠷᠣᠪᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 5 ᠲᠦᠮᠡᠨ ᠮᠦ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 2 | ᠲᠦᠮᠡᠨ ᠮᠦ ᠨᠡᠮᠡᠭᠳᠡᠭᠦᠯᠪᠡ᠃ 54 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠰᠢᠨ᠎ᠡ ᠪᠠᠷ ᠮᠠᠭᠠᠳᠯᠠᠨ | ᠲᠣᠭᠲᠠᠭᠠᠵᠤ᠂ ᠯᠤᠤᠲᠤ ᠨᠤᠲᠤᠭ ᠤᠨ ᠰᠣᠲᠣᠨ ᠲᠠᠸᠠᠷ᠂ ᠮᠡᠨᠳᠦ ᠬᠤᠨᠢᠨ ᠤ ᠦᠢᠯᠡᠰ ᠨᠢ ᠥᠪᠡᠷᠲᠡᠭᠡᠨ ᠵᠠᠰᠠᠬᠤ | ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ | ᠬᠤᠯᠪᠣᠭᠠᠲᠤ ᠴᠣᠭᠴᠠ ᠪᠠᠷ ᠦᠨᠡᠯᠡᠭᠳᠡᠪᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ | ᠡᠷᠴᠢᠮ ᠦᠷᠭᠦᠯᠵᠢᠯᠡᠨ ᠴᠢᠩᠭᠠᠷᠠᠵᠤ᠂ ᠪᠣᠬᠢᠷᠳᠤᠯ ᠥᠬᠡᠶ ᠢᠳᠡᠭᠡᠨ ᠤ ᠭᠡᠷᠡᠴᠢᠯᠡᠯ ᠤᠨ ᠪᠦᠲᠦᠭᠡᠭᠳᠡᠬᠦᠨ 7 ᠰᠢᠨ᠎ᠡ | ᠪᠠᠷ ᠨᠡᠮᠡᠭᠳᠡᠵᠦ᠂ ︽ᠣᠩᠨᠢᠭᠤᠳ ᠲᠤᠲᠤᠷᠭ᠎ᠠ︾ ᠨᠢ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ | ᠤᠨ ᠪᠦᠲᠦᠭᠡᠭᠳᠡᠬᠦᠨ ᠤ ᠭᠡᠷᠡᠴᠢᠯᠡᠭᠡ ᠶᠢ ᠦᠩᠭᠡᠷᠡᠪᠡ᠃ ᠲᠠᠷᠢᠶᠠᠯᠠᠩ ᠤᠨ ᠮᠠᠰᠢᠨ ᠤ ᠨᠥᠬᠦᠪᠥᠷᠢ ᠶᠢ 3750 | ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠠᠵᠢᠯ ᠤᠨ | ᠬᠢᠷᠢ ᠬᠡᠮᠵᠢᠶ᠎ᠡ 83% ᠳᠤ ᠬᠦᠷᠪᠡ᠃ | ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠦᠷᠭᠡᠳᠬᠡᠬᠦ ᠶᠢ ᠲᠦᠷᠭᠡᠳᠬᠡᠨ᠂ ᠦᠢᠯᠡᠴᠢᠯᠡᠭᠡᠨ ᠤ | ᠦᠢᠯᠡᠰ ᠤᠨ ᠭᠥᠭᠵᠢᠯᠲᠡ ᠨᠡᠩ ᠣᠯᠠᠨ ᠬᠦᠳᠡᠯᠭᠡᠬᠦ ᠡᠨᠧᠷᠬᠢ ᠭᠠᠷᠭᠠᠪᠠ᠃ ᠬᠠᠰ ᠯᠤᠤ ᠮᠠᠩᠬᠠᠨ ᠨᠠᠭᠤᠷ ᠤᠨ ᠤᠯᠤᠰ | ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ | ᠡᠬᠢᠯᠡᠭᠦᠯᠵᠦ᠂ ᠮᠣᠩᠭᠤᠯ ᠸᠠᠩ ᠤᠨ ᠬᠤᠲᠠ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠥᠷᠥᠯ ᠵᠦᠶᠯ ᠤᠨ | ᠭᠤᠤᠯ ᠴᠣᠭᠴᠠ ᠶᠢᠨ ᠪᠠᠷᠢᠯᠭ᠎ᠠ ᠳᠠᠭᠤᠰᠴᠠᠢ᠂ ᠮᠠᠰᠢᠨ ᠲᠡᠷᠭᠡᠨ ᠤ ᠡᠯᠡᠰᠦᠨ ᠴᠥᠯ ᠤᠨ ᠬᠡᠭᠡᠷᠯᠡᠨ ᠳᠠᠪᠬᠢᠬᠤ | ᠰᠠᠭᠤᠷᠢᠨ ᠭᠠᠵᠠᠷ᠂ ᠰᠢᠷᠠᠮᠥ᠋ᠷᠡᠨ ᠡᠷᠲᠡᠨ ᠤ ᠤᠳᠠ ᠮᠣᠳᠣᠨ ᠤ ᠲᠠᠷᠢᠶᠠᠨ ᠭᠠᠵᠠᠷ ᠢ ᠡᠬᠢᠯᠡᠨ ᠬᠡᠷᠡᠭᠵᠢᠭᠦᠯᠪᠡ᠂ | ᠲᠤᠮᠳᠠᠳᠣ ᠶᠢᠨ ᠯᠤᠤ ᠶᠢᠨ ᠰᠣᠶᠣᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠢ ᠭᠦᠨᠵᠡᠭᠡᠶ | ᠲᠥᠯᠥᠪᠵᠢᠭᠦᠯᠦᠨ ᠵᠢᠷᠤᠵᠤ ᠲᠥᠯᠥᠪᠯᠡᠬᠦ ᠶᠢ ᠪᠡᠶᠡᠯᠡᠭᠦᠯᠵᠦ᠂ ᠪᠣᠷᠣᠬᠤᠲᠠ ᠶᠢᠨ ᠬᠤᠲᠠ ᠶᠢᠨ ᠲᠣᠭᠤᠷᠢᠭ ᠤᠨ | ᠤᠮᠠᠷᠠᠲᠤ ᠬᠡᠰᠡᠭ ᠤᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠦᠰᠡ ᠶᠢ ᠠᠩᠬ᠎ᠠ ᠠᠯᠬᠤᠮ ᠬᠡᠪᠴᠢᠶ᠎ᠡ | ᠪᠦᠷᠢᠯᠳᠦᠭᠦᠯᠪᠡ᠃ ᠬᠥᠳᠡᠭᠡ ᠲᠣᠰᠬᠤᠨ ᠤ ᠵᠤᠭᠠᠴᠠᠯ ᠲᠦᠷᠭᠡᠨ ᠬᠥᠭᠵᠢᠵᠦ᠂ ᠰᠡᠴᠢᠨᠲᠠᠯᠠ ᠰᠣᠶᠣᠯ ᠵᠤᠭᠠᠴᠠᠯ ᠤᠨ | ᠰᠡᠯᠡᠭᠦᠴᠡᠯ ᠤᠨ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ ᠪᠦᠷᠢᠳᠦᠨ ᠣᠨᠴᠠᠯᠢᠭᠲᠤ ᠵᠠᠩ ᠦᠢᠯᠡ ᠶᠢᠨ | ᠰᠡᠯᠡᠭᠦᠴᠡᠯ ᠤᠨ ᠲᠤᠭᠤᠷᠢᠭ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠪᠦᠬᠦ ᠬᠤᠰᠢᠭᠤᠨ ᠤ | ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ 220 ᠲᠦᠮᠡᠨ ᠬᠥᠮᠦᠨ ᠤᠳᠠᠭ᠎ᠠ ᠳᠤ ᠬᠦᠷᠴᠦ᠂ | ᠵᠢᠭᠤᠯᠴᠢᠯᠠᠯ ᠤᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠪᠤᠷᠤᠬᠤᠲᠠ ᠠᠷᠠᠯᠵᠢᠶ᠎ᠠ | ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠵᠡᠭᠦᠨ ᠵᠠᠮ ᠢ | ᠪᠠᠶᠢᠭᠤᠯᠤᠨ ᠲᠡᠷᠭᠡ ᠨᠡᠪᠲᠡᠷᠡᠭᠦᠯᠵᠦ᠂ ᠣᠤ ᠬᠠᠩ ᠪᠣᠯᠣᠳ ᠮᠠᠲ᠋ᠧᠷᠢᠶᠠᠯ ᠢ ᠬᠥᠮᠥᠷᠭᠡᠯᠡᠨ ᠬᠠᠳᠠᠭᠠᠯᠠᠬᠤ ᠲᠥᠪ ᠤᠨ | ᠲᠥᠷᠥᠯ ᠵᠦᠢᠯ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ 14.5 ᠳ᠋ᠦᠩᠰᠢᠭᠤᠷ | ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠲᠥᠷᠥᠯ ᠵᠦᠶᠯ ᠢ | ᠪᠦᠬᠦᠨ ᠢ ᠪᠠᠶᠢᠭᠤᠯᠵᠤ ᠳᠠᠭᠤᠰᠬᠠᠭᠠᠳ᠂ ᠪᠥᠬᠦ ᠬᠤᠰᠢᠭᠤᠨ ᠤ ᠰᠦᠯᠵᠢᠶ᠎ᠡ ᠪᠠᠷ ᠪᠣᠷᠤᠯᠠᠭᠤᠯᠬᠤ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠨᠢᠭᠡᠳᠦᠭᠡᠷ ᠲᠤ ᠪᠠᠶᠢᠨ᠎ᠠ᠃ ᠰᠢᠶᠠᠨ | ᠤ ᠬᠡᠪᠴᠢᠶᠡᠨ ᠤ ᠮᠥᠩᠭᠦᠨ ᠭᠦᠢᠯᠭᠡᠭᠡᠨ ᠤ ᠲᠤᠷᠰᠢᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠦᠪᠦᠷ | ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠫᠠᠶᠢᠰᠠ ᠡᠯᠭᠦᠭᠰᠡᠨ 11 ᠠᠵᠤ ᠠᠬᠤᠶᠢᠯᠠᠯ ᠢ | ᠰᠢᠨ᠎ᠡ ᠪᠠᠷ ᠨᠡᠮᠡᠭᠳᠡᠭᠦᠯᠵᠦ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ | ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰᠪᠣᠷᠢ 128 ᠳ᠋ᠦᠩᠰᠢᠭᠤᠷ ᠲᠥᠭᠦᠷᠢᠭ ᠪᠠ 101 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7% ᠪᠠ 10.3% ᠨᠡᠮᠡᠭᠳᠡᠪᠡ᠃ | ᠴᠡᠭᠴᠡᠯᠡᠨ ᠵᠠᠰᠠᠬᠤ ᠶᠢ ᠬᠦᠴᠦᠲᠡᠢ ᠦᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠷ᠎ᠡ ᠪᠦᠲᠦᠮᠵᠢ ᠨᠡᠩ ᠢᠯᠡᠷᠭᠡᠢ ᠪᠣᠯᠪᠠ᠃ ᠲᠥᠪ ᠤᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠭᠢᠵᠦ ᠬᠠᠷᠠᠬᠤ︾ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠤᠷᠤᠭᠰᠢᠲᠠᠢ ᠣᠭᠲᠤᠵᠤ᠂ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠤᠨ ᠬᠡᠪᠴᠢᠶ᠎ᠡ ᠶᠢᠨ ᠬᠢᠨᠠᠨ ᠰᠢᠯᠭᠠᠯᠲᠠ ᠳᠤ ᠪᠦᠬᠦ | ᠣᠷᠣᠨ ᠤ ᠬᠤᠶᠠᠳᠤᠭᠠᠷ ᠨᠡᠷ᠎ᠡ ᠳᠤ ᠵᠢᠭᠰᠠᠭᠠᠭᠳᠠᠪᠠ᠃ ᠪᠣᠷᠣᠬᠤᠲᠠ ᠬᠤᠲᠠ ᠲᠣᠭᠤᠷᠢᠭ ᠤᠨ ᠪᠠᠶᠢᠰᠢᠩ ᠭᠡᠷ ᠤᠨ | ᠲᠣᠭᠤᠷᠢᠭ ᠤᠨ ᠨᠡᠭᠦᠷᠡᠰᠦ ᠰᠢᠲᠠᠭᠠᠬᠤ ᠵᠤᠤᠬ᠎ᠠ ᠶᠢᠨ ᠪᠠᠭᠠᠵᠢ ᠶᠢᠨ ᠦᠭᠡᠷᠡᠴᠢᠯᠯᠡᠲᠡ ᠶᠢ 2700 ᠡᠷᠦᠬᠡ | ᠬᠡᠷᠡᠭᠵᠢᠭᠦᠯᠵᠦ᠂ ᠲᠤᠭᠤᠷᠢᠭ ᠤᠨ ᠳᠣᠲᠣᠷᠠᠬᠢ 10 ᠠᠭᠤᠷᠰᠢᠯᠲᠠ ᠶᠢᠨ ᠲᠣᠨ ᠵᠢᠴᠢ ᠲᠡᠭᠦᠨ ᠠᠴᠠ ᠳᠣᠷᠣᠭᠰᠢᠬᠢ | ᠨᠡᠭᠦᠷᠡᠰᠦ ᠰᠢᠲᠠᠭᠠᠬᠤ ᠵᠤᠤᠬ᠎ᠠ ᠶᠢ ᠲᠦᠷᠭᠡᠳᠬᠡᠨ ᠬᠦᠴᠦᠨ ᠦᠭᠡᠢ ᠪᠣᠯᠭᠠᠵᠤ᠂ ᠲᠠᠷᠠᠬᠠᠢ ᠨᠡᠭᠦᠷᠡᠰᠦᠨ ᠤ ᠪᠣᠬᠢᠷᠳᠤᠯ | ᠢ ᠪᠦᠲᠦᠮᠵᠢᠲᠡᠢ ᠬᠢᠵᠠᠭᠠᠷᠯᠠᠪᠠ᠃ ᠪᠤᠷᠤᠬᠤᠲᠠ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠨᠡᠶᠢᠭᠡᠮᠴᠢᠯᠡᠭᠰᠡᠨ | ᠡᠵᠡᠩᠨᠡᠯᠲᠡ ᠶᠢ ᠲᠦᠷᠭᠡᠳᠬᠡᠨ ᠠᠬᠢᠭᠤᠯᠵᠤ᠂ ᠴᠦᠨᠳᠦᠪ ᠤᠨ ᠭᠤᠣᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ | ᠡᠮᠬᠢ ᠳᠠᠷᠠᠭ᠎ᠠ ᠲᠠᠢ ᠲᠦᠯᠬᠢᠨ ᠠᠬᠢᠭᠤᠯᠪᠠ᠂ ᠭᠤᠳᠠᠭᠠᠷ ᠭᠦᠩ ᠪᠠᠯᠭᠠᠰᠤ᠂ ᠵᠢᠶᠧ ᠹᠠᠩ ᠶᠢᠩᠽᠢ ᠰᠢᠶᠠᠩ ᠵᠡᠷᠭᠡ | ᠭᠠᠵᠠᠷ ᠣᠷᠣᠨ ᠤ ᠪᠣᠬᠢᠷ ᠤᠰᠤ ᠰᠢᠢᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠪᠣᠬᠢᠷ ᠤᠰᠤ ᠰᠢᠢᠳᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠷᠠᠯ︾ ᠤᠨ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠪᠡ᠃ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ᠂ ᠯᠤᠤᠬ᠎ᠠ ᠶᠢᠨ ᠭᠤᠣᠯ ᠤᠨ | ᠳᠡᠭᠡᠳᠦ ᠤᠷᠤᠰᠬᠠᠯ ᠤᠨ ᠠᠮᠢ ᠠᠬᠤᠢ ᠶᠢ ᠬᠠᠮᠠᠭᠠᠯᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠤᠮᠤ | ᠰᠠᠷᠠᠪᠴᠢ᠂ ᠳᠦᠷᠢᠮ ᠲᠤᠭᠳᠠᠭᠠᠯ ᠢ ᠵᠦᠷᠢᠴᠡᠵᠦ ᠪᠠᠷᠢᠭᠰᠠᠨ ᠵᠤᠰᠠᠯᠠᠩ ᠢ ᠴᠡᠪᠡᠷᠯᠡᠨ ᠠᠷᠢᠯᠭᠠᠬᠤ ᠵᠡᠷᠭᠡ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠂ ᠣᠪᠣᠭ᠎ᠠ ᠠᠭᠤᠯᠠᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠲᠠ ᠶᠢ ᠪᠥᠬᠦ ᠲᠠᠯ᠎ᠠ ᠪᠠᠷ ᠳᠠᠭᠤᠰᠬᠠᠪᠠ᠃ ᠬᠠᠰ ᠯᠤᠤ ᠮᠠᠩᠬᠠᠨ ᠨᠠᠭᠤᠷ ᠤᠨ ᠵᠢᠭᠤᠯᠴᠢᠯᠠᠯ ᠤᠨ ᠵᠠᠮ ᠤᠨ | ᠬᠤᠶᠠᠷ ᠬᠠᠵᠠᠭᠤ ᠪᠠᠷ ᠨᠤᠲᠤᠭ ᠪᠡᠯᠴᠢᠭᠡᠷ ᠢ ᠲᠦᠷᠢᠮᠡᠬᠡᠶᠢᠯᠡᠨ ᠡᠵᠡᠯᠡᠭᠰᠡᠨ 24 ᠪᠠᠷᠢᠯᠭ᠎ᠠ᠂ ᠮᠤᠵᠢ ᠶᠢᠨ ᠵᠠᠮ ᠤᠨ | 205 ᠵᠠᠮ ᠳᠠᠭᠠᠤ ᠶᠢᠨ ᠸᠠᠭᠠᠷ ᠲᠣᠭᠤᠰᠬᠠᠨ ᠵᠤᠤᠬ᠎ᠠ 86 ᠰᠠᠭᠤᠷᠢ᠂ ᠶᠡᠭᠡ ᠭᠦᠩ ᠪᠠᠯᠭᠠᠰᠤ ᠵᠢᠴᠢ ᠡᠷᠭᠢᠨ | ᠲᠣᠭᠤᠷᠢᠨ ᠤ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠠᠵᠤ ᠠᠬᠤᠶᠢᠯᠠᠯ 102 ᠢ ᠬᠠᠤᠯᠢ ᠶᠣᠰᠣᠭᠠᠷ ᠨᠤᠷᠠᠭᠠᠵᠤ | ᠂ ᠨᠢᠭᠡ ᠪᠦᠯᠦᠭ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠳᠣᠪᠤᠶᠢᠮ᠎ᠠ ᠠᠰᠠᠭᠤᠳᠠᠯ ᠤᠳ ᠢ ᠲᠥᠪᠯᠡᠷᠡᠭᠦᠯᠦᠨ | ᠰᠢᠶᠳᠪᠦᠷᠢᠯᠡᠵᠦ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ | ᠠᠭᠤᠰᠣᠯᠲᠤᠨ ᠬᠥᠭᠵᠢᠬᠦ ᠶᠢ ᠬᠦᠴᠦᠯᠡᠨ ᠠᠬᠢᠭᠤᠯᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ | ᠦᠷᠭᠦᠯᠵᠢᠯᠡᠨ ᠬᠤᠪᠢᠷᠠᠪᠠ᠃ ᠽᠢ ᠴᠧᠩ ᠵᠠᠮ᠂ ᠪᠤᠷᠤᠬᠤᠳᠠ ᠵᠠᠮ ᠤᠨ ᠡᠮᠦᠨᠡᠳᠦ ᠬᠡᠰᠡᠭ ᠢ ᠲᠡᠷᠭᠡ ᠨᠡᠪᠲᠡᠷᠡᠭᠦᠯᠵᠦ᠂ | ᠪᠠᠶᠠᠨᠲᠠᠯ᠎ᠠ ᠵᠡᠭᠡᠯᠢ᠂ ᠰᠢᠶᠠᠩ ᠱᠦᠶ ᠵᠠᠮ ᠢ ᠦᠨᠳᠦᠰᠦᠨ ᠳᠡᠭᠡᠨ ᠪᠠᠶᠢᠭᠤᠯᠵᠤ᠂ ᠬᠠᠶᠢᠯᠠᠰᠤ ᠵᠡᠭᠡᠯᠢ᠂ ᠴᠢᠩ ᠴᠢᠤᠸᠠᠨ | ᠵᠠᠮ ᠢ ᠤᠮᠠᠷᠠᠰᠢ ᠨᠡᠪᠲᠡᠷᠡᠭᠦᠯᠬᠦ ᠵᠡᠷᠭᠡ ᠢᠨᠵᠧᠨᠧᠷᠢᠩ ᠢ ᠲᠦᠷᠭᠡᠳᠬᠡᠨ ᠪᠠᠶᠢᠭᠤᠯᠪᠠ᠃ ᠶᠢᠨ ᠳ᠋ᠢ ᠰᠢᠶᠠᠩ ᠪᠢᠨ᠂ | ᠬᠤᠸᠠᠩ ᠵᠢᠶᠠ ᠳ᠋ᠢ ᠶᠤᠸᠠᠨ ᠵᠡᠷᠭᠡ 60 ᠲᠦᠮᠡᠨ ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠶᠢᠨ | ᠲᠣᠭᠤᠷᠢᠭ ᠢ ᠰᠢᠨ᠎ᠡ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠤᠯᠤᠰ ᠤᠨ ᠥᠮᠴᠢᠯᠡᠯ ᠤᠨ ᠭᠠᠵᠠᠷ | ᠰᠢᠷᠣᠶ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠳᠠᠩᠰᠠᠯᠠᠯ ᠤᠨ ᠲᠡᠦᠬᠡᠨ ᠠᠴᠠ ᠦᠯᠡᠳᠡᠭᠳᠡᠵᠦ | ᠢᠷᠡᠭᠰᠡᠨ 5 ᠠᠰᠠᠭᠤᠳᠠᠯ ᠢ ᠰᠢᠶᠳᠪᠦᠷᠢᠯᠡᠵᠦ᠂ ᠣᠷᠣᠨ ᠰᠠᠭᠤᠴᠠ 2229 ᠢᠵᠢ ᠳᠤ ᠬᠤᠯᠪᠣᠭᠳᠠᠵᠠᠶ᠃ | ᠪᠣᠷᠣᠬᠤᠲᠠ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠵᠠᠮ ᠬᠠᠷᠢᠯᠴᠠᠭᠠᠨ ᠤ ᠡᠮᠬᠢ | ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 2000 ᠢᠯᠡᠭᠦᠦ ᠲᠡᠭᠰᠢ | ᠳᠥᠷᠪᠡᠯᠵᠢᠨ ᠮᠧᠲᠷ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠪᠡ᠂ ︽ᠵᠣᠷᠯᠣᠩ ᠤᠨ ᠬᠤᠪᠢᠰᠬᠠᠯ︾ ᠪᠠ | ᠠᠶᠢᠯ ᠲᠣᠰᠬᠤᠨ ᠤ ᠠᠷᠢᠭᠤᠨ ᠴᠡᠪᠡᠷ ᠤᠨ ︽ᠵᠠᠭᠤᠨ ᠡᠳᠦᠷ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ | ᠥᠷᠨᠢᠭᠦᠯᠵᠦ᠂ 2746 ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠯᠠᠬᠤ ᠣᠷᠣᠨ ᠤ ᠣᠷᠣᠰᠢᠨ | ᠰᠠᠭᠤᠬᠤ ᠣᠷᠴᠢᠨ ᠲᠣᠭᠤᠷᠢᠨ ᠪᠦᠲᠦᠮᠵᠢᠲᠡᠶ ᠰᠠᠶᠢᠵᠢᠷᠠᠪᠠ᠃ ᠪᠤᠷᠤᠬᠤᠲᠠ ᠪᠠᠯᠭᠠᠰᠤᠨ ᠤ ᠰᠡᠴᠢᠨᠲᠠᠯᠠ ᠭᠠᠴᠠᠭ᠎ᠠ ᠨᠢ | ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ | ᠬᠤᠩ ᠱᠠᠨ ᠨᠠᠭᠤᠷ ᠤᠨ ᠵᠢᠭᠤᠯᠴᠢᠯᠠᠯ ᠤᠨ ᠵᠠᠮ᠂ 7 ᠵᠤᠷᠪᠤᠰ ᠬᠠᠰᠤᠵᠤ ᠨᠡᠶᠢᠯᠡᠭᠦᠯᠦᠭᠰᠡᠨ ᠪᠠᠶᠢᠭᠤᠯᠤᠯᠳᠤ | ᠲᠤᠰᠬᠤᠨ ᠤ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠮᠤᠵᠢ ᠶᠢᠨ ᠲᠡᠰ ᠤᠨ ᠵᠠᠰᠠᠮᠠᠯ | ᠵᠠᠮ 304 ᠱᠤᠭᠤᠮ ᠬᠠᠶᠢᠯᠠᠰᠤ ᠠᠴᠠ ᠳ᠋ᠠᠰᠢᠩ ᠬᠦᠷᠬᠦ ᠴᠠᠷᠳᠠᠮᠠᠯ ᠵᠠᠮ ᠢ ᠥᠭᠡᠷᠡᠴᠢᠯᠡᠬᠦ᠂ ᠮᠤᠵᠢ ᠶᠢᠨ ᠵᠠᠮ ᠤᠨ | 219 ᠱᠤᠭᠤᠮ ᠤᠨ ᠳᠡᠩᠨᠡᠭᠦᠷ ᠤᠨ ᠭᠤᠣᠯ ᠤᠨ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠢ ᠲᠦᠷᠭᠡᠳᠬᠡᠨ | ᠪᠠᠶᠢᠭᠤᠯᠵᠤ᠂ ᠳ᠋ᠠᠨᠳᠦ᠋ᠩ ᠠᠴᠠ ᠰᠢᠯᠢᠩᠬᠤᠲᠠ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠦᠳᠡ ᠶᠢᠨ | ᠬᠤᠸᠠ ᠳᠤ ᠬᠠᠷᠢᠯᠴᠠᠨ ᠨᠡᠪᠲᠡᠷᠡᠯᠴᠡᠬᠦ᠂ ᠳᠡᠩᠨᠡᠭᠦᠷ ᠤᠨ ᠭᠤᠣᠯ ᠠᠴᠠ ᠮᠥᠸᠧ ᠱᠢ ᠭᠧᠦ ᠬᠦᠷᠬᠦ ᠵᠢᠭᠤᠯᠴᠢᠯᠠᠯ ᠤᠨ | ᠵᠠᠰᠠᠮᠠᠯ ᠵᠠᠮ ᠵᠡᠷᠭᠡ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠠ᠃ ᠽᠢ ᠴᠧᠩ ᠤᠨ 500 ᠺᠢᠯᠤᠸᠣᠯᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠂ ᠵᠤᠸᠠᠩ ᠳᠧᠦ ᠶᠢᠩ ᠤᠨ 220 ᠺᠢᠯᠤᠸᠣᠯᠲ ᠤᠨ | ᠰᠠᠯᠬᠢᠨ ᠡᠨᠧᠷᠭᠢ ᠶᠢᠨ ᠬᠤᠷᠠᠮᠠᠯ ᠦᠷᠲᠡᠭᠡ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠵᠤ᠂ | ᠳ᠋ᠠᠰᠢᠩ 66 ᠺᠢᠯᠤᠸᠣᠯᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠢᠨᠵᠧᠨᠧᠷᠢᠩ | ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠤᠯᠠᠭᠠᠨᠬᠠᠳᠠ ᠠᠴᠠ ᠳ᠋ᠠᠪᠠᠨ ᠬᠦᠷᠬᠦ ᠥᠨᠳᠥᠷ ᠬᠤᠷᠳᠤᠴᠠᠲᠤ | ᠵᠠᠰᠠᠮᠠᠯ ᠵᠠᠮ ᠤᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠭᠤᠣᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠲᠠ ᠶᠢ 2900 ᠮᠦ ᠪᠡᠶᠡᠯᠡᠭᠦᠯᠵᠦ᠂ 10.3 ᠲᠦᠮᠡᠨ ᠮᠦ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠪᠠ᠃ ᠮᠠᠶᠢᠬᠠᠨᠲᠤ ᠶᠢᠨ ᠭᠤᠤᠯ ᠠᠴᠠ ᠪᠦᠷᠢᠳᠦᠨ ᠨᠠᠭᠤᠷ ᠬᠦᠷᠬᠦ ᠤᠰᠤ | ᠲᠠᠲᠠᠵᠤ ᠳᠡᠭᠡᠭᠰᠢᠯᠡᠭᠦᠯᠬᠦ᠂ ᠰᠢᠷᠠᠮᠥ᠋ᠷᠡᠨ ᠭᠤᠤᠯ ᠤᠨ ᠦᠶᠡᠷ ᠢ ᠰᠡᠷᠭᠡᠶᠢᠯᠡᠨ ᠵᠠᠰᠠᠬᠤ᠂ ᠪᠠᠶᠠᠨᠲᠣᠬᠤᠶ ᠶᠢᠨ | ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠵᠢ ᠪᠦᠷᠢᠳᠦᠭᠦᠯᠦᠨ ᠥᠭᠡᠷᠡᠴᠢᠯᠡᠬᠦ ᠵᠡᠷᠭᠡ ᠢᠨᠵᠧᠨᠧᠷᠢᠩ ᠢ ᠡᠮᠬᠢ | ᠵᠢᠷᠤᠮ ᠲᠠᠢ ᠪᠠᠷ ᠬᠡᠷᠡᠭᠵᠢᠭᠦᠯᠵᠦ᠂ ᠡᠵᠢ ᠨᠠᠭᠤᠷ ᠤᠨ ᠤᠰᠤ ᠲᠠᠲᠠᠬᠤ ᠠᠵᠢᠯ ᠢ 2600 ᠲᠦᠮᠡᠨ ᠪᠣᠰᠤᠭ᠎ᠠ | ᠳᠥᠷᠪᠡᠯᠵᠢᠨ ᠮᠧᠲᠷ ᠠᠮᠵᠢᠯᠲᠠ ᠲᠠᠢ ᠪᠡᠶᠡᠯᠡᠭᠦᠯᠪᠡ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠨᠡᠶᠢᠭᠡᠮ ᠤᠨ | ᠦᠢᠯᠡᠰ ᠪᠦᠬᠦ ᠲᠠᠯ᠎ᠠ ᠪᠠᠷ ᠳᠠᠪᠰᠢᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 34.5 | ᠳ᠋ᠦᠩᠰᠢᠭᠤᠷ ᠲᠥᠭᠦᠷᠢᠭ ᠲᠤ ᠬᠦᠷᠴᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ | 82% ᠢ ᠡᠵᠡᠯᠡᠪᠡ᠃ 219 ᠡᠷᠦᠬᠡ᠂ 500 ᠢᠵᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠥᠭᠡᠷᠡᠴᠢᠯᠡᠨ ᠰᠢᠨᠡᠳᠬᠡᠪᠡ᠃ ᠪᠣᠷᠣᠬᠤᠲᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠣᠮ ᠤᠨ ᠰᠠᠩ ᠤᠨ | ᠢᠨᠵᠧᠨᠧᠷᠢᠩ ᠤᠨ ᠭᠤᠣᠯ ᠴᠣᠭᠴᠠ ᠪᠠᠷᠢᠯᠭ᠎ᠠ ᠲᠠᠭᠤᠰᠴᠤ᠂ ᠪᠤᠷᠤᠬᠤᠲᠠ ᠬᠤᠶᠠᠳᠤᠭᠠᠷ ᠳᠤᠮᠳᠠᠳᠤ ᠰᠤᠷᠭᠠᠭᠤᠯᠢ | ᠶᠢᠨ ᠵᠢᠭᠠᠨ ᠰᠤᠷᠭᠠᠬᠤ ᠠᠰᠠᠷ᠂ ᠴᠢᠶᠤᠤ ᠲᠸᠤ ᠪᠠᠯᠭᠠᠰᠣᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠥᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠶᠠᠰᠤ ᠴᠢᠨᠠᠷ ᠢᠯᠡᠳᠲᠡ ᠳᠡᠭᠡᠭᠰᠢᠯᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠡᠯ᠎ᠡ ᠵᠦᠶᠯ ᠤᠨ ᠭᠦᠶᠴᠡᠳᠬᠡᠯ ᠲᠤᠭ᠎ᠠ ᠲᠣᠭᠲᠠᠭᠤᠨ ᠤ ᠳᠤᠮᠳᠠ ᠳᠡᠭᠡᠭᠰᠢᠯᠡᠵᠦ᠂ ᠵᠢᠩᠬᠢᠨᠢ ᠠᠩᠭᠢ | ᠳᠤ ᠡᠯᠰᠡᠭᠳᠡᠭᠰᠡᠨ 1341 ᠬᠥᠮᠦᠨ ᠪᠠᠶᠢᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠭᠳᠡᠭᠰᠡᠨ ᠨᠣᠷᠮ᠎ᠠ | 60% ᠳᠤ ᠬᠥᠷᠪᠡ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠨᠡᠭᠦᠯᠭᠡᠵᠦ ᠠᠰᠢᠭᠯᠠᠯᠲᠠ ᠳᠤ ᠣᠷᠣᠭᠤᠯᠤᠨ | ᠂ ᠡᠮᠡᠭᠲᠡᠶᠢᠴᠦᠳ ᠬᠡᠤᠬᠡᠳ ᠤᠨ ᠡᠮᠨᠡᠯᠭᠡ ᠶᠢᠨ ᠬᠤᠷᠢᠶ᠎ᠠ᠂ ᠬᠤᠰᠢᠭᠤ ᠡᠮᠨᠡᠯᠭᠡ ᠶᠢᠨ ᠬᠤᠷᠢᠶ᠎ᠠ ᠶᠢᠨ ᠭᠠᠵᠠᠷ | ᠲᠠᠲᠠᠪᠤᠷᠢᠯᠠᠨ ᠨᠤᠷᠠᠭᠠᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠪᠠ᠃ ᠠᠷᠠᠳ | ᠤᠨ ᠶᠠᠪᠤᠳᠠᠯ ᠤᠨ ᠠᠰᠠᠷᠠᠮᠵᠢ ᠶᠢᠨ ᠲᠥᠪ ᠤᠨ ᠲᠥᠷᠥᠯ ᠵᠦᠶᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ | ᠣᠷᠣᠭᠤᠯᠵᠤ᠂ ᠰᠢᠶᠠᠩ ᠪᠠᠯᠭᠠᠰᠤ ᠶᠢᠨ ᠨᠠᠰᠤᠲᠠᠨ ᠢ ᠠᠰᠠᠷᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠬᠦ ᠠᠬᠢᠴᠠ | ᠲᠥᠷᠭᠡᠳᠪᠡ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 204 | ᠡᠯᠰᠡᠪᠡ᠃ ᠪᠥᠬᠦ ᠣᠷᠣᠨ ᠤ ᠠᠩᠬᠠᠳᠠᠭᠴᠢ ᠬᠤᠭᠤᠴᠠᠭᠠᠨ ᠤ ᠤᠯᠠᠭᠠᠨᠮᠥ᠋ᠴᠢᠷ ᠤᠨ ᠤᠤᠭᠠᠯ ᠡᠭᠦᠳᠦᠯᠲᠡ ᠶᠢᠨ | ᠰᠣᠩᠭᠤᠳᠠᠭ ᠫᠷᠣᠭ᠍ᠷᠠᠮ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠢ ᠮᠠᠨ ᠤ ᠬᠤᠰᠢᠭᠤᠨ ᠳᠤ ᠡᠬᠢᠯᠡᠨ | ᠬᠡᠷᠡᠭᠵᠢᠭᠦᠯᠵᠦ᠂ 137 ᠲᠠᠯᠠᠪᠤᠷ ᠡᠯ᠎ᠡ ᠲᠥᠷᠥᠯ ᠤᠨ ᠰᠣᠶᠣᠯ ᠤᠨ ᠲᠣᠭᠯᠠᠯᠲᠠ ᠡᠷᠭᠢᠯᠡᠪᠡ᠃ ᠪᠦᠬᠦ ᠬᠤᠰᠢᠭᠤᠨ ᠤ | ᠡᠯ᠎ᠡ ᠲᠥᠷᠥᠯ ᠤᠨ ᠠᠵᠢᠯ ᠣᠯᠤᠭᠰᠠᠳ 2947 ᠬᠥᠮᠦᠨ ᠰᠢᠨ᠎ᠡ ᠪᠠᠷ ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ | ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠬᠥᠮᠦᠨ 6.5 ᠲᠦᠮᠡ ᠳᠤ ᠬᠦᠷᠴᠦ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢᠨ 3.2% ᠤᠨ ᠳᠣᠲᠣᠷ᠎ᠠ ᠬᠢᠵᠠᠭᠠᠷᠯᠠᠪᠠ᠃ | ᠪᠥᠬᠦ ᠬᠤᠲᠠ ᠶᠢᠨ ᠠᠩᠬᠠᠳᠠᠭᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ | ᠰᠢᠰᠲ᠋ᠧᠮ ᠮᠠᠨ ᠤ ᠬᠤᠰᠢᠭᠤᠨ ᠳᠤ ᠵᠢᠩᠬᠢᠨᠢ ᠪᠠᠷ ᠠᠵᠢᠯᠯᠠᠵᠤ᠂ ᠬᠤᠰᠢᠭᠤᠨ ᠤ ᠬᠡᠪᠴᠢᠶᠡᠨ ᠳᠠᠬᠢ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠨᠢ ︽ | ᠨᠢᠭᠡ ᠬᠠᠭᠤᠳᠠᠰᠤ ᠪᠠᠷ ᠳ᠋ᠦᠩᠨᠡᠨ ᠪᠣᠳᠤᠬᠤ︾ ᠪᠠᠷ ᠲᠣᠭᠠᠴᠠᠭ᠎ᠠ ᠬᠢᠬᠦ ᠶᠢ ᠪᠡᠶᠡᠯᠡᠭᠦᠯᠪᠡ᠃ ᠴᠡᠷᠢᠭ ᠤᠨ ᠠᠯᠪᠠᠨ | ᠠᠴᠠ ᠬᠠᠯᠠᠭᠳᠠᠭᠰᠠᠳ ᠤᠨ ᠶᠠᠪᠤᠳᠠᠯ᠂ ᠲᠦᠷ ᠴᠠᠭ ᠠᠪᠤᠷᠠᠨ ᠲᠤᠰᠠᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠭᠠᠮᠰᠢᠭ ᠠᠴᠠ ᠠᠪᠤᠷᠠᠨ ᠲᠤᠰᠠᠯᠠᠬᠤ ᠡᠯ᠎ᠡ ᠲᠦᠷᠦᠯ ᠤᠨ ᠨᠥᠬᠦᠪᠥᠷᠢ ᠪᠡᠯᠡ ᠮᠥᠩᠭᠦ ᠶᠢ 2.1 | ᠳ᠋ᠦᠩᠰᠢᠭᠤᠷ ᠲᠥᠭᠦᠷᠢᠭ ᠲᠠᠷᠬᠠᠭᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠢᠳᠡᠪᠬᠢᠲᠠᠢ | ᠦᠷᠨᠢᠭᠦᠯᠵᠦ᠂ ᠠᠰᠢᠬᠠᠨ ᠰᠣᠮᠣ ᠶᠢᠨ ᠤᠯᠠᠭᠠᠨ᠋ᠣ᠋ᠳᠣ ᠭᠠᠴᠠᠭ᠎ᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ᠂ ᠽᠢ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠳᠡᠷᠡᠰᠦ ᠭᠠᠴᠠᠭ᠎ᠠ ᠨᠢ ︽ᠲᠤᠮᠳᠠᠳᠤ ᠶᠢᠨ ᠴᠦᠬᠡᠨ ᠲᠤᠭᠠᠲᠤ ᠦᠨᠳᠦᠰᠦᠲᠡᠨ ᠤ ᠣᠨᠴᠠᠯᠢᠬᠳᠦ | ᠲᠣᠰᠬᠤᠨ︾ ᠢᠶᠠᠷ ᠰᠤᠩᠭᠤᠭᠳᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠣᠨ ᠤ ᠠᠵᠢᠯᠯᠠᠭ᠎ᠠ ᠶᠢ | ᠬᠦᠴᠦᠲᠡᠢ ᠠᠬᠢᠭᠤᠯᠵᠤ᠂ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠢᠳᠡᠭᠡᠨ ᠤ ᠵᠦᠢᠯ ᠡᠮ | ᠤᠨ ᠵᠦᠢᠯ᠂ ᠬᠡᠮᠵᠢᠶ᠎ᠠ ᠳᠠᠭᠠᠭᠠᠴᠠ ᠠᠴᠠ ᠬᠡᠳᠦᠷᠡᠭᠰᠡᠨ ᠢ ᠵᠠᠰᠠᠬᠤ᠂ ᠣᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠦᠪᠡᠳᠡᠭᠰᠢ ᠶᠡᠭᠡ | ᠪᠠᠶᠠᠷ ᠤᠨ ᠠᠮᠤᠷ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ | ᠶᠢᠨ ᠲᠣᠭᠲᠠᠭᠤᠨ ᠢ ᠪᠠᠲᠤᠯᠠᠪᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠪᠠ᠃ ︽ᠲᠠᠯᠪᠢᠬᠤ ᠬᠠᠮᠢᠶᠠᠷᠬᠤ | ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ | ᠠᠬᠢᠭᠤᠯᠵᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾᠂ ︽ᠠᠭᠤᠯᠵᠠᠬᠤ ᠦᠭᠡᠢ ᠪᠠᠷ | ᠬᠢᠨᠠᠨ ᠵᠥᠪᠰᠢᠶᠡᠷᠡᠬᠦ︾ ᠵᠡᠷᠭᠡ ᠬᠢᠨᠠᠨ ᠵᠥᠪᠰᠢᠶᠡᠷᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠤᠯᠳᠠᠯᠭ᠎ᠠ | ᠲᠠᠢ ᠲᠥᠷᠥᠯ ᠵᠦᠶᠯ ᠤᠨ ᠬᠢᠨᠠᠨ ᠵᠥᠪᠰᠢᠶᠡᠷᠡᠬᠦ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ︽ᠡᠪᠦᠯ ᠤᠨ ᠤᠯᠠᠷᠢᠯ ᠤᠨ ᠠᠵᠢᠯᠯᠠᠭ᠎ᠠ︾ ᠶᠢ ᠪᠦᠬᠦ ᠲᠠᠯ᠎ᠠ ᠪᠠᠷ ᠦᠷᠨᠢᠭᠦᠯᠵᠦ᠂ ᠬᠤᠶᠠᠳᠤᠭᠠᠷ | ᠬᠤᠭᠤᠴᠠᠭᠠᠨ ᠤ ︽ᠨᠤᠲᠤᠭ ᠤᠰᠤᠨ ᠤ ᠬᠠᠶᠢᠷ᠎ᠠ ᠰᠡᠳᠬᠢᠯᠭᠡ · ᠯᠤᠤᠲᠤ ᠨᠤᠲᠤᠭ ᠤᠨ ᠠᠶᠠᠯᠠᠯ︾ ᠤᠨ ᠣᠩᠨᠢᠭᠤᠳ | ᠬᠤᠰᠢᠭᠤᠨ ᠤ ᠨᠤᠲᠤᠭ ᠤᠨ ᠨᠠᠶᠢᠵᠠ ᠨᠠᠷ ᠤᠨ ᠬᠤᠷᠠᠯ ᠢ ᠠᠮᠵᠢᠯᠲᠠ ᠲᠠᠢ ᠡᠷᠬᠢᠯᠡᠵᠦ᠂ ᠳ᠋ᠦᠩᠰᠢᠭᠤᠷ ᠲᠦᠭᠦᠷᠢᠭ | ᠠᠴᠠ ᠳᠡᠭᠡᠭᠰᠢᠬᠢ 20 ᠲᠥᠷᠦᠯ ᠵᠦᠢᠯ ᠢ ᠭᠡᠷ᠎ᠡ ᠲᠣᠭᠲᠠᠵᠤ ᠣᠷᠣᠭᠤᠯᠤᠨ ᠠᠪᠴᠢᠷᠠᠵᠤ᠂ ᠵᠥᠪᠯᠡᠯᠴᠡᠭᠡᠷ ᠤᠨ | ᠶᠡᠷᠦᠩᠬᠡᠢ ᠪᠡᠯᠡ ᠣᠷᠣᠭᠤᠯᠤᠯᠲᠠ 136.2 ᠳ᠋ᠦᠩᠰᠢᠭᠤᠷ ᠲᠥᠭᠦᠷᠢᠭ ᠲᠤ ᠬᠦᠷᠪᠡ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠥᠮᠴᠢᠯᠡᠬᠦ ᠡᠷᠬᠡ ᠶᠢᠨ ᠲᠦᠷᠢᠮ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠵᠡᠷᠭᠡ ᠥᠭᠡᠷᠡᠴᠢᠯᠡᠯᠲᠡ ᠶᠢᠨ ᠠᠵᠢᠯ | ᠢ ᠡᠮᠬᠢ ᠵᠢᠷᠤᠮ ᠲᠠᠢ ᠦᠷᠨᠢᠭᠦᠯᠪᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠡᠬᠢᠯᠡᠭᠦᠯᠪᠡ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ | ᠨᠡᠶᠢᠳᠡᠮ ᠪᠠᠶᠢᠴᠠᠭᠠᠬᠤ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ᠃ | ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠤᠨ ᠤ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠢᠯᠡᠷᠬᠡᠢ ᠳᠡᠭᠡᠭᠰᠢᠯᠡᠪᠡ᠃ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠭᠦᠨᠵᠡᠭᠡᠢ ᠥᠷᠨᠢᠭᠦᠯᠵᠦ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠠᠵᠢᠯ ᠤᠨ | ᠰᠤᠷᠲᠠᠯ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠰᠤᠷᠲᠠᠯ ᠠᠵᠢᠯ ᠲᠥᠷᠥᠯ ᠤᠨ | ᠰᠤᠷᠲᠠᠯ ᠦᠷᠭᠦᠯᠵᠢᠯᠡᠨ ᠬᠤᠪᠢᠷᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠳᠤᠷᠠᠳᠤᠯᠭ᠎ᠠ ᠶᠢ | 115 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 117 ᠬᠤᠪᠢ | ᠰᠢᠢᠳᠪᠦᠷᠢᠯᠡᠪᠡ᠃ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠤ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠬᠤᠰᠢᠭᠤᠨ ᠤ ᠲᠣᠰ ᠱᠠᠲᠤᠨ ᠤ ᠪᠢᠴᠢᠭ ᠮᠠᠲ᠋ᠧᠷᠢᠶᠠᠯ ᠪᠣᠯᠤᠨ ᠬᠤᠷᠠᠯ ᠤᠨ | ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 31% ᠪᠠ 30.4% ᠪᠠᠷ ᠪᠠᠭᠤᠷᠠᠪᠠ᠃ ᠡᠳ᠋ ᠤᠨ | ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ | ᠪᠠᠷ ᠳᠠᠮᠵᠢᠭᠤᠯᠤᠨ ᠡᠳ᠋ ᠤᠨ ᠵᠠᠰᠠᠭ ᠤᠨ ᠪᠠᠯᠠ ᠮᠥᠩᠭᠦ ᠶᠢ 2.5 ᠳ᠋ᠦᠩᠰᠢᠭᠤᠷ ᠲᠥᠭᠦᠷᠢᠭ ᠠᠷᠪᠢᠯᠠᠪᠠ᠂ ᠭᠠᠵᠠᠷ | ᠰᠢᠷᠣᠶ ᠬᠤᠳᠠᠯᠳᠤᠭᠰᠠᠨ ᠮᠥᠩᠭᠦ ᠶᠢᠨ ᠣᠷᠣᠯᠭ᠎ᠠ 5.5 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠤᠭᠰᠠᠨ | ᠦᠯᠡᠳᠡᠪᠦᠷᠢ ᠭᠦᠶᠴᠡᠳᠬᠡᠬᠦ ᠲᠤᠭ᠎ᠠ ᠶᠢᠨ ᠠᠷᠠᠯᠵᠢᠶᠠᠨ ᠤ ᠣᠷᠣᠯᠭ᠎ᠠ 2640 ᠲᠦᠮᠡᠨ ᠲᠥᠭᠦᠷᠢᠭ᠂ ᠵᠠᠰᠠᠭ ᠤᠨ | ᠣᠷᠳᠣᠨ ᠤ ᠥᠷᠢ ᠰᠢᠷᠢ ᠶᠢ ᠠᠷᠢᠯᠭᠠᠬᠤ 7.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠣᠨ ᠤ ᠥᠷᠢ ᠰᠢᠷᠢ | ᠪᠠᠨ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠣᠩᠨᠢᠭᠤᠳ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ | ᠴᠣᠭᠴᠠᠵᠢᠭᠰᠠᠨ ᠲᠠᠪᠴᠠᠩ ᠤᠨ ᠲᠤᠷᠰᠢᠯᠲᠠ ᠶᠢᠨ ᠨᠢᠭᠡᠴᠡ ᠪᠣᠯᠭᠠᠪᠠ᠃ ᠬᠢᠨᠠᠨ ᠪᠣᠳᠣᠵᠤ ᠪᠦᠷᠢᠳᠬᠡᠬᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠯ ᠤᠨᠲᠠᠷᠠᠭᠠᠬᠤ᠂ | ᠰᠢᠨᠵᠢᠯᠡᠬᠦ ᠤᠬᠠᠭᠠᠨ ᠮᠡᠷᠭᠡᠵᠢᠯ ᠳᠠᠩᠰᠠ ᠡᠪᠬᠡᠮᠡᠯ᠂ ᠠᠮᠤ ᠪᠤᠳᠠᠭᠠᠨ ᠤ ᠠᠮᠤᠷ ᠲᠦᠪᠰᠢᠨ᠂ ᠭᠠᠳᠠᠭᠠᠳᠤ ᠶᠠᠪᠤᠳᠠᠯ | ᠬᠠᠷᠢᠶᠠᠲᠤ ᠶᠢᠨ ᠶᠠᠪᠤᠳᠠᠯ᠂ ᠴᠠᠭ ᠠᠭᠤᠷ ᠭᠠᠵᠠᠷ ᠬᠥᠳᠡᠯᠦᠯᠲᠡ᠂ ᠡᠮᠡᠭᠲᠡᠶᠢᠴᠦᠳ ᠬᠡᠦᠬᠡᠳ᠂ ᠣᠷᠣᠨ ᠨᠤᠲᠤᠭ ᠤᠨ | ᠣᠶᠢᠯᠠᠯᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠨᠠᠰᠤᠵᠢᠯ᠂ ᠨᠢᠭᠦᠯᠡᠰᠦᠩᠭᠦᠶ᠂ ᠬᠠᠩᠭᠠᠨ ᠪᠣᠷᠤᠯᠠᠭᠤᠯᠬᠤ | ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃ | ᠲᠥᠯᠥᠭᠡᠯᠡᠭᠴᠢᠳ ᠡ᠂ ᠲᠡᠮᠡᠴᠡᠯ ᠬᠠᠲᠠᠭᠤ ᠪᠡᠷᠬᠡᠰᠢᠶᠡᠯ ᠢᠶᠠᠷ ᠳᠦᠭᠦᠷᠡᠩ᠂ ᠠᠮᠵᠢᠯᠲᠠ ᠪᠦᠲᠦᠮᠵᠢ ᠶᠢ | ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠨᠢᠭᠡ ᠵᠢᠯ ᠤᠨ ᠲᠤᠷᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠢᠨᠵᠧᠨᠧᠷᠢᠩ ᠂ ᠪᠣᠬᠢᠷᠳᠤᠯ ᠢ ᠰᠡᠷᠭᠡᠶᠢᠯᠡᠬᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ | ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠵᠡᠷᠭᠡ ᠤᠯᠠᠨ ᠵᠦᠢᠯ ᠤᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠳᠤ ᠬᠠᠨᠲᠤᠵᠤ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ | ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠱᠠᠲᠤ ᠱᠠᠲᠤ ᠪᠠᠷ ᠳᠠᠷᠤᠯᠲᠠ ᠦᠵᠡᠭᠦᠯᠬᠦ ᠳᠤᠮᠳᠠ ᠬᠦᠨᠳᠦ | ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠮᠠᠷᠭᠤᠭᠠᠨ ᠵᠢᠮᠡᠯᠡᠯ ᠤᠨ ᠳᠤᠮᠳᠠ ᠲᠣᠭᠲᠠᠯ ᠬᠦᠴᠦᠨ ᠢᠶᠠᠨ ᠪᠠᠲᠤᠯᠠᠵᠤ᠂ | ᠰᠦᠷᠬᠡᠤ ᠣᠷᠴᠢᠨ ᠳᠤ ᠬᠦᠴᠢᠷ ᠢ ᠰᠥᠷᠦᠨ ᠤᠷᠤᠭᠰᠢᠯᠠᠵᠤ᠂ ᠬᠢᠨᠠᠯᠲᠠ ᠲᠠᠯᠪᠢᠵᠤ ᠬᠢᠵᠠᠭᠠᠷᠯᠠᠬᠤ ᠳᠤᠮᠳᠠ | ᠯᠠᠪᠳᠠᠭᠤᠨ ᠢᠶᠠᠷ ᠠᠯᠤᠰ ᠢ ᠵᠣᠷᠢᠨ᠂ ᠨᠢᠭᠡ ᠪᠦᠯᠦᠭ ᠳᠠᠪᠠᠯᠲᠠ ᠶᠢ ᠡᠷᠢᠯᠬᠢᠯᠡᠵᠦ᠂ ᠬᠥᠭᠵᠢᠯᠲᠡ ᠶᠢ ᠠᠬᠢᠭᠤᠯᠬᠤ | ᠲᠣᠮᠣ ᠶᠠᠪᠤᠳᠠᠯ ᠴᠢᠬᠤᠯᠠ ᠶᠠᠪᠤᠳᠠᠯ ᠤᠳ ᠢ ᠰᠡᠳᠦᠪᠯᠡᠵᠦ᠂ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ | ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠠᠷᠠᠳ ᠤᠨ ᠰᠡᠳᠬᠢᠯ ᠢ ᠣᠯᠵᠤ᠂ | ᠠᠷᠠᠳ ᠤᠨ ᠰᠠᠨᠠᠭ᠎ᠠ ᠶᠢ ᠳᠠᠭᠠᠭᠰᠠᠨ ᠨᠢᠭᠡ ᠪᠦᠯᠦᠭ ᠰᠠᠶᠢᠨ ᠶᠠᠪᠤᠳᠠᠯ ᠪᠤᠳᠠᠳᠤ ᠶᠠᠪᠤᠳᠠᠯ ᠢ ᠵᠠᠯᠭᠠᠭ᠎ᠠ ᠪᠠᠷ | ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠶᠠᠨ ᠵᠠᠮ ᠳᠤ ᠪᠠᠰᠠ | ᠨᠢᠭᠡᠨ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠳᠡᠭᠡᠷ ᠠᠮᠵᠢᠯᠲᠠ ᠪᠦᠲᠦᠮᠵᠢ ᠪᠣᠯ ᠬᠤᠰᠢᠭᠤ ᠨᠠᠮ ᠤᠨ | ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠶᠴᠡᠳᠬᠡᠨ ᠬᠢᠨᠠᠯᠲᠠ ᠲᠠᠯᠪᠢᠵᠤ᠂ | ᠬᠦᠴᠦᠯᠡᠨ ᠳᠡᠮᠵᠢᠭᠰᠡᠨ ᠤ ᠦᠷ᠎ᠡ ᠳ᠋ᠦᠩ ᠮᠥᠨ᠂ ᠨᠠᠩ ᠴᠤ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ | ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ᠂ ᠬᠦᠴᠦ ᠪᠠᠨ ᠬᠠᠮᠲᠤᠳᠬᠠᠨ ᠲᠡᠮᠡᠴᠡᠭᠰᠡᠨ ᠤ ᠦᠷ᠎ᠡ | ᠳ᠋ᠦᠩ ᠮᠥᠨ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ | ᠶᠢ ᠲᠡᠮᠡᠴᠡᠨ ᠣᠯᠬᠤ ᠠᠶᠠᠨ ᠵᠠᠮ ᠳᠤ᠂ ᠪᠦᠬᠦ ᠬᠤᠰᠢᠭᠤᠨ ᠤ ᠳᠡᠭᠡᠷ᠎ᠡ ᠳᠣᠣᠷ᠎ᠠ ᠱᠠᠲᠤᠨ ᠤ ᠬᠢᠨ ᠰᠡᠳᠬᠢᠯ | ᠨᠢᠭᠡᠳᠦᠨ ᠬᠠᠮᠲᠤ ᠪᠠᠷ ᠤᠷᠤᠭᠰᠢᠯᠠᠵᠤ᠂ ᠰᠠᠯᠬᠢ ᠪᠣᠷᠣᠭᠠᠨ ᠢ ᠲᠤᠭᠤᠯᠵᠤ᠂ ᠤᠯᠠᠨ ᠡᠭᠡᠯᠵᠢ ᠶᠢᠨ ᠪᠠᠶᠢᠴᠠᠭᠠᠯᠲᠠ | ᠳᠤᠮᠳᠠ ᠰᠠᠭᠤᠷᠢ ᠪᠠᠨ ᠪᠠᠬᠢᠵᠢᠭᠦᠯᠵᠦ᠂ ᠲᠡᠰ ᠳᠠᠪᠬᠤᠷᠭ᠎ᠠ ᠶᠢᠨ ᠰᠢᠯᠭᠠᠨ ᠠᠪᠬᠤ ᠳᠤᠮᠳᠠ ᠲᠡᠭᠦᠯᠳᠡᠷᠵᠢᠭᠦᠯᠦᠨ | ᠳᠡᠭᠡᠭᠰᠢᠯᠡᠭᠦᠯᠦᠭᠰᠡᠨ ᠪᠠᠶᠢᠨ᠎ᠠ᠂ ᠰᠡᠳᠬᠢᠯ ᠢ ᠳᠤᠯᠠᠭᠠᠴᠠᠭᠤᠯᠬᠤ ᠨᠢᠭᠡ ᠨᠢᠭᠡ ᠲᠤᠭᠲᠤᠢ ᠪᠢᠴᠢᠭ ᠬᠥᠮᠦᠰ ᠢ | ᠳᠤᠭᠳᠤᠯᠠᠭᠤᠯᠵᠤ᠂ ᠠᠷᠤ ᠳᠠᠬᠢ ᠦᠯᠢᠭᠡᠷ ᠪᠦᠬᠦᠨ ᠨᠢ ᠬᠥᠮᠦᠰ ᠤᠨ ᠰᠡᠳᠬᠢᠯ ᠢ ᠬᠥᠳᠡᠯᠭᠡᠵᠦ᠂ ᠰᠢᠨ᠎ᠡ ᠴᠠᠭ ᠦᠶ᠎ᠡ | ᠶᠢᠨ ᠣᠩᠨᠢᠭᠤᠳ ᠬᠤᠰᠢᠭᠤᠨ ᠤ ᠺᠠᠳ᠋ᠷ ᠤᠯᠠᠨ ᠲᠦᠮᠡᠨ ᠤ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠣᠯᠤᠨ | ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠡᠢ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ | ᠢ ᠲᠥᠯᠥᠭᠡᠯᠡᠨ᠂ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠠᠮᠵᠢᠵᠤ | ᠪᠠᠶᠢᠭ᠎ᠠ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠡᠲᠡᠭᠡᠳ ᠤᠨ ᠨᠠᠶᠢᠵᠠ ᠨᠥᠬᠦᠳ ᠲᠤ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠰᠡᠷᠭᠡᠭ ᠢᠶᠠᠷ ᠣᠯᠵᠤ ᠲᠠᠨᠢᠭᠰᠠᠨ ᠨᠢ᠄ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠪᠠᠰᠠ ᠮᠠᠰᠢ ᠣᠯᠠᠨ ᠪᠠᠴᠢᠮ ᠰᠢᠶᠳᠪᠦᠷᠢᠯᠡᠬᠦ | ᠴᠢᠬᠤᠯᠠᠲᠠᠶ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠨ᠎ᠠ᠂ ᠨᠢᠭᠡ ᠳᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠳᠤ ᠪᠦᠳᠦᠭᠡᠨ ᠪᠠᠶᠢᠭᠤᠯᠬᠤ ᠳᠤ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠠᠵᠢᠯ ᠦᠢᠯᠡᠰ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠪᠠᠭ᠎ᠠ ᠪᠣᠰᠤ ᠳᠤᠲᠠᠭᠳᠠᠯ ᠲᠠᠢ ᠲᠠᠯ᠎ᠠ ᠶᠢ ᠨᠥᠬᠦᠪᠦᠷᠢᠯᠡᠬᠦ | ᠴᠢᠬᠤᠯᠠᠲᠠᠢ᠂ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠰᠡᠭᠦᠯᠴᠢ ᠶᠢᠨ | ᠬᠤᠭᠤᠴᠠᠭᠠᠨ ᠤ ᠪᠠᠲᠤᠳᠬᠠᠨ ᠳᠡᠭᠡᠭᠰᠢᠯᠡᠭᠦᠯᠬᠦ ᠡᠭᠦᠷᠬᠡ ᠮᠦᠨᠴᠦ ᠬᠦᠨᠳᠦ ᠪᠠᠶᠢᠨ᠎ᠠ᠂ ᠶᠠᠳᠠᠭᠤ ᠬᠦᠴᠢᠷᠲᠠᠢ ᠤᠯᠠᠨ | ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠰᠠᠭᠤᠷᠢ ᠪᠠᠰᠠᠴᠦ ᠪᠠᠲᠤ ᠪᠠᠬᠢ ᠪᠢᠰᠢ᠂ ᠭᠤᠷᠪᠠ ᠳᠤ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠮᠦᠨᠡᠬᠢ ᠬᠤᠭᠤᠴᠠᠭᠠᠨ ᠤ ᠠᠵᠢᠯ ᠬᠠᠷᠢᠴᠠᠩᠭᠤᠢ ᠪᠠᠷ ᠤᠳᠠᠭᠠᠨ | ᠂ ᠠᠵᠤ ᠠᠬᠤᠢ ᠶᠢᠨ ᠡᠷᠭᠢᠯᠲᠡ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠨ᠂ ᠲᠤᠭᠲᠠᠭᠤᠨ | ᠨᠡᠮᠡᠭᠳᠡᠯ ᠤᠨ ᠳᠠᠷᠤᠯᠲᠠ ᠦᠷᠭᠦᠯᠵᠢᠯᠡᠨ ᠶᠡᠬᠡᠰᠪᠡ᠃ ᠳᠥᠷᠪᠡ ᠳᠤ᠂ ᠥᠷᠢ ᠥᠭᠴᠡᠭᠡ ᠶᠢ ᠠᠷᠢᠯᠭᠠᠬᠤ᠂ | ᠪᠣᠬᠢᠷᠲᠤᠯ ᠢ ᠰᠡᠷᠭᠡᠶᠢᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠵᠡᠷᠬᠡ ᠠᠵᠢᠯ ᠤᠨ ᠪᠠᠶᠢᠳᠠᠯ ᠪᠠᠰᠠᠴᠦ ᠬᠦᠨᠳᠦ | ᠨᠣᠴᠢᠲᠠᠢ ᠪᠠᠶᠢᠨ᠎ᠠ᠃ ᠲᠠᠪᠤ ᠳᠤ᠂ ᠠᠷᠠᠯᠵᠢᠶᠠᠨ ᠤ ᠣᠷᠴᠢᠨ ᠲᠤᠭᠤᠷᠢᠨ ᠢ ᠨᠡᠩ ᠢᠯᠡᠭᠦᠦ ᠰᠢᠯᠢᠳᠡᠭᠵᠢᠭᠦᠯᠬᠦ | ᠴᠢᠬᠤᠯᠠᠲᠠᠢ᠂ ᠠᠷᠠᠳ ᠲᠦᠮᠡᠨ ᠳᠤ ᠬᠠᠩᠭᠠᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠤᠨ ᠢ | ᠪᠠᠶᠢᠭᠤᠯᠬᠤ ᠳᠤ ᠨᠡᠩ ᠢᠯᠡᠭᠦᠦ ᠴᠢᠷᠮᠠᠶᠢᠯᠭ᠎ᠠ ᠭᠠᠷᠭᠠᠬᠤ ᠴᠢᠬᠤᠯᠠᠲᠠᠢ ᠵᠡᠷᠭᠡ᠃ ᠡᠭᠦᠨ ᠳᠤ ᠪᠢᠳᠡ ᠠᠰᠠᠭᠤᠳᠠᠯ ᠳᠤ | ᠰᠢᠭᠤᠳ ᠬᠠᠨᠳᠤᠵᠤ᠂ ᠢᠳᠡᠪᠬᠢᠲᠡᠢ ᠦᠢᠯᠡᠳᠦᠯ ᠭᠠᠷᠭᠠᠵᠤ᠂ ᠪᠤᠳᠠᠳᠠᠢ ᠦᠷ᠎ᠡ ᠪᠦᠲᠦᠮᠵᠢ ᠪᠠᠷ ᠠᠵᠢᠯ ᠤᠨ | ᠳᠡᠭᠡᠭᠰᠢᠯᠯᠡᠲᠡ ᠶᠢ ᠲᠦᠯᠬᠢᠨ ᠠᠬᠢᠭᠤᠯᠵᠤ᠂ ᠠᠷᠠᠳ ᠣᠯᠠᠨ ᠳᠤ ᠬᠠᠨᠤᠮᠵᠢᠲᠠᠢ ᠪᠠᠶᠢᠯᠭᠠᠨ᠎ᠠ᠃ | ᠬᠤᠶᠠᠷ᠂ 2020 ᠣᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠂ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠮᠥᠨ᠂ ᠪᠦᠬᠦ | ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠪᠥᠭᠡᠳ ᠠᠯᠤᠰ ᠬᠡᠳᠦ ᠶᠢᠨ ᠠᠴᠢ | ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ | ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ | ᠪᠣᠳᠣᠯᠭ᠎ᠠ ᠶᠢ ᠡᠷᠡᠰ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠵᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ | ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ | ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ | ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃ | ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6.5% | ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6% ᠣᠷᠴᠢᠮ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8 % | ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ | 10% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 8% ᠪᠠ 10% ᠣᠷᠴᠢᠮ ᠨᠡᠮᠡᠭᠳᠡᠭᠦᠯᠦᠨ᠎ᠡ᠃ | ᠵᠢᠯ ᠤᠨ ᠡᠬᠢᠨ ᠠᠴᠠ ᠨᠠᠭᠠᠰᠢ᠂ ᠪᠥᠬᠦ ᠬᠤᠰᠢᠭᠤᠨ ᠤ ᠬᠢᠨ ᠦᠳᠲᠡᠷ ᠲᠦᠷᠭᠡᠨ ᠬᠥᠳᠡᠯᠦᠯᠴᠡᠵᠦ᠂ ᠣᠯᠠᠨ ᠤ | ᠵᠣᠷᠢᠭ ᠨᠢᠭᠡᠳᠴᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠤᠷᠢᠭᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠦᠴᠦᠲᠡᠶ ᠪᠠᠲᠤᠯᠠᠪᠠ᠃ ᠣᠳᠣᠬᠠᠨ ᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠲᠦᠪᠡᠭ ᠪᠣᠳᠤᠯᠢᠶᠠᠨᠲᠠᠢ ᠪᠠᠶᠢᠨ᠎ᠠ᠂ ᠪᠢᠳᠡ | ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠤᠢ ᠪᠣᠯᠭᠠᠵᠤ᠂ ᠬᠢᠴᠢᠶᠡᠩᠭᠦᠢ ᠪᠣᠯᠭᠤᠮᠵᠢᠲᠠᠶ ᠪᠠᠶᠢᠵᠤ᠂ | ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ | ᠰᠡᠷᠭᠡᠶᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠠᠳ ᠤᠨ ᠳᠠᠶᠢᠨ᠂ ᠶᠡᠷᠦᠩᠬᠡᠶ ᠲᠠᠶᠢᠯᠠᠯᠳᠤᠭᠠᠨ᠂ ᠬᠤᠷᠢᠭᠯᠠᠯᠲᠠ ᠶᠢᠨ ᠲᠠᠶᠢᠯᠠᠯᠳᠤᠭᠠᠨ ᠤ ᠢᠯᠠᠯᠲᠠ ᠶᠢ ᠵᠠᠪᠠᠯ | ᠤᠯᠬᠤ ᠬᠡᠷᠡᠭᠲᠡᠶ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠳᠣᠣᠷᠠᠬᠢ ᠲᠠᠪᠤᠨ ᠲᠠᠯ᠎ᠠ᠂ | 17 ᠵᠦᠢᠯ ᠤᠨ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | ︵ᠨᠢᠭᠡ︶ ᠪᠤᠭᠤᠮᠲᠠ ᠰᠢᠪᠲᠤᠯᠬᠤ ᠲᠣᠭᠲᠠᠯ ᠬᠦᠴᠦᠨ ᠢᠶᠠᠨ ᠪᠠᠲᠤᠯᠠᠵᠤ᠂ ᠭᠤᠷᠪᠠᠨ ᠶᠡᠭᠡ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠪᠠᠲᠤᠳᠬᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠳᠥᠷᠪᠡ | ᠶᠢ ᠲᠡᠪᠴᠢᠬᠦ ᠦᠭᠡᠢ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠫᠠᠶᠢᠰᠠ ᠡᠯᠬᠦᠵᠦ | ᠪᠠᠶᠢᠯᠳᠤᠬᠤ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠨᠡᠶᠢᠳᠡᠮ | ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠪᠠ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠤᠯᠲᠠ ᠶᠢᠨ ᠲᠤᠰᠬᠠᠶ ᠲᠣᠭᠤᠷᠢᠨ | ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ 2019 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠦᠷ᠎ᠡ | ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠦᠯᠡᠳᠡᠭᠰᠡᠨ 1158 ᠡᠷᠦᠬᠡ ᠶᠢᠨ 2370 ᠶᠠᠳᠠᠭᠤ | ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠲᠤᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠢ ᠬᠥᠳᠡᠯᠦᠩᠭᠦᠶ ᠪᠠᠷ ᠬᠠᠮᠢᠶᠠᠷᠴᠤ ᠬᠢᠨᠠᠨ ᠬᠡᠮᠵᠢᠬᠦ | ᠲᠣᠭᠲᠠᠴᠠ ᠶᠢ ᠪᠦᠷᠢᠨᠰᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠬᠡᠮᠵᠢᠬᠦ ᠡᠷᠦᠬᠡ ᠪᠠ ᠵᠠᠬ᠎ᠠ ᠬᠢᠵᠠᠭᠠᠷ | ᠡᠷᠦᠬᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠵᠠᠮ ᠳᠡᠭᠡᠷ᠎ᠡ | ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠭᠡᠭᠡᠭᠳᠡᠭᠦᠯᠬᠦ ᠥᠬᠡᠶ ᠪᠠᠶᠢᠬᠤ ᠶᠢ ᠦᠨᠡᠨᠬᠦ | ᠪᠠᠲᠤᠯᠠᠨ᠎ᠠ᠃ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ | ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ 3.5 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠵᠤ ᠶᠠᠩ ᠵᠢᠶᠠ ᠶᠢᠩᠽᠢ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠤᠭᠤᠷᠢᠭ ᠤᠨ | ᠲᠦᠬᠦᠭᠡᠷᠦᠮᠵᠢᠳᠦ ᠲᠤᠭᠤᠷᠢᠭ᠂ 5000 ᠲᠤᠯᠤᠭᠠᠢ ᠠᠩᠭᠧᠰ ᠮᠢᠬᠠᠨ ᠦᠬᠡᠷ ᠲᠡᠵᠢᠭᠡᠨ ᠦᠡᠷᠡᠵᠢᠭᠦᠯᠬᠦ᠂ | ᠠᠰᠢᠬᠠᠨ ᠤ 2 ᠲᠦᠮᠡᠨ ᠺᠢᠯᠤᠸᠣᠯᠲ ᠤᠨ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠵᠡᠷᠭᠡ ᠭᠤᠣᠯᠳᠠᠯᠭ᠎ᠠ ᠲᠠᠢ | ᠠᠵᠤ ᠦᠢᠯᠡᠰ ᠤᠨ ᠲᠦᠷᠦᠯ ᠵᠦᠢᠯ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠠᠵᠤ ᠦᠶᠯᠡᠰ ᠤᠨ | ᠬᠡᠯᠬᠢᠶᠡᠵᠢᠯ ᠳᠤ ᠳᠠᠭᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠭ᠎ᠠ ᠶᠢᠨ ᠰᠠᠭᠤᠷᠢ | ᠮᠥᠩᠭᠦ ᠪᠠᠶᠢᠭᠤᠯᠵᠤ᠂ ᠶᠡᠷᠦᠩᠬᠡᠶᠢᠯᠡᠭᠰᠡᠨ ᠦᠨᠳᠦᠰᠦᠨ ᠵᠦᠶᠯ ᠢ ᠪᠠᠲᠤᠯᠠᠬᠤ ᠴᠢᠳᠠᠪᠤᠷᠢ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ | ᠪᠣᠯᠤᠨ ᠲᠥᠪ ᠤᠨ ᠠᠵᠤ ᠠᠬᠤᠶᠢᠯᠠᠯ ᠤᠨ ᠴᠢᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ | ᠲᠤᠰᠬᠠᠶ ᠵᠦᠶᠯ ᠢᠶᠠᠷ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠤᠨ | ᠶᠠᠳᠠᠭᠤ ᠶᠢ ᠲᠡᠳᠬᠦᠬᠦ ︽ᠭᠤᠷᠪᠠ ᠶᠢ ᠨᠢᠭᠡ ᠴᠤᠭᠴᠠᠵᠢᠭᠤᠯᠬᠤ︾ ᠪᠠᠶᠢᠷᠢᠰᠢᠯ ᠢ ᠪᠦᠷᠢᠨᠰᠢᠭᠦᠯᠦᠨ᠎ᠡ᠃ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠳᠡᠳᠬᠦᠬᠦ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠠᠲᠤᠯᠠᠵᠤ᠂ ᠭᠠᠴᠠᠭ᠎ᠠ ᠲᠣᠰᠬᠤᠨ ᠤ ᠬᠠᠮᠲᠤ | ᠶᠢᠨ ᠠᠵᠤ ᠠᠬᠤᠢ ᠶᠢᠨ ᠣᠷᠣᠯᠭ᠎ᠠ ᠶᠢ ᠪᠦᠲᠦᠮᠵᠢᠲᠡᠶ ᠨᠡᠮᠡᠭᠳᠡᠭᠦᠯᠦᠨ᠎ᠡ᠃ ᠰᠠᠭᠤᠷᠢ ᠲᠥᠬᠦᠭᠡᠷᠦᠮᠵᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ | ᠵᠢᠷᠤᠮ ᠲᠠᠢ ᠵᠣᠯᠭᠠᠭᠤᠯᠬᠤ ᠶᠢ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠠᠵᠢᠯ ᠢ ᠭᠦᠨᠵᠡᠭᠡᠢ ᠠᠬᠢᠭᠤᠯᠤᠨ᠎ᠠ᠃ ᠠᠮᠢ | ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠡᠷᠡᠰ | ᠭᠤᠶᠢᠪᠢᠰᠢ ᠥᠬᠡᠶ ᠲᠤᠤᠱᠯᠠᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠲᠥᠪ ᠬᠤᠷᠢᠶ᠎ᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠳᠠᠬᠢ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠬᠥᠬᠡ ᠣᠭᠲᠠᠷᠭᠤᠶ᠂ | ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠡᠷᠡᠰ ᠰᠠᠶᠢᠲᠤᠷ ᠬᠢᠨ᠎ᠠ᠃ ᠬᠤᠲᠠ ᠲᠣᠭᠤᠷᠢᠭ ᠤᠨ | ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠲᠣᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠪᠦᠯ | ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢ ᠢᠳᠡᠪᠬᠢᠲᠡᠶ ᠳᠡᠯᠭᠡᠷᠡᠭᠦᠯᠵᠦ᠂ ᠬᠤᠲᠠ ᠶᠢᠨ ᠲᠣᠭᠤᠷᠢᠭ ᠤᠨ ᠠᠭᠠᠷ ᠤᠨ | ᠴᠢᠨᠠᠷ ᠴᠢᠨᠰᠠᠭ᠎ᠠ ᠶᠢ ᠲᠠᠰᠤᠷᠠᠯᠲᠠ ᠤᠢᠭᠡᠢ ᠰᠠᠶᠢᠵᠢᠷᠠᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ | ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠤᠢ ᠬᠤᠷᠤᠢ ᠦᠭᠡᠢ ᠪᠠᠶᠢᠳᠠᠯ ᠢ | ᠴᠡᠪᠡᠷᠯᠡᠬᠦ︾ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠴᠦᠨᠳᠦᠪ ᠤᠨ ᠭᠤᠣᠯ ᠤᠨ ᠪᠣᠬᠢᠷ ᠤᠰᠤ ᠶᠢ | ᠬᠤᠷᠢᠶᠠᠨ ᠴᠤᠭᠯᠠᠭᠤᠯᠬᠤ ᠶᠢ ᠶᠡᠷᠦᠩᠬᠡᠶᠢᠯᠡᠨ ᠵᠠᠰᠠᠬᠤ᠂ ᠲᠤᠮᠳᠠᠬᠢ ᠤᠰᠤ ᠶᠢ ᠳᠠᠬᠢᠨ ᠠᠰᠢᠭᠯᠠᠬᠤ ᠬᠤᠭᠤᠯᠠᠢ ᠶᠢᠨ | ᠲᠣᠣᠷ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠥᠳᠡᠭᠡ ᠶᠢᠨ ᠭᠠᠵᠠᠷ ᠳᠣᠣᠷᠠᠬᠢ | ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠂ ᠪᠤᠷᠤᠬᠤᠳᠠ ᠪᠣᠬᠢᠷ ᠤᠰᠤ | ᠰᠢᠢᠳᠪᠦᠷᠢᠯᠡᠬᠦ ᠦᠶᠯᠡᠳᠪᠦᠷᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢ ᠢᠳᠡᠪᠬᠢᠲᠠᠢ ᠠᠬᠢᠭᠤᠯᠵᠤ᠂ ᠭᠤᠳᠠᠭᠠᠷ ᠭᠦᠩ | ᠪᠠᠯᠭᠠᠰᠤ ᠵᠡᠷᠭᠡ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠲᠥᠷᠦᠯ ᠵᠦᠢᠯ ᠢ ᠪᠠᠶᠢᠭᠤᠯᠵᠤ᠂ ᠪᠦᠬᠦ | ᠬᠤᠰᠢᠭᠤᠨ ᠤ ᠤᠰᠤᠨ ᠤ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ | ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ | ᠪᠣᠷᠳᠣᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ | ᠬᠢᠵᠠᠭᠠᠷᠯᠠᠬᠤ ᠠᠵᠢᠯᠯᠠᠭ᠎ᠠ ᠶᠢ ᠠᠬᠢᠭᠤᠯᠵᠤ᠂ ᠬᠥᠷᠥᠰᠥ ᠰᠢᠷᠣᠶ ᠶᠢᠨ ᠣᠷᠴᠢᠨ ᠲᠤᠭᠤᠷᠢᠨ ᠤ ᠶᠠᠰᠤ ᠴᠢᠨᠠᠷ | ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ᠂ ᠪᠣᠬᠢᠷᠲᠤᠯ ᠥᠬᠡᠶ ᠠᠭᠤᠷᠬᠠᠶ᠂ ᠯᠤᠤᠬ᠎ᠠ ᠶᠢᠨ ᠭᠤᠤᠯ ᠤᠨ ᠳᠡᠭᠡᠳᠦ ᠤᠷᠤᠰᠬᠠᠯ ᠤᠨ ᠠᠮᠢ | ᠠᠬᠤᠶ ᠶᠢᠨ ᠬᠠᠮᠠᠭᠠᠯᠠᠯᠲᠠ ᠬᠢᠭᠡᠳ ᠣᠷᠴᠢᠨ ᠠᠬᠤᠶ ᠶᠢᠨ ᠴᠡᠭᠴᠡᠯᠡᠨ ᠵᠠᠰᠠᠯᠲᠠ ᠵᠡᠷᠭᠡ ᠲᠤᠰᠬᠠᠢ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠵᠢᠴᠢ ᠬᠠᠷᠢᠭᠤᠴᠠᠯᠭ᠎ᠠ ᠦᠭᠡᠢ ᠠᠭᠤᠷᠬᠠᠢ ᠪᠠ | ᠳᠦᠷᠢᠮ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠠᠭᠤᠷᠬᠠᠢ ᠶᠢ ᠵᠠᠰᠠᠬᠤ ᠶᠢ ᠪᠡᠶᠡᠯᠡᠭᠦᠯᠵᠦ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠪᠠ ᠲᠠᠷᠢᠶᠠᠨ ᠭᠠᠵᠠᠷ ᠢ ᠨᠦᠭᠡᠴᠡᠯᠡᠬᠦ ᠲᠥᠷᠥᠯ ᠵᠦᠢᠯ ᠢ 1 ᠲᠦᠮᠡᠨ ᠮᠦ ᠠᠴᠠ ᠳᠡᠭᠡᠭᠰᠢ | ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠦᠨᠢᠳᠡ ᠶᠢᠨ ᠰᠠᠭᠤᠷᠢ ᠲᠠᠷᠢᠶᠠᠨ | ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠵᠡᠷᠭᠡ ᠭᠤᠷᠪᠠᠨ ᠵᠣᠷᠪᠤᠰ ᠬᠢᠵᠠᠭᠠᠷᠯᠠᠬᠤ ᠱᠤᠭᠤᠮ ᠢ | ᠨᠢᠭᠡᠳᠦᠯᠲᠡᠢ ᠳᠤ ᠲᠥᠯᠥᠪᠵᠢᠭᠦᠯᠦᠨ ᠲᠣᠭᠲᠠᠭᠠᠵᠤ᠂ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠶᠡᠷᠦᠩᠬᠡᠢ ᠲᠥᠯᠥᠪᠵᠢᠭᠦᠯᠭᠡ ᠶᠢ ᠨᠠᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠵᠦ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ︽ᠭᠤᠷᠪᠠ ᠶᠢ ᠵᠡᠷᠭᠡᠪᠡᠷ ᠬᠢᠬᠦ︾ ᠳᠦᠷᠢᠮ ᠪᠠ ᠠᠮᠢ | ᠠᠬᠤᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ | ᠲᠣᠭᠲᠠᠭᠠᠯ ᠠᠴᠠ ᠵᠥᠷᠢᠴᠡᠨ ᠠᠮᠢ ᠠᠬᠤᠢ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ ᠡᠷᠡᠰ ᠴᠣᠬᠢᠯᠲᠠ | ᠥᠭᠴᠦ ᠴᠡᠭᠴᠡᠯᠡᠨ ᠵᠠᠰᠠᠵᠤ᠂ ᠣᠩᠨᠢᠭᠤᠳ ᠬᠤᠰᠢᠭᠤᠨ ᠤ ᠪᠠᠨ ᠬᠦᠬᠡᠮᠳᠦᠭ ᠨᠣᠭᠤᠭᠠᠨ ᠠᠭᠤᠯᠠ ᠤᠰᠤ ᠶᠢ ᠰᠠᠬᠢᠨ | ᠬᠠᠮᠠᠭᠠᠯᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠡᠬᠢ ᠰᠤᠷᠪᠤᠯᠵᠢ ᠶᠢ | ᠨᠡᠭᠡᠭᠡᠬᠦ ᠪᠠ ᠡᠬᠢ ᠰᠤᠷᠪᠤᠯᠵᠢ ᠶᠢ ᠠᠷᠪᠢᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ ᠡᠳ᠋ ᠤᠨ ᠵᠠᠰᠠᠭ | ᠤᠨ ᠦᠯᠡᠳᠡᠭᠡᠯ ᠪᠡᠯᠡ ᠮᠥᠩᠭᠦ ᠶᠢ ᠠᠮᠢᠳᠤᠯᠢᠭ ᠪᠣᠯᠭᠠᠬᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ | ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠡᠳ᠋ ᠤᠨ ᠵᠠᠰᠠᠭ ᠤᠨ ᠪᠡᠯᠡ ᠮᠥᠩᠭᠦ ᠪᠠ ᠭᠠᠶᠢᠯᠢ | ᠰᠦᠶᠳᠬᠡᠯ ᠢ ᠢᠯᠭᠠᠷᠠᠭᠤᠯᠤᠨ ᠪᠠᠶᠢᠴᠠᠭᠠᠵᠤ ᠥᠷᠢ ᠰᠢᠷᠢ ᠶᠢ ᠠᠷᠢᠯᠭᠠᠬᠤ ᠭᠤᠷᠪᠠᠨ ᠲᠤᠰᠬᠠᠶ ᠠᠵᠢᠯᠯᠠᠭ᠎ᠠ ᠶᠢ | ᠭᠦᠨᠵᠡᠭᠡᠶ ᠲᠦᠯᠬᠢᠨ ᠠᠬᠢᠭᠤᠯᠵᠤ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠪᠠ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠳᠠᠯᠳᠠ ᠴᠢᠨᠠᠷᠲᠠᠶ ᠥᠷᠢ ᠥᠭᠴᠡᠭᠡ | ᠶᠢ ᠰᠣᠯᠢᠬᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠭᠠᠵᠠᠷ ᠰᠢᠷᠣᠶ ᠶᠢᠨ ᠡᠬᠢ ᠪᠠᠶᠠᠯᠢᠭ ᠪᠠ ᠤᠯᠤᠰ | ᠤᠨ ᠥᠮᠴᠢᠯᠡᠯ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ | ᠵᠢᠯ ᠤᠨ ᠳᠣᠲᠣᠷ᠎ᠠ 5.9 ᠳ᠋ᠦᠩᠰᠢᠭᠤᠷ ᠲᠦᠭᠦᠷᠢᠭ ᠠᠴᠠ ᠳᠡᠭᠡᠭᠰᠢ ᠥᠷᠢ ᠰᠢᠷᠢ ᠠᠷᠢᠯᠭᠠᠨ᠎ᠠ᠃ ︽ᠭᠤᠷᠪᠠ ᠶᠢ | ᠪᠠᠲᠤᠯᠠᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳ᠋ ᠤᠨ ᠢᠷᠡᠯᠲᠡ ᠶᠢᠨ ᠪᠠᠶᠢᠭᠤᠯᠤᠯᠲᠠ | ᠶᠢ ᠴᠢᠩᠭᠠᠳᠬᠠᠨ᠂ ᠭᠠᠶᠢᠯᠢ ᠶᠢᠨ ᠢᠷᠡᠯᠲᠡ ᠶᠢ ᠭᠦᠨᠵᠡᠭᠡᠶ ᠠᠭᠤᠳᠠᠯᠬᠤ ᠪᠠ ᠪᠤᠶᠢᠵᠢᠭᠤᠯᠵᠤ᠂ ᠭᠠᠶᠢᠯᠢ | ᠲᠠᠲᠠᠪᠤᠷᠢᠯᠠᠵᠤ ᠲᠤᠰᠢᠶᠠᠬᠤ ᠪᠠ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠵᠤ ᠬᠠᠮᠢᠶᠠᠷᠬᠤ ᠶᠢ ᠴᠢᠩᠳᠠᠯᠠᠵᠤ᠂ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠣᠷᠣᠨ ᠨᠤᠲᠤᠭ ᠤᠨ ᠬᠡᠷᠡᠭᠯᠡᠵᠦ ᠪᠣᠯᠬᠤ ᠡᠳ᠋ ᠤᠨ ᠬᠦᠴᠦᠨ ᠢ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠨᠠᠮᠳᠠᠭᠤᠯᠤᠨ᠎ᠠ᠃ ᠥᠷᠢ ᠥᠭᠴᠡᠭᠡ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠤᠭᠲᠠᠴᠠ ᠶᠢ | ᠪᠦᠷᠢᠨᠰᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠠᠵᠢᠯᠯᠠᠭ᠎ᠠ ᠡᠭᠦᠰᠬᠦ ᠶᠢ ᠡᠷᠡᠰ | ᠬᠤᠷᠢᠭᠯᠠᠨ᠎ᠠ᠃ ᠪᠠᠩᠬᠢ ᠶᠢᠨ ᠢᠲᠡᠭᠡᠮᠵᠢᠲᠦ ᠵᠢᠭᠡᠯᠡᠯᠭᠡ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠢᠨᠲ᠋ᠧᠷ | ᠰᠦᠯᠵᠢᠶᠡᠨ ᠤ ᠮᠥᠩᠭᠦᠨ ᠭᠦᠶᠯᠭᠡᠭᠡ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠵᠡᠷᠭᠡ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ | ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ | ᠡᠷᠡᠰ ᠰᠠᠬᠢᠨ᠎ᠠ᠃ | ︵ᠬᠤᠶᠠᠷ︶ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠬᠦ ᠶᠢ ᠪᠠᠷᠢᠮᠲᠠᠯᠠᠨ᠂ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ | ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠣᠷᠣᠰᠢᠨ | ᠰᠠᠭᠤᠬᠤ ᠳᠤ ᠲᠣᠬᠢᠷᠠᠮᠵᠢᠲᠠᠶ ᠵᠢᠭᠤᠯᠴᠢᠯᠠᠬᠤ ᠳᠤ ᠲᠣᠬᠢᠷᠠᠮᠵᠢᠲᠠᠶ ᠰᠣᠶᠣᠯ ᠤᠨ ᠵᠢᠭᠤᠯᠴᠢᠯᠠᠯ ᠤᠨ ᠬᠤᠲᠠ ᠶᠢ | ᠪᠠᠶᠢᠭᠤᠯᠬᠤ ᠳᠤ ᠰᠠᠭᠤᠷᠢᠯᠠᠨ᠂ ᠬᠤᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠬᠤᠲᠠ ᠶᠢᠨ ᠠᠵᠤ ᠠᠬᠤᠢ ᠶᠢ ᠬᠦᠴᠦ ᠪᠠᠨ ᠲᠥᠪᠯᠡᠷᠡᠭᠦᠯᠦᠨ ᠬᠥᠭᠵᠢᠭᠦᠯᠵᠦ᠂ ᠪᠥᠬᠦ ᠣᠷᠳᠣ ᠨᠢ 36 ᠺᠢᠯᠤᠮᠧᠲᠷ | ᠤᠨ ᠬᠤᠲᠠ ᠶᠢᠨ ᠭᠠᠳᠠᠨᠠᠬᠢ ᠲᠣᠭᠤᠷᠢᠯ ᠵᠠᠮ ᠳᠤ ᠲᠦᠰᠢᠭᠯᠡᠨ᠂ ᠪᠣᠷᠣᠬᠤᠲᠠ ᠶᠢᠨ ᠬᠤᠲᠠ ᠲᠣᠭᠤᠷᠢᠭ ᠤᠨ ᠬᠤᠲᠠ | ᠲᠣᠭᠤᠷᠢᠭᠰᠠᠨ ᠠᠵᠤ ᠦᠢᠯᠡᠰ ᠤᠨ ᠪᠦᠰᠡ ᠶᠢ ᠲᠦᠷᠭᠡᠳᠬᠡᠨ ᠪᠣᠶᠢᠵᠢᠭᠤᠯᠵᠤ᠂ ᠠᠵᠤ ᠦᠢᠯᠡᠰ ᠤᠨ ᠬᠥᠭᠵᠢᠯᠲᠡ | ᠶᠢᠨ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠤᠨ᠎ᠠ᠃ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠥᠭᠡᠷᠡᠴᠢᠯᠡᠨ ᠰᠢᠨᠡᠳᠬᠡᠬᠦ ᠪᠠ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ | ᠪᠣᠷᠣᠬᠤᠲᠠ ᠶᠢᠨ ᠬᠤᠲᠠ ᠲᠣᠭᠤᠷᠢᠭ ᠤᠨ ᠬᠤᠶᠢᠲᠤ ᠬᠤᠲᠠ ᠲᠣᠭᠤᠷᠢᠭ ᠤᠨ ᠬᠡᠰᠡᠭ ᠢ ᠨᠡᠭᠡᠭᠡᠨ ᠬᠥᠭᠵᠢᠭᠦᠯᠬᠦ | ᠭᠤᠣᠯ ᠤᠨ ᠡᠮᠦᠨᠡᠲᠦ ᠬᠡᠰᠡᠭ ᠢ ᠪᠦᠯᠬᠦᠮ ᠪᠠᠶᠢᠭᠤᠯᠵᠤ ᠲᠥᠯᠥᠪᠵᠢᠭᠦᠯᠬᠦ ᠶᠢ ᠠᠯᠬᠤᠮ ᠳᠠᠷᠠᠭ᠎ᠠ ᠲᠦᠯᠬᠢᠨ | ᠠᠬᠢᠭᠤᠯᠵᠤ ᠬᠤᠲᠠ ᠶᠢᠨ ᠬᠥᠭᠵᠢᠯᠲᠡ ᠶᠢᠨ ᠪᠣᠷᠣ ᠲᠥᠯᠥᠪ ᠢ ᠲᠠᠰᠤᠷᠠᠯᠲᠠ ᠦᠭᠡᠢ ᠶᠡᠬᠡᠰᠬᠡᠨ᠎ᠡ᠂ ᠬᠤᠲᠠ ᠶᠢᠨ | ᠲᠣᠭᠤᠷᠢᠭ ᠤᠨ ᠬᠥᠭᠵᠢᠯᠲᠡ ᠳᠤ ᠣᠷᠣᠨ ᠵᠠᠶ ᠤᠷᠢᠳᠴᠢᠯᠠᠨ ᠦᠯᠡᠳᠡᠭᠡᠵᠦ᠂ ᠬᠤᠲᠠ ᠶᠢᠨ ᠠᠵᠤ ᠠᠬᠤᠢ ᠶᠢᠨ | ᠬᠥᠭᠵᠢᠯᠲᠡ ᠶᠢᠨ ᠴᠣ ᠰᠢᠨ᠎ᠡ ᠨᠡᠮᠡᠭᠳᠡᠯ ᠤᠨ ᠲᠤᠶᠢᠯ ᠢ ᠬᠦᠴᠦ ᠪᠠᠨ ᠲᠥᠪᠯᠡᠷᠡᠭᠦᠯᠦᠨ ᠪᠣᠶᠢᠵᠢᠭᠤᠯᠵᠤ᠂ ᠠᠵᠤ | ᠦᠶᠯᠡᠳᠪᠦᠷᠢ ᠪᠠᠷ ᠬᠤᠲᠠ ᠶᠢ ᠬᠥᠭᠵᠢᠭᠦᠯᠬᠦ᠂ ᠬᠤᠲᠠ ᠪᠠᠷ ᠦᠶᠯᠡᠳᠪᠦᠷᠢᠯᠡᠯ ᠢ ᠠᠬᠢᠭᠤᠯᠬᠤ᠂ ᠠᠵᠤ ᠦᠶᠯᠡᠰ | ᠬᠤᠲᠠ ᠶᠢ ᠠᠭᠤᠰᠤᠯᠴᠠᠭᠤᠯᠤᠭᠰᠠᠨ ᠲᠥᠪᠯᠡᠷᠡᠩᠭᠦᠶ ᠪᠥᠭᠡᠳ ᠡᠷᠴᠢᠮᠯᠢᠭ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠬᠦ ᠶᠢ ᠠᠬᠢᠭᠤᠯᠤᠨ᠎ᠠ᠃ | ᠠᠵᠤ ᠦᠶᠯᠡᠳᠪᠦᠷᠢ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠠᠵᠤ | ᠦᠶᠯᠡᠳᠪᠦᠷᠢ ᠶᠢᠨ ᠠᠵᠤ ᠠᠬᠤᠶ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠭᠦᠨᠵᠡᠭᠡᠶ ᠨᠠᠶᠢᠳᠠᠪᠤᠷᠢᠵᠢᠭᠤᠯᠵᠤ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠮᠧᠬᠠᠨᠢᠭ ᠦᠢᠯᠡᠳᠬᠦ᠂ ᠴᠡᠪᠡᠷ | ᠡᠨᠧᠷᠭᠢ᠂ ᠠᠭᠤᠷᠬᠠᠢ ᠶᠢᠨ ᠦᠶᠯᠡᠰ ᠢ ᠨᠡᠭᠡᠭᠡᠨ ᠬᠥᠭᠵᠢᠭᠦᠯᠬᠦ ᠳᠥᠷᠪᠡᠨ ᠶᠡᠭᠡ ᠭᠤᠤᠯᠯᠠᠬᠤ ᠠᠵᠤ ᠦᠶᠯᠡᠰ ᠢ | ᠬᠦᠴᠦ ᠪᠠᠨ ᠲᠥᠪᠯᠡᠷᠡᠭᠦᠯᠦᠨ ᠬᠥᠭᠵᠢᠭᠦᠯᠵᠦ᠂ ᠠᠵᠤ ᠦᠶᠯᠡᠳᠪᠦᠷᠢ ᠶᠢᠨ ᠬᠥᠭᠵᠢᠯᠲᠡ ᠶᠢᠨ ᠨᠢᠷᠤᠭᠤᠪᠴᠢ ᠶᠢ | ᠪᠠᠲᠤᠳᠬᠠᠨ᠂ ᠠᠵᠤ ᠦᠶᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠠᠨᠴᠢ ᠢᠰᠭᠡᠭᠦᠷ ᠤᠨ 5 ᠲᠦᠮᠡᠨ ᠲᠣᠨ ᠪᠣᠷᠳᠤᠭᠤᠷ ᠢ ᠥᠷᠭᠡᠳᠬᠡᠨ | ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠬᠤᠩ ᠡᠾᠧ ᠬᠥᠪᠰᠥᠭᠡᠷ ᠰᠢᠷᠤᠢ ᠶᠢ ᠪᠣᠯᠪᠠᠰᠤᠷᠠᠭᠤᠯᠬᠤ᠂ ᠴᠤᠸᠠᠩ | ᠳ᠋ᠠ ᠬᠠᠯᠠᠭᠤᠨ ᠬᠤᠭᠤᠯᠠᠢ ᠶᠢᠨ ᠬᠤᠶᠠᠳᠤᠭᠠᠷ ᠬᠤᠭᠤᠴᠠᠭᠠᠨ ᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠥᠩ ᠯᠢᠶᠠᠩ 100 ᠲᠦᠮᠡᠨ ᠭᠠᠭ᠋ᠠᠶ ᠶᠢ | ᠠᠯᠠᠵᠤ ᠪᠣᠯᠪᠠᠰᠤᠷᠠᠭᠤᠯᠬᠤ᠂ ᠵᠥᠩ ᠯᠢᠶᠠᠩ 22 ᠲᠦᠮᠡᠨ ᠲᠤᠨ ᠪᠣᠷᠳᠤᠭ᠎ᠠ ᠪᠣᠯᠪᠠᠰᠤᠷᠠᠭᠤᠯᠬᠤ᠂ ᠳ᠋ᠠᠨ ᠦᠸᠧ | ᠠᠯᠠᠰᠢ ᠪᠤᠳᠠᠭ᠎ᠠ ᠶᠢ ᠨᠠᠷᠢᠯᠢᠭ ᠪᠣᠯᠪᠠᠰᠤᠷᠠᠭᠤᠯᠬᠤ ᠵᠡᠷᠭᠡ ᠲᠦᠷᠦᠯ ᠵᠦᠢᠯ ᠢ ᠡᠬᠢᠯᠡᠭᠦᠯᠵᠦ᠂ ᠵᠦᠩ ᠭᠤᠸᠠᠩ ᠡᠾᠧ | 100 ᠲᠦᠮᠡᠨ ᠺᠢᠯᠤᠸ᠋ᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ᠂ | ᠱᠧᠩ ᠶᠠᠩ ᠳ᠋ᠠ ᠱᠢ ᠮᠧᠨ 60 ᠲᠦᠮᠡᠨ ᠺᠢᠯᠤᠸ᠋ᠲ ᠤᠨ ᠰᠠᠯᠬᠢᠨ ᠴᠠᠬᠢᠯᠭᠠᠨ ᠢᠶᠠᠷ ᠶᠠᠳᠠᠭᠤ ᠶᠢ ᠲᠡᠳᠬᠦᠬᠦ᠂ ᠵᠢᠤᠢ | ᠳ᠋ᠢᠩ ᠪᠠᠶᠠᠨᠲᠤᠬᠤᠢ 15 ᠲᠦᠮᠡᠨ ᠺᠢᠯᠣᠸᠠᠲ ᠵᠡᠷᠭᠡ ᠴᠡᠪᠡᠷ ᠡᠨᠧᠷᠭᠢ ᠶᠢᠨ ᠲᠥᠷᠥᠯ ᠵᠦᠶᠯ ᠢ ᠡᠮᠬᠢ ᠳᠠᠷᠠᠭ᠎ᠠ ᠲᠠᠢ | ᠬᠡᠷᠡᠭᠵᠢᠭᠦᠯᠦᠨ᠎ᠡ᠃ ᠷᠦᠢ ᠨᠡᠩ᠂ ᠱᠧᠩ ᠳ᠋ᠢ ᠵᠡᠷᠭᠡ ᠥᠩᠭᠡᠲᠦ ᠲᠡᠮᠦᠷᠯᠢᠭ ᠤᠨ ᠠᠭᠤᠷᠬᠠᠢ ᠶᠢᠨ ᠮᠡᠷᠭᠡᠵᠢᠯ ᠤᠨ | ᠥᠭᠡᠷᠡᠴᠢᠯᠡᠯᠲᠡ ᠳᠡᠰ ᠳᠡᠪᠰᠢᠭᠦᠯᠬᠦ ᠲᠥᠷᠥᠯ ᠵᠦᠢᠯ ᠢ ᠲᠦᠷᠭᠡᠳᠬᠡᠵᠦ᠂ ᠠᠵᠤ ᠦᠶᠯᠡᠳᠪᠦᠷᠢ ᠶᠢᠨ ᠠᠵᠤ ᠠᠬᠤᠢ | ᠶᠢᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠤᠷᠠᠮᠳᠤᠭᠤᠯᠤᠨ᠎ᠠ᠃ ᡂᠢ ᠲᠠᠩ ᠠᠵᠤ ᠦᠢᠯᠡᠰ ᠤᠨ ᠬᠦᠷᠢᠶᠡᠯᠡᠩ | ᠤᠨ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ | ᠠᠬᠢᠭᠤᠯᠵᠤ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠵᠤᠭᠰᠤᠭᠰᠠᠨ ᠪᠠ ᠬᠠᠭᠠᠰ ᠵᠣᠭᠰᠣᠭᠰᠠᠨ ᠠᠵᠤ | ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠪᠠ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠢ | ᠰᠢᠯᠵᠢᠭᠦᠯᠦᠨ ᠬᠤᠳᠠᠯᠳᠤᠬᠤ ᠡᠷᠴᠢᠮ ᠢ ᠴᠢᠩᠭᠠᠷᠠᠭᠤᠯᠵᠤ᠂ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ᠂ ᠵᠠᠮ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠪᠤᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠠᠴᠢᠶᠠᠯᠠᠬᠤ | ᠴᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠨᠠᠷᠢᠯᠢᠭᠵᠢᠭᠤᠯᠤᠨ ᠰᠢᠯᠢᠳᠡᠭᠵᠢᠭᠦᠯᠦᠨ᠎ᠡ᠃ | ᠭᠠᠭ᠋ᠠᠶ᠂ ᠦᠬᠡᠷ᠂ ᠬᠤᠨᠢ᠂ ᠲᠥᠮᠥᠰᠥ᠂ ᠨᠣᠭᠤᠭ᠎ᠠ᠂ ᠰᠢᠬᠢᠷ ᠵᠡᠷᠭᠡ ᠵᠢᠷᠭᠤᠭᠠᠨ ᠲᠣᠮᠣ ᠭᠤᠤᠯᠯᠠᠬᠤ ᠠᠵᠤ ᠦᠶᠯᠡᠰ | ᠢ ᠡᠷᠡᠰ ᠬᠥᠭᠵᠢᠭᠦᠯᠵᠦ᠂ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ ︵ᠮᠠᠯᠵᠢᠯ ᠤᠨ ᠲᠠᠯᠠᠪᠠᠶ︶᠂ ᠲᠠᠷᠢᠵᠦ | ᠲᠡᠵᠢᠭᠡᠬᠦ ᠶᠢ ᠤᠶᠠᠯᠳᠤᠭᠤᠯᠤᠭᠰᠠᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠤᠨ | ᠶᠡᠷᠦᠩᠬᠡᠶᠢᠯᠡᠭᠰᠡᠨ ᠴᠣᠭᠴᠠ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠴᠠᠭᠤᠯᠬᠤ | ᠵᠢᠱᠢᠶ᠎ᠡ ᠦᠵᠡᠭᠦᠯᠬᠦ ᠣᠷᠣᠨ ︽ᠳᠥᠷᠪᠡᠨ ᠲᠠᠰ ᠳᠠᠪᠬᠤᠷᠭ᠎ᠠ︾ ᠶᠢᠨ ᠶᠣᠰᠣᠭᠠᠷ ᠠᠵᠤ ᠦᠶᠯᠡᠰ ᠢ ᠠᠳᠬᠤᠬᠤ᠂ | ᠲᠠᠪᠴᠠᠩ ᠪᠠᠶᠢᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ᠂ ᠨᠠᠷᠠᠲᠤ ᠲᠥᠷᠥᠯ ᠲᠡᠮᠳᠡᠭᠳᠦ ᠶᠢ ᠡᠭᠦᠳᠬᠦ ︽ | ᠳᠥᠷᠪᠡᠨ ᠵᠣᠬᠢᠶᠠᠯ︾ ᠢ ᠳᠣᠪᠣᠶᠢᠯᠭᠠᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠳᠠᠷᠢᠵᠤ ᠲᠡᠵᠢᠭᠡᠬᠦ | ᠪᠦᠲᠦᠴᠡ ᠶᠢ ᠨᠠᠩ ᠰᠢᠯᠢᠳᠡᠭᠵᠢᠭᠦᠯᠬᠦ ᠶᠢ ᠠᠬᠢᠭᠤᠯᠤᠨ᠎ᠠ᠃ ᠱᠧᠩ ᠴᠢᠤᠸᠠᠨ ᠲᠦᠮᠡᠨ ᠲᠤᠯᠤᠭᠠᠢ ᠠᠯᠠᠰᠢᠨ ᠦᠬᠡᠷ | ᠤᠨ ᠲᠥᠪᠯᠡᠷᠡᠭᠦᠯᠦᠨ ᠬᠠᠳᠠᠭᠠᠯᠠᠬᠤ ᠲᠥᠪ᠂ ᠴᠢᠶᠠᠩ ᠷᠦᠨ 5000 ᠲᠣᠯᠣᠭᠠᠶ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ᠂ ᠵᠦᠩ ᠯᠢᠶᠠᠩ 55 ᠲᠦᠮᠡ᠂ ᠮᠦ ᠶᠤᠸᠠᠨ ᠤ 30 ᠲᠦᠮᠡᠨ ᠭᠠᠭ᠋ᠠᠶ ᠲᠡᠵᠢᠭᠡᠨ ᠦᠷᠡᠵᠢᠭᠦᠯᠬᠦ᠂ ᡁᠢ | ᠱᠧᠩ ᠤᠨ 30 ᠲᠦᠮᠡᠨ ᠲᠣᠯᠣᠭᠠᠶ᠂ ᡁᠢ ᠴᠧᠩ ᠤᠨ 100 ᠲᠦᠮᠡᠨ ᠲᠣᠯᠣᠭᠠᠶ ᠮᠢᠬᠠᠨ ᠨᠤᠭᠤᠰᠤ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠦᠨ᠎ᠡ᠂ ᠶᠠᠩ ᠵᠢᠶᠠ ᠶᠢᠩᠽᠢ | ᠶᠢᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ | 1500 ᠰᠠᠭᠤᠷᠢ ᠠᠴᠠ ᠳᠡᠭᠡᠭᠰᠢᠬᠢ ᠥᠨᠳᠥᠷ ᠪᠠᠷᠢᠮᠵᠢᠶᠠᠲᠤ ᠨᠡᠷᠡᠨ ᠤ ᠭᠡᠷᠡᠯ ᠤᠨ ᠳᠤᠯᠠᠭ᠎ᠠ ᠬᠦᠯᠡᠮᠵᠢ ᠵᠢᠴᠢ | ᠬᠦᠢᠲᠡᠨ ᠬᠥᠮᠥᠷᠭᠡ᠂ ᠠᠷᠠᠯᠵᠢᠶᠠᠨ ᠤ ᠲᠥᠪ ᠵᠡᠷᠭᠡ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢ ᠪᠦᠲᠦᠭᠡᠨ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠬᠤᠶᠠᠳᠤᠭᠠᠷ ᠭᠤᠷᠪᠠᠳᠤᠭᠠᠷ ᠠᠵᠤ ᠦᠢᠯᠡᠰ | ᠠᠭᠤᠰᠤᠯᠴᠠᠭᠰᠠᠨ ᠵᠢᠱᠢᠶ᠎ᠡ ᠦᠵᠡᠭᠦᠯᠬᠦ ᠲᠤᠭᠤᠷᠢᠭ ᠢ ᠢᠳᠡᠭ ᠠᠯᠬᠤᠮ ᠢᠶᠠᠷ ᠪᠠᠶᠢᠭᠤᠯᠤᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠡᠭᠦᠯᠳᠡᠷ ᠤᠨ ᠰᠠᠶᠢᠵᠢᠷᠠᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠬᠠᠮᠲᠤᠷᠠᠨ ᠦᠷ᠎ᠡ | ᠪᠣᠶᠢᠵᠢᠭᠤᠯᠬᠤ ᠲᠥᠷᠥᠯ ᠵᠦᠶᠯ ᠢ ᠬᠡᠷᠡᠭᠵᠢᠭᠦᠯᠬᠦ ᠶᠢ ᠠᠬᠢᠭᠤᠯᠤᠨ᠂ ᠰᠠᠶᠢᠨ ᠡᠭᠦᠯᠲᠡᠷ ᠤᠨ ᠪᠦᠷᠬᠦᠴᠡ ᠶᠢᠨ ᠬᠡᠪᠴᠢᠶ᠎ᠡ | ᠶᠢ ᠥᠷᠭᠡᠳᠬᠡᠵᠦ᠂ ᠳᠠᠪᠠᠭᠤᠯᠢᠭ ᠭᠠᠵᠠᠷ ᠣᠷᠣᠨ ᠤ ᠬᠡᠪᠴᠢᠶᠡᠵᠢᠭᠰᠡᠨ ᠠᠯᠠᠰᠢᠨ ᠦᠬᠡᠷ ᠦᠷᠡᠵᠢᠭᠦᠯᠬᠦ ᠰᠠᠭᠤᠷᠢᠨ | ᠭᠠᠵᠠᠷ ᠢ ᠪᠦᠲᠦᠭᠡᠨ ᠪᠠᠶᠢᠭᠤᠯᠤᠨ᠎ᠠ᠃ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ︾ ᠶᠢᠨ ᠭᠡᠷᠡᠴᠢᠯᠡᠯ ᠤᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠵᠢᠯ ᠤᠨ ᠳᠣᠲᠣᠷ᠎ᠠ 2 ᠪᠣᠬᠢᠷᠲᠤᠯ ᠥᠬᠡᠶ ᠢᠳᠡᠭᠡᠨ᠂ 1 ᠣᠷᠭᠠᠨᠢᠭ ᠲᠠᠷᠢᠶᠠᠯᠠᠩ ᠤᠨ | ᠪᠦᠲᠦᠭᠡᠭᠳᠡᠬᠦᠨ ᠢ ᠮᠠᠭᠠᠳᠯᠠᠨ ᠲᠣᠭᠲᠠᠭᠠᠬᠤ ᠪᠠᠷ ᠴᠢᠷᠮᠠᠶᠢᠨ᠎ᠠ᠃ ᠪᠦᠬᠦ ᠤᠯᠤᠰ ᠤᠨ ᠭᠤᠤᠯ ᠪᠣᠯᠬᠤ ᠲᠠᠷᠢᠮᠠᠯ ᠤᠨ | ᠦᠶᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠮᠠᠰᠢᠨ ᠤ | ᠬᠡᠷᠡᠭᠯᠡᠯᠲᠡ ᠶᠢ ᠴᠢᠩᠭᠠᠷᠠᠭᠤᠯᠤᠨ᠂ ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠠᠵᠢᠯ ᠤᠨ ᠬᠢᠷᠢ | ᠬᠡᠮᠵᠢᠶ᠎ᠡ ᠶᠢ 85% ᠳᠤ ᠬᠦᠷᠭᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ 7 ᠲᠦᠮᠡᠨ ᠮᠦ ᠪᠦᠳᠦᠭᠡᠨ | ᠪᠠᠶᠢᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠠ ᠬᠤᠵᠢᠷᠯᠢᠭ ᠭᠠᠵᠠᠷ ᠢ ᠥᠭᠡᠷᠡᠴᠢᠯᠡᠨ ᠰᠢᠨᠡᠳᠬᠡᠬᠦ | ᠠᠵᠢᠯ ᠢ ᠰᠠᠶᠢᠲᠤᠷ ᠠᠳᠬᠤᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠮᠠᠯ ᠵᠢᠭᠦᠷᠲᠡᠨ ᠤ ᠪᠠᠭᠠᠰᠤᠨ | ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠬᠤᠷᠢᠶᠠᠨ ᠠᠪᠴᠤ ᠠᠰᠢᠭᠯᠠᠬᠤ ᠵᠡᠷᠭᠡ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠡᠷᠬᠢᠯᠳᠡᠲᠦ᠂ ᠦᠨᠳᠦᠷ ᠪᠦᠲᠦᠮᠵᠢᠲᠡᠢ᠂ ᠦᠷᠭᠦᠯᠵᠢᠯᠡᠨ ᠬᠥᠭᠵᠢᠬᠦ ᠶᠢ | ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢ | ᠦᠨᠡᠨᠬᠦ ᠪᠠᠲᠤᠯᠠᠨ᠎ᠠ᠃ | ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠪᠦᠬᠦ ᠲᠠᠯ᠎ᠠ ᠪᠠᠷ ᠬᠥᠭᠵᠢᠭᠡᠨ᠎ᠡ᠃ | ᠰᠤᠶᠤᠯ ᠵᠤᠭᠠᠴᠠᠯ᠂ ᠡᠯᠧᠺᠲᠷᠣᠨ ᠠᠷᠠᠯᠵᠢᠶ᠎ᠠ᠂ ᠪᠤᠳᠠᠰ ᠤᠨ ᠭᠦᠢᠯᠭᠡᠭᠡ᠂ ᠬᠤᠶᠠᠷ ᠶᠡᠭᠡ ᠭᠤᠣᠯᠯᠠᠭᠴᠢ ᠠᠵᠤ | ᠦᠢᠯᠡᠰ ᠢ ᠲᠣᠪᠤᠶᠢᠯᠭᠠᠨ ᠬᠥᠭᠵᠢᠭᠦᠯᠦᠨ᠎ᠡ᠃ ᠪᠤᠷᠤᠬᠤᠲᠠ ᠰᠣᠶᠣᠯ ᠵᠢᠭᠤᠯᠴᠢᠯᠠᠯ ᠤᠨ ᠬᠤᠲᠠ ᠶᠢᠨ ᠬᠥᠭᠵᠢᠯᠲᠡ | ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶᠢᠷᠡᠭᠦᠯᠦᠨ᠂ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠴᠢᠷᠮᠠᠶᠢᠨ ᠡᠭᠦᠳᠴᠦ᠂ ᠪᠦᠬᠦ ᠬᠤᠲᠠ ᠶᠢᠨ ᠬᠤᠶᠠᠳᠤᠭᠠᠷ | ᠬᠤᠭᠤᠴᠠᠭᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠰᠠᠶᠢᠲᠤᠷ ᠡᠷᠬᠢᠯᠡᠨ᠎ᠡ᠃ | ᠬᠠᠰ ᠯᠣᠣ ᠮᠠᠩᠬᠠᠨ ᠨᠠᠭᠤᠷ ᠤᠨ ᠤᠯᠤᠰ ᠤᠨ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠬᠠᠰ ᠯᠤᠤ ᠮᠠᠩᠬᠠᠨ ᠨᠠᠭᠤᠷ ᠤᠨ ᠳᠤᠮᠳᠠᠳᠤ ᠶᠢᠨ | ᠯᠤᠤ ᠶᠢᠨ ᠰᠣᠶᠣᠯ ᠤᠨ ᠠᠭᠤᠳᠠᠮ ᠲᠠᠯᠠᠪᠠᠢ᠂ ᠡᠯᠡᠰᠦᠨ ᠴᠥᠯ ᠤᠨ ᠬᠡᠭᠡᠷᠡᠯᠲᠡ ᠶᠢᠨ ᠰᠠᠭᠤᠷᠢᠨ ᠭᠠᠵᠠᠷ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯᠡᠰᠦᠨ ᠴᠥᠯ ᠤᠨ ᠥᠩᠭᠡ | ᠦᠵᠡᠮᠵᠢ ᠶᠢᠨ ᠲᠤᠶᠢᠯᠰᠢᠷᠠᠯ ᠬᠥᠳᠡᠯᠭᠡᠭᠡᠨ ᠤ ᠵᠤᠭᠠᠴᠠᠯ ᠤᠨ ᠠᠯᠳᠠᠷ ᠢ ᠪᠤᠢ ᠪᠣᠯᠭᠠᠨ᠎ᠠ᠃ ᠮᠣᠩᠭᠤᠯ ᠸᠠᠩ ᠬᠤᠲᠠ | ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠥᠷᠥᠯ ᠵᠦᠶᠯ ᠢ 5 ᠳ᠋ᠤᠭᠠᠷ ᠰᠠᠷ᠎ᠠ ᠳᠤ ᠪᠠᠶᠢᠭᠤᠯᠵᠤ ᠲᠠᠭᠤᠰᠬᠠᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠮᠣᠩᠭᠤᠯ ᠸᠠᠩ ᠬᠤᠲᠠ ᠤᠯᠤᠰ ᠤᠨ 4A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠴᠢᠤᠸᠠᠨ ᠨᠢᠩ | ᠰᠣᠶᠣᠯ ᠵᠢᠭᠤᠯᠴᠢᠯᠠᠯ ᠤᠨ ᠪᠦᠲᠦᠭᠡᠯᠴᠢ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠮᠦᠽᠧᠢ ᠶᠢᠨ ᠲᠤᠭᠤᠷᠢᠭ᠂ | ᠵᠢᠭᠤᠯᠴᠢᠯᠠᠭᠴᠢᠳ ᠵᠢᠴᠢ ᠵᠢᠭᠤᠯᠴᠢᠯᠠᠯ ᠤᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ᠂ ᠷᠠᠰᠢᠶᠠᠨ | ᠠᠷᠠᠳ ᠤᠨ ᠵᠠᠩ ᠦᠢᠯᠡ ᠶᠢᠨ ᠵᠢᠵᠢᠭ ᠲᠣᠭᠤᠷᠢᠭ ᠵᠡᠷᠭᠡ ᠲᠥᠷᠥᠯ ᠵᠦᠶᠯ ᠢ ᠡᠬᠢᠯᠡᠨ ᠪᠠᠶᠢᠭᠤᠯᠵᠤ᠂ ᠰᠢᠷᠠᠮᠥ᠋ᠷᠡᠨ | ᠡᠷᠲᠡᠨ ᠤ ᠤᠳᠠ ᠮᠣᠳᠣᠨ ᠤ ᠬᠥᠳᠡᠭᠡ ᠬᠡᠭᠡᠷ᠎ᠡ᠂ ᠪᠤᠮᠠᠨ ᠮᠥᠩᠭᠦᠨ ᠴᠠᠭᠠᠨ ᠡᠯᠡᠰᠦᠨ ᠳᠠᠯᠠᠢ᠂ ᠮᠥᠸᠧ ᠱᠾ | ᠭᠧᠦ ᠶᠢᠨ ᠬᠤᠷᠴᠠ ᠤᠯᠠᠭᠠᠨ ᠴᠡᠴᠡᠭ ᠤᠨ ᠳᠠᠯᠠᠢ ᠶᠢᠨ ᠰᠠᠭᠤᠷᠢᠨ ᠭᠠᠵᠠᠷ ᠵᠡᠷᠭᠡ ᠦᠵᠡᠮᠵᠢ ᠶᠢᠨ ᠣᠷᠣᠨ ᠢ | ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠪᠥᠬᠦ ᠣᠷᠣᠨ ᠪᠥᠬᠦ ᠤᠯᠠᠷᠢᠯ ᠪᠥᠬᠦ ᠬᠢᠯᠢ ᠶᠢᠨ ᠵᠢᠭᠤᠯᠴᠢᠯᠠᠯ ᠤᠨ | ᠬᠥᠭᠵᠢᠯᠲᠡ ᠶᠢ ᠠᠬᠢᠭᠤᠯᠤᠨ᠎ᠠ᠃ ᠤᠤ ᠬᠠᠩ ᠪᠣᠯᠣᠳ ᠮᠠᠲ᠋ᠧᠷᠢᠶᠠᠯ ᠢ ᠬᠥᠮᠥᠷᠭᠡᠯᠡᠨ ᠬᠠᠳᠠᠭᠠᠯᠠᠬᠤ ᠲᠥᠪ᠂ ᠭᠠᠷ | ᠳᠠᠮᠵᠢᠭᠰᠠᠨ ᠮᠠᠰᠢᠨ ᠲᠡᠷᠭᠡ ᠠᠷᠠᠯᠵᠢᠶᠠᠯᠠᠬᠤ ᠵᠠᠬ᠎ᠠ ᠳᠡᠯᠭᠡᠭᠦᠷ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ | ᠶᠢ ᠠᠬᠢᠭᠤᠯᠵᠤ᠂ ᠬᠤᠲᠠ ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠢᠳᠡᠪᠬᠢᠲᠡᠶ ᠰᠦᠪᠡᠭᠴᠢᠯᠡᠨ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ ᠤᠨ | ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠤᠷᠤᠬᠤᠲᠠ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠥᠰᠦᠪᠯᠡᠨ᠂ | ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠤᠨ ᠣᠳᠣᠬᠢᠴᠢᠯᠠᠭᠰᠠᠨ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ | ᠭᠦᠢᠯᠭᠡᠭᠡᠨ ᠤ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠰᠢᠶᠠᠨ ᠤ ᠬᠡᠪᠴᠢᠶᠡᠨ ᠤ | ᠮᠥᠩᠭᠦᠨ ᠭᠦᠶᠯᠭᠡᠭᠡᠨ ᠤ ᠲᠤᠷᠰᠢᠯᠲᠠ ᠶᠢᠨ ᠴᠢᠭ ᠤᠨ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠮᠥᠩᠭᠦᠨ | ᠭᠦᠶᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠷᠡᠭᠯᠡᠭᠡᠨ ᠤ ᠨᠡᠮᠡᠭᠳᠡᠯ ᠢ ᠬᠦᠴᠦᠯᠡᠨ ᠠᠬᠢᠭᠤᠯᠵᠤ᠂ ᠨᠠᠰᠤᠵᠢᠯ ᠤᠨ ᠠᠰᠠᠷᠠᠮᠵᠢ᠂ ᠬᠡᠦᠬᠡᠳ ᠢ ᠬᠦᠮᠦᠵᠢᠭᠦᠯᠬᠦ᠂ ᠡᠮ | ᠡᠮᠨᠡᠯᠭᠡ᠂ ᠰᠣᠶᠣᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠠᠬᠢᠭᠤᠯᠵᠤ᠂ ᠠᠵᠤ | ᠠᠬᠤᠢ ᠶᠢᠨ ᠴᠣ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ ᠲᠤᠰᠬᠠᠶ ᠵᠠᠬ᠎ᠠ ᠳᠡᠯᠭᠡᠭᠦᠷ᠂ ᠭᠠᠷᠤᠯᠲᠠ ᠶᠢᠨ | ᠣᠷᠣᠨ ᠤ ᠵᠠᠬ᠎ᠠ ᠳᠡᠯᠭᠡᠭᠦᠷ᠂ ᠣᠨᠴᠠᠯᠢᠭᠲᠤ ᠵᠠᠬ᠎ᠠ ᠳᠡᠯᠭᠡᠭᠦᠷ ᠤᠨ ᠳᠡᠰ ᠳᠡᠪᠰᠢᠬᠦ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠰᠢᠨᠬᠤᠸᠠ ᠵᠠᠬ᠎ᠠ ᠳᠡᠯᠭᠡᠭᠦᠷ ᠤᠨ ᠵᠢᠷᠤᠮᠵᠢᠭᠰᠠᠨ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ | ᠥᠭᠡᠷᠡᠴᠢᠯᠡᠯᠲᠡ ᠳᠡᠭᠡᠭᠰᠢᠯᠡᠯᠲᠡ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠬᠤᠤᠰ ᠴᠢᠭᠯᠡᠯᠲᠦ ᠭᠦᠶᠯᠭᠡᠭᠡᠨ ᠤ | ᠪᠠᠷᠠᠭ᠎ᠠ ᠶᠢᠨ ᠭᠦᠶᠯᠭᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠦᠶᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃ | ︵ᠭᠤᠷᠪᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠬᠤᠯᠠᠴᠢᠯᠠᠵᠤ᠂ ᠬᠤᠳᠠ ᠬᠥᠳᠡᠭᠡ ᠶᠢᠨ | ᠬᠤᠯᠪᠣᠭᠠᠯᠠᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠤᠨ᠎ᠠ᠃ ᠡᠬᠢ | ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ︽ᠴᠢᠶᠤᠤ ᠲᠸᠦ — ᠪᠤᠷᠤᠬᠤᠲᠠ — ᠬᠤᠲᠠ ᠲᠣᠭᠤᠷᠢᠭᠰᠠᠨ ᠠᠵᠤ | ᠦᠶᠯᠡᠰ ᠤᠨ ᠪᠦᠰᠡ — ᠰᠣᠶᠣᠯ ᠵᠤᠭᠠᠴᠠᠯ ᠤᠨ ᠠᠵᠤ ᠦᠶᠯᠡᠰ ᠤᠨ ᠪᠦᠰᠡ︾ ᠬᠤᠲᠠ ᠶᠢᠨ ᠲᠠᠰ ᠤᠨ ᠵᠢᠱᠢᠶ᠎ᠡ | ᠦᠵᠡᠭᠦᠯᠬᠦ ᠪᠦᠰᠡ ᠪᠠ ︽ᠪᠤᠷᠤᠬᠤᠲᠠ — ᠭᠤᠳᠠᠭᠠᠷ ᠬᠥᠩ︾᠂ ︽ᠪᠤᠷᠤᠬᠤᠲᠠ — ᠬᠠᠶᠢᠯᠠᠰᠤ︾ ᠬᠤᠶᠠᠷ | ᠵᠣᠷᠪᠤᠰ ᠬᠤᠰᠢᠭᠤᠨ ᠲᠠᠰ ᠤᠨ ᠵᠢᠱᠢᠶ᠎ᠡ ᠦᠵᠡᠭᠦᠯᠬᠦ ᠪᠦᠰᠡ ᠶᠢ ᠭᠤᠣᠯᠳᠠᠯᠭ᠎ᠠ ᠲᠠᠢ ᠪᠠᠶᠢᠭᠤᠯᠵᠤ᠂ ᠨᠢᠭᠡ ᠪᠦᠯᠦᠭ | ᠣᠷᠣᠨ ᠪᠦᠰᠡᠵᠢᠭᠰᠡᠨ᠂ ᠬᠡᠪᠴᠢᠶᠡᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ | ᠭᠠᠵᠠᠷ ᠢ ᠲᠡᠳᠬᠦᠨ ᠪᠦᠲᠦᠭᠡᠨ ᠪᠠᠶᠢᠭᠤᠯᠵᠤ᠂ ᠴᠢᠭ ᠢᠶᠠᠷ ᠨᠡᠶᠢᠳᠡᠮ ᠢ ᠳᠠᠶᠢᠴᠢᠯᠠᠬᠤ᠂ ᠪᠦᠬᠦ ᠬᠤᠰᠢᠭᠤ ᠶᠢ | ᠨᠥᠯᠥᠭᠡᠯᠡᠬᠦ᠂ ᠪᠦᠬᠦ ᠬᠤᠲᠠ ᠳᠤ ᠵᠢᠱᠢᠶ᠎ᠡ ᠦᠵᠡᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠷᠢᠰᠢᠯ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠂ ᠬᠤᠭ ᠨᠣᠪᠰᠢ ᠰᠢᠶᠳᠪᠦᠷᠢᠯᠡᠬᠦ᠂ ᠪᠣᠬᠢᠷ ᠤᠰᠤ | ᠵᠠᠰᠠᠬᠤ᠂ ᠵᠤᠷᠯᠤᠩ ᠤᠨ ᠬᠤᠪᠢᠰᠬᠠᠯ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠰᠠᠶᠢᠵᠢᠷᠠᠭᠤᠯᠤᠨ᠎ᠠ᠃ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ᠂ ᠶᠣᠰᠣ | ᠰᠤᠷᠲᠠᠬᠤᠨ ᠤ ᠵᠢᠱᠢᠶᠡᠴᠢ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠣᠯᠪᠠᠰᠤᠨ | ᠰᠢᠨ᠎ᠡ ᠰᠤᠷᠲᠠᠯ ᠢ ᠰᠠᠨᠠᠭᠠᠴᠢᠯᠠᠨ᠂ ᠰᠠᠶᠢᠨ ᠰᠠᠶᠢᠬᠠᠨ ᠭᠡᠷ ᠤᠨ ᠰᠤᠷᠲᠠᠯ ᠢ ᠬᠦᠮᠦᠵᠢᠭᠦᠯᠵᠦ᠂ ᠪᠣᠷᠣᠭᠵᠢᠭᠤᠨ ᠠᠷᠠᠳ | ᠤᠨ ᠰᠤᠷᠲᠠᠯ ᠢ ᠪᠤᠢ ᠪᠣᠯᠭᠠᠵᠤ᠂ ᠬᠥᠳᠡᠭᠡ ᠲᠣᠰᠬᠤᠨ ᠢ ︽ᠦᠩᠭᠡ ᠪᠤᠳᠤᠭ︾ ᠲᠠᠢ ᠪᠣᠯᠭᠠᠵᠤ᠂ ᠨᠠᠩ ︽ᠴᠤᠭ | ᠵᠢᠪᠬᠤᠭ᠎ᠠ︾ ᠲᠠᠢ ᠪᠣᠯᠭᠠᠨ᠎ᠠ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠤᠯᠤᠰ ᠤᠨ | ᠴᠡᠴᠡᠷᠯᠢᠭᠳᠦ ᠰᠢᠶᠠᠨ ᠤ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠠᠮᠢ ᠠᠬᠤᠢ ᠶᠢᠨ | ᠰᠡᠷᠭᠦᠯᠲᠡ ᠪᠠ ᠬᠤᠲᠠ ᠶᠢᠨ ᠰᠡᠯᠪᠢᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠲᠠ ᠲᠣᠭᠤᠷᠢᠭ ᠤᠨ | ᠵᠡᠭᠡᠯᠢ ᠵᠠᠮ᠂ ᠬᠤᠲᠠ ᠶᠢᠨ ᠲᠡᠷᠭᠡᠨ ᠵᠣᠭᠰᠣᠭᠠᠯ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠡᠬᠢᠯᠡᠭᠦᠯᠵᠦ᠂ ᠬᠠᠶᠢᠯᠠᠰᠤ ᠵᠡᠭᠡᠯᠢ | ᠪᠣᠯᠤᠨ ᠴᠢᠩ ᠴᠢᠤᠸᠠᠨ ᠵᠠᠮ ᠢ ᠬᠤᠶᠢᠰᠢ ᠨᠡᠪᠲᠡᠷᠡᠭᠦᠯᠬᠦ ᠢᠨᠵᠧᠨᠧᠷᠢᠩ ᠢ ᠵᠢᠯ ᠤᠨ ᠳᠤᠲᠤᠷ᠎ᠠ ᠲᠡᠷᠭᠡ ᠨᠡᠪᠲᠡᠷᠡᠭᠦᠯᠵᠦ᠂ | ᠬᠤᠲᠠ ᠲᠣᠭᠤᠷᠢᠭ ᠤᠨ ︽ᠮᠤᠬᠤᠷ ᠵᠠᠮ︾ ᠢ ᠠᠯᠬᠤᠮ ᠠᠯᠬᠤᠮ ᠢᠶᠠᠷ ᠨᠡᠪᠲᠡᠷᠡᠭᠦᠯᠵᠦ᠂ ᠬᠤᠲᠠ ᠶᠢᠨ ᠲᠦᠭᠵᠢᠷᠡᠯ | ᠂ ᠲᠡᠷᠭᠡ ᠵᠣᠭᠰᠣᠬᠤ ᠳᠤ ᠬᠦᠴᠢᠷ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠪᠣᠬᠢᠷ ᠤᠰᠤ ᠶᠢ ᠴᠤᠭᠯᠠᠭᠤᠯᠬᠤ᠂ ᠪᠤᠷᠤᠭᠠᠨ ᠤ ᠪᠣᠬᠢᠷᠲᠤᠯ ᠤᠨ ᠰᠠᠯᠭᠠᠯᠲᠠ᠂ ᠢᠯᠴᠢ | ᠬᠠᠩᠭᠠᠬᠤ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠡᠯ᠎ᠡ ᠲᠥᠷᠥᠯ ᠤᠨ ᠬᠤᠭᠤᠯᠠᠶ ᠲᠣᠤᠷ ᠢ 3 ᠲᠦᠮᠡᠨ ᠮᠧᠲᠷ ᠤᠷᠲᠤᠳᠬᠠᠨ ᠰᠢᠨ᠎ᠡ ᠪᠠᠷ ᠥᠭᠡᠷᠡᠴᠢᠯᠡᠨ ᠪᠠᠶᠢᠭᠤᠯᠵᠤ | ᠂ ᠬᠤᠲᠠ ᠶᠢᠨ ᠳᠣᠲᠣᠭᠠᠳᠤ ᠤᠰᠤᠲᠤᠯ ᠪᠠ ᠪᠣᠬᠢᠷ ᠤᠰᠤ ᠶᠢ ᠵᠠᠰᠠᠬᠤ ᠬᠦᠴᠢᠷ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠸᠠᠨ ᠳ᠋ᠠ ᠵᠢᠶᠠ ᠶᠤᠸᠠᠨ᠂ ᠲᠢᠶᠠᠨ ᠡᠾᠧ ᠱᠧᠩ ᠵᠢᠩ ᠵᠡᠷᠭᠡ ᠭᠡᠷ ᠭᠠᠵᠠᠷ ᠬᠦᠷᠥᠩᠭᠡ ᠶᠢᠨ | ᠲᠠᠯᠠᠪᠠᠢ ᠶᠢ 80 ᠲᠦᠮᠡᠨ ᠲᠡᠭᠰᠢ ᠲᠦᠷᠪᠡᠯᠵᠢᠨ ᠮᠧᠲᠷ ᠨᠡᠬᠡᠬᠡᠨ᠎ᠡ᠃ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤ ᠶᠢᠨ | ᠨᠠᠷᠢᠯᠢᠬᠵᠢᠭᠤᠯᠤᠬᠰᠠ ᠬᠠᠮᠢᠶᠠᠷᠤᠯᠲᠠ ᠶᠢ ᠴᠢᠩᠭᠠᠳᠬᠠᠨ᠂ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ | ᠪᠠᠶᠢᠭᠤᠯᠬᠤ᠂ ᠡᠵᠡᠯᠡᠵᠦ ᠵᠠᠪᠳᠤᠨ ᠪᠠᠶᠢᠭᠤᠯᠬᠤ᠂ ᠫᠠᠶᠢᠰᠠ ᠲᠡᠮᠳᠡᠭ ᠢ ᠡᠮᠬᠢ ᠵᠢᠷᠤᠮ ᠥᠬᠡᠶ ᠪᠠᠶᠢᠯᠭᠠᠬᠤ᠂ ᠳᠤᠷ᠎ᠠ | ᠪᠠᠷ ᠢᠶᠠᠨ ᠵᠣᠭᠰᠤᠭᠠᠵᠤ᠂ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠬᠤᠲᠠ ᠶᠢᠨ ᠲᠣᠭᠤᠷᠢᠭ | ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠳᠣᠪᠤᠶᠢᠮ᠎ᠠ ᠴᠡᠭᠴᠡᠯᠡᠨ ᠵᠠᠰᠠᠵᠤ᠂ ᠰᠢᠨᠬᠤᠸᠠ ᠵᠡᠭᠡᠯᠢ᠂ ᠯᠦ ᠸᠠᠩ ᠵᠡᠭᠡᠯᠢ | ᠶᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭ᠎ᠠ ᠬᠠᠮᠢᠶᠠᠷᠬᠤ ᠣᠷᠣᠨ ᠪᠦᠰᠡ ᠳᠤ | ᠤᠷᠤᠭᠤᠯᠤᠨ᠂ ᠬᠤᠲᠠ ᠶᠢᠨ ᠲᠣᠭᠤᠷᠢᠭ ᠤᠨ ᠳᠦᠷᠢ ᠲᠥᠷᠬᠦ ᠪᠣᠯᠤᠨ ᠣᠷᠣᠰᠢᠨ ᠰᠠᠭᠤᠬᠤ ᠶᠢᠨ ᠲᠠᠭᠠᠯᠠᠮᠵᠢ ᠶᠢᠨ | ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠮᠤᠵᠢ ᠶᠢᠨ ᠵᠠᠮ 304 ᠱᠤᠭᠤᠮ | ᠬᠠᠶᠢᠯᠠᠰᠤ ᠠᠴᠠ ᠳ᠋ᠠᠰᠢᠩ ᠬᠦᠷᠬᠦ ᠴᠠᠷᠳᠠᠮᠠᠯ ᠵᠠᠮ ᠤᠨ ᠦᠭᠡᠷᠡᠴᠢᠯᠯᠡᠲᠡ᠂ ᠳ᠋ᠠᠨᠳᠦ᠋ᠩ ᠠᠴᠠ ᠰᠢᠯᠢᠩᠬᠤᠲᠠ ᠬᠦᠷᠬᠦ | ᠥᠨᠳᠥᠷ ᠬᠤᠷᠳᠤᠴᠠᠲᠤ ᠵᠠᠰᠠᠮᠠᠯ ᠵᠠᠮ ᠤᠨ ᠦᠳᠡ ᠶᠢᠨ ᠬᠤᠸᠠ ᠳᠤ ᠬᠠᠷᠢᠯᠴᠠᠨ ᠨᠡᠪᠲᠡᠷᠡᠭᠦᠯᠬᠦ᠂ ᠲᠡᠩᠨᠡᠭᠦᠷ ᠤᠨ | ᠭᠤᠤᠯ ᠠᠴᠠ ᠮᠥᠸᠧ ᠱᠢ ᠭᠧᠦ ᠭᠤᠤᠯ ᠬᠦᠷᠬᠦ ᠵᠢᠭᠤᠯᠴᠢᠯᠠᠯ ᠤᠨ ᠵᠠᠮ᠂ ᠷᠠᠰᠢᠶᠠᠨ ᠠᠴᠠ ᠮᠠ ᠵᠢᠶᠧ ᠬᠦᠷᠬᠦ ᠵᠠᠮ | ᠤᠨ ᠥᠷᠭᠡᠳᠬᠡᠯ ᠵᠡᠷᠭᠡ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠂ ᠪᠤᠷᠤᠬᠤᠲᠠ ᠠᠴᠠ ᠪᠠᠶᠠᠨᠲᠣᠬᠤᠢ ᠬᠦᠷᠬᠦ | ᠠᠮᠢ ᠠᠬᠤᠶ ᠶᠢᠨ ᠵᠢᠭᠤᠯᠴᠢᠯᠠᠯ ᠤᠨ ᠠᠵᠤ ᠦᠶᠯᠡᠰ ᠤᠨ ᠶᠠᠳᠠᠭᠤ ᠶᠢ ᠲᠡᠳᠬᠦᠬᠦ ᠵᠠᠮ᠂ ᠮᠤᠵᠢ ᠶᠢᠨ ᠵᠠᠮ ᠤᠨ 210 | ᠱᠤᠭᠤᠮ ᠤᠨ ᠪᠠᠯᠴᠢᠷᠤᠳ ᠠᠴᠠ ᠭᠤᠷᠣᠬᠠᠨ ᠬᠦᠷᠬᠦ ᠬᠡᠰᠡᠭ ᠵᠠᠰᠠᠮᠠᠯ ᠵᠠᠮ᠂ ᠳ᠋ᠠ ᠢᠤᠢ ᠱᠤᠭᠤᠮ ᠢ ᠳᠡᠭᠡᠭᠰᠢᠯᠡᠭᠦᠯᠦᠨ | ᠥᠭᠡᠷᠡᠴᠢᠯᠡᠬᠦ ᠵᠡᠷᠭᠡ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠂ ᠪᠤᠷᠤᠬᠤᠲᠠ ᠠᠴᠠ ᠴᠢᠪᠠᠭ᠎ᠠ | ᠬᠦᠷᠬᠦ ᠦᠨᠳᠦᠷ ᠬᠤᠷᠲᠤᠴᠠᠲᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠰᠠᠶᠢᠲᠤᠷ ᠬᠢᠵᠦ᠂ | ᠪᠦᠬᠦ ᠬᠤᠰᠢᠭᠤᠨ ᠤ ᠵᠠᠮ ᠬᠠᠷᠢᠯᠴᠠᠭᠠᠨ ᠤ ᠲᠣᠤᠷ ᠢ ᠲᠠᠰᠤᠷᠠᠯᠲᠠ ᠦᠭᠡᠢ ᠨᠡᠪᠲᠡᠷᠡᠭᠦᠯᠦᠨ᠎ᠡ᠃ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠷᠭᠤᠭᠤᠯᠤᠨ ᠪᠠᠶᠢᠴᠠᠭᠠᠬᠤ ᠪᠠ | ᠠᠷᠠᠴᠢᠯᠠᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠬᠡᠲᠦᠷᠡᠲᠡᠯ᠎ᠡ ᠠᠴᠢᠶᠠᠯᠠᠭᠰᠠᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠽᠢ ᠴᠧᠩ ᠤᠨ 500 ᠺᠢᠯᠤᠸᠣᠯᠲ | ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ᠂ ᠵᠤᠸᠠᠩ ᠳᠧᠦ ᠶᠢᠩ ᠤᠨ 220 | ᠺᠢᠯᠤᠸᠤᠯᠲ ᠤᠨ ᠰᠠᠯᠬᠢᠨ ᠪᠠ ᠭᠡᠷᠡᠯ ᠴᠠᠬᠢᠯᠭᠠᠨ ᠢ ᠴᠤᠭᠯᠠᠭᠤᠯᠬᠤ ᠥᠷᠲᠡᠭᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠽᠢ ᠴᠧᠩ 500 ᠺᠢᠯᠤᠸᠣᠯᠲ ᠬᠦᠴᠦᠳᠡᠯ ᠦᠭᠡᠷᠡᠴᠢᠯᠡᠬᠦ ᠦᠷᠲᠡᠭᠡ ᠶᠢᠨ 220 ᠺᠢᠯᠤᠸᠣᠯᠲ | ᠴᠠᠬᠢᠯᠭᠠᠨ ᠬᠦᠷᠭᠡᠬᠦ ᠲᠦᠷᠦᠯ ᠵᠦᠢᠯ ᠢ ᠡᠬᠢᠯᠡᠭᠦᠯᠵᠦ᠂ ᠬᠡᠷᠰᠡᠩ ᠤᠨ 220 ᠺᠢᠯᠤᠸᠤᠯᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠣᠳᠠᠲᠠᠶᠢᠵᠢᠭᠤᠯᠤᠨ ᠬᠡᠷᠡᠭᠵᠢᠭᠦᠯᠬᠦ ᠪᠠᠷ ᠲᠡᠮᠡᠴᠡᠵᠦ᠂ ᠵᠡᠭᠦᠨ ᠬᠡᠰᠡᠭ | ᠣᠷᠣᠨ ᠤ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠲᠠᠷᠤᠯᠲᠠ ᠶᠢᠨ ᠠᠰᠠᠭᠤᠳᠠᠯ ᠢ ᠲᠤᠶᠢᠯᠪᠤᠷᠢᠲᠠᠢ | ᠰᠢᠢᠳᠪᠦᠷᠢᠯᠡᠬᠦ ᠪᠠᠷ ᠪᠠᠷᠠᠬᠤ ᠦᠭᠡᠢ ᠴᠡᠪᠡᠷ ᠡᠨᠧᠷᠬᠢ ᠶᠢᠨ ᠰᠣᠷᠪᠣᠯᠵᠢ ᠶᠢ ᠭᠠᠳᠠᠭᠰᠢ ᠬᠦᠷᠭᠡᠬᠦ ᠵᠠᠮ ᠢ ᠪᠦᠬᠦ | ᠲᠠᠯ᠎ᠠ ᠪᠠᠷ ᠨᠡᠪᠲᠡᠷᠡᠭᠦᠯᠦᠨ᠎ᠡ᠃ ᠴᠢᠤᠸᠠᠨ ᠨᠢᠩ ᠤᠨ ᠰᠣᠶᠣᠯ ᠵᠢᠭᠤᠯᠴᠢᠯᠠᠯ ᠤᠨ ᠪᠦᠲᠦᠭᠡᠯᠴᠢ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠴᠠᠬᠢᠯᠭᠠᠨ ᠬᠦᠷᠭᠡᠬᠦ ᠪᠠ ᠬᠠᠰ ᠯᠤᠤ ᠮᠠᠩᠬᠠᠨ ᠨᠠᠭᠤᠷ ᠤᠨ ᠦᠵᠡᠮᠵᠢ ᠶᠢᠨ ᠣᠷᠣᠨ ᠤ | ᠵᠢᠭᠤᠯᠴᠢᠯᠠᠯ ᠤᠨ ᠲᠤᠰᠬᠠᠢ ᠱᠤᠭᠤᠮ ᠤᠨ ᠢᠨᠵᠧᠨᠧᠷᠢᠩ ᠢ ᠬᠡᠷᠡᠭᠵᠢᠭᠦᠯᠵᠦ ᠂10 ᠺᠢᠯᠤᠸᠤᠯᠲ ᠤᠨ ᠴᠠᠬᠢᠯᠭᠠᠨ | ᠲᠦᠭᠡᠭᠡᠬᠦ ᠱᠤᠭᠤᠮ ᠪᠠ ᠳᠣᠣᠷ᠎ᠠ ᠬᠦᠴᠦᠳᠡᠯᠲᠦ ᠲᠠᠪᠴᠠᠩ ᠤᠨ ᠲᠣᠭᠤᠷᠢᠭ ᠢ ᠳᠡᠰ ᠳᠡᠪᠰᠢᠭᠦᠯᠦᠨ ᠥᠭᠡᠷᠡᠴᠢᠯᠡᠬᠦ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠬᠤᠰᠢᠭᠤᠨ ᠤ ᠴᠠᠬᠢᠯᠭᠠᠨ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠰᠠᠭᠤᠷᠢ ᠲᠦᠬᠦᠭᠡᠷᠦᠮᠵᠢ᠂ ᠣᠯᠠᠨ ᠨᠡᠶᠢᠲᠡ ᠶᠢᠨ ᠦᠶᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠰᠢ | ᠤᠷᠲᠤᠳᠬᠠᠨ ᠪᠦᠷᠬᠦᠭᠦᠯᠬᠦ ᠶᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ | ᠮᠡᠳᠡᠭᠡ ᠴᠢᠮᠡᠭᠡ ᠲᠣᠤᠷ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠨᠡᠪᠲᠡᠷᠡᠬᠦ ᠮᠥᠷᠲᠡᠭᠡᠨ ᠰᠠᠭᠠᠳ ᠦᠭᠡᠢ ᠪᠠᠶᠢᠬᠤ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠣᠷᠣᠨ ᠬᠡᠪᠴᠢᠶᠡᠨ ᠤ | ᠨᠤᠭᠤᠭᠠᠷᠠᠭᠤᠯᠤᠯᠲᠠ 1000 ᠮᠦ᠂ ᠪᠡᠭᠡᠵᠢᠩ ᠲᠢᠶᠠᠨᠵᠢᠨ ᠤ ᠡᠯᠡᠰᠣᠨ ᠤ ᠡᠬᠢ ᠶᠢ ᠵᠠᠰᠠᠬᠤ 5 ᠲᠦᠮᠡᠨ ᠮᠦ ᠶᠢ | ᠪᠠᠶᠡᠯᠡᠭᠦᠯᠵᠦ᠂ ᠰᠢᠷᠠᠮᠦ᠋ᠷᠡᠨ ᠭᠤᠣᠯ ᠤᠨ ᠦᠶᠡᠷ ᠢ ᠰᠡᠷᠭᠡᠶᠢᠯᠡᠬᠦ ᠵᠠᠰᠠᠯᠲᠠ᠂ ᠡᠵᠢ ᠨᠠᠭᠤᠷ ᠤᠨ ᠤᠰᠤ ᠲᠠᠲᠠᠵᠤ | ᠦᠷᠭᠦᠯᠵᠢᠯᠡᠨ ᠲᠥᠬᠦᠷᠵᠢᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠪᠦᠷᠢᠳᠦᠨ ᠨᠠᠭᠤᠷ ᠠᠴᠠ ᠴᠦᠨᠳᠦᠪ ᠤᠨ | ᠭᠤᠤᠯ ᠬᠦᠷᠬᠦ ᠬᠤᠲᠠ ᠲᠣᠭᠤᠷᠢᠭ ᠤᠨ ᠬᠡᠰᠡᠭ ᠤᠨ ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ | ᠢᠨᠵᠧᠨᠧᠷᠢᠩ ᠢ ᠲᠥᠯᠥᠪᠵᠢᠭᠦᠯᠦᠨ ᠡᠬᠢᠯᠡᠭᠦᠯᠵᠦ᠂ ᠪᠤᠷᠤᠬᠤᠲᠠ ᠬᠤᠲᠠ ᠲᠣᠭᠤᠷᠢᠭ ᠤᠨ ᠬᠤᠲᠠ ᠲᠣᠭᠤᠷᠢᠭᠰᠠᠨ | ᠤᠰᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠬᠤᠲᠠ ᠲᠤᠭᠤᠷᠢᠭ ᠤᠨ ᠬᠤᠶᠢᠰᠢᠲᠠ ᠶᠢᠨ ᠤᠰᠤ | ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ | ︵ᠳᠥᠷᠪᠡ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠰᠢᠭᠤ ᠣᠷᠣᠨ ᠤ ᠬᠥᠭᠵᠢᠯᠲᠡ | ᠶᠢᠨ ᠬᠦᠳᠡᠯᠭᠡᠬᠦ ᠡᠨᠧᠷᠭᠢ ᠶᠢ ᠬᠦᠴᠦᠨ ᠢᠶᠠᠨ ᠲᠥᠪᠯᠡᠷᠡᠭᠦᠯᠦᠨ ᠪᠣᠶᠢᠵᠢᠭᠤᠯᠤᠨ᠎ᠠ | ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠨᠵᠡᠭᠡᠢ ᠬᠥᠭᠵᠢᠭᠡᠨ᠎ᠡ᠃ ᠬᠠᠩᠭᠠᠯᠭ᠎ᠠ ᠶᠢ | ᠰᠠᠶᠢᠵᠢᠷᠠᠭᠤᠯᠬᠤ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠬᠡᠬᠦ ᠲᠣᠭᠤᠷᠢᠨ ᠳᠤ᠂ ᠳᠤᠲᠠᠭᠤᠳᠠᠯ ᠢ | ᠨᠥᠬᠦᠪᠥᠷᠢᠯᠡᠬᠦ ᠰᠠᠭᠤᠷᠢ ᠲᠥᠬᠦᠭᠡᠷᠦᠮᠵᠢ ᠶᠢᠨ ᠲᠦᠷᠦᠯ ᠵᠦᠶᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠪᠠ ᠠᠷᠠᠳ | ᠤᠨ ᠲᠤᠮᠳᠠᠬᠢ ᠪᠡᠯᠡ ᠣᠷᠣᠭᠤᠯᠤᠯᠲᠠ ᠶᠢ ᠬᠥᠭᠵᠢᠭᠡᠬᠦ ᠲᠦᠷᠦᠯ ᠵᠦᠶᠯ ᠳᠡᠭᠡᠷ᠎ᠡ ᠬᠦᠴᠦ ᠲᠠᠯᠪᠢᠵᠤ᠂ ᠵᠡᠭᠦᠨ | ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠤᠯᠤᠰ ᠠᠴᠠ ᠤᠯᠠᠭᠠᠨ ᠲᠤᠭ᠎ᠠ ᠶᠢᠨ ᠨᠤᠷᠮ᠎ᠠ ᠶᠢ ᠳᠡᠭᠡᠭᠰᠢᠯᠡᠭᠦᠯᠬᠦ᠂ ᠪᠠᠩᠬᠢ ᠶᠢᠨ ᠬᠦᠦ ᠮᠥᠩᠭᠦ ᠶᠢ ᠪᠠᠭᠤᠷᠠᠭᠤᠯᠬᠤ᠂ | ᠣᠨᠴᠠᠭᠠᠶ ᠤᠯᠤᠰ ᠤᠨ ᠵᠢᠭᠡᠯᠡᠯᠭᠡ ᠲᠠᠷᠬᠠᠭᠠᠬᠤ᠂ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠴᠤᠤᠷᠢᠶᠠᠳᠤᠨ᠂ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠪᠠ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ | ᠬᠢᠵᠦ᠂ ᠳᠡᠭᠡᠳᠦ ᠱᠠᠲᠣᠨ ᠤ ᠲᠥᠷᠥᠯ ᠵᠦᠢᠯ ᠤᠨ ᠪᠡᠯᠡ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ | ᠪᠦᠬᠦ ᠬᠦᠴᠦ ᠪᠠᠷ ᠢᠶᠠᠨ ᠲᠡᠮᠡᠴᠡᠨ ᠣᠯᠣᠨ᠎ᠠ᠃ ᠪᠦᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ | ᠭᠤᠣᠯᠳᠠᠯᠭ᠎ᠠ ᠲᠠᠢ ᠲᠥᠷᠥᠯ ᠵᠦᠢᠯ ᠢ 123 ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ 83 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ 5000 | ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 64 ᠪᠠᠶᠢᠵᠤ᠂ ᠵᠢᠯ ᠤᠨ ᠳᠣᠲᠣᠷ᠎ᠠ 61. | 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠠᠷᠠᠯᠵᠢᠶᠠᠴᠢᠨ ᠤᠷᠢᠵᠤ ᠪᠠᠯᠠ ᠣᠷᠤᠭᠤᠯᠬᠤ ᠠᠵᠢᠯ ᠢ ᠯᠠᠪᠳᠠᠭᠤᠨ ᠪᠠᠲᠤᠲᠠᠶ ᠦᠷᠨᠢᠭᠦᠯᠵᠦ᠂ ︽ᠨᠤᠲᠤᠭ ᠤᠰᠤᠨ ᠤ | ᠬᠠᠶᠢᠷ᠎ᠠ ᠰᠡᠳᠬᠢᠯᠭᠡ · ᠯᠤᠤᠲᠤ ᠨᠤᠲᠤᠭ ᠤᠨ ᠠᠶᠠᠯᠠᠯ︾ ᠤᠨ ᠣᠩᠨᠢᠭᠤᠳ ᠬᠤᠰᠢᠭᠤᠨ ᠤ ᠨᠤᠲᠤᠭ ᠤᠨ ᠨᠠᠶᠢᠵᠠ | ᠶᠢᠨ ᠬᠤᠷᠠᠯ ᠵᠡᠷᠭᠡ ᠪᠦᠲᠦᠮᠵᠢᠲᠡᠶ ᠠᠴᠢᠶᠠᠯᠠᠪᠤᠷᠢ ᠶᠢ ᠥᠷᠭᠡᠨ ᠢᠶᠠᠷ ᠠᠰᠢᠭᠯᠠᠵᠤ᠂ ᠠᠷᠠᠯᠵᠢᠶᠠᠴᠢᠨ ᠤᠷᠢᠵᠤ ᠪᠠᠯᠠ | ᠣᠷᠣᠭᠤᠯᠬᠤ᠂ ᠴᠢᠳᠠᠪᠤᠷᠢᠲᠠᠨ ᠢ ᠴᠤᠭᠯᠠᠭᠤᠯᠤᠨ ᠣᠶᠤᠨ ᠤᠬᠠᠭᠠᠨ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ | ᠵᠢᠯ ᠤᠨ ᠳᠣᠲᠣᠷ᠎ᠠ 1000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠬᠤ ᠲᠥᠷᠥᠯ ᠵᠦᠶᠯ ᠢ 20 | ᠠᠴᠠ ᠳᠡᠭᠡᠭᠰᠢ ᠭᠡᠷ᠎ᠡ ᠲᠣᠭᠲᠠᠵᠤ ᠨᠠᠶᠢᠳᠠᠪᠤᠷᠢᠵᠢᠭᠤᠯᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠲᠥᠷᠥᠯ ᠵᠦᠶᠯ ᠢ 10 ᠠᠴᠠ ᠳᠡᠭᠡᠭᠰᠢ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠡᠯᠭᠦᠬᠦ | ᠬᠦᠴᠦᠨ ᠢ ᠴᠢᠩᠭᠠᠷᠠᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠨᠬᠦ ᠰᠢᠯᠢᠳᠡᠭᠵᠢᠭᠦᠯᠦᠨ᠎ᠡ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠵᠤ᠂ ᠬᠤᠲᠠ ᠶᠢᠨ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠷ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶᠡᠨ ᠤ ᠲᠠᠪᠴᠠᠩ | ᠲᠠᠢ ᠢᠳᠡᠪᠬᠢᠲᠡᠢ ᠵᠣᠯᠭᠠᠭᠤᠯᠵᠤ᠂ ᠬᠢᠨᠠᠨ ᠵᠥᠪᠰᠢᠶᠡᠷᠡᠭᠰᠡᠨ ᠭᠡᠷᠡᠴᠢ ᠪᠠ ᠵᠠᠭᠤᠴᠢ ᠦᠢᠯᠡᠴᠢᠯᠡᠭᠡᠨ ᠤ ᠵᠦᠢᠯᠡᠰ ᠢ | ᠪᠦᠬᠦ ᠲᠠᠯ᠎ᠠ ᠪᠠᠷ ᠪᠦᠷᠢᠳᠬᠡᠨ᠎ᠡ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠯᠲᠡ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠪᠦᠬᠦᠨ ᠢ ᠪᠣᠳᠠᠲᠤ ᠴᠣᠭᠴᠠ ᠶᠢᠨ ᠲᠢᠩᠬᠢᠮ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠣᠷᠣᠭᠤᠯᠤᠨ ᠭᠦᠶᠴᠡᠳᠬᠡᠬᠦ ᠶᠢ ᠴᠢᠷᠮᠠᠶᠢᠨ ᠪᠡᠶᠡᠯᠡᠭᠦᠯᠦᠨ᠎ᠡ᠃ ᠥᠯᠥ | ᠦᠢᠯᠡᠳᠬᠦ᠂ ᠤᠳᠠᠭᠠᠨ ᠦᠢᠯᠡᠳᠬᠦ᠂ ᠳᠤᠷ᠎ᠠ ᠪᠠᠷ ᠦᠢᠯᠡᠳᠬᠦ᠂ ᠢᠳᠡᠬᠦ ᠠᠪᠬᠤ ᠭᠠᠴᠢᠬᠤ᠂ ᠲᠥᠭᠵᠢᠷᠡᠯ ᠵᠡᠷᠭᠡ | ᠳᠣᠪᠤᠶᠢᠮ᠎ᠠ ᠠᠰᠠᠭᠤᠳᠠᠯ ᠢ ᠴᠢᠩᠭ᠎ᠠ ᠵᠠᠰᠠᠵᠤ᠂ ᠰᠢᠯᠢᠳᠡᠭ ᠰᠠᠶᠢᠨ ᠬᠥᠭᠵᠢᠯᠲᠡ ᠶᠢᠨ ᠣᠷᠴᠢᠨ ᠢ ᠪᠤᠢ ᠪᠣᠯᠭᠠᠨ᠎ᠠ᠃ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠲᠦᠷᠭᠡᠳᠬᠡᠨ | ᠠᠬᠢᠭᠤᠯᠵᠤ᠂ ᠬᠤᠲᠠ ᠶᠢᠨ ᠱᠠᠲᠤᠨ ᠤ ᠡᠯᠧᠺᠲᠷᠣᠨ ᠠᠷᠠᠯᠵᠢᠶᠠᠨ ᠤ ᠲᠠᠪᠴᠠᠩ ᠲᠠᠢ ᠬᠠᠷᠢᠯᠴᠠᠨ ᠬᠤᠯᠪᠤᠭᠠᠯᠠᠵᠤ | ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ | ᠳᠡᠮᠵᠢᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠦᠷᠢᠳᠦᠵᠦ ᠪᠠᠶᠢᠬᠤ ᠲᠠᠩᠰᠠᠨ | ᠵᠣᠭᠤᠰ ᠢ ᠳᠢᠭᠯᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ | ᠪᠠᠯᠠ ᠤᠷᠤᠭᠤᠯᠬᠤ ᠳᠤ ᠦᠨᠡᠲᠡᠶ ᠵᠡᠷᠭᠡ ᠠᠰᠠᠭᠤᠳᠠᠯ ᠢ ᠴᠢᠷᠮᠠᠶᠢᠨ ᠰᠢᠶᠳᠪᠦᠷᠢᠯᠡᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ | ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠳᠤᠨ ᠤ ᠬᠢᠨᠠᠨ | ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠠᠵᠢᠯ | ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ | ᠂ ᠲᠠᠷᠢᠶᠠᠯᠠᠩ ᠮᠠᠯ ᠠᠵᠤ ᠠᠬᠤᠶ ᠵᠡᠷᠭᠡ ᠬᠦᠷᠢᠶ᠎ᠡ ᠴᠠᠷᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ | ᠵᠢᠷᠤᠮᠵᠢᠭᠤᠯᠤᠨ ᠴᠢᠩᠭᠠᠳᠬᠠᠵᠤ᠂ ᠰᠠᠯᠠᠭ᠎ᠠ ᠮᠥᠴᠢᠷ ᠤᠨ ᠳᠣᠲᠣᠭᠠᠳᠤ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠪᠠ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠠᠬᠢᠭᠤᠯᠵᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷᠲᠦ ᠥᠨᠳᠥᠷ ᠦᠷ᠎ᠡ ᠪᠦᠲᠦᠮᠵᠢᠲᠡᠶ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ | ᠥᠭᠡᠷᠡᠴᠢᠯᠡᠯᠲᠡ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠮᠢᠶᠠᠷᠤᠯᠲᠠ ᠶᠢᠨ | ᠪᠠᠶᠢᠭᠤᠯᠤᠯ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ᠂ ᠲᠠᠷᠢᠶᠠᠯᠠᠩ ᠤᠨ ᠤᠰᠤᠨ ᠤ ᠦᠨ᠎ᠡ ᠬᠠᠩᠰᠢ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠵᠢᠯ | ᠢ ᠨᠢᠭᠡᠳᠦᠯᠲᠡᠶ ᠲᠦᠯᠦᠪᠯᠡᠨ ᠠᠬᠢᠭᠤᠯᠵᠤ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠥᠷᠨᠢᠭᠦᠯᠦᠨ᠎ᠡ᠃ | ︵ᠲᠠᠪᠤ︶ ᠠᠷᠠᠳ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠪᠠᠲᠤᠯᠠᠨ᠎ᠠ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠢᠭᠠᠨ | ᠰᠤᠷᠭᠠᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠴᠢᠩᠭ᠎ᠠ ᠠᠩᠬᠠᠷᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠪᠠᠶᠢᠷᠢᠰᠢᠭᠤᠯᠤᠯᠲᠠ ᠳᠤ ᠲᠣᠬᠢᠷᠠᠭᠤᠯᠤᠯᠲᠠ ᠬᠢᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠪᠤᠷᠤᠬᠤᠲᠠ | ᠲᠥᠷᠪᠡᠳᠦᠭᠡᠷ ᠬᠡᠤᠬᠡᠳ ᠤᠨ ᠴᠡᠴᠡᠷᠯᠢᠭ ᠢ ᠬᠤᠳᠠᠯᠳᠤᠨ ᠠᠪᠬᠤ᠂ ᠪᠤᠷᠤᠬᠤᠲᠠ ᠵᠢᠷᠭᠤᠳᠤᠭᠠᠷ ᠪᠠᠭ᠎ᠠ ᠰᠤᠷᠭᠠᠭᠤᠯᠢ᠂ | ᠪᠤᠷᠤᠬᠤᠲᠠ ᠵᠢᠷᠭᠤᠳᠤᠭᠠᠷ ᠬᠡᠤᠬᠡᠳ ᠤᠨ ᠴᠡᠴᠡᠷᠯᠢᠭ᠂ ᠪᠤᠷᠤᠬᠤᠲᠠ ᠲᠤᠯᠤᠳᠤᠭᠠᠷ ᠪᠠᠭ᠎ᠠ ᠰᠤᠷᠭᠠᠭᠤᠯᠢ᠂ | ᠪᠤᠷᠤᠬᠤᠲᠠ ᠲᠤᠯᠤᠳᠤᠭᠠᠷ ᠬᠡᠤᠬᠡᠳ ᠤᠨ ᠴᠡᠴᠡᠷᠯᠢᠭ ᠲᠥᠷᠥᠯ ᠵᠦᠶᠯ ᠤᠨ ᠪᠦᠳᠦᠭᠡᠨ ᠪᠠᠶᠢᠭᠤᠯᠯᠤᠲᠠ ᠢ ᠡᠬᠢᠯᠡᠭᠦᠯᠵᠦ | ᠂ ᠬᠤᠲᠠ ᠲᠣᠭᠤᠷᠢᠭ ᠤᠨ ᠰᠤᠷᠭᠠᠭᠤᠯᠢ ᠳᠤ ᠣᠷᠣᠬᠤ ᠳᠠᠷᠤᠯᠲᠠ ᠶᠢ ᠨᠠᠮᠳᠠᠭᠤᠯᠵᠤ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 80%᠂ ᠠᠯᠪᠠᠨ ᠠᠴᠠ ᠡᠷᠬᠢᠯᠡᠭᠰᠡᠨ ᠬᠡᠦᠬᠡᠳ | ᠤᠨ ᠴᠡᠴᠡᠷᠯᠢᠭ ᠲᠠᠬᠢ ᠬᠡᠤᠬᠡᠳ ᠤᠨ ᠡᠵᠡᠯᠡᠬᠦ ᠬᠠᠷᠢᠴᠠᠯ ᠢ 50% ᠳᠤ ᠬᠦᠷᠭᠡᠬᠦ ᠬᠠᠷᠠᠯᠲᠠ ᠱᠠᠭᠠᠷᠳᠠᠯᠭ᠎ᠠ ᠶᠢ | ᠪᠡᠶᠡᠯᠡᠭᠦᠯᠦᠨ᠎ᠡ᠃ ᠪᠤᠷᠤᠬᠤᠲᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠣᠮ ᠤᠨ ᠰᠠᠩ᠂ ᠪᠤᠷᠤᠬᠤᠲᠠ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠴᠢᠶᠤᠤ ᠲᠸᠤ ᠬᠤᠶᠠᠳᠤᠭᠠᠷ ᠬᠡᠦᠬᠡᠳ ᠤᠨ | ᠴᠡᠴᠡᠷᠯᠢᠭ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ | ᠰᠤᠷᠭᠠᠨ ᠬᠥᠮᠦᠵᠢᠯ ᠤᠨ ᠵᠢᠭᠠᠨ ᠰᠤᠷᠭᠠᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠰᠤᠷᠭᠠᠨ ᠬᠥᠮᠦᠵᠢᠯ | ᠤᠨ ᠨᠠᠷᠠᠲᠤ ᠲᠥᠷᠥᠯ ᠲᠡᠮᠳᠡᠭᠲᠦ ᠶᠢ ᠳᠠᠬᠢᠨ ᠱᠤᠭᠤᠬᠤ ᠶᠢ ᠲᠦᠷᠭᠡᠳᠬᠡᠵᠦ᠂ ᠣᠨᠴᠠᠯᠢᠭᠵᠢᠭᠰᠠᠨ᠂ ᠣᠯᠠᠨ | ᠡᠰᠢᠵᠢᠭᠰᠡᠨ ᠰᠤᠷᠭᠠᠭᠤᠯᠢ ᠡᠷᠭᠢᠯᠡᠬᠦ ᠶᠢ ᠬᠡᠷᠡᠭᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ᠂ ︽ᠬᠤᠤᠰ | ᠲᠡᠷᠢᠭᠦᠨ ᠲᠠᠰ︾ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠨ ᠣᠷᠣᠬᠤ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠨ᠎ᠠ᠃ ᠤᠯᠠᠭᠠᠨᠬᠠᠳᠠ ᠶᠢᠨ ᠡᠷᠡᠭᠦᠯ ᠬᠠᠮᠠᠭᠠᠯᠠᠯ ᠤᠨ ᠰᠤᠷᠭᠠᠭᠤᠯᠢ ᠬᠢᠭᠡᠳ ᠠᠵᠢᠯ ᠮᠡᠷᠭᠡᠵᠢᠯ | ᠤᠨ ᠰᠤᠷᠭᠠᠨ ᠬᠥᠮᠦᠵᠢᠯ ᠤᠨ ᠲᠥᠪ ᠢ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠪ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠲᠥᠷᠥᠯ ᠵᠦᠶᠯ ᠢ | ᠬᠡᠷᠡᠭᠵᠢᠭᠦᠯᠦᠨ᠎ᠡ ᠂ ᠪᠦᠬᠦ ᠬᠤᠲᠠ ᠳᠤ ᠥᠪᠡᠷᠮᠢᠴᠡ ᠣᠨᠴᠠᠯᠢᠭ ᠲᠠᠢ᠂ ᠲᠤᠰᠬᠠᠶ ᠮᠡᠷᠭᠡᠵᠢᠯ ᠲᠥᠪᠯᠡᠷᠡᠭᠰᠡᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠪᠠᠭᠰᠢ ᠶᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠵᠢᠯ ᠤᠨ | ᠳᠣᠲᠣᠷ᠎ᠠ 100 ᠪᠠᠭᠰᠢ ᠡᠯᠰᠡᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠷᠭᠦᠯᠵᠢᠯᠡᠨ ᠴᠢᠩᠭ᠎ᠠ | ᠠᠳᠬᠤᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠪᠠ ᠵᠠᠯᠠᠭᠤᠴᠤᠳ ᠪᠠᠭᠠᠴᠤᠳ ᠤᠨ ᠬᠠᠤᠯᠢ ᠠᠴᠠ | ᠵᠥᠷᠢᠴᠡᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ᠂ | ᠵᠢᠷᠤᠮᠵᠢᠯ ᠲᠠᠢ ᠡᠮᠬᠢ ᠵᠢᠷᠤᠮ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠦᠨᠡᠨᠬᠦ ᠪᠤᠢ ᠪᠣᠯᠭᠠᠨ᠎ᠠ᠃ | | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡ ᠶᠢ ᠰᠢᠯᠢᠳᠡᠭᠵᠢᠭᠦᠯᠦᠨ᠎ᠡ᠃ ︽ᠡᠷᠡᠭᠦᠯ ᠡᠩᠬᠡ | ᠣᠩᠨᠢᠭᠤᠳ ᠬᠤᠰᠢᠭᠤ︾ ᠶᠢᠨ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠵᠤ᠂ ᠡᠮᠨᠡᠨ ᠰᠤᠪᠢᠯᠠᠬᠤ᠂ ᠡᠷᠡᠭᠦᠯ | ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠪᠠᠶᠢᠷᠢᠯᠠᠭᠤᠯᠬᠤ ᠪᠠ | ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠪᠦᠬᠦ ᠬᠤᠰᠢᠭᠤᠨ ᠳᠤ ᠦᠢᠯᠡᠴᠢᠯᠡᠬᠦ᠂ ᠪᠦᠬᠦ | ᠬᠤᠲᠠ ᠳᠤ ᠬᠠᠨᠳᠤᠭᠤᠯᠤᠭᠰᠠᠨ ᠡᠷᠡᠭᠦᠯᠵᠢᠯ ᠨᠠᠰᠤᠵᠢᠯ ᠤᠨ ᠦᠢᠯᠡᠴᠢᠯᠡᠭᠡᠨ ᠤ ᠰᠠᠭᠤᠷᠢᠨ ᠭᠠᠵᠠᠷ ᠪᠣᠯᠭᠠᠵᠤ ᠢᠳᠡᠭ | ᠠᠯᠬᠤᠮ ᠢᠶᠠᠷ ᠪᠠᠶᠢᠭᠤᠯᠤᠨ᠎ᠠ᠃ ᠬᠤᠰᠢᠭᠤ ᠡᠮᠨᠡᠯᠭᠡ ᠶᠢᠨ ᠬᠤᠷᠢᠶ᠎ᠠ ᠶᠢᠨ ᠭᠠᠵᠠᠷ ᠲᠠᠲᠠᠪᠤᠷᠢᠯᠠᠨ ᠨᠤᠷᠠᠭᠠᠵᠤ | ᠥᠷᠭᠡᠳᠬᠡᠨ ᠪᠠᠶᠢᠭᠤᠯᠬᠤ᠂ ᠡᠮᠡᠭᠲᠡᠶᠢᠴᠦᠳ ᠬᠡᠤᠬᠡᠳ ᠤᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ | ᠲᠥᠪ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ | ᠬᠤᠷᠠᠬᠤ ᠡᠪᠡᠳᠴᠢᠨ ᠢ ᠵᠠᠰᠠᠬᠤ ᠲᠥᠪ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠲᠥᠷᠥᠯ | ᠵᠦᠶᠯ ᠢ ᠲᠥᠯᠥᠪᠯᠡᠨ ᠬᠡᠷᠡᠭᠵᠢᠭᠦᠯᠵᠦ᠂ ᠪᠤᠷᠤᠬᠤᠲᠠ ᠬᠤᠲᠠ ᠲᠣᠭᠤᠷᠢᠭ ᠲᠤ ᠪᠠᠶᠢᠷᠢᠰᠢᠯ ᠨᠢ ᠵᠦᠶ ᠵᠣᠬᠢᠰᠲᠠᠶ᠂ | ᠴᠢᠳᠠᠮᠵᠢ ᠨᠢ ᠣᠯᠠᠨ ᠶᠠᠩᠵᠤ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ | ᠴᠣᠭᠴᠠᠯᠠᠨ ᠪᠠᠶᠢᠭᠤᠯᠤᠨ᠎ᠠ᠃ ᠬᠤᠰᠢᠭᠤ ᠰᠢᠶᠠᠩ ᠬᠤᠶᠠᠷ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠯᠤᠰ | ᠡᠵᠡᠮᠰᠢᠯᠲᠦ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠡᠬᠢᠯᠡᠭᠦᠯᠵᠦ᠂ ᠰᠠᠭᠤᠭᠠᠯᠢ ᠠᠷᠠᠳ ᠤᠨ | ᠡᠷᠡᠭᠦᠯ ᠮᠡᠨᠳᠦ ᠶᠢᠨ ᠡᠯᠧᠺᠲᠷᠣᠨ ᠺᠣᠳ᠋ ᠤᠨ ︽ᠺᠣᠳ᠋ ᠰᠢᠷᠪᠢᠵᠦ︾ ᠡᠮᠨᠡᠭᠦᠯᠬᠦ ᠶᠢ ᠪᠡᠶᠡᠯᠡᠭᠦᠯᠬᠦ ᠶᠢ ᠠᠬᠢᠭᠤᠯᠵᠤ᠂ | ᠬᠤᠰᠢᠭᠤᠨ ᠤ ᠬᠡᠪᠴᠢᠶᠡᠨ ᠤ ᠡᠮᠴᠢᠯᠡᠭᠡᠨ ᠤ ᠦᠶᠯᠡᠴᠢᠯᠡᠭᠡ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ | ᠶᠡᠷᠦᠩᠬᠡᠢ ᠰᠠᠯᠠᠭᠠᠨ ᠤ ᠡᠮᠴᠢ ᠶᠢ ᠬᠥᠮᠦᠵᠢᠭᠦᠯᠬᠦ ᠪᠠ ᠭᠤᠣᠯᠳᠠᠯᠭ᠎ᠠ ᠲᠠᠢ ᠰᠠᠯᠠᠭ᠎ᠠ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠳᠤᠲᠠᠭᠳᠠᠵᠤ ᠪᠠᠶᠢᠭ᠎ᠠ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠨ᠂ ᠵᠢᠯ ᠤᠨ ᠳᠣᠲᠣᠷ᠎ᠠ 184 ᠨᠡᠷ᠎ᠡ ᠡᠮ | ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠡᠯᠰᠡᠨ ᠣᠷᠣᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ | ᠶᠢᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠳᠤᠮᠳᠠ ᠮᠣᠩᠭᠤᠯ ᠬᠢᠲᠠᠳ ᠡᠮ ᠡᠮᠨᠡᠯᠭᠡ ᠶᠢᠨ ᠴᠢᠨᠠᠷ ᠰᠠᠶᠢᠲᠠᠶ | ᠬᠥᠭᠵᠢᠬᠦ ᠶᠢ ᠠᠬᠢᠭᠤᠯᠤᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠰᠢᠭᠤᠨ ᠤ ᠳᠡᠰ ᠤᠨ ᠡᠮᠨᠡᠯᠭᠡ ᠶᠢᠨ ᠬᠤᠷᠢᠶ᠎ᠠ᠂ ᠰᠣᠮᠣ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠭᠡᠷ ᠤᠨ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠪᠣᠯᠤᠨ ᠠᠵᠢᠯ | ᠮᠡᠷᠭᠡᠵᠢᠯ ᠤᠨ ᠶᠣᠰᠣ ᠮᠣᠷᠠᠯ ᠤᠨ ᠬᠦᠮᠦᠵᠢᠯ ᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠴᠢᠳᠠᠪᠤᠷᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ᠂ ᠡᠪᠡᠳᠴᠢᠨ ᠦᠵᠡᠭᠦᠯᠵᠦ ᠳᠡᠶᠢᠯᠬᠦ ᠪᠠ | ᠡᠪᠡᠳᠴᠢᠨ ᠢᠶᠠᠨ ᠰᠠᠶᠢᠨ ᠦᠵᠡᠭᠦᠯᠬᠦ︾ ᠶᠢ ᠴᠢᠷᠮᠠᠶᠢᠨ ᠪᠡᠶᠡᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠰᠦᠯᠵᠢᠶ᠎ᠡ ᠶᠢ ᠪᠦᠷᠢᠨᠰᠢᠭᠦᠯᠦᠨ᠎ᠡ᠃ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ︽ | ᠠᠷᠠᠳ ᠤᠨ ᠠᠮᠢᠳᠤᠷᠠᠯ ᠤᠨ ᠠᠷᠪᠠᠨ ᠪᠣᠳᠠᠲᠤ ᠶᠠᠪᠤᠳᠠᠯ︾ ᠢ ᠰᠠᠶᠢᠲᠤᠷ ᠬᠢᠵᠦ᠂ 372 ᠡᠷᠦᠬᠡ ᠶᠢᠨ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ 8 ᠬᠠᠭᠤᠴᠢᠨ ᠵᠢᠵᠢᠭ ᠲᠣᠭᠤᠷᠢᠭ | ᠤᠨ 344 ᠡᠷᠦᠬᠡ ᠶᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ | ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠎ᠠ᠃ | ᠬᠠᠨᠳᠤᠯᠭᠠᠲᠤ ᠴᠢᠨᠠᠷᠲᠠᠶ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠨᠳᠣᠤ | ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠣᠯᠠᠨ ᠲᠦᠮᠡᠨ ᠳᠤ ᠠᠵᠢᠯ ᠣᠯᠭᠤᠬᠤ ᠶᠢ ᠲᠡᠷᠢᠭᠦᠨ ᠪᠠᠶᠢᠷᠢᠨ ᠳᠤ | ᠲᠠᠯᠪᠢᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ | ᠠᠵᠢᠯᠴᠢᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠠᠭᠠᠨ ᠪᠤᠴᠠᠭᠰᠠᠳ ᠵᠡᠷᠭᠡ ᠬᠠᠮᠲᠤ ᠣᠯᠠᠨ ᠤ | ᠠᠵᠢᠯ ᠣᠯᠭᠤᠬᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠵᠣᠷᠢᠭᠤᠳᠠ ᠴᠠᠯᠢᠩ ᠥᠷᠢᠲᠦᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨᠬᠦ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠲᠦᠷᠭᠡᠪᠴᠢᠯᠡᠨ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ ᠶᠢ ᠤᠯᠠᠮ ᠨᠢᠭᠡ ᠠᠯᠬᠤᠮ ᠨᠢᠭᠲᠠ | ᠪᠣᠯᠭᠠᠨ᠎ᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ᠂ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠤᠯᠠᠭᠠᠨᠮᠥ᠋ᠴᠢᠷ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠰᠣᠶᠣᠯ ᠤᠨ ᠤᠯᠠᠮᠵᠢᠯᠠᠯ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠤᠯᠠᠭᠠᠨᠮᠥ᠋ᠴᠢᠷ ᠤᠨ ᠮᠦᠽᠧᠶ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠤᠤᠭᠠᠯ | ᠡᠭᠦᠳᠦᠯᠲᠡ ᠶᠢᠨ ᠰᠣᠩᠭᠤᠳᠠᠭ ᠫᠷᠤᠭ᠍ᠷᠠᠮ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠤᠨ ᠨᠢᠭᠡᠳᠦᠭᠡᠷ | ᠬᠤᠭᠤᠴᠠᠭᠠᠨ ᠤ ᠳᠠᠬᠢᠨ ᠵᠢᠭᠰᠠᠭᠠᠵᠤ ᠰᠢᠩᠭᠡᠭᠡᠨ ᠦᠶᠯᠡᠳᠬᠦ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠂ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠰᠣᠶᠣᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ | ᠴᠢᠩᠭᠠᠳᠬᠠᠨ᠂ ᠣᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ | ᠪᠠᠶᠠᠯᠢᠭᠵᠢᠭᠤᠯᠤᠨ᠎ᠠ᠃ | ᠣᠯᠠᠨ ᠨᠡᠶᠢᠲᠡ ᠶᠢᠨ ᠠᠮᠤᠷ ᠲᠦᠪᠰᠢᠨ ᠢ ᠦᠷᠭᠦᠯᠵᠢᠯᠡᠨ ᠰᠠᠶᠢᠲᠤᠷ ᠠᠳᠬᠤᠨ᠎ᠠ᠃ ᠠᠶᠤᠯᠭᠦᠢ | ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠭᠤᠤᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ | ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ᠂ ᠦᠨᠳᠦᠰᠦᠨ | ᠱᠠᠲᠤᠨ ᠤ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠣᠷᠣᠨ ᠪᠦᠰᠡᠴᠢᠯᠡᠭᠰᠡᠨ᠂ ᠰᠦᠯᠵᠢᠶᠡᠵᠢᠭᠰᠡᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠪᠡᠶᠡᠯᠡᠭᠦᠯᠵᠦ᠂ ᠨᠡᠭᠦᠷᠡᠰᠦᠨ ᠪᠤᠰᠤ ᠠᠭᠤᠷᠬᠠᠶ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ | ᠢᠳᠡᠭᠡᠨ ᠪᠠ ᠡᠮ ᠤᠨ ᠵᠦᠶᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠠᠶᠤᠯᠲᠠᠶ ᠬᠢᠮᠢ ᠶᠢᠨ ᠵᠦᠶᠯ | ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠥᠬᠡᠶ︾ ᠪᠠᠶᠢᠵᠤ᠂ ᠬᠦᠨᠳᠦ ᠣᠨᠴᠠ ᠶᠡᠭᠡ ᠠᠳᠡᠯ ᠭᠠᠷᠬᠤ ᠶᠢ | ᠡᠷᠡᠰ ᠬᠤᠷᠢᠭᠯᠠᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯᠲᠠᠨ ᠤ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠴᠢᠩᠭᠠᠳᠬᠠᠵᠤ᠂ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ | ᠲᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠬᠢᠵᠢᠭ ᠵᠡᠷᠭᠡ ᠬᠢᠵᠢᠭ ᠤᠨ ᠪᠠᠶᠢᠳᠠᠯ ᠢ ᠡᠵᠡᠮᠳᠡᠬᠦ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠃ ︽ᠠᠮᠤᠷ ᠠᠮᠤᠭᠤᠯᠠᠩ ᠣᠩᠨᠢᠭᠤᠳ ᠬᠤᠰᠢᠭᠤ︾ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠭᠦᠨᠵᠡᠭᠡᠢ ᠠᠬᠢᠭᠤᠯᠵᠤ᠂ ᠠᠵᠢᠯ ᠲᠥᠷᠥᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠬᠤ ᠶᠢ | ᠦᠨᠡᠨᠬᠦ ᠴᠢᠩᠭᠠᠳᠬᠠᠵᠤ᠂ ᠪᠣᠰᠤᠭ᠎ᠠ ᠴᠣᠭᠴᠠᠲᠤ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ | ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠭᠤᠷᠪᠠ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ | ᠪᠠᠶᠢᠭᠤᠯᠤᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ | ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ︽ᠲᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ | ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠬᠤ ᠶᠢ ᠪᠠᠲᠤᠯᠠᠨ᠎ᠠ᠃ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠤᠰᠢᠭᠤ ᠨᠠᠮ | ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠬᠡᠷᠡᠭᠵᠢᠭᠦᠯᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠬᠦ᠂ ᠵᠠᠷᠯᠢᠭ ᠴᠠᠭᠠᠵᠠ ᠶᠢ ᠳᠠᠭᠠᠬᠤ ᠶᠢ | ᠪᠠᠲᠤᠯᠠᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠭ | ᠲᠡᠮᠳᠡᠭ ᠲᠤᠳᠤᠷᠬᠠᠢ ᠤᠯᠤᠰ ᠲᠦᠷᠦ ᠶᠢ ᠡᠷᠬᠢᠮᠯᠡᠵᠦ᠂ ᠶᠣᠰᠣ ᠳᠦᠷᠢᠮ ᠢ ᠰᠠᠬᠢᠵᠤ᠂ ᠵᠠᠰᠠᠭ ᠤᠨ ᠣᠷᠳᠣᠨ ᠤ | ᠠᠵᠢᠯᠯᠠᠭ᠎ᠠ ᠪᠠ ᠵᠠᠰᠠᠭ ᠤᠨ ᠣᠷᠲᠤᠨ ᠤ ᠠᠵᠢᠯᠲᠠᠨ ᠤ ᠵᠠᠰᠠᠭ ᠶᠠᠪᠤᠭᠤᠯᠬᠤ ᠦᠢᠯᠡ ᠠᠵᠢᠯᠯᠠᠭ᠎ᠠ ᠶᠢᠨ ᠬᠤᠶᠠᠷ | ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠦᠢᠯᠡ | ᠠᠵᠢᠯᠯᠠᠭ᠎ᠠ ᠨᠢ ᠳᠦᠷᠢᠮ ᠲᠠᠢ᠂ ᠠᠵᠢᠯᠯᠠᠭ᠎ᠠ ᠨᠢ ᠶᠣᠰᠣ ᠳᠦᠷᠢᠮ ᠲᠠᠢ ᠪᠠᠶᠢᠬᠤ ᠶᠢ ᠠᠬᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ | ᠤ ᠪᠠᠶᠢᠭᠤᠯᠤᠯᠲᠠ ᠶᠢ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠪᠡᠶᠡᠯᠡᠭᠦᠯᠵᠦ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠬᠦᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ︽ | ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠢ ᠬᠠᠮᠲᠤ ᠪᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ | ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠪᠠᠶᠢᠴᠠᠭᠠᠨ ᠰᠤᠳᠤᠯᠬᠤ᠂ | ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠬᠠᠤᠯᠢ | ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠲᠦᠷᠢᠮ ᠢ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠬᠦ ᠶᠢ ᠦᠨᠡᠨ ᠬᠦ ᠪᠡᠶᠡᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠥᠷᠭᠡᠨ ᠢᠶᠠᠷ | ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠵᠠᠰᠠᠭ ᠤᠨ ᠣᠷᠳᠣᠨ ᠤ ᠠᠵᠢᠯ ᠤᠨ | ᠢᠯᠡ ᠲᠣᠳᠣ ᠶᠢᠨ ᠬᠡᠮᠵᠢᠶ᠎ᠡ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠨ᠎ᠠ᠃ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ︽ᠨᠢᠭᠡᠳᠦᠭᠡᠷ | ᠹᠷᠣᠨᠲ ᠤᠨ ᠠᠵᠢᠯ ᠤᠨ ᠠᠷᠭ᠎ᠠ︾ ᠶᠢ ᠢᠳᠡᠪᠬᠢᠲᠡᠶ ᠬᠡᠷᠡᠭᠵᠢᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠨᠢᠭᠡᠪᠦᠷᠢ ᠶᠢ ᠨᠠᠷᠢᠯᠢᠭᠵᠢᠭᠤᠯᠤᠨ ᠵᠠᠳᠠᠯᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠷᠭᠦᠯᠵᠢᠯᠡᠨ ᠳᠠᠭᠠᠵᠤ᠂ ᠴᠢᠳᠠᠪᠤᠷᠢ ᠬᠦᠷᠦᠯᠴᠡᠬᠦ ᠥᠬᠡᠶ ᠪᠣᠯ ᠬᠢᠵᠦ | ᠳᠡᠶᠢᠯᠬᠦ ᠥᠬᠡᠶ᠂ ᠬᠥᠳᠡᠯᠭᠡᠬᠦ ᠬᠦᠴᠦᠨ ᠬᠦᠷᠦᠯᠴᠡᠬᠦ ᠥᠬᠡᠶ ᠪᠣᠯ ᠬᠢᠬᠦ ᠰᠠᠨᠠᠭ᠎ᠠ ᠥᠬᠡᠶ᠂ ᠡᠭᠦᠷᠭᠡᠯᠡᠵᠦ ᠬᠦᠷᠦᠯᠴᠡᠬᠦ | ᠥᠬᠡᠶ ᠪᠣᠯ ᠬᠢᠬᠦ ᠵᠣᠷᠢᠭ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠣᠯᠠᠨ ᠲᠦᠮᠡᠨ ᠤ ᠰᠠᠨᠠᠭᠠᠰᠢᠷᠠᠵᠤ | ᠪᠠᠶᠢᠭ᠎ᠠ ᠶᠠᠪᠤᠳᠠᠯ᠂ ᠪᠤᠬᠢᠨᠢᠳᠤᠵᠤ ᠪᠠᠶᠢᠭ᠎ᠠ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ ᠢ ᠬᠦᠴᠦᠯᠡᠨ ᠰᠢᠶᠳᠪᠦᠷᠢᠯᠡᠨ᠎ᠡ᠃ | ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠵᠠᠯᠬᠠᠭᠠᠨ ᠴᠡᠭᠡᠷᠯᠡᠭᠦᠯᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠠᠵᠢᠯ ᠤᠨ ᠴᠢᠳᠠᠪᠤᠷᠢ ᠪᠠᠨ | ᠨᠡᠮᠡᠭᠳᠡᠭᠦᠯᠵᠦ᠂ ᠰᠢᠨ᠎ᠡ ᠪᠠᠶᠢᠳᠠᠯ ᠢ ᠰᠤᠳᠤᠯᠬᠤ᠂ ᠰᠢᠨ᠎ᠡ ᠠᠰᠠᠭᠤᠳᠠᠯ ᠢ ᠰᠢᠶᠳᠪᠦᠷᠢᠯᠡᠬᠦ᠂ ᠰᠢᠨ᠎ᠡ ᠲᠤᠷᠰᠢᠯᠭ᠎ᠠ ᠶᠢ | ᠳ᠋ᠦᠩᠨᠡᠬᠦ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ | ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ ᠬᠠᠷᠢᠭᠤᠴᠠᠵᠤ᠂ ᠵᠠᠰᠠᠭ ᠤᠨ ᠣᠷᠳᠣᠨ ᠤ ᠠᠵᠢᠯ | ᠤᠨ ᠬᠡᠷᠡᠭᠵᠢᠭᠦᠯᠬᠦ ᠬᠦᠴᠦᠨ ᠪᠠ ᠪᠣᠳᠠᠲᠤ ᠬᠦᠴᠦᠨ ᠢ ᠦᠨᠡᠨᠬᠦ ᠨᠡᠮᠡᠭᠳᠡᠭᠦᠯᠦᠨ᠎ᠡ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠲᠥᠪ ᠤᠨ ᠨᠠᠶᠮᠠᠨ ᠵᠤᠷᠪᠤᠰ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ | ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠥᠬᠡᠶ ᠪᠠᠷᠢᠮᠲᠠᠯᠠᠨ᠂ ︽ᠳᠥᠷᠪᠡᠨ ᠰᠤᠷᠲᠠᠯ︾ ᠤᠨ | ᠠᠰᠠᠭᠤᠳᠠᠯ ᠤᠨ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠵᠦ᠂ ︽ᠳᠥᠷᠪᠡᠨ ᠨᠣᠶᠠᠨ︾ ᠤ ᠠᠰᠠᠭᠤᠳᠠᠯ ᠢ ᠡᠷᠡᠰ | ᠡᠰᠡᠷᠭᠦᠴᠡᠨ ᠬᠤᠷᠢᠭᠯᠠᠵᠤ᠂ ᠵᠠᠯᠬᠠᠭᠠᠨ ᠴᠡᠭᠡᠷᠯᠡᠭᠦᠯᠬᠦ ᠪᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠺᠠᠳ᠋ᠷᠴᠤᠳ ᠲᠤ | ᠪᠢᠰᠢᠷᠡᠨ ᠵᠢᠷᠦᠬᠡᠰᠢᠶᠡᠬᠦ ᠲᠦᠷᠦᠭᠳᠡᠯ ᠥᠭᠴᠦ᠂ ᠣᠯᠠᠨ ᠲᠦᠮᠡᠨ ᠳᠤ ᠢᠲᠡᠭᠡᠯ ᠵᠣᠷᠢᠭ ᠣᠯᠭᠤᠵᠤ᠂ ᠠᠵᠢᠯ ᠦᠶᠯᠡᠰ | ᠢ ᠪᠠᠲᠤᠯᠠᠭ᠎ᠠ ᠲᠠᠢ ᠪᠣᠯᠭᠠᠵᠤ᠂ ᠰᠢᠯᠢᠳᠡᠭ ᠰᠠᠶᠢᠨ ᠵᠠᠰᠠᠭ ᠤᠨ ᠰᠤᠷᠲᠠᠯ ᠢᠶᠠᠷ ᠠᠷᠠᠳ ᠤᠨ ᠰᠡᠳᠬᠢᠯ ᠢ | ᠨᠢᠭᠲᠠᠷᠠᠭᠤᠯᠵᠤ᠂ ᠲᠡᠮᠡᠴᠡᠯ ᠤᠨ ᠵᠣᠷᠢᠭ ᠢ ᠬᠥᠪᠴᠢᠯᠡᠨ᠎ᠡ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ | ᠪᠤᠢ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠦᠷᠢᠯᠭᠡᠨ ᠰᠦᠶᠳᠬᠡᠬᠦ ᠶᠢ ᠡᠰᠡᠷᠭᠦᠴᠡᠬᠦ | ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠨᠢᠭᠡᠪᠦᠷᠢ ᠳᠤ ᠲᠤᠤᠱᠯᠠᠭᠤᠯᠵᠤ᠂ ︽ᠭᠤᠷᠪᠠᠨ ᠵᠦᠶᠯ ᠤᠨ ᠠᠯᠪᠠᠨ | ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠵᠠᠬᠢᠷᠭᠠᠨ ᠤ | ᠠᠵᠢᠯᠯᠠᠭᠠᠨ ᠤ ᠥᠪᠡᠷ ᠤᠨ ᠦᠷᠳᠡᠭ ᠢ ᠪᠦᠬᠦ ᠲᠠᠯ᠎ᠠ ᠪᠠᠷ ᠪᠠᠭᠤᠷᠠᠭᠤᠯᠵᠤ᠂ ᠬᠢᠵᠠᠭᠠᠷᠲᠠᠶ ᠪᠡᠯᠡ ᠮᠥᠩᠭᠦ ᠶᠢ ᠦᠨᠡᠨ | ᠬᠦ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠬᠦᠷᠢᠶᠡᠨ ᠳᠤ ᠬᠡᠷᠡᠭᠯᠡᠵᠦ᠂ ᠵᠠᠰᠠᠭ ᠤᠨ | ᠣᠷᠳᠣᠨ ᠤ ︽ᠠᠷᠢᠭᠤᠨ ᠴᠢᠬᠡᠴᠢ ᠶᠢᠨ ᠢᠯᠡᠳᠬᠡᠭᠴᠢ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ | ᠢᠯᠡᠳᠬᠡᠭᠴᠢ ᠲᠤᠭ᠎ᠠ︾ ᠶᠢ ᠦᠨᠡᠨ ᠬᠦ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ︕ ᠭᠠᠭᠴᠠᠭᠦ ᠦᠷᠯᠦᠭᠡ ᠦᠳᠡᠰᠢ ᠶᠢ ᠲᠡᠮᠡᠴᠡᠨ᠂ ᠰᠠᠶᠢᠬᠠᠨ ᠴᠠᠭ ᠵᠠᠯᠠᠭᠤ ᠨᠠᠰᠤ ᠪᠠᠨ | ᠦᠯᠦ ᠬᠦᠰᠠᠷᠳᠠᠬᠦᠯᠵᠤ᠂ ᠡᠷᠡᠯᠭᠡᠭᠯᠠᠨ ᠤᠷᠤᠬᠰᠢᠯᠠᠵᠤ ᠲᠠᠬᠢᠨ ᠮᠤᠷᠳᠠᠨ᠎ᠠ᠃ ᠪᠢᠳᠡ ᠬᠤᠰᠢᠭᠤ ᠨᠠᠮ ᠤᠨ ᠬᠤᠷᠢᠶᠠᠨ | ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠤᠭ ᠰᠠᠨᠠᠭ᠎ᠠ ᠨᠢ ᠪᠠᠲᠤ ᠪᠠᠬᠢ᠂ | ᠡᠭᠦᠷᠭᠡ ᠬᠠᠷᠢᠭᠤᠴᠠᠯᠭ᠎ᠠ ᠨᠢ ᠮᠥᠷᠥᠨ ᠳᠡᠭᠡᠷ᠎ᠡ ᠪᠠᠨ ᠪᠠᠶᠢᠵᠤ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ | ᠴᠢᠷᠮᠠᠶᠢᠨ ᠠᠵᠢᠯᠯᠠᠵᠤ᠂ ᠬᠦᠴᠢᠷ ᠪᠡᠷᠬᠡᠰᠢᠶᠡᠯ ᠲᠤᠯᠭᠠᠷᠠᠬᠤ ᠲᠤᠲᠤᠮ ᠤᠯᠠᠮ ᠤᠷᠤᠭᠰᠢᠯᠠᠵᠤ᠂ ᠴᠢᠨᠡᠭᠡᠯᠢᠭ ᠨᠡᠶᠢᠭᠡᠮ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ | ᠵᠣᠬᠢᠴᠠᠩᠭᠤᠢ ᠦᠵᠡᠰᠬᠦᠯᠡᠩᠲᠦ ᠰᠠᠶᠢᠬᠠᠨ ᠣᠩᠨᠢᠭᠤᠳ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠵᠡᠭᠡᠶ᠎ᠡ︕ | | | | | | |