| | ᠠᠷᠪᠠᠨ ᠵᠦᠶᠯ ᠢ ᠴᠡᠪᠡᠷᠯᠡᠨ ᠪᠠᠷᠢᠮᠵᠢᠶ᠎ᠠ ᠳᠤ ᠬᠦᠷᠬᠡᠬᠦ᠄ ᠡᠨᠡ ᠨᠢ ︽ᠵᠢᠷᠭᠤᠭᠠᠨ ᠵᠦᠶᠯ ᠢ ᠴᠡᠪᠡᠷᠯᠡᠬᠦ︾ | ᠪᠠ ︽ᠳᠥᠷᠪᠡᠨ ᠵᠦᠶᠯ ᠢ ᠪᠠᠷᠢᠮᠵᠢᠶ᠎ᠠ ᠳᠤ ᠬᠦᠷᠬᠡᠬᠦ︾ ᠶᠢ ᠵᠢᠭᠠᠵᠤ ᠪᠣᠢ᠃ ︽ᠵᠢᠷᠭᠤᠭᠠᠨ ᠵᠦᠶᠯ ᠢ ᠴᠡᠪᠡᠷᠯᠡᠬᠦ︾ | ᠲᠤᠬᠠᠶᠢᠯᠠᠪᠠᠯ ᠡᠷᠦᠬᠡ ᠳᠤ ᠬᠦᠷᠭᠡᠬᠦ ᠲᠥᠷᠥ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ | ᠬᠡᠷᠡᠭᠵᠢᠭᠦᠯᠦᠭᠰᠡᠨ ᠨᠢ ᠵᠥᠷᠢᠶ᠎ᠡ ᠲᠠᠢ ᠪᠠᠶᠢᠬᠤ ᠶᠢ ᠴᠡᠪᠡᠷᠯᠡᠬᠦ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠶᠢ ᠲᠡᠳᠬᠦᠬᠦ ᠠᠵᠤ ᠦᠶᠯᠡᠰ ᠤᠨ ᠲᠥᠷᠥᠯ ᠵᠦᠶᠯ ᠢ ᠪᠦᠷᠬᠦᠭᠦᠯᠦᠭᠰᠡᠨ | ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠵᠦᠶᠯ ᠢ | ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠦᠯᠦᠭᠰᠡᠨ ᠦᠭᠡᠢ ᠶᠢ ᠴᠡᠪᠡᠷᠯᠡᠬᠦ᠂ ᠶᠠᠳᠠᠭᠤ ᠬᠦᠴᠢᠷᠳᠡᠯᠲᠡᠢ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢ ᠥᠬᠡᠶ ᠪᠣᠯᠭᠠᠨ ᠠᠬᠢᠨ ᠨᠡᠮᠡᠭᠳᠡᠭᠦᠯᠬᠦ᠂ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠪᠠᠶᠢᠬᠤ ᠶᠢ ᠴᠡᠪᠡᠷᠯᠡᠬᠦ᠂ ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠢᠶᠠᠷ ᠴᠠᠬᠢᠯᠭᠠᠨ ᠬᠡᠷᠡᠭᠯᠡᠬᠦ ᠪᠠ ᠶᠠᠳᠠᠭᠤ | ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠪᠠᠷᠢᠮᠵᠢᠶ᠎ᠠ ᠳᠤ ᠬᠦᠷᠦᠭᠰᠡᠨ ᠦᠭᠡᠢ ᠶᠢ ᠴᠡᠪᠡᠷᠯᠡᠬᠦ | ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠡᠪᠡᠷᠯᠡᠬᠦ ᠶᠢ ᠵᠢᠭᠠᠨ᠎ᠠ᠃ ︽ᠳᠥᠷᠪᠡᠨ ᠵᠦᠶᠯ ᠤᠨ | ᠪᠠᠷᠢᠮᠵᠢᠶ᠎ᠠ ᠳᠤ ᠬᠦᠷᠭᠡᠬᠦ︾ ᠭᠡᠳᠡᠭ ᠨᠢ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠤᠭ᠎ᠠ ᠪᠠᠷᠢᠮᠲᠠ ᠶᠢᠨ | ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ | ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ᠂ ᠰᠢᠶᠠᠩ᠂ ᠲᠣᠰᠬᠤᠨ ᠬᠤᠶᠠᠷ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ︵ᠬᠡᠷ︶ ᠶᠢᠨ ᠲᠥᠬᠦᠭᠡᠷᠦᠮᠵᠢ᠂ ᠠᠵᠢᠯᠲᠠᠨ᠂ ᠡᠮ ᠵᠡᠷᠭᠡ ᠦᠨᠳᠦᠰᠦᠨ ᠡᠮᠴᠢᠯᠡᠭᠡᠨ ᠤ | ᠦᠶᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠵᠤ᠂ ᠲᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠨᠢ ᠪᠠᠲᠤᠯᠠᠨ | ᠪᠠᠷᠢᠮᠵᠢᠶ᠎ᠠ ᠳᠤ ᠬᠦᠷᠦᠭᠦᠯᠦᠨ᠎ᠡ᠃ | ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ᠄ ᠡᠨᠡ ᠨᠢ ᠮᠠᠯᠵᠢᠬᠤ ᠲᠠᠷᠢᠶᠠᠯᠠᠬᠤ ᠣᠷᠣᠨ ᠤ | ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠢᠳᠡᠵᠦ ᠤᠤᠭᠤᠬᠤ ᠳᠤ ᠵᠣᠪᠠᠭ᠋ᠤ ᠥᠬᠡᠶ ︵ᠠᠮᠤᠷ ᠲᠥᠪᠰᠢᠨ | ᠤᠤᠭᠤᠬᠤ ᠤᠰᠤ ᠪᠠᠭᠲᠠᠨ᠎ᠠ︶᠂ ᠡᠮᠦᠰᠬᠦ ᠳᠤ ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮᠴᠢᠯᠡᠭᠡ ᠪᠠ ᠣᠷᠣᠨ ᠰᠠᠭᠤᠴᠠ ᠶᠢᠨ ᠠᠮᠤᠷ ᠲᠦᠪᠰᠢᠨ ᠪᠠᠲᠤᠯᠠᠭ᠎ᠠ ᠲᠠᠢ ᠪᠠᠶᠢᠬᠤ ᠶᠢ ᠵᠢᠭᠠᠵᠤ ᠪᠣᠶ᠃ | | ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ᠄ ᠪᠥᠬᠦ ᠬᠤᠰᠢᠭᠤᠨ ᠳᠤ ︽ᠬᠤᠪᠢ ᠬᠤᠷᠠᠮᠳᠤᠭᠤᠯᠬᠤ︾ | ᠱᠠᠩᠨᠠᠯ ᠤᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠬᠤᠪᠢ | ᠬᠤᠷᠠᠮᠳᠤᠭᠤᠯᠬᠤ ᠪᠠᠷ ᠳᠠᠮᠵᠢᠨ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠲᠤ ᠬᠦᠷᠴᠦ ᠱᠠᠩᠨᠠᠯ ᠨᠥᠬᠦᠪᠥᠷᠢ ᠶᠢᠨ | ᠪᠠᠯᠠ ᠮᠥᠩᠭᠦ ᠵᠢᠴᠢ ᠬᠠᠶᠢᠷ᠎ᠠ ᠬᠠᠯᠠᠮᠵᠢ ᠶᠢᠨ ᠡᠳ᠋ ᠪᠣᠳᠠᠰ ᠰᠣᠯᠢᠵᠤ᠂ ᠡᠭᠦᠨ ᠤ ᠤᠯᠠᠮ ᠢᠶᠠᠷ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠥᠭᠡᠳᠡᠯᠡᠨ ᠳᠠᠪᠰᠢᠬᠤ᠂ ᠶᠠᠳᠠᠭᠤ ᠠᠴᠠ ᠠᠩᠭᠢᠵᠢᠷᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠳᠠᠶᠢᠴᠢᠯᠠᠬᠤ ᠶᠢ ᠵᠢᠭᠠᠵᠤ ᠪᠣᠶ᠃ 2019 ᠣᠨ ᠳᠤ ᠪᠥᠬᠦ ᠬᠤᠰᠢᠭᠤ ᠨᠡᠶᠢᠲᠡ 226 | ︽ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ︾ ᠢ ᠪᠠᠶᠢᠭᠤᠯᠪᠠ᠃ | ᠪᠣᠬᠢᠷᠲᠤᠯ ᠦᠭᠡᠢ ᠠᠭᠤᠷᠬᠠᠢ᠄ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠦᠬᠦ ᠶᠠᠪᠤᠴᠠ ᠳᠤ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠨᠡᠭᠡᠭᠡᠨ ᠮᠠᠯᠲᠠᠬᠤ ᠶᠢ ᠴᠢᠩᠭ᠎ᠠ | ᠬᠡᠷᠡᠭᠵᠢᠭᠦᠯᠬᠦ ᠮᠥᠷᠲᠡᠭᠡᠨ ᠪᠠᠰᠠ ᠠᠭᠤᠷᠬᠠᠢ ᠶᠢᠨ ᠣᠷᠣᠨ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠳᠤ | ᠪᠤᠢ ᠪᠤᠯᠭᠠᠬᠤ ᠨᠠᠵᠠᠭᠠᠢ ᠨᠥᠯᠥᠭᠡ ᠶᠢ ᠣᠷᠴᠢᠨ ᠲᠤᠭᠤᠷᠢᠨ ᠤ ᠡᠵᠡᠮᠳᠡᠵᠦ ᠳᠡᠶᠢᠯᠬᠦ ᠬᠡᠪᠴᠢᠶᠡᠨ ᠳᠤ ᠪᠠᠶᠢᠯᠭᠠᠬᠤ᠂ | ᠣᠷᠴᠢᠨ ᠲᠣᠭᠤᠷᠢᠨ ᠢ ᠠᠮᠢ ᠠᠬᠤᠶᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢᠯᠠᠬᠤ᠂ | ᠡᠬᠢ ᠪᠠᠶᠠᠯᠢᠭ ᠤᠨ ᠠᠰᠢᠭᠯᠠᠯᠲᠠ ᠶᠢ ᠥᠨᠳᠥᠷ ᠦᠷ᠎ᠡ ᠠᠰᠢᠭᠵᠢᠭᠤᠯᠬᠤ᠂ ᠬᠠᠮᠢᠶᠠᠷᠤᠯᠲᠠ ᠶᠢᠨ ᠮᠡᠳᠡᠭᠡ ᠵᠠᠩᠭᠢ ᠶᠢ | ᠲᠣᠭᠠᠵᠢᠭᠤᠯᠬᠤ ᠪᠠ ᠠᠭᠤᠷᠬᠠᠢ ᠶᠢᠨ ᠣᠷᠣᠨ ᠤ ᠨᠡᠶᠢᠭᠡᠮ ᠲᠣᠭᠤᠷᠢᠭ ᠢ ᠡᠶ᠎ᠡ ᠵᠣᠬᠢᠴᠠᠯ ᠲᠠᠢ ᠪᠣᠯᠭᠠᠬᠤ ᠶᠢ | ᠪᠡᠶᠡᠯᠡᠭᠦᠯᠬᠦ ᠠᠭᠤᠷᠬᠠᠢ ᠶᠢ ᠵᠢᠭᠠᠵᠤ ᠪᠣᠢ᠃ | ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ᠂ | ᠪᠣᠬᠢᠷᠲᠤᠯ ᠦᠭᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠢ ᠶᠢᠨ ᠪᠡᠯᠭᠡ ᠲᠡᠮᠳᠡᠭ ᠤᠨ ᠶᠡᠷᠦᠩᠬᠡᠶ ᠨᠡᠷᠡᠶᠢᠳᠦᠯ ᠢ ᠵᠢᠭᠠᠵᠤ ᠪᠠᠶᠢᠨ᠎ᠠ᠃ | ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ᠄ ᠲᠡᠷᠡ ᠨᠢ ᠣᠨᠴᠠ | ᠲᠣᠭᠲᠠᠭᠠᠭᠰᠠᠨ ᠣᠷᠣᠨ ᠪᠦᠰᠡ ︵ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ᠎ᠠ︶ ᠶᠢᠨ ᠳᠣᠲᠣᠷ᠎ᠠ | ᠦᠢᠯᠡᠳᠪᠦᠷᠢᠯᠡᠵᠦ᠂ ᠵᠣᠬᠢᠬᠤ ᠦᠢᠯᠡᠳᠪᠦᠷᠢᠯᠷᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠲᠠᠢ᠂ ᠢᠯᠡᠷᠬᠡᠢ ᠭᠠᠵᠠᠷ | ᠣᠷᠣᠨ ᠤ ᠣᠨᠴᠠᠯᠢᠭ ᠪᠠ ᠦᠪᠡᠷᠮᠢᠴᠡ ᠰᠢᠮ᠎ᠡ ᠲᠡᠵᠢᠭᠡᠯ ᠤᠨ ᠶᠠᠰᠤ ᠴᠢᠨᠠᠷ ᠤᠨ ᠣᠨᠴᠠᠯᠢᠭ ᠲᠠᠢ᠂ ᠲᠣᠭᠲᠠᠪᠤᠷᠢᠲᠠᠢ | ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ ᠲᠠᠢ᠂ ᠤᠯᠠᠨ ᠨᠡᠶᠢᠲᠡ ᠶᠢᠨ ᠲᠠᠨᠢᠨ ᠮᠡᠳᠡᠬᠦᠢ ᠶᠢᠨ | ᠬᠡᠮᠵᠢᠶ᠎ᠡ ᠪᠠ ᠰᠠᠶᠢᠬᠠᠨ ᠠᠯᠳᠠᠷᠰᠢᠯ ᠢᠶᠠᠷ ᠥᠨᠳᠥᠷ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠠᠶᠢᠨ᠎ᠠ᠃ | ᠲᠤᠮᠳᠠᠳᠤ ᠶᠢᠨ ᠯᠤᠤ ᠶᠢᠨ ᠰᠣᠶᠣᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ᠄ ᠪᠤᠷᠤᠬᠤᠲᠠ | ᠬᠤᠲᠠ ᠲᠣᠭᠤᠷᠢᠭ ᠤᠨ ᠬᠤᠲᠠ ᠲᠣᠭᠤᠷᠢᠭᠰᠠᠨ ᠠᠵᠤ ᠦᠶᠯᠡᠰ ᠤᠨ ᠪᠦᠰᠡ ᠶᠢᠨ ᠴᠢᠬᠤᠯᠠ ᠬᠦᠷᠢᠶᠡᠯᠡᠩ | ᠲᠣᠭᠤᠷᠢᠭ ᠤᠨ ᠨᠢᠭᠡ ᠪᠣᠯᠤᠨ᠎ᠠ᠃ ᠬᠦᠷᠢᠶᠡᠯᠡᠩ ᠲᠣᠭᠤᠷᠢᠭ ᠨᠢ ᠪᠤᠷᠤᠬᠤᠲᠠ ᠬᠤᠲᠠ ᠲᠤᠭᠤᠷᠢᠭ ᠤᠨ ᠬᠤᠶᠢᠲᠤ | ᠲᠠᠯ᠎ᠠ ᠳᠤ ᠪᠠᠶᠢᠷᠢᠯᠠᠵᠤ᠂ ᠵᠡᠭᠦᠨᠰᠢ ᠮᠤᠵᠢ ᠶᠢᠨ ᠵᠠᠮ ᠤᠨ 205 ᠱᠤᠭᠤᠮ᠂ ᠪᠠᠷᠠᠭᠤᠨᠰᠢ ᠤᠯᠠᠭᠠᠨᠬᠠᠳᠠ ᠠᠴᠠ | ᠪᠠᠶᠠᠨᠬᠤᠸᠠ ᠬᠦᠷᠬᠦ ᠲᠡᠮᠦᠷ ᠵᠠᠮ ᠬᠦᠷᠦᠨ᠎ᠡ᠂ ᠡᠮᠦᠨᠡᠰᠢ ᠪᠠᠨ ᠪᠤᠷᠤᠬᠤᠲᠠ ᠬᠤᠲᠠ ᠲᠣᠭᠤᠷᠢᠭ ᠤᠨ ᠬᠤᠶᠢᠲᠤ | ᠭᠠᠳᠠᠨᠠᠬᠢ ᠲᠣᠭᠤᠷᠢᠯ᠂ ᠤᠮᠠᠷᠠᠰᠢ ᠪᠠᠨ ᠰᠡᠴᠢᠨᠲᠠᠯᠠ ᠭᠠᠴᠠᠭ᠎ᠠ ᠬᠦᠷᠲᠡᠯ᠎ᠡ᠂ ᠲᠥᠯᠥᠪᠵᠢᠭᠦᠯᠦᠭᠰᠡᠨ ᠲᠠᠯᠠᠪᠠᠢ ᠨᠢ 2. | 98 ᠲᠡᠭᠰᠢ ᠳᠥᠷᠪᠡᠯᠵᠢᠨ ᠺᠢᠯᠤᠮᠧᠲᠷ᠂ ᠪᠠᠷᠤᠭᠴᠠᠭᠠᠯᠠᠨ ᠪᠤᠳᠣᠭᠰᠠᠨ ᠪᠡᠯᠡ ᠣᠷᠣᠭᠤᠯᠤᠯᠲᠠ ᠨᠢ 3.5 | ᠳ᠋ᠦᠩᠰᠢᠭᠤᠷ ᠲᠥᠭᠦᠷᠢᠭ᠂ ᠳᠤᠮᠳᠠᠳᠤ ᠶᠢᠨ ᠯᠣᠣ ᠶᠢᠨ ᠰᠣᠶᠣᠯ ᠢᠶᠠᠷ ᠭᠤᠣᠯ ᠰᠡᠳᠦᠪ ᠪᠣᠯᠭᠠᠪᠠ᠂ ᠯᠤᠤ ᠶᠢᠨ | ᠥᠷᠲᠡᠭᠡ᠂ ᠯᠤᠤ ᠶᠢᠨ ᠰᠣᠷᠪᠣᠯᠵᠢ᠂ ᠯᠤᠤ ᠶᠢᠨ ᠥᠷᠨᠢᠯᠲᠡ᠂ ᠯᠤᠤ ᠶᠢᠨ ᠲᠠᠬᠢᠯᠭ᠎ᠠ᠂ ᠯᠤᠤ ᠶᠢᠨ ᠤᠯᠠᠮᠵᠢᠯᠠᠯ᠂ | ᠯᠤᠤ ᠶᠢᠨ ᠮᠠᠨᠳᠠᠯ ᠵᠡᠷᠭᠡ ᠵᠢᠷᠭᠤᠭᠠᠨ ᠴᠢᠳᠠᠮᠵᠢᠲᠤ ᠣᠷᠣᠨ ᠵᠢᠴᠢ ᠯᠤᠤ ᠰᠣᠶᠣᠯ ᠰᠣᠳᠤᠯᠤᠯ ᠤᠨ ᠬᠦᠷᠢᠶᠡᠯᠡᠩ᠂ ᠠᠮᠢ | ᠠᠬᠤᠢ ᠶᠢᠨ ᠦᠵᠡᠮᠵᠢ ᠶᠢᠨ ᠪᠦᠰᠡ ᠵᠡᠷᠭᠡ ᠡᠵᠡᠩᠨᠡᠯᠲᠡ ᠶᠢᠨ ᠪᠠᠶᠢᠳᠠᠯ ᠲᠥᠯᠥᠪ ᠤᠨ ᠲᠥᠷᠥᠯ ᠵᠦᠶᠯ ᠢ | ᠭᠤᠤᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠂ ᠡᠭᠦᠨ ᠳᠤ ᠬᠦᠷᠢᠶᠡᠯᠡᠩ ᠲᠣᠭᠤᠷᠢᠭ ᠨᠢ ᠭᠤᠤᠯᠳᠠᠯᠭ᠎ᠠ ᠲᠠᠢ | ᠳᠤᠮᠳᠠᠳᠤ ᠶᠢᠨ ᠯᠤᠤ ᠶᠢᠨ ᠰᠤᠷᠪᠤᠯᠵᠢ ᠶᠢᠨ ᠲᠥᠷᠥᠯ ᠵᠦᠶᠯ ᠤᠨ ᠲᠣᠭᠤᠷᠢᠭ ᠢ ᠪᠦᠲᠦᠭᠡᠨ ᠪᠠᠶᠢᠭᠤᠯᠵᠤ᠂ ᠭᠤᠤᠯ | ᠠᠭᠤᠯᠭ᠎ᠠ ᠨᠢ ᠳᠤᠮᠳᠠᠳᠤ ᠶᠢᠨ ᠨᠢᠭᠡᠳᠦᠭᠡᠷ ᠯᠤᠤ ᠶᠢᠨ ᠳᠠᠬᠢᠯᠭ᠎ᠠ ᠶᠢᠨ ᠮᠠᠨᠳᠠᠯ᠂ ᠳᠤᠮᠳᠠᠳᠤ ᠶᠢᠨ ᠯᠤᠤ ᠶᠢᠨ ᠰᠦᠮ᠎ᠡ ᠂ | ᠳᠥᠷᠪᠡᠨ ᠳᠠᠯᠠᠢ ᠶᠢᠨ ᠯᠤᠤ ᠶᠢᠨ ᠣᠷᠳᠣᠨ᠂ ᠬᠠᠰ ᠯᠣᠤ ᠶᠢᠨ ᠨᠠᠭᠤᠷ ᠵᠢᠴᠢ ᠲᠤᠭᠤᠷᠢᠨ ᠰᠣᠨᠢᠷᠬᠠᠬᠤ ᠵᠠᠮ ᠵᠡᠷᠭᠡ | ᠪᠠᠭᠲᠠᠨ᠎ᠠ᠃ ᠬᠦᠷᠢᠶᠡᠯᠡᠩ ᠲᠣᠭᠤᠷᠢᠭ ᠪᠠᠶᠢᠭᠤᠯᠤᠭᠳᠠᠭᠰᠠᠨ ᠤ ᠳᠠᠷᠠᠭ᠎ᠠ᠂ ᠪᠥᠬᠦ ᠤᠯᠤᠰ ᠤᠨ ᠠᠩᠬᠠᠳᠠᠭᠴᠢ | ᠡᠭᠦᠳᠦᠨ ᠪᠦᠲᠦᠭᠡᠭᠰᠡᠨ ᠪᠥᠭᠡᠳ ᠴᠣᠷ ᠤᠨ ᠭᠠᠭᠴᠠ ᠳᠤᠮᠳᠠᠳᠤ ᠶᠢᠨ ᠯᠣᠤ ᠶᠢᠨ ᠰᠣᠶᠣᠯ ᠢᠶᠠᠷ ᠠᠴᠢᠶᠠᠯᠠᠪᠤᠷᠢ | ᠪᠣᠯᠭᠠᠭᠰᠠᠨ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠭᠰᠠᠨ ᠠᠵᠤ ᠦᠶᠯᠡᠰ ᠤᠨ ᠬᠦᠷᠢᠶᠡᠯᠡᠩ ᠲᠣᠭᠤᠷᠢᠭ | ᠪᠣᠯᠵᠣ᠂ ᠲᠤᠮᠳᠠᠳᠤ ᠶᠢᠨ ᠠᠩᠬᠠᠳᠠᠭᠴᠢ ᠯᠣᠤ ᠶᠢᠨ ᠡᠬᠡ ᠨᠤᠲᠤᠭ ᠢ ᠳᠡᠯᠡᠬᠡᠶ ᠳᠤ ᠬᠠᠨᠳᠤᠭᠤᠯᠵᠤ᠂ ᠨᠡᠷ᠎ᠡ ᠠᠯᠳᠠᠷ ᠢ | ᠠᠯᠤᠰ ᠬᠤᠯᠠ ᠳᠡᠯᠭᠡᠷᠡᠭᠦᠯᠦᠨ᠎ᠡ᠃ | ᠰᠣᠶᠣᠯ ᠵᠤᠭᠠᠴᠠᠯ ᠤᠨ ᠠᠵᠤ ᠦᠢᠯᠡᠰ ᠤᠨ ᠪᠦᠰᠡ᠄ ᠬᠤᠰᠢᠭᠤ ᠨᠠᠮ ᠤᠨ ᠬᠤᠷᠢᠶ᠎ᠠ ᠵᠠᠰᠠᠭ ᠤᠨ | ᠣᠷᠳᠣᠨ ᠨᠢ ᠤᠯᠤᠰ ᠠᠴᠠ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ᠂ | ᠰᠣᠶᠣᠯ ᠵᠤᠭᠠᠴᠠᠯ ᠤᠨ ᠭᠦᠨᠵᠡᠭᠡᠢ ᠠᠭᠤᠰᠤᠯᠳᠤᠨ ᠬᠥᠭᠵᠢᠬᠦ ᠶᠢ ᠠᠬᠢᠭᠤᠯᠬᠤ ᠳᠤ ᠰᠠᠭᠤᠷᠢᠯᠠᠵᠤ᠂ ᠪᠣᠷᠣᠬᠤᠲᠠ | ᠲᠣᠭᠤᠷᠢᠭ ᠤᠨ ᠬᠤᠶᠢᠲᠤ ᠬᠡᠰᠡᠭ ᠲᠤ ᠬᠦᠴᠦᠯᠡᠨ ᠪᠠᠶᠢᠭᠤᠯᠤᠭᠰᠠᠨ ᠰᠣᠶᠣᠯ ᠵᠢᠭᠤᠯᠴᠢᠯᠠᠯ ᠤᠨ ᠵᠤᠭᠠᠴᠠᠯ ᠢᠶᠠᠷ | ᠲᠣᠭᠤᠷᠢᠨ ᠦᠵᠡᠬᠦ᠂ ᠬᠤᠨᠣᠵᠤ ᠰᠠᠭᠤᠬᠤ᠂ ᠰᠡᠯᠡᠭᠦᠴᠡᠨ ᠨᠠᠭᠠᠳᠬᠤ᠂ ᠰᠣᠶᠣᠯ ᠡᠭᠦᠳᠦᠯᠲᠡ ᠶᠢᠨ ᠦᠶᠯᠡᠴᠢᠯᠡᠭᠡ | ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠰᠣᠶᠣᠯ ᠵᠤᠭᠠᠴᠠᠯ ᠤᠨ ᠠᠵᠤ ᠦᠢᠯᠡᠰ ᠤᠨ ᠪᠦᠰᠡ ᠶᠢ ᠵᠢᠭᠠᠵᠤ | ᠪᠠᠶᠢᠨ᠎ᠠ᠂ ᠨᠡᠶᠢᠲᠡ 7 ᠬᠡᠰᠡᠭ ᠲᠣᠭᠤᠷᠢᠭ ᠬᠤᠪᠢᠶᠠᠵᠤ᠂ ᠲᠥᠯᠥᠪᠵᠢᠭᠦᠯᠭᠡ ᠪᠠᠨ ︽ᠳᠤᠮᠳᠠᠳᠤ ᠶᠢᠨ ᠠᠩᠬᠠᠳᠠᠭᠴᠢ | ᠯᠣᠣ︾ ᠶᠢᠨ ᠭᠠᠷᠤᠭᠰᠠᠨ ᠭᠠᠵᠠᠷ — ᠰᠡᠴᠢᠨᠲᠠᠯᠠ ᠭᠠᠴᠠᠭᠠᠨ ᠤ ᠰᠣᠶᠣᠯ ᠵᠤᠭᠠᠴᠠᠯ ᠤᠨ ᠰᠡᠯᠡᠭᠦᠴᠡᠯ ᠡᠷᠡᠭᠦᠯᠵᠢᠯ | ᠰᠤᠪᠢᠯᠯᠠᠲᠠ ᠶᠢᠨ ᠪᠠᠭ᠎ᠠ ᠪᠠᠯᠭᠠᠰᠤᠨ ᠤ ᠬᠡᠰᠡᠭ ᠲᠣᠭᠤᠷᠢᠭ ᠢᠶᠠᠷ ᠵᠠᠭᠠᠭ ᠪᠣᠯᠭᠠᠪᠠ᠂ ᠤᠮᠠᠷᠠᠲᠤ ᠬᠡᠰᠡᠭ ᠲᠤ ᠪᠠᠶᠢᠭᠠᠯᠢ | ᠶᠢᠨ ᠥᠩᠭᠡ ᠦᠵᠡᠮᠵᠢ ᠪᠠᠷ ᠭᠤᠤᠯ ᠪᠣᠯᠭᠠᠭᠰᠠᠨ ᠪᠦᠷᠢᠳᠦᠨ ᠤ ᠠᠮᠢ ᠠᠬᠤᠶ ᠶᠢᠨ ᠨᠤᠭᠤ ᠭᠠᠵᠠᠷ ᠤᠨ ᠴᠡᠴᠡᠷᠯᠢᠭ᠂ | ᠬᠠᠰ ᠯᠤᠤ ᠡᠯᠡᠰᠦᠨ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠷᠠᠮᠦ᠋ᠷᠡᠨ ᠡᠷᠲᠡᠨ ᠤ ᠤᠳᠠ | ᠮᠣᠳᠣᠨ ᠤ ᠲᠠᠷᠢᠶᠠᠨ ᠬᠦᠷᠢᠶᠡᠯᠡᠩ 3 ᠬᠡᠰᠡᠭ ᠲᠣᠭᠤᠷᠢᠭ᠂ ᠡᠮᠦᠨ᠎ᠡ ᠬᠡᠰᠡᠭ ᠲᠤ ᠬᠥᠮᠦᠨ ᠰᠣᠶᠣᠯ ᠤᠨ ᠦᠵᠡᠮᠵᠢ | ᠪᠠᠷ ᠭᠤᠤᠯ ᠪᠣᠯᠭᠠᠭᠰᠠᠨ ᠴᠢᠤᠸᠠᠨ ᠨᠢᠩ ᠰᠣᠶᠣᠯ ᠵᠢᠭᠤᠯᠴᠢᠯᠠᠯ ᠤᠨ ᠪᠦᠲᠦᠭᠡᠯᠴᠢ ᠠᠵᠤ ᠦᠶᠯᠡᠰ ᠤᠨ ᠬᠦᠷᠢᠶᠡᠯᠡᠩ | ᠲᠣᠭᠤᠷᠢᠭ᠂ ᠳᠤᠮᠳᠠᠳᠤ ᠶᠢᠨ ᠯᠤᠤ ᠶᠢᠨ ᠰᠣᠶᠣᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ᠂ ᠲᠡᠷᠡᠰᠦ ᠠᠮᠢ | ᠠᠬᠤᠶ ᠶᠢᠨ ᠲᠠᠷᠢᠶᠠᠯᠠᠩ ᠣᠶ ᠰᠢᠭᠤᠶ ᠶᠢᠨ ᠰᠡᠯᠡᠭᠦᠴᠡᠯ ᠵᠢᠭᠤᠯᠴᠢᠯᠠᠯ ᠤᠨ ᠬᠦᠷᠢᠶᠡᠯᠡᠩ ᠲᠣᠭᠤᠷᠢᠭ 3 ᠬᠡᠰᠡᠭ | ᠲᠣᠭᠤᠷᠢᠭ ᠪᠥᠲᠥᠭᠡᠨ ᠪᠠᠶᠢᠭᠤᠯᠵᠤ᠂ 50 ᠺᠢᠯᠤᠮᠧᠲᠷ ᠤᠨ ᠰᠣᠶᠣᠯ ᠵᠢᠭᠤᠯᠴᠢᠯᠠᠯ ᠤᠨ ᠵᠠᠯᠭᠠᠯᠲᠠ ᠶᠢᠨ ᠱᠤᠭᠤᠮ | ᠢᠶᠠᠷ ᠳᠡᠭᠡᠷᠡᠬᠢ ᠬᠡᠰᠡᠭ ᠣᠷᠣᠨ ᠢ ᠬᠤᠯᠪᠤᠵᠤ᠂ ᠪᠠᠷᠤᠭ 40 ᠺᠢᠯᠤᠮᠧᠲᠷ᠂ ᠪᠠᠷᠤᠭ 500 ᠲᠡᠭᠰᠢ ᠳᠥᠷᠪᠡᠯᠵᠢᠨ | ᠺᠢᠯᠤᠮᠧᠲᠷ ᠰᠤᠶᠤᠯ ᠵᠤᠭᠠᠴᠠᠯ ᠭᠦᠨ ᠠᠭᠤᠰᠤᠯᠴᠠᠭᠰᠠᠨ ᠠᠵᠤ ᠦᠢᠯᠡᠰ ᠤᠨ ᠪᠦᠰᠡ ᠶᠢ ᠪᠦᠷᠢᠯᠳᠦᠭᠦᠯᠪᠡ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠄ ᠡᠯ᠎ᠡ ᠱᠠᠲᠤᠨ ᠤ ᠨᠠᠮ ᠵᠠᠰᠠᠭ ᠤᠨ | ᠬᠠᠷᠢᠭᠤᠴᠠᠯᠭᠠᠲᠠᠨ ︽ᠭᠤᠣᠯ ᠮᠥᠷᠡᠨ ᠤ ᠳᠠᠷᠤᠭ᠎ᠠ︾᠂ ︽ᠨᠠᠭᠤᠷ ᠴᠥᠭᠦᠷᠥᠮ ᠤᠨ ᠳᠠᠷᠤᠭ᠎ᠠ︾ ᠶᠢᠨ ᠲᠤᠰᠢᠶᠠᠯ | ᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ | ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠶ ᠶᠢ ᠵᠠᠰᠠᠨ ᠰᠡᠷᠭᠦᠭᠡᠬᠦ ᠪᠠᠷ ᠭᠤᠣᠯ | ᠡᠭᠦᠷᠭᠡ ᠪᠣᠯᠭᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠤᠳᠤᠷᠢᠳᠬᠤ ᠶᠢ ᠬᠠᠷᠢᠭᠤᠴᠠᠨ᠎ᠠ᠃ | ᠭᠤᠤᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ︾᠄ ᠭᠤᠤᠯ ᠮᠥᠷᠡᠨ ᠨᠠᠭᠤᠷ | ᠴᠥᠭᠦᠷᠥᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ | ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠳᠤ ᠬᠤᠯᠪᠤᠭᠳᠠᠬᠤ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠵᠢᠭᠠᠵᠤ ᠪᠣᠶ᠃ | ︽ᠪᠠᠭᠤᠯᠭᠠᠬᠤ ᠤᠶᠠᠯᠳᠤᠭᠤᠯᠬᠤ ᠦᠶᠯᠡᠴᠢᠯᠡᠬᠦ︾ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ | ᠦᠭᠡᠷᠡᠴᠢᠯᠡᠯᠲᠡ ᠶᠢ ᠵᠢᠭᠠᠵᠤ ᠪᠣᠶ᠃ | ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠶᠳᠪᠦᠷᠢᠯᠡᠬᠦ᠄ ᠥᠩᠭᠡᠷᠡᠭᠰᠡᠨ ᠤ ᠣᠯᠠᠨ ᠲᠦᠮᠡᠨ᠂ | ᠠᠵᠤ ᠠᠬᠤᠶᠢᠯᠠᠯ ᠨᠢ ᠠᠳᠠᠯᠢ ᠪᠤᠰᠤ ᠴᠣᠩᠬᠤᠪᠴᠢ ᠳᠡᠭᠡᠷ᠎ᠡ ᠠᠵᠢᠯ ᠡᠷᠬᠢᠯᠡᠵᠦ ᠪᠠᠶᠢᠭᠰᠠᠨ ᠢ ᠵᠥᠪᠬᠡᠨ ᠨᠢᠭᠡ ᠯᠡ | ᠴᠣᠩᠬᠤᠪᠴᠢ ᠳᠡᠭᠡᠷ᠎ᠡ ᠣᠯᠠᠨ ᠰᠠᠯᠠᠭ᠎ᠠ ᠮᠥᠴᠢᠷ ᠤᠨ ᠣᠯᠠᠨ ᠲᠦᠷᠦᠯ ᠤᠨ ᠲᠤᠬᠠᠶᠢᠯᠠᠭᠰᠠᠨ ᠠᠵᠢᠯ ᠢ ᠡᠷᠬᠢᠯᠡᠵᠦ᠂ | ᠣᠯᠠᠨ ᠲᠦᠮᠡᠨ᠂ ᠠᠵᠤ ᠠᠬᠤᠶᠢᠯᠠᠯ ᠨᠢ ᠠᠳᠠᠯᠢ ᠪᠤᠰᠤ ᠴᠤᠩᠬᠤᠪᠴᠢ ᠶᠢᠨ ᠬᠤᠭᠤᠷᠣᠨᠳᠣ ᠨᠠᠰᠢ ᠴᠠᠰᠢ ᠭᠦᠶᠦᠬᠦ | ᠠᠴᠠ ᠵᠠᠶᠢᠯᠠᠰᠬᠢᠬᠦ ᠶᠢᠨ ᠬᠠᠮᠲᠤ ᠴᠣᠩᠬᠤᠪᠴᠢ ᠶᠢᠨ ᠶᠠᠭᠠᠷᠠᠤ᠂ ᠰᠡᠯᠡᠭᠦᠦ ᠲᠡᠭᠰᠢ ᠦᠭᠡᠢ ᠠᠰᠠᠭᠤᠳᠠᠯ ᠢ | ᠰᠢᠶᠳᠪᠦᠷᠢᠯᠡᠵᠦ᠂ ᠴᠣᠩᠬᠤᠪᠴᠢ ᠶᠢᠨ ᠦᠶᠯᠡᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠵᠡᠶ᠃ | ᠠᠭᠤᠯᠵᠠᠬᠤ ᠦᠭᠡᠢ ᠬᠢᠨᠠᠨ ᠵᠥᠪᠰᠢᠶᠡᠷᠡᠬᠦ ᠨᠢ᠄ ᠭᠤᠶᠤᠴᠢᠯᠠᠭᠴᠢ ᠨᠢ ᠦᠨᠡᠨ ᠨᠡᠷ᠎ᠡ ᠪᠠᠷ | ᠳᠠᠩᠰᠠᠯᠠᠭᠤᠯᠬᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠠᠮᠠᠯᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠭᠦᠶᠴᠡᠳᠬᠡᠬᠦ ᠵᠦᠶᠯᠡᠰ ᠢ ᠵᠢᠭᠠᠵᠤ ᠪᠣᠶ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ | ᠭᠤᠶᠤᠴᠢᠯᠠᠭᠴᠢ ᠶᠢᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠪᠦᠷᠢᠨ ᠭᠦᠶᠴᠡᠳ ᠪᠠᠶᠢᠬᠤ ᠪᠠᠶᠢᠳᠠᠯ ᠳᠣᠤᠷ᠎ᠠ᠂ | ᠠᠮᠠᠯᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠭᠦᠶᠴᠡᠳᠬᠡᠵᠦ ᠳᠠᠭᠤᠰᠬᠠᠬᠤ ᠶᠢᠨ ᠬᠠᠮᠲᠤ᠂ ᠰᠢᠦᠳᠠᠨ ᠢᠶᠠᠷ | ᠲᠦᠷᠭᠡᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠶᠳᠪᠦᠷᠢᠯᠡᠭᠰᠡᠨ ᠦᠷ᠎ᠡ ᠳ᠋ᠦᠩ ᠢ ᠭᠤᠶᠤᠴᠢᠯᠠᠭᠴᠢ | ᠳᠤ ᠬᠦᠷᠭᠡᠵᠦ᠂ ᠪᠥᠬᠦ ᠶᠠᠪᠤᠴᠠ ᠳᠤ ᠠᠭᠤᠯᠵᠠᠬᠤ ᠥᠬᠡᠶ᠂ ᠭᠦᠶᠦᠬᠦ ᠥᠬᠡᠶ ᠪᠠᠶᠢᠬᠤ ᠶᠢ ᠪᠡᠶᠡᠯᠡᠭᠦᠯᠦᠨ᠎ᠡ᠃ | ︽ᠨᠤᠲᠤᠭ ᠤᠰᠤᠨ ᠤ ᠬᠠᠶᠢᠷ᠎ᠠ ᠰᠡᠳᠬᠢᠯᠬᠡ · ᠯᠤᠤᠲᠤ ᠨᠤᠲᠤᠭ ᠤᠨ ᠠᠶᠠᠯᠠᠯ︾ ᠤᠨ ᠣᠩᠨᠢᠭᠤᠳ | ᠬᠤᠰᠢᠭᠤᠨ ᠤ ᠨᠠᠶᠢᠵᠠ ᠨᠠᠷ ᠤᠨ ᠬᠤᠷᠠᠯ᠄ ᠪᠥᠬᠦ ᠬᠤᠲᠠ ᠶᠢᠨ ︽ ᠤᠯᠠᠭᠠᠨᠬᠠᠲᠠ ᠶᠢᠨ ᠲᠦᠷᠦᠭᠦᠴᠦᠳ ᠤᠨ ᠬᠤᠷᠠᠯ | ︾ ᠤᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠳᠠᠪᠰᠢᠵᠤ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ | ᠤᠨ ᠣᠷᠳᠣᠨ ᠠᠴᠠ ᠪᠥᠬᠦ ᠬᠦᠴᠦ ᠪᠠᠷ ᠢᠶᠠᠨ ᠲᠦᠯᠬᠢᠨ ᠭᠠᠷᠭᠠᠭᠰᠠᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ᠂ ᠴᠢᠳᠠᠪᠤᠷᠢᠲᠠᠨ ᠴᠤᠭᠯᠠᠷᠠᠭᠤᠯᠵᠤ ᠣᠶᠤᠨ ᠤᠬᠠᠭᠠᠨ ᠣᠷᠤᠭᠤᠯᠬᠤ ︽ᠣᠩᠨᠢᠭᠤᠳ ᠬᠤᠰᠢᠭᠤᠨ ᠤ | ᠬᠡᠪ ᠵᠠᠭᠪᠤᠷ︾ ᠨᠢ ᠣᠩᠨᠢᠭᠤᠳ ᠬᠤᠰᠢᠭᠤᠨ ᠤ ᠨᠤᠲᠤᠭ ᠲᠠᠢ ᠨᠠᠶᠢᠵᠠ ᠨᠠᠷ ᠤᠨ ᠨᠤᠲᠤᠭ ᠲᠠᠭᠠᠨ ᠪᠤᠴᠠᠵᠤ ᠠᠳᠠᠯ | ᠦᠶᠯᠡᠰ ᠴᠣᠭᠴᠠᠯᠠᠬᠤ᠂ ᠨᠤᠲᠤᠭ ᠤᠨ ᠢᠶᠠᠨ ᠬᠥᠭᠵᠢᠯᠲᠡ ᠳᠤ ᠬᠦᠴᠦᠨ ᠨᠡᠮᠡᠷᠢᠯᠡᠬᠦ ᠲᠠᠪᠴᠠᠩ ᠪᠠᠶᠢᠭᠤᠯᠬᠤ ᠶᠢ | ᠵᠢᠭᠠᠵᠤ ᠪᠣᠶ᠃ 2018 ᠣᠨ᠂ 2019 ᠣᠨ ᠳᠤ ᠨᠢᠭᠡᠨᠲᠡ ᠬᠤᠶᠠᠷ ᠬᠤᠭᠤᠴᠠᠭᠠᠨ ᠤ ︽ᠨᠤᠲᠤᠭ ᠤᠰᠤᠨ ᠤ | ᠬᠠᠶᠢᠷ᠎ᠠ ᠰᠡᠳᠬᠢᠯᠭᠡ · ᠯᠤᠤᠲᠤ ᠨᠤᠲᠤᠭ ᠤᠨ ᠠᠶᠠᠯᠠᠯ︾ ᠤᠨ ᠣᠩᠨᠢᠭᠤᠳ ᠬᠤᠰᠢᠭᠤᠨ ᠤ ᠨᠤᠲᠤᠭ ᠤᠨ ᠨᠠᠶᠢᠵᠠ | ᠨᠠᠷ ᠤᠨ ᠴᠤᠭᠯᠠᠭᠠᠨ ᠢ ᠵᠠᠯᠭᠠᠭ᠎ᠠ ᠪᠠᠷ ᠡᠷᠭᠢᠯᠡᠪᠡ᠃ | ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ | ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ | ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠶᠢ ᠵᠢᠭᠠᠵᠤ ᠪᠤᠢ᠃ | ᠳᠥᠷᠪᠡ ᠶᠢ ᠲᠠᠠᠶᠠᠭᠳᠠᠬᠤ ᠦᠭᠡᠢ᠄ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠮᠠᠯᠠᠭᠠᠶ ᠪᠠᠨ ᠠᠪᠴᠤ | ᠬᠠᠶᠠᠭᠰᠠᠨ ᠤ ᠳᠠᠷᠠᠭ᠎ᠠ ᠬᠠᠷᠢᠭᠤᠴᠠᠯᠭ᠎ᠠ ᠶᠢ ᠨᠢ ᠲᠠᠠᠶᠠᠭᠳᠠᠬᠤ ᠦᠭᠡᠢ᠂ ᠮᠠᠯᠠᠭᠠᠶ ᠪᠠᠨ ᠠᠪᠤᠭᠠᠳ ᠲᠥᠷᠥ ᠶᠢᠨ | ᠪᠣᠳᠤᠯᠭ᠎ᠠ ᠶᠢ ᠲᠠᠠᠶᠠᠭᠳᠠᠬᠤ ᠦᠭᠡᠢ᠂ ᠮᠠᠯᠠᠭᠠᠶ ᠪᠠᠨ ᠠᠪᠤᠭᠠᠳ ᠬᠠᠪᠰᠤᠷᠤᠨ ᠲᠡᠳᠬᠦᠬᠦ ᠶᠢ ᠲᠠᠠᠶᠠᠭᠳᠠᠬᠤ ᠦᠭᠡᠢ᠂ | ᠮᠠᠯᠠᠭᠠᠶ ᠪᠠᠨ ᠠᠪᠤᠭᠠᠳ ᠬᠢᠨᠠᠯᠲᠠ ᠬᠠᠮᠢᠶᠠᠷᠤᠯᠲᠠ ᠶᠢ ᠲᠠᠠᠶᠠᠭᠳᠠᠬᠤ ᠦᠭᠡᠢ ᠪᠠᠶᠢᠬᠤ ᠶᠢ ᠵᠢᠭᠠᠵᠤ ᠪᠣᠢ᠃ | ᠳᠥᠷᠪᠡᠨ ᠳᠠᠪᠬᠤᠷ ᠠᠮᠤᠷ ᠲᠦᠪᠰᠢᠨ ᠤ ᠰᠦᠯᠵᠢᠶ᠎ᠡ ᠶᠢᠨ ᠬᠠᠷᠢᠭᠤᠴᠠᠯᠭ᠎ᠠ ᠶᠢᠨ ᠰᠢᠰᠲ᠋ᠧᠮᠵᠢ᠄ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠪᠥᠬᠦ ᠲᠠᠯ᠎ᠠ ᠪᠠᠷ ᠰᠢᠶᠳᠪᠦᠷᠢᠲᠦ ᠪᠠᠶᠢᠯᠳᠤᠭᠠᠨ ᠬᠢᠵᠦ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠤᠯᠲᠠ ᠶᠢᠨ ᠰᠢᠶᠳᠪᠦᠷᠢᠲᠦ ᠢᠯᠠᠯᠲᠠ ᠶᠢ ᠣᠯᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠠᠯ᠎ᠠ ᠪᠠᠷ ᠪᠠᠶᠢᠭᠤᠯᠤᠭᠰᠠᠨ ᠳᠥᠷᠪᠡᠨ ᠳᠠᠪᠬᠤᠷ ᠠᠮᠤᠷ ᠲᠦᠪᠰᠢᠨ ᠤ | ᠰᠦᠯᠵᠢᠶ᠎ᠡ ᠶᠢ ᠵᠢᠭᠠᠵᠤ ᠪᠣᠶ᠂ ᠨᠢᠭᠡᠳᠦᠭᠡᠷ ᠳᠠᠪᠬᠤᠷᠭ᠎ᠠ ᠨᠢ ᠭᠠᠵᠠᠷ ᠤᠨ ᠲᠠᠰ ᠤᠨ ᠺᠠᠳ᠋ᠷ ᠪᠠᠶᠢᠵᠤ᠂ ᠤᠤᠯ ᠤᠨ | ᠳᠠᠭᠠᠭᠠᠴᠢᠯᠠᠵᠤ ᠪᠠᠶᠢᠭᠰᠠᠨ ᠭᠠᠵᠠᠷ ᠣᠷᠣᠨ ᠤ ᠰᠠᠭᠤᠷᠢᠨ ᠳᠡᠭᠡᠷ᠎ᠡ᠂ ᠪᠠᠰᠠ ᠨᠢᠭᠡ ᠣᠨᠴᠠ ᠶᠠᠳᠠᠭᠤ ᠬᠦᠴᠢᠷᠳᠡᠯᠲᠡᠶ | ᠰᠢᠶᠠᠩ ᠪᠠᠯᠭᠠᠰᠤ ᠪᠠ ᠵᠣᠬᠢᠴᠠᠩᠭᠤᠶ ᠲᠤᠭ᠎ᠠ ᠬᠡᠮᠵᠢᠶᠡᠨ ᠤ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠵᠢᠴᠢ 5 | — 10 ᠡᠷᠦᠬᠡ ᠶᠠᠳᠠᠭᠤ ᠠᠴᠠ ᠠᠩᠭᠢᠵᠢᠷᠠᠭᠠᠳᠤᠶ ᠡᠷᠦᠬᠡ ᠶᠢ ᠳᠠᠭᠠᠭᠠᠴᠢᠯᠠᠨ ᠬᠤᠯᠪᠣᠨ᠎ᠠ᠂ ᠬᠤᠶᠠᠳᠤᠭᠠᠷ | ᠳᠠᠪᠬᠤᠷᠭ᠎ᠠ ᠨᠢ ᠰᠢᠶᠠᠩ ᠪᠠᠯᠭᠠᠰᠤᠨ ᠤ ᠰᠠᠯᠠᠭᠠᠨ ᠤ ᠲᠠᠰ ᠤᠨ ᠺᠠᠳ᠋ᠷ᠂ ᠨᠠᠮ ᠵᠠᠰᠠᠭ ᠤᠨ ᠨᠢᠭᠡᠳᠦᠭᠡᠷ ᠭᠠᠷ ᠠᠴᠠ | ᠠᠰᠠᠭᠤᠳᠠᠯ ᠬᠠᠮᠤᠭ ᠤᠨ ᠣᠯᠠᠨ᠂ ᠬᠠᠮᠤᠭ ᠤᠨ ᠬᠦᠴᠢᠷᠳᠡᠯᠲᠡᠢ ᠭᠠᠴᠠᠭ᠎ᠠ ᠲᠣᠰᠬᠤᠨ ᠢ ᠳᠠᠭᠠᠭᠠᠴᠢᠯᠠᠨ᠂ | ᠤᠳᠤᠷᠢᠳᠬᠤ ᠪᠠᠭ ᠤᠨ ᠪᠦᠷᠢᠯᠳᠦᠭᠦᠨ ᠬᠡᠰᠡᠭ ᠬᠤᠪᠢᠶᠠᠨ ᠲᠣᠰᠬᠤᠨ ᠳᠤ ᠰᠠᠭᠤᠵᠤ ᠠᠵᠢᠯ ᠢᠶᠠᠨ ᠥᠷᠨᠢᠭᠦᠯᠬᠦ ᠶᠢᠨ | ᠬᠠᠮᠲᠤ ᠳᠤᠭᠤᠶᠢᠯᠠᠩ ᠡᠷᠦᠬᠡ ᠶᠢ ᠳᠠᠭᠠᠭᠠᠴᠢᠯᠠᠨ᠎ᠠ᠂ ᠭᠤᠷᠪᠠᠳᠤᠭᠠᠷ ᠳᠠᠪᠬᠤᠷᠭ᠎ᠠ ᠨᠢ ᠬᠤᠰᠢᠭᠤ ᠨᠠᠮ ᠤᠨ ᠬᠤᠷᠢᠶᠠᠨ | ᠤ ᠬᠠᠮᠢᠶᠠᠷᠴᠤ ᠪᠠᠶᠢᠭ᠎ᠠ ᠰᠠᠯᠠᠭᠠᠨ ᠤ ᠳᠡᠰ ᠤᠨ ᠨᠢᠭᠡᠴᠡ᠂ ᠲᠤᠰ ᠲᠤᠰ ᠨᠢᠭᠡ ᠶᠠᠳᠠᠭᠤ ᠠᠴᠠ ᠠᠩᠭᠢᠵᠢᠷᠠᠭᠠᠳᠤᠶ | ᠬᠥᠮᠦᠨ ᠠᠮᠠ ᠲᠠᠢ ᠭᠠᠴᠠᠭ᠎ᠠ ᠲᠣᠰᠬᠤᠨ ᠢ ᠳᠠᠭᠠᠭᠠᠴᠢᠯᠠᠨ ᠬᠤᠯᠪᠣᠵᠤ᠂ ᠶᠠᠳᠠᠭᠤ ᠠᠴᠠ ᠠᠩᠭᠢᠵᠢᠷᠠᠭᠠᠳᠤᠶ ᠡᠷᠦᠬᠡ | ᠶᠢ ᠪᠠᠶᠢᠭᠤᠯᠭ᠎ᠠ ᠶᠢᠨ ᠺᠠᠳ᠋ᠷ ᠳᠠᠭᠠᠭᠠᠴᠢᠯᠠᠨ ᠬᠤᠯᠪᠣᠨ᠎ᠠ᠂ ᠳᠥᠷᠪᠡᠳᠦᠭᠡᠷ ᠳᠠᠪᠬᠤᠷᠭ᠎ᠠ ᠨᠢ ᠲᠣᠰᠬᠤᠨ ᠳᠤ ᠰᠠᠭᠤᠭ᠎ᠠ | ᠺᠠᠳ᠋ᠷ ᠪᠣᠯᠤᠨ᠎ᠠ᠂ ᠪᠤᠢ ᠪᠦᠬᠦᠢ ᠶᠠᠳᠠᠭᠤ ᠠᠴᠠ ᠠᠩᠭᠢᠵᠢᠷᠠᠭᠠᠳᠤᠢ ᠡᠷᠦᠬᠡ ᠪᠦᠬᠦᠨ ᠢ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠶᠢᠨ 886 ᠺᠠᠳ᠋ᠷ ᠤᠨ ᠨᠡᠷ᠎ᠡ ᠳᠣᠣᠷ᠎ᠠ ᠨᠠᠶᠢᠳᠠᠪᠤᠷᠢᠵᠢᠭᠤᠯᠪᠠ᠃ ᠡᠨᠡ ᠳᠥᠷᠪᠡᠨ ᠱᠠᠲᠤᠨ ᠤ | ᠬᠠᠷᠢᠭᠤᠴᠠᠯᠭ᠎ᠠ ᠶᠢᠨ ᠰᠦᠯᠵᠢᠶ᠎ᠡ ᠪᠣᠯ ᠳᠠᠷᠤᠶ ᠳᠥᠷᠪᠡᠨ ᠳᠠᠪᠬᠤᠷ ᠠᠮᠤᠷ ᠲᠦᠪᠰᠢᠨ ᠤ ᠨᠡᠭᠡᠯᠡᠬᠡᠶ ᠪᠣᠯᠤᠨ᠎ᠠ᠂ | ᠶᠠᠳᠠᠭᠤ ᠠᠴᠠ ᠠᠩᠭᠢᠵᠢᠷᠠᠭᠠᠳᠤᠶ ᠡᠷᠦᠬᠡ ᠨᠢᠭᠡᠪᠦᠷᠢ ᠳᠤ ᠴᠥᠮ ᠳᠥᠷᠪᠡᠨ ᠱᠠᠲᠤᠨ ᠤ ᠬᠠᠷᠢᠭᠤᠴᠠᠯᠭᠠᠲᠠᠨ ᠲᠠᠢ | ᠳᠠᠭᠠᠭᠠᠴᠢᠯᠠᠨ ᠬᠤᠯᠪᠣᠭᠠᠯᠠᠵᠤ᠂ ᠱᠠᠲᠤ ᠱᠠᠲᠤ ᠪᠠᠷ ᠰᠡᠷᠭᠡᠶᠢᠯᠡᠨ᠂ ᠳᠠᠭᠠᠭᠠᠴᠢᠯᠠᠪᠠᠯ ᠲᠤᠭᠤᠰᠢᠲᠠᠢ ᠳᠠᠭᠠᠭᠠᠴᠢᠯᠠᠵᠤ᠂ | ᠬᠠᠷᠢᠭᠤᠴᠠᠯᠭ᠎ᠠ ᠶᠢ ᠬᠤᠯᠪᠣᠭᠠᠯᠠᠨ ᠭᠦᠶᠴᠡᠳᠬᠡᠵᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ᠶᠢ ᠠᠩᠬᠠᠷᠴᠤ᠂ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠶᠠᠳᠠᠭᠤ ᠠᠴᠠ ᠠᠩᠭᠢᠵᠢᠷᠠᠭᠤᠯᠬᠤ | ᠨᠥᠬᠦᠴᠡᠯ ᠳᠤ ᠬᠦᠷᠦᠭᠦᠯᠬᠦ ᠶᠢ ᠦᠨᠡᠨᠬᠦ ᠪᠠᠲᠤᠯᠠᠬᠤ ᠶᠢ ᠵᠢᠭᠠᠵᠤ ᠪᠤᠢ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠᠨ ᠵᠡᠷᠭᠡᠪᠡᠷ︾᠄ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢ ᠭᠤᠤᠯ ᠴᠣᠭᠴᠠ ᠪᠠᠷᠢᠯᠭ᠎ᠠ ᠯᠤᠭ᠎ᠠ | ᠵᠡᠷᠭᠡᠪᠡᠷ ᠵᠢᠷᠤᠭᠯᠠᠨ ᠲᠥᠯᠥᠪᠯᠡᠵᠦ᠂ ᠵᠡᠷᠭᠡᠪᠡᠷ ᠪᠠᠷᠢᠵᠤ᠂ ᠵᠡᠷᠭᠡᠪᠡᠷ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ | ᠵᠢᠭᠠᠵᠤ ᠪᠣᠶ᠃ | ᠠᠵᠤ ᠦᠶᠯᠡᠰ ᠪᠠ ᠬᠤᠲᠠ ᠶᠢ ᠠᠭᠤᠰᠤᠯᠴᠠᠭᠤᠯᠬᠤ᠄ ᠠᠵᠤ ᠦᠶᠯᠡᠰ ᠬᠢᠭᠡᠳ ᠬᠤᠲᠠ ᠶᠢ | ᠠᠭᠤᠰᠤᠯᠴᠠᠭᠤᠯᠤᠨ ᠬᠥᠭᠵᠢᠭᠦᠯᠵᠦ᠂ ᠬᠤᠲᠠ ᠪᠠᠷ ᠰᠠᠭᠤᠷᠢ ᠪᠣᠯᠭᠠᠨ᠂ ᠠᠵᠤ ᠦᠶᠯᠡᠰ ᠢᠶᠠᠷ ᠪᠠᠲᠤᠯᠠᠭ᠎ᠠ ᠪᠣᠯᠭᠠᠵᠤ᠂ | ᠠᠵᠤ ᠦᠶᠯᠡᠰ᠂ ᠬᠤᠲᠠ᠂ ᠬᠦᠮᠦᠨ ᠤ ᠬᠤᠭᠤᠷᠣᠨᠳᠣ ᠠᠮᠢᠵᠢᠷᠠᠯ ᠤᠨ ᠬᠦᠴᠦᠨ ᠲᠠᠢ᠂ ᠦᠷᠭᠦᠯᠵᠢᠯᠡᠨ ᠥᠭᠡᠳᠡᠯᠡᠨ | ᠬᠥᠭᠵᠢᠬᠦ ᠵᠠᠭᠪᠤᠷ ᠢ ᠵᠢᠭᠠᠵᠤ ᠪᠣᠶ᠃ ᠣᠶᠢᠷ᠎ᠠ ᠶᠢᠨ ᠵᠢᠯ ᠳᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠬᠦᠴᠦᠨ ᠢᠶᠠᠨ ᠲᠥᠪᠯᠡᠷᠡᠭᠦᠯᠦᠨ ᠠᠵᠤ ᠦᠶᠯᠡᠰ ᠪᠠ ᠬᠤᠲᠠ ᠶᠢᠨ ᠠᠭᠤᠰᠤᠯᠳᠤᠨ ᠬᠥᠭᠵᠢᠬᠦ ᠶᠢ | ᠠᠬᠢᠭᠤᠯᠤᠭᠰᠠᠨ ᠪᠥᠭᠡᠳ ᠰᠠᠶᠢᠨ ᠦᠷ᠎ᠡ ᠪᠦᠲᠦᠮᠵᠢ ᠣᠯᠵᠠᠶ᠃ ᠠᠵᠤ ᠦᠶᠯᠡᠰ ᠤᠨ ᠬᠥᠭᠵᠢᠯᠲᠡ ᠶᠢᠨ ᠲᠠᠯ᠎ᠠ ᠪᠠᠷ᠂ | ᠪᠥᠬᠦ ᠣᠷᠳᠣ ᠨᠢ 36 ᠺᠢᠯᠣᠮᠧᠲᠷ ᠪᠠᠶᠢᠳᠠᠭ ᠬᠤᠲᠠ ᠶᠢᠨ ᠲᠤᠭᠤᠷᠢᠭ ᠤᠨ ᠭᠠᠳᠠᠷ ᠲᠣᠭᠤᠷᠢᠯ ᠵᠠᠮ ᠳᠤ ᠲᠦᠰᠢᠭᠯᠡᠨ | ᠂ ᠬᠤᠲᠠ ᠲᠣᠭᠤᠷᠢᠭᠰᠠᠨ ᠠᠵᠤ ᠦᠶᠯᠡᠰ ᠤᠨ ᠪᠦᠰᠡ ᠶᠢ ᠬᠦᠴᠦ ᠪᠠᠨ ᠲᠥᠪᠯᠡᠷᠡᠭᠦᠯᠦᠨ ᠪᠠᠶᠢᠭᠤᠯᠵᠤ᠂ 7 | ᠬᠦᠷᠢᠶᠡᠯᠡᠩ ᠲᠣᠭᠤᠷᠢᠭ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ ᠣᠳᠣᠬᠠᠨ ᠳᠤ ᠪᠤᠷᠤᠬᠤᠲᠠ ᠶᠢᠨ | ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ᠂ ᠴᠢᠤᠸᠠᠨ ᠨᠢᠩ ᠰᠣᠶᠣᠯ | ᠵᠢᠭᠤᠯᠴᠢᠯᠠᠯ ᠤᠨ ᠪᠦᠲᠦᠭᠡᠯᠴᠢ ᠠᠵᠤ ᠦᠶᠯᠡᠰ ᠤᠨ ᠬᠦᠷᠢᠶᠡᠯᠡᠩ ᠲᠣᠭᠤᠷᠢᠭ᠂ ᠡᠮᠴᠢᠯᠡᠭᠡ ᠰᠤᠪᠢᠯᠠᠯ ᠡᠷᠡᠭᠦᠯ ᠮᠡᠨᠳᠦ | ᠶᠢᠨ ᠠᠵᠤ ᠦᠶᠯᠡᠰ ᠤᠨ ᠬᠦᠷᠢᠶᠡᠯᠡᠩ ᠲᠣᠭᠤᠷᠢᠭ᠂ ᠶᠠᠩ ᠵᠢᠶᠠ ᠶᠢᠩᠽᠢ ᠣᠲᠣ ᠦᠶ᠎ᠡ ᠶᠢᠨ ᠲᠠᠷᠢᠶᠠᠯᠠᠩ ᠤᠨ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠬᠠᠰ ᠯᠤᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ 5 | ᠬᠦᠷᠢᠶᠡᠯᠡᠩ ᠲᠣᠭᠤᠷᠢᠭ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠂ ᠲᠤᠮᠳᠠᠳᠤ ᠶᠢᠨ ᠯᠤᠤ ᠶᠢᠨ ᠰᠣᠶᠣᠯ ᠤᠨ ᠠᠵᠤ | ᠦᠶᠯᠡᠰ ᠤᠨ ᠬᠦᠷᠢᠶᠡᠯᠡᠩ ᠲᠣᠭᠤᠷᠢᠭ᠂ ᠳᠡᠷᠡᠰᠦ ᠠᠮᠢ ᠠᠬᠤᠶ ᠶᠢᠨ ᠲᠠᠷᠢᠶᠠᠯᠠᠩ ᠣᠶ ᠰᠢᠭᠤᠶ ᠶᠢᠨ ᠰᠡᠯᠡᠭᠦᠴᠡᠨ | ᠲᠣᠭᠤᠷᠢᠬᠤ ᠬᠦᠷᠢᠶᠡᠯᠡᠩ ᠲᠣᠭᠤᠷᠢᠭ 2 ᠬᠦᠷᠢᠶᠡᠯᠡᠩ ᠲᠣᠭᠤᠷᠢᠭ ᠨᠢᠭᠡᠨᠲᠡ ᠭᠦᠨᠵᠡᠭᠡᠶ ᠤᠬᠠᠭᠠᠯᠠᠨ ᠰᠡᠳᠦᠬᠦ ᠪᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠱᠠᠲᠤᠨ ᠳᠤ ᠤᠷᠤᠭᠰᠠᠨ ᠪᠠᠶᠢᠨ᠎ᠠ᠃ ᠬᠤᠲᠠ ᠶᠢᠨ ᠪᠦᠲᠦᠭᠡᠨ | ᠪᠠᠶᠢᠭᠤᠯᠤᠯᠲᠠ ᠳᠡᠭᠡᠷ᠎ᠡ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ ᠬᠤᠲᠠ | ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠪᠤᠷᠤᠬᠤᠲᠠ ᠬᠤᠲᠠ | ᠲᠣᠭᠤᠷᠢᠭ ᠤᠨ ᠬᠤᠶᠢᠲᠤ ᠬᠤᠲᠠ ᠶᠢᠨ ᠬᠡᠰᠡᠭ ᠲᠣᠭᠤᠷᠢᠭ ᠢ ᠨᠡᠭᠡᠭᠡᠨ ᠬᠥᠭᠵᠢᠭᠦᠯᠬᠦ ᠪᠠ ᠭᠤᠣᠯ ᠤᠨ ᠡᠮᠦᠨᠡᠳᠦ | ᠪᠦᠯᠬᠦᠮ ᠵᠣᠬᠢᠶᠠᠨ ᠪᠠᠶᠢᠭᠤᠯᠤᠨ ᠡᠵᠡᠮᠳᠡᠬᠦ ᠴᠢᠨᠠᠷᠲᠠᠶ ᠲᠥᠯᠥᠪᠵᠢᠭᠦᠯᠭᠡ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 20 ᠲᠡᠭᠰᠢ | ᠳᠥᠷᠪᠡᠯᠵᠢᠨ ᠺᠢᠯᠤᠮᠧᠲᠷ ᠲᠤ ᠬᠦᠷᠴᠦ᠂ ᠣᠪᠣᠭ᠎ᠠ ᠠᠭᠤᠯᠠ᠂ ᠣᠪᠣᠭ᠎ᠠ ᠪᠠᠷᠠᠭᠤᠨ ᠠᠭᠤᠯᠠ᠂ ᠴᠦᠨᠳᠦᠪ ᠤᠨ | ᠭᠤᠣᠯ ᠤᠨ ᠶᠡᠷᠦᠩᠬᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠲᠣᠭᠤᠷᠢᠭ ᠤᠨ | ︽ᠠᠷᠪᠠᠨ ᠨᠢᠭᠡᠨ ᠬᠥᠨᠳᠡᠯᠡᠨ᠂ ᠠᠷᠪᠠᠨ ᠨᠢᠭᠡᠨ ᠭᠤᠯᠳᠤ︾ ᠶᠢᠨ ᠵᠠᠮ ᠤᠨ ᠲᠣᠤᠷ ᠤᠨ ᠰᠢᠰᠲ᠋ᠧᠮᠵᠢ ᠶᠢ | ᠲᠦᠷᠭᠡᠳᠬᠡᠨ ᠪᠤᠢ ᠪᠣᠯᠭᠠᠵᠤ᠂ ᠬᠤᠲᠠ ᠶᠢᠨ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ | ᠵᠢᠭᠤᠯᠴᠢᠯᠠᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠪᠠᠷ ᠳᠠᠮᠵᠢᠨ ᠠᠵᠤ ᠦᠶᠯᠡᠰ ᠲᠤ ᠲᠠᠪᠴᠠᠩ ᠤᠨ ᠠᠴᠢᠶᠠᠯᠠᠪᠤᠷᠢ ᠪᠠᠶᠢᠭᠤᠯᠵᠤ᠂ | ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ ᠬᠤᠲᠠ ᠳᠤ ᠠᠮᠢᠵᠢᠷᠠᠯ ᠤᠨ ᠬᠦᠴᠦᠨ ᠨᠡᠮᠡᠭᠳᠡᠭᠦᠯᠬᠦ | ᠬᠥᠳᠡᠯᠭᠡᠭᠴᠢ ᠡᠨᠧᠷᠭᠢ ᠨᠡᠮᠡᠷᠢᠯᠡᠵᠦ᠂ ᠠᠵᠤ ᠦᠢᠯᠡᠰ ᠢᠶᠠᠷ ᠬᠤᠲᠠ ᠶᠢ ᠮᠠᠨᠳᠤᠭᠤᠯᠬᠤ᠂ ᠬᠤᠲᠠ ᠪᠠᠷ | ᠦᠢᠯᠡᠳᠪᠦᠷᠢᠯᠡᠯ ᠢ ᠠᠬᠢᠭᠤᠯᠬᠤ᠂ ᠠᠵᠤ ᠦᠢᠯᠡᠰ ᠬᠤᠲᠠ ᠶᠢ ᠠᠭᠤᠰᠤᠯᠴᠠᠭᠤᠯᠤᠭᠰᠠᠨ ᠲᠥᠪᠯᠡᠷᠡᠩᠭᠦᠶ ᠪᠥᠭᠡᠳ | ᠡᠷᠴᠢᠮᠯᠢᠭ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠴᠣᠭᠴᠠᠯᠠᠨ ᠪᠠᠶᠢᠭᠤᠯᠤᠨ᠎ᠠ᠃ | ᠬᠤᠲᠠ ᠲᠣᠭᠤᠷᠢᠭᠰᠠᠨ ᠠᠵᠤ ᠦᠢᠯᠡᠰ ᠤᠨ ᠪᠦᠰᠡ᠄ ᠪᠣᠷᠣᠬᠤᠲᠠ ᠲᠣᠭᠤᠷᠢᠭ ᠤᠨ ᠭᠠᠳᠠᠷ ᠲᠣᠭᠤᠷᠢᠯ | ᠵᠠᠮ ᠳᠤ ᠲᠦᠰᠢᠭᠯᠡᠨ᠂ ᠠᠵᠤ ᠦᠶᠯᠡᠳᠪᠦᠷᠢ ᠲᠥᠪᠯᠡᠷᠡᠭᠰᠡᠨ ᠣᠷᠣᠨ᠂ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ | ᠪᠣᠯᠤᠨ ᠦᠢᠯᠡᠴᠢᠯᠡᠭᠡᠨ ᠤ ᠦᠶᠯᠡᠰ ᠲᠥᠪᠯᠡᠷᠡᠭᠰᠡᠨ ᠣᠷᠣᠨ ᠤ ᠭᠤᠷᠪᠠᠨ ᠶᠡᠭᠡ ᠴᠢᠳᠠᠮᠵᠢᠲᠤ ᠣᠷᠣᠨ ᠢ ᠭᠤᠤᠯᠳᠠᠯᠭ᠎ᠠ | ᠲᠠᠢ ᠪᠦᠲᠦᠭᠡᠨ ᠪᠠᠶᠢᠭᠤᠯᠬᠤ ᠶᠢ ᠵᠢᠭᠠᠵᠤ ᠪᠣᠢ᠃ ᠬᠠᠰ ᠯᠤᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ | ᠶᠠᠩ ᠵᠢᠶᠠ ᠶᠢᠩᠽᠢ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠪᠤᠷᠤᠬᠤᠲᠠ ᠬᠤᠳᠠᠯᠳᠤᠭ᠎ᠠ ᠠᠷᠠᠯᠵᠢᠶ᠎ᠠ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ᠂ ᠴᠢᠤᠸᠠᠨ ᠨᠢᠩ | ᠰᠣᠶᠣᠯ ᠵᠢᠭᠤᠯᠴᠢᠯᠠᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠳᠤᠮᠳᠠᠳᠤ ᠶᠢᠨ ᠯᠤᠤ ᠶᠢᠨ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠳᠡᠷᠡᠰᠦ ᠶᠢᠨ ᠠᠮᠢ ᠠᠬᠤᠢ ᠶᠢᠨ ᠲᠠᠷᠢᠶᠠᠯᠠᠩ ᠣᠢ | ᠰᠢᠭᠤᠶ ᠰᠡᠯᠡᠭᠦᠴᠡᠨ ᠵᠤᠭᠠᠴᠠᠬᠤ ᠬᠦᠷᠢᠶᠡᠯᠡᠩ ᠲᠣᠭᠤᠷᠢᠭ᠂ ᠡᠮᠴᠢᠯᠡᠭᠡ ᠰᠤᠪᠢᠯᠠᠯᠲᠠ ᠡᠷᠡᠭᠦᠯᠵᠢᠯ ᠠᠰᠠᠷᠠᠮᠵᠢ ᠶᠢᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ 7 ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠬᠠᠮᠤᠷᠴᠤ᠂ | ︽ᠦᠶᠯᠡᠳᠪᠦᠷᠢᠯᠡᠯ ᠢᠶᠠᠷ ᠬᠤᠲᠠ ᠶᠢ ᠬᠥᠭᠵᠢᠭᠦᠯᠬᠦ᠂ ᠬᠤᠲᠠ ᠪᠠᠷ ᠦᠶᠯᠡᠳᠪᠦᠷᠢᠯᠡᠯ ᠢ ᠠᠬᠢᠭᠤᠯᠬᠤ᠂ | ᠦᠶᠯᠡᠳᠪᠦᠷᠢᠯᠡᠯ ᠬᠤᠲᠠ ᠶᠢ ᠠᠭᠤᠰᠤᠯᠴᠠᠭᠤᠯᠬᠤ︾ ᠲᠥᠪᠯᠡᠷᠡᠩᠭᠦᠶ ᠡᠷᠴᠢᠮᠯᠢᠭ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠵᠦ᠂ ᠪᠣᠷᠣᠬᠤᠲᠠ ᠲᠣᠭᠤᠷᠢᠭ ᠤᠨ ᠢᠷᠡᠭᠡᠳᠦᠶ ᠶᠢᠨ 20 ᠲᠦᠮᠡᠨ ᠬᠥᠮᠦᠨ ᠠᠮᠠ ᠲᠠᠢ ᠬᠤᠲᠠ ᠶᠢ | ᠪᠦᠲᠦᠭᠡᠨ ᠪᠠᠶᠢᠭᠤᠯᠬᠤ ᠳᠤ ᠠᠵᠤ ᠦᠢᠯᠡᠰ ᠤᠨ ᠲᠤᠯᠭᠠᠭᠤᠷᠢᠯᠠᠯ ᠬᠠᠩᠭᠠᠨ᠎ᠠ᠃ 2022 ᠣᠨ ᠪᠣᠯᠬᠤ ᠳᠤ᠂ | ᠬᠤᠲᠠ ᠶᠢ ᠲᠣᠭᠤᠷᠢᠭᠰᠠᠨ ᠠᠵᠤ ᠦᠢᠯᠡᠰ ᠤᠨ ᠪᠦᠰᠡ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 70% ᠠᠴᠠ ᠳᠡᠭᠡᠭᠰᠢ ᠳᠤ | ᠬᠦᠷᠭᠡᠨ᠎ᠡ᠃ | ᠬᠤᠶᠢᠲᠤ ᠬᠤᠲᠠ ᠶᠢᠨ ᠬᠡᠰᠡᠭ ᠣᠷᠣᠨ ᠢ ᠨᠡᠭᠡᠭᠡᠨ ᠬᠥᠭᠵᠢᠭᠦᠯᠬᠦ᠄ ᠡᠨᠡ ᠨᠢ ᠪᠣᠷᠣᠬᠤᠲᠠ ᠲᠣᠭᠤᠷᠢᠭ | ᠤᠨ ᠬᠥᠭᠵᠢᠯᠲᠡ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠬᠤᠲᠠ ᠶᠢᠨ ᠲᠣᠭᠤᠷᠢᠭ ᠤᠨ ᠬᠤᠶᠢᠲᠤ ᠬᠡᠰᠡᠭ | ᠤᠨ ᠣᠷᠣᠨ ᠪᠦᠰᠡ ᠳᠤ ᠶᠡᠷᠦᠩᠬᠡᠶᠢᠯᠡᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠬᠡᠰᠡᠭ ᠲᠣᠭᠤᠷᠢᠭ ᠤᠨ | ᠪᠠᠷᠠᠭᠤᠨᠰᠢ ᠪᠠᠨ ᠤᠯᠠᠭᠠᠨᠬᠠᠳᠠ ᠠᠴᠠ ᠪᠠᠶᠠᠨᠬᠤᠸᠠ ᠬᠦᠷᠬᠦ ᠲᠡᠮᠦᠷ ᠵᠠᠮ᠂ ᠵᠡᠭᠦᠨᠰᠢ ᠪᠠᠨ ᠴᠢᠤᠸᠠᠨ ᠨᠢᠩ ᠵᠠᠮ᠂ | ᠤᠮᠠᠷᠠᠰᠢ ᠬᠤᠶᠢᠲᠤ ᠭᠠᠳᠠᠨ᠎ᠠ ᠲᠣᠭᠤᠷᠢᠯ᠂ ᠡᠮᠦᠨᠡᠰᠢ ᠪᠠᠨ ᠤᠳᠠᠨᠲᠤᠬᠤᠢ ᠶᠡᠭᠡ ᠵᠡᠭᠡᠯᠢ ᠬᠦᠷᠲᠡᠯ᠎ᠡ᠂ ᠴᠢᠤᠸᠠᠨ ᠨᠢᠩ | ᠰᠣᠶᠣᠯ ᠵᠢᠭᠤᠯᠴᠢᠯᠠᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠡᠮᠴᠢᠯᠡᠭᠡ ᠰᠤᠪᠢᠯᠠᠯᠲᠠ | ᠡᠷᠡᠭᠦᠯ ᠮᠡᠨᠳᠦ ᠠᠰᠠᠷᠠᠮᠵᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠣᠷᠣᠰᠢᠨ ᠰᠠᠭᠤᠵᠤ ᠠᠮᠢᠳᠤᠷᠠᠬᠤ | ᠲᠣᠭᠤᠷᠢᠭ ᠵᠡᠷᠭᠡ ᠭᠤᠷᠪᠠᠨ ᠣᠷᠣᠨ ᠪᠦᠰᠡ ᠪᠠᠷ ᠪᠦᠷᠢᠯᠳᠦᠬᠦ ᠶᠢ ᠵᠢᠭᠠᠵᠤ ᠪᠣᠢ᠃ ᠵᠠᠯᠭᠠᠯᠳᠤᠭᠰᠠᠨ ᠣᠷᠣᠨ ᠤ | ᠶᠡᠷᠦᠩᠬᠡᠶ ᠲᠠᠯᠠᠪᠠᠶ ᠨᠢ ᠪᠠᠷᠤᠭ 5900 ᠮᠥ ᠪᠠᠶᠢᠵᠤ᠂ ᠡᠭᠦᠨ ᠳᠤ ᠴᠢᠤᠸᠠᠨ ᠨᠢᠩ ᠰᠤᠶᠤᠯ ᠵᠢᠭᠤᠯᠴᠢᠯᠠᠯ ᠤᠨ | ᠪᠦᠲᠦᠭᠡᠯᠴᠢ ᠠᠵᠤ ᠦᠶᠯᠡᠰ ᠤᠨ ᠬᠦᠷᠢᠶᠡᠯᠡᠩ ᠲᠣᠭᠤᠷᠢᠭ ᠨᠢ ᠪᠠᠷᠤᠭ 2100 ᠮᠥ᠂ ᠡᠮᠴᠢᠯᠡᠭᠡ ᠰᠤᠪᠢᠯᠠᠯᠲᠠ | ᠡᠷᠡᠭᠦᠯ ᠮᠡᠨᠳᠦ ᠶᠢᠨ ᠠᠰᠠᠷᠠᠮᠵᠢ ᠶᠢᠨ ᠠᠵᠤ ᠦᠶᠯᠡᠰ ᠤᠨ ᠬᠦᠷᠢᠶᠡᠯᠡᠩ ᠲᠣᠭᠤᠷᠢᠭ ᠨᠢ ᠪᠠᠷᠤᠭ 2600 ᠮᠥ᠂ | ᠣᠷᠣᠰᠢᠨ ᠰᠠᠭᠤᠵᠤ ᠠᠮᠢᠳᠤᠷᠠᠬᠤ ᠲᠣᠭᠤᠷᠢᠭ ᠨᠢ ᠪᠠᠷᠤᠭ 1200 ᠮᠥ ᠪᠠᠶᠢᠨ᠎ᠠ᠃ ᠭᠤᠷᠪᠠᠨ ᠣᠷᠣᠨ ᠪᠦᠰᠡ ᠶᠢᠨ | ᠶᠡᠷᠦᠩᠬᠡᠶᠢᠯᠡᠭᠰᠡᠨ ᠲᠣᠶᠢᠮᠣ ᠲᠥᠰᠦᠪ ᠤᠨ ᠪᠡᠯᠡ ᠣᠷᠣᠭᠤᠯᠤᠯᠲᠠ ᠪᠠᠷᠤᠭ 130 ᠳ᠋ᠦᠩᠰᠢᠭᠤᠷ ᠲᠥᠭᠦᠷᠢᠭ ᠲᠤ | ᠬᠦᠷᠴᠦ᠂ ᠬᠤᠲᠠ ᠶᠢᠨ ᠠᠵᠤ ᠠᠬᠤᠶ ᠶᠢ ᠬᠥᠭᠵᠢᠭᠦᠯᠬᠦ᠂ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠬᠤ | ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠭᠤᠣᠯ ᠤᠨ ᠡᠮᠦᠨᠡᠬᠢ ᠪᠦᠯᠬᠦᠮ ᠪᠠᠶᠢᠭᠤᠯᠬᠤ ᠡᠵᠡᠮᠳᠡᠯ ᠤᠨ ᠴᠢᠨᠠᠷᠲᠠᠶ ᠲᠥᠯᠥᠪᠵᠢᠭᠦᠯᠭᠡ᠄ ᠡᠨᠡ ᠨᠢ | ᠪᠤᠷᠤᠬᠤᠲᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ︵2012 — 2030︶ ᠵᠢᠴᠢ ᠪᠤᠷᠤᠬᠤᠲᠠ ᠬᠤᠲᠠ | ᠲᠣᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠴᠦᠨᠳᠦᠪ ᠤᠨ ᠭᠤᠣᠯ ᠤᠨ ᠡᠮᠦᠨᠡᠲᠦ | ᠬᠡᠰᠡᠭ ᠵᠠᠯᠭᠠᠯᠳᠤᠭᠰᠠᠨ ᠣᠷᠣᠨ ᠳᠤ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠪᠣᠳᠠᠲᠠᠶ ᠬᠦᠷᠢᠶ᠎ᠡ ᠬᠡᠪᠴᠢᠶ᠎ᠡ ᠨᠢ ᠴᠦᠨᠳᠦᠪ ᠤᠨ ᠭᠤᠤᠯ ᠠᠴᠠ ᠡᠮᠦᠨᠡᠰᠢ᠂ ᠵᠡᠭᠦᠨᠰᠢ ᠡ ᠴᠢ ᠵᠠᠮ ᠠᠴᠠ | ᠪᠠᠷᠠᠭᠤᠨᠰᠢᠬᠢ᠂ ᠪᠠᠶᠠᠨᠲᠠᠯ᠎ᠠ ᠶᠡᠭᠡ ᠵᠡᠭᠡᠯᠢ ᠠᠴᠠ ᠤᠮᠠᠷᠠᠰᠢᠬᠢ᠂ ᠴᠦᠨᠳᠦᠪ ᠤᠨ ᠭᠤᠤᠯ ᠤᠨ ᠤᠰᠤᠨ ᠰᠤᠷᠪᠤᠯᠵᠢ | ᠶᠢᠨ ᠭᠠᠵᠠᠷ ᠠᠴᠠ ᠵᠡᠭᠦᠨᠰᠢᠬᠢ ᠣᠷᠣᠨ ᠪᠦᠰᠡ ᠶᠢᠨ ᠶᠡᠷᠦᠩᠬᠡᠶ ᠲᠠᠯᠠᠪᠠᠶ ᠨᠢ 2.1 ᠲᠡᠭᠰᠢ ᠳᠥᠷᠪᠡᠯᠵᠢᠨ ᠺᠢᠯᠣᠮᠧᠲᠷ | ᠪᠣᠯᠤᠨ᠎ᠠ᠃ | ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ᠄ | ᠲᠠᠷᠢᠮᠠᠯ ᠤᠨ ᠦᠶᠯᠡᠰ ᠪᠠ ᠲᠡᠵᠢᠭᠡᠨ ᠦᠷᠡᠵᠢᠭᠦᠯᠬᠦ ᠦᠶᠯᠡᠰ ᠢ ᠨᠢᠭᠲᠠ ᠬᠤᠯᠪᠣᠭᠰᠠᠨ ᠠᠮᠢ ᠠᠬᠤᠶ ᠶᠢᠨ | ᠲᠠᠷᠢᠶᠠᠯᠠᠩ ᠤᠨ ᠵᠠᠭᠪᠤᠷ ᠲᠤ ᠰᠠᠭᠤᠷᠢᠯᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠠᠴᠠ ᠡᠭᠦᠰᠦᠭᠰᠡᠨ | ᠪᠠᠭᠠᠰᠤᠨ ᠪᠣᠬᠢᠷᠲᠣᠯ ᠢ ᠲᠠᠷᠢᠮᠠᠯ ᠤᠨ ᠦᠶᠯᠡᠰ ᠤᠨ ᠪᠣᠷᠳᠣᠭᠤᠷ ᠤᠨ ᠡᠬᠢ ᠰᠤᠷᠪᠤᠯᠵᠢ ᠪᠣᠯᠭᠠᠵᠤ᠂ ᠲᠠᠷᠢᠮᠠᠯ ᠤᠨ | ᠦᠶᠯᠡᠰ ᠨᠢ ᠲᠡᠵᠢᠭᠡᠵᠦ ᠦᠷᠡᠵᠢᠭᠦᠯᠬᠦ ᠦᠶᠯᠡᠰ ᠲᠤ ᠪᠣᠷᠳᠤᠭ᠎ᠠ ᠬᠠᠩᠭᠠᠵᠤ᠂ ᠲᠡᠵᠢᠭᠡᠨ ᠦᠷᠡᠵᠢᠭᠦᠯᠬᠦ ᠦᠶᠯᠡᠰ ᠤᠨ | ᠬᠠᠶᠠᠭᠳᠠᠮᠠᠯ ᠪᠣᠳᠠᠰ ᠢ ᠰᠢᠩᠭᠡᠭᠡᠵᠦ᠂ ᠪᠣᠳᠠᠰ ᠪᠠ ᠡᠨᠧᠷᠭᠢ ᠶᠢ ᠠᠮᠢᠲᠠᠨ ᠤᠷᠭᠤᠮᠠᠯ ᠤᠨ ᠬᠤᠭᠤᠷᠣᠨᠳᠣ | ᠰᠣᠯᠢᠭᠳᠠᠭᠤᠯᠬᠤ ᠣᠷᠴᠢᠯ ᠬᠡᠯᠪᠡᠷᠢ ᠶᠢᠨ ᠲᠠᠷᠢᠶᠠᠯᠠᠩ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠨᠢ | ᠲᠠᠷᠢᠶᠠᠯᠠᠩ ᠤᠨ ᠡᠬᠢ ᠪᠠᠶᠠᠯᠢᠭ ᠤᠨ ᠠᠰᠢᠭᠯᠠᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠯᠠᠩ ᠤᠨ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ | ᠶᠢ ᠵᠢᠭᠠᠵᠤ ᠪᠠᠶᠢᠨ᠎ᠠ᠂ ᠣᠳᠣᠬᠠᠨ ᠳᠤ ᠮᠠᠨ ᠤ ᠬᠤᠰᠢᠭᠤᠨ ᠤ ᠶᠡᠭᠡ ᠭᠦᠩ ᠪᠠᠯᠭᠠᠰᠤᠨ ᠤ ᠪᠧᠢ ᠲᠠᠶᠢᠽᠢ | ᠵᠢᠷᠭᠤᠳᠤᠭᠠᠷ ᠲᠣᠰᠬᠤᠨ ᠬᠠᠮᠲᠤᠷᠠᠨ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ᠂ ᠭᠤᠳᠠᠭᠠᠷ ᠭᠦᠩ | ᠣᠷᠴᠢᠯ ᠲᠠᠷᠢᠵᠤ ᠲᠡᠵᠢᠭᠡᠬᠦ ᠠᠵᠤ ᠦᠢᠯᠡᠰ ᠤᠨ ᠬᠦᠷᠢᠶᠡᠯᠡᠩ ᠵᠡᠷᠭᠡ ᠨᠢ ᠪᠦᠷ ᠨᠡᠯᠢᠶᠡᠳ ᠨᠡᠶᠢᠲᠡᠯᠢᠭ ᠵᠢᠱᠢᠶ᠎ᠡ | ᠪᠦᠬᠦᠢ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠪᠣᠯᠤᠨ᠎ᠠ | ᠃ | ᠲᠠᠷᠢᠶᠠᠯᠠᠩ ᠤᠨ ᠬᠠᠮ ᠴᠣᠭᠴᠠ᠄ ᠣᠲᠣ ᠦᠶ᠎ᠡ ᠶᠢᠨ ᠲᠠᠷᠢᠶᠠᠯᠠᠩ᠂ ᠰᠡᠯᠡᠭᠦᠴᠡᠯ ᠵᠢᠭᠤᠯᠴᠢᠯᠠᠯ᠂ | ᠬᠥᠳᠡᠭᠡ ᠲᠣᠰᠬᠤᠨ ᠤ ᠨᠡᠶᠢᠭᠡᠮ ᠲᠣᠭᠤᠷᠢᠭ ᠢ ᠨᠢᠭᠡ ᠴᠣᠭᠴᠠᠵᠢᠭᠤᠯᠤᠭᠰᠠᠨ ᠥᠪᠡᠷᠮᠢᠴᠡ ᠣᠨᠴᠠᠯᠢᠭ ᠲᠠᠢ ᠵᠢᠵᠢᠭ | ᠪᠠᠯᠭᠠᠰᠤ ᠪᠠ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠪᠤᠷ ᠢ ᠵᠢᠭᠠᠵᠤ ᠪᠣᠶ᠃ ᠣᠳᠣᠬᠠᠨ | ᠳᠤ ᠮᠠᠨ ᠤ ᠬᠤᠰᠢᠭᠤᠨ ᠤ ᠪᠤᠷᠤᠬᠤᠲᠠ ᠪᠠᠯᠭᠠᠰᠤᠨ ᠤ ᠬᠤᠸᠠ ᠫᠢᠩ ᠲᠠᠷᠢᠶᠠᠯᠠᠩ ᠤᠨ ᠬᠠᠮ ᠴᠣᠭᠴᠠ᠂ | ᠴᠦᠨᠳᠦᠪ ᠤᠨ ᠲᠠᠯ᠎ᠠ ᠶᠢᠨ ᠲᠠᠷᠢᠶᠠᠯᠠᠩ ᠤᠨ ᠬᠠᠮ ᠴᠣᠭᠴᠠ᠂ ᠴᠢᠶᠣᠤ ᠳᠧᠦ ᠪᠠᠯᠭᠠᠰᠤᠨ ᠤ ᠶᠤᠸᠠᠨ ᠪᠦ᠋ᠦ ᠱᠠᠨ ᠸᠠ | ᠲᠠᠷᠢᠶᠠᠯᠠᠩ ᠤᠨ ᠬᠠᠮ ᠴᠣᠭᠴᠠ ᠪᠣᠯ ᠴᠥᠮ ᠨᠡᠯᠢᠶᠡᠳ ᠨᠡᠶᠢᠲᠡᠯᠢᠭ ᠲᠠᠷᠢᠶᠠᠨ ᠭᠠᠵᠠᠷ ᠤᠨ ᠬᠠᠮ ᠴᠣᠭᠴᠠ ᠪᠠᠶᠢᠵᠤ | ᠂ ᠮᠠᠰᠢ ᠰᠠᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠲᠠᠢ ᠶᠤᠮ᠃ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ | ᠦᠵᠡᠭᠦᠯᠬᠦ ᠣᠷᠣᠨ᠄ ᠶᠠᠮᠠᠷ ᠨᠢᠭᠡᠨ ᠠᠵᠤ ᠦᠶᠯᠡᠰ ᠲᠥᠪᠯᠡᠷᠡᠭᠰᠡᠨ ᠣᠷᠣᠨ ᠳᠤ ᠦᠶᠯᠡᠳᠪᠦᠷᠢᠯᠡᠬᠦ ᠠᠴᠠ ᠡᠮᠦᠨᠡᠬᠢ | ᠦᠢᠯᠡᠳᠪᠦᠷᠢᠯᠡᠯ ᠤᠨ ᠳᠤᠮᠳᠠ ᠭᠠᠷᠤᠯᠲᠠ ᠶᠢᠨ ᠳᠠᠷᠠᠭ᠎ᠠ ᠣᠷᠭᠠᠨᠢᠭ ᠢᠶᠠᠷ ᠵᠣᠯᠭᠠᠭᠤᠯᠬᠤ ᠪᠠ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠠᠷᠢᠴᠠᠩᠭᠤᠶ | ᠬᠡᠯᠪᠡᠷᠢᠵᠢᠭᠰᠡᠨ᠂ ᠪᠣᠯᠪᠠᠰᠤᠷᠠᠩᠭᠤᠢ ᠠᠭᠤᠰᠤᠯᠴᠠᠨ ᠬᠥᠭᠵᠢᠬᠦ ᠬᠡᠪ ᠵᠠᠭᠪᠤᠷ ᠪᠠ ᠪᠥᠬᠦ ᠠᠵᠤ ᠦᠶᠯᠡᠰ ᠤᠨ ᠬᠡᠯᠬᠢᠶ᠎ᠡ | ᠶᠢ ᠪᠦᠷᠢᠯᠳᠦᠭᠦᠯᠵᠦ᠂ ᠵᠣᠬᠢᠬᠤ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠨᠡᠶᠢᠲᠡᠯᠢᠭ ᠵᠢᠱᠢᠶ᠎ᠡ | ᠦᠵᠡᠭᠦᠯᠬᠦ ᠦᠶᠯᠡᠳᠦᠯ ᠲᠠᠢ ᠣᠷᠣᠨ ᠪᠦᠰᠡ ᠶᠢ ᠵᠢᠭᠠᠵᠤ ᠪᠣᠶ᠃ ᠣᠳᠣᠬᠠᠨ ᠳᠤ ᠮᠠᠨ ᠤ ᠬᠤᠰᠢᠭᠤ ᠶᠠᠭ ᠶᠠᠩ | ᠵᠢᠶᠠ ᠶᠢᠩᠽᠢ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠤᠭᠰᠠᠨ ᠤ ᠳᠠᠷᠠᠭ᠎ᠠ᠂ | ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ | ᠪᠣᠯᠪᠠᠰᠤᠷᠠᠭᠤᠯᠬᠤ ᠲᠤᠭᠤᠷᠢᠭ ᠢ ᠠᠭᠤᠰᠤᠯᠴᠠᠭᠤᠯᠬᠤ ᠪᠠᠷ ᠳᠠᠮᠵᠢᠵᠦ᠂ ᠲᠠᠷᠢᠶᠠᠯᠠᠩ ᠤᠨ ᠰᠠᠶᠢᠬᠠᠨ ᠴᠠᠭ ᠦᠶ᠎ᠡ ᠶᠢ | ᠲᠦᠬᠦᠷᠵᠢᠭᠦᠯᠦᠨ ᠪᠦᠲᠦᠭᠡᠨ ᠪᠠᠶᠢᠭᠤᠯᠵᠤ᠂ ᠨᠢᠭᠡ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ | ᠠᠭᠤᠰᠤᠯᠴᠠᠭᠰᠠᠨ ᠵᠢᠱᠢᠶ᠎ᠡ ᠦᠵᠡᠭᠦᠯᠬᠦ ᠲᠤᠭᠤᠷᠢᠭ ᠢ ᠢᠳᠡᠭ ᠠᠯᠬᠤᠮ ᠢᠶᠠᠷ ᠪᠠᠶᠢᠭᠤᠯᠤᠨ᠎ᠠ᠂ ᠪᠠᠶᠢᠭᠤᠯᠤᠯᠲᠠ | ᠪᠡᠶᠡᠯᠡᠭᠳᠡᠪᠡᠯ ᠤᠯᠤᠰ᠂ ᠦᠪᠡᠷᠳᠡᠭᠡᠨ ᠵᠠᠰᠠᠬᠤ ᠣᠷᠣᠨ ᠵᠢᠯ ᠪᠦᠷᠢ ᠵᠣᠬᠢᠬᠤ ᠲᠥᠷᠥᠯ ᠵᠦᠶᠯ ᠤᠨ ᠪᠠᠯᠠ ᠮᠥᠩᠭᠦ ᠶᠢᠨ | ᠳᠡᠮᠵᠢᠯᠭᠡ ᠣᠯᠭᠤᠨ᠎ᠠ᠃ | ᠳᠡᠷᠡᠰᠦ ᠶᠢᠨ ᠠᠮᠢ ᠠᠬᠤᠶ ᠶᠢᠨ ᠲᠠᠷᠢᠶᠠᠯᠠᠩ ᠣᠶ ᠰᠢᠭᠤᠶ ᠶᠢᠨ ᠰᠡᠯᠡᠭᠦᠴᠡᠯ ᠤᠨ ᠬᠦᠷᠢᠶᠡᠯᠡᠩ ᠲᠣᠭᠤᠷᠢᠭ | ᠄ ᠪᠤᠷᠤᠬᠤᠲᠠ ᠬᠤᠲᠠ ᠲᠣᠭᠤᠷᠢᠭ ᠤᠨ ᠬᠤᠲᠠ ᠲᠣᠭᠤᠷᠢᠭᠰᠠᠨ ᠠᠵᠤ ᠦᠶᠯᠡᠰ ᠤᠨ ᠪᠦᠰᠡ ᠶᠢᠨ ᠴᠢᠬᠤᠯᠠ | ᠬᠦᠷᠢᠶᠡᠯᠡᠩ ᠲᠣᠭᠤᠷᠢᠭ ᠤᠨ ᠨᠢᠭᠡ᠂ ᠤᠮᠠᠷᠠᠲᠤ ᠬᠡᠰᠡᠭ ᠤᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠦᠰᠡ | ᠶᠢᠨ ᠴᠢᠬᠤᠯᠠ ᠪᠦᠷᠢᠯᠳᠦᠬᠦᠨ ᠬᠡᠰᠡᠭ᠂ ᠬᠦᠷᠢᠶᠡᠯᠡᠩ ᠲᠣᠭᠤᠷᠢᠭ ᠨᠢ ᠪᠣᠷᠣᠬᠤᠲᠠ ᠲᠣᠭᠤᠷᠢᠭ ᠤᠨ ᠵᠡᠭᠦᠨ ᠬᠤᠶᠢᠲᠤ | ᠲᠠᠯ᠎ᠠ ᠳᠤ ᠪᠠᠶᠢᠷᠢᠯᠠᠵᠤ᠂ ᠵᠡᠭᠦᠨᠰᠢ ᠬᠠᠰ ᠯᠤᠤ ᠮᠠᠩᠬᠠᠨ ᠨᠠᠭᠤᠷ ᠤᠨ ᠵᠢᠭᠤᠯᠴᠢᠯᠠᠯ ᠤᠨ ᠵᠠᠮ᠂ ᠪᠠᠷᠠᠭᠤᠨᠰᠢ ᠪᠠᠨ | ᠮᠤᠵᠢ ᠶᠢᠨ ᠵᠠᠮ 205 ᠱᠤᠭᠤᠮ ᠬᠦᠷᠴᠦ ᠪᠠᠶᠢᠨ᠎ᠠ᠂ ᠡᠮᠦᠨᠡᠰᠢ ᠪᠠᠨ ᠪᠤᠷᠤᠬᠤᠲᠠ ᠬᠤᠲᠠ ᠲᠣᠭᠤᠷᠢᠭ ᠤᠨ | ᠬᠤᠶᠢᠲᠤ ᠲᠣᠭᠤᠷᠢᠯ᠂ ᠤᠮᠠᠷᠠᠰᠢ ᠪᠠᠨ ᠰᠡᠴᠢᠨᠲᠠᠯᠠ ᠭᠠᠴᠠᠭ᠎ᠠ ᠬᠦᠷᠲᠡᠯ᠎ᠡ ᠲᠥᠯᠥᠪᠵᠢᠭᠦᠯᠦᠭᠰᠡᠨ ᠲᠠᠯᠠᠪᠠᠢ ᠨᠢ 21.8 | ᠲᠡᠭᠰᠢ ᠳᠥᠷᠪᠡᠯᠵᠢᠨ ᠺᠢᠯᠣᠮᠧᠲᠷ᠂ ᠪᠠᠷᠤᠭᠴᠠᠭᠠᠯᠠᠨ ᠪᠤᠳᠤᠭᠰᠠᠨ ᠪᠡᠯᠡ ᠣᠷᠣᠭᠤᠯᠤᠯᠲᠠ ᠨᠢ 4 ᠳ᠋ᠦᠩᠰᠢᠭᠤᠷ | ᠲᠥᠭᠦᠷᠢᠭ᠂ ᠪᠦᠬᠦ ᠤᠯᠤᠰ ᠤᠨ ᠬᠠᠮᠤᠭ ᠶᠡᠭᠡ ᠬᠡᠭᠡᠷ᠎ᠡ ᠶᠢᠨ ᠲᠠᠤᠯᠠᠢ ᠶᠢᠨ ᠪᠦᠭᠡᠷ᠎ᠡ ᠶᠢᠨ ᠰᠠᠭᠤᠷᠢᠨ ᠭᠠᠵᠠᠷ ᠲᠤ | ᠲᠦᠰᠢᠭᠯᠡᠨ᠂ ᠣᠢ ᠰᠢᠭᠤᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ︵ᠵᠠᠭᠤᠨ ᠮᠣᠳᠣᠨ ᠤ ᠬᠦᠷᠢᠶᠡᠯᠡᠩ︶᠂ | ᠴᠡᠴᠡᠭ ᠤᠨ ᠳᠠᠯᠠᠢ ᠶᠢᠨ ᠰᠠᠭᠤᠷᠢᠨ ᠭᠠᠵᠠᠷ᠂ ᠢᠨᠠᠭ ᠳᠤᠷᠠᠯᠠᠯ ᠤᠨ ᠴᠡᠴᠡᠷᠯᠢᠭ ᠵᠡᠷᠭᠡ ᠪᠠᠷ ᠭᠤᠤᠯ ᠠᠭᠤᠯᠭ᠎ᠠ | ᠪᠣᠯᠭᠠᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠷᠥᠯ ᠵᠦᠶᠯ ᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ | ᠂ ︽ᠭᠤᠷᠪᠠᠨ ᠤᠯᠠᠷᠢᠯ ᠳᠤ ᠴᠡᠴᠡᠭ ᠲᠠᠢ᠂ ᠳᠥᠷᠪᠡᠨ ᠤᠯᠠᠷᠢᠯ ᠳᠤ ᠦᠵᠡᠮᠵᠢ ᠲᠠᠢ ᠪᠠᠶᠢᠯᠭᠠᠬᠤ︾ ᠦᠵᠡᠮᠵᠢ ᠶᠢᠨ | ᠦᠷ᠎ᠡ ᠪᠦᠲᠦᠮᠵᠢ ᠶᠢ ᠪᠤᠢ ᠪᠣᠯᠭᠠᠵᠤ᠂ ᠣᠢ ᠰᠢᠭᠤᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠤᠷᠢᠮ ᠤᠨ | ᠭᠡᠷᠡᠯ ᠵᠢᠷᠤᠭ ᠲᠠᠲᠠᠬᠤ᠂ ᠰᠡᠯᠡᠭᠦᠴᠡᠨ ᠲᠤᠭᠤᠷᠢᠬᠤ ᠶᠢ ᠨᠢᠭᠡ ᠴᠣᠭᠴᠠᠵᠢᠭᠤᠯᠤᠭᠰᠠᠨ ᠲᠣᠭᠤᠷᠢᠨ ᠦᠵᠡᠬᠦ | ᠬᠦᠷᠢᠶᠡᠯᠡᠩ ᠲᠣᠭᠤᠷᠢᠭ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ᠄ 2018 ᠣᠨ ᠳᠤ ᠬᠤᠲᠠ | ᠶᠢᠨ ᠵᠠᠰᠠᠭ ᠤᠨ ᠣᠷᠳᠣᠨ ᠠᠴᠠ ᠮᠠᠨ ᠤ ᠬᠤᠰᠢᠭᠤᠨ ᠤ ︽ᠴᠢᠶᠤᠤ ᠲᠸᠤ — ᠪᠤᠷᠤᠬᠤᠲᠠ — ᠬᠤᠲᠠ | ᠲᠣᠭᠤᠷᠢᠭᠰᠠᠨ ᠠᠵᠤ ᠦᠶᠯᠡᠰ ᠤᠨ ᠪᠦᠰᠡ — ᠤᠮᠠᠷᠠᠲᠤ ᠬᠡᠰᠡᠭ ᠤᠨ ᠰᠣᠶᠣᠯ ᠵᠢᠭᠤᠯᠴᠢᠯᠠᠯ ᠤᠨ ᠠᠵᠤ ᠦᠶᠯᠡᠰ | ᠤᠨ ᠪᠦᠰᠡ︾ ᠶᠢ ᠪᠥᠬᠦ ᠬᠤᠲᠠ ᠶᠢᠨ 7 ᠵᠤᠷᠪᠤᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠷᠰᠢᠯᠲᠠ ᠶᠢᠨ ᠵᠢᠱᠢᠶ᠎ᠠ ᠦᠵᠡᠭᠦᠯᠬᠦ ᠪᠦᠰᠡ ᠶᠢᠨ ᠨᠢᠭᠡ ᠪᠠᠷ ᠲᠣᠭᠲᠠᠭᠠᠪᠠ᠂ ᠡᠭᠦᠨ ᠤ ᠰᠠᠭᠤᠷᠢᠨ ᠳᠡᠭᠡᠷ᠎ᠡ᠂ ᠮᠠᠨ | ᠤ ᠬᠤᠰᠢᠭᠤ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ | ᠪᠦᠰᠡ ᠶᠢ ᠬᠤᠶᠠᠷ ᠵᠤᠷᠪᠤᠰ ᠨᠡᠮᠡᠵᠦ᠂ ᠬᠤᠲᠠ ᠲᠣᠭᠤᠷᠢᠭᠰᠠᠨ ᠠᠵᠤ ᠦᠶᠯᠡᠰ ᠤᠨ ᠪᠦᠰᠡ ᠪᠠᠷ ᠲᠥᠪ ᠪᠣᠯᠭᠠᠵᠤ᠂ | ᠵᠡᠭᠦᠨ᠂ ᠪᠠᠷᠠᠭᠤᠨ᠂ ᠡᠮᠦᠨ᠎ᠡ᠂ ᠤᠮᠠᠷᠠᠲᠤ ᠳᠥᠷᠪᠡᠨ ᠵᠦᠶᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠶᠢ ᠪᠦᠷᠢᠯᠳᠦᠭᠦᠯᠵᠡᠶ᠃ ᠡᠭᠦᠨ ᠤ ᠳᠤᠲᠤᠷ᠎ᠠ ᠬᠤᠶᠢᠲᠤ | ᠲᠠᠯ᠎ᠠ ᠨᠢ ᠤᠮᠠᠷᠠᠲᠤ ᠬᠡᠰᠡᠭ ᠤᠨ ᠰᠤᠶᠤᠯ ᠵᠤᠭᠠᠴᠠᠯ ᠤᠨ ᠵᠢᠱᠢᠶ᠎ᠡ ᠦᠵᠡᠭᠦᠯᠬᠦ ᠪᠦᠰᠡ ᠪᠠᠷ ᠰᠤᠶᠤᠯ ᠵᠤᠭᠠᠴᠠᠯ ᠢ | ᠭᠦᠨᠵᠡᠭᠡᠢ ᠠᠭᠤᠰᠤᠯᠴᠠᠭᠤᠯᠬᠤ ᠭᠥᠭᠵᠢᠯᠲᠡ ᠶᠢ ᠲᠦᠯᠬᠢᠨ ᠠᠬᠢᠭᠤᠯᠤᠨ᠎ᠠ᠃ ᠡᠮᠦᠨᠡᠰᠢ ︽ᠴᠢᠶᠤᠤ ᠲᠸᠤ — | ᠪᠣᠷᠤᠬᠤᠲᠠ︾ ᠶᠢᠨ ᠵᠢᠱᠢᠶ᠎ᠡ ᠦᠵᠡᠭᠦᠯᠬᠦ ᠪᠦᠰᠡ ᠪᠣᠯᠭᠠᠵᠤ᠂ ᠭᠤᠤᠯᠳᠠᠭᠤ ᠳᠠᠷᠢᠵᠤ ᠲᠡᠵᠢᠭᠡᠬᠦ ᠶᠢ | ᠤᠶᠠᠯᠳᠤᠭᠤᠯᠤᠭᠰᠠᠨ ᠣᠷᠴᠢᠯ ᠠᠵᠤ ᠦᠶᠯᠡᠰ ᠢ ᠬᠥᠭᠵᠢᠭᠦᠯᠬᠦ ᠪᠠᠷ ᠭᠤᠤᠯ ᠪᠣᠯᠭᠠᠨ᠎ᠠ︔ ᠪᠠᠷᠠᠭᠤᠨᠰᠢ ︽ | ᠪᠤᠷᠤᠬᠤᠲᠠ — ᠭᠤᠲᠠᠭᠠᠷ ᠭᠦᠩ︾ ᠤᠨ ᠵᠢᠱᠢᠶ᠎ᠡ ᠦᠵᠡᠭᠦᠯᠬᠦ ᠪᠦᠰᠡ ᠪᠣᠯᠭᠠᠵᠤ᠂ ᠭᠤᠤᠯᠳᠠᠭᠤ ᠬᠦᠶᠲᠡᠨ | ᠰᠡᠷᠢᠭᠦᠨ ᠢᠳᠡᠰᠢᠨ ᠨᠣᠭᠤᠭ᠎ᠠ ᠪᠠ ᠪᠡᠯᠡᠳᠬᠡᠮᠵᠢᠲᠦ ᠲᠠᠷᠢᠶᠠᠯᠠᠩ ᠢᠶᠠᠷ ᠭᠤᠤᠯ ᠪᠣᠯᠭᠠᠨ᠎ᠠ︔ ᠵᠡᠭᠦᠨᠰᠢ ᠪᠠᠨ ︽ | ᠪᠣᠷᠤᠬᠤᠲᠠ — ᠬᠠᠶᠢᠯᠠᠰᠤ︾ ᠶᠢᠨ ᠵᠢᠱᠢᠶ᠎ᠡ ᠦᠵᠡᠭᠦᠯᠬᠦ ᠪᠦᠰᠡ ᠪᠣᠯᠭᠠᠵᠤ᠂ ᠭᠤᠤᠯᠳᠠᠭᠤ ᠭᠠᠭ᠋ᠠᠶ᠂ ᠠᠯᠠᠰᠢᠨ | ᠦᠬᠡᠷ᠂ ᠠᠯᠠᠰᠢᠨ ᠬᠤᠨᠢ ᠵᠡᠷᠭᠡ ᠲᠡᠵᠢᠭᠡᠨ ᠦᠷᠡᠵᠢᠭᠦᠯᠬᠦ ᠦᠶᠯᠡᠰ ᠢᠶᠠᠷ ᠭᠤᠤᠯ ᠪᠣᠯᠭᠠᠨ᠎ᠠ᠃ ᠵᠢᠱᠢᠶ᠎ᠡ ᠦᠵᠡᠭᠦᠯᠬᠦ | ᠪᠦᠰᠡ ᠶᠢᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠬᠤᠰᠢᠭᠤᠨ ᠤ ᠪᠠᠶᠢᠳᠠᠯ ᠳᠤ ᠨᠡᠶᠢᠴᠡᠭᠰᠡᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠪᠣᠯᠤᠨ ᠪᠡᠶᠡᠯᠡᠭᠦᠯᠬᠦ ᠠᠷᠭ᠎ᠠ | ᠵᠠᠮ ᠢ ᠢᠳᠡᠪᠬᠢᠲᠡᠢ ᠰᠦᠪᠡᠭᠴᠢᠯᠡᠵᠦ᠂ ᠴᠢᠭ ᠢᠶᠠᠷ ᠨᠡᠶᠢᠳᠡᠮ ᠢ ᠳᠠᠶᠢᠴᠢᠯᠠᠭᠰᠠᠨ᠂ ᠪᠦᠬᠦ ᠬᠤᠰᠢᠭᠤ ᠶᠢ | ᠨᠥᠯᠥᠭᠡᠯᠡᠭᠰᠡᠨ᠂ ᠪᠦᠬᠦ ᠬᠤᠲᠠ ᠶᠢ ᠵᠢᠱᠢᠶ᠎ᠡ ᠦᠵᠡᠭᠦᠯᠦᠭᠰᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠤᠨ᠎ᠠ᠃ | ᠪᠣᠷᠤᠬᠤᠲᠠ ᠠᠴᠠ ᠪᠠᠶᠠᠨᠲᠣᠬᠤᠶ ᠬᠦᠷᠲᠡᠯᠡᠬᠢ ᠠᠮᠢ ᠠᠬᠤᠶ ᠶᠢᠨ ᠶᠠᠳᠠᠭᠤ ᠶᠢ ᠲᠡᠳᠬᠦᠬᠦ ᠠᠵᠤ ᠦᠶᠯᠡᠰ | ᠤᠨ ᠵᠠᠮ᠄ ᠲᠦᠷᠦᠯ ᠵᠦᠶᠯ ᠤᠨ ᠲᠣᠶᠢᠮᠣ ᠲᠥᠰᠦᠪ ᠤᠨ ᠪᠡᠯᠡ ᠣᠷᠣᠭᠤᠯᠤᠯᠲᠠ ᠨᠢ ᠪᠠᠷᠤᠭ 1 ᠳ᠋ᠦᠩᠰᠢᠭᠤᠷ | ᠲᠥᠭᠦᠷᠢᠭ᠂ ᠡᠬᠢᠯᠡᠯᠲᠡ ᠶᠢᠨ ᠴᠢᠭ ᠨᠢ ᠪᠤᠷᠤᠬᠤᠲᠠ ᠪᠠᠯᠭᠠᠰᠤ ᠳᠤ ᠪᠠᠶᠢᠵᠤ᠂ ᠬᠠᠶᠢᠯᠠᠰᠤ ᠪᠠᠯᠭᠠᠰᠤ᠂ ᠠᠰᠢᠬᠠᠨ | ᠰᠤᠮᠤ᠂ ᠬᠡᠷᠰᠡᠩ ᠰᠤᠮᠤ ᠪᠠᠷ ᠥᠩᠭᠡᠷᠡᠵᠦ᠂ ᠡᠴᠦᠰ ᠤᠨ ᠴᠢᠭ ᠨᠢ ᠪᠠᠶᠠᠨᠲᠣᠬᠤᠶ ᠰᠤᠮᠤ ᠳᠤ ᠬᠦᠷᠴᠦ᠂ ᠵᠠᠮ | ᠱᠤᠭᠤᠮ ᠤᠨ ᠪᠦᠬᠦ ᠤᠷᠲᠤ ᠨᠢ ᠪᠠᠷᠤᠭ 90 ᠺᠢᠯᠣᠮᠧᠲᠷ ᠪᠠᠶᠢᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ | ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ ᠴᠠᠭ ᠪᠦᠷᠢ 40 | ᠺᠢᠯᠤᠮᠧᠲᠷ᠂ ᠵᠠᠮ ᠤᠨ ᠥᠷᠭᠡᠨ ᠨᠢ 7 ᠮᠧᠲᠷ᠂ ᠪᠠᠷᠤᠭᠰᠢᠨ ᠪᠧᠲ᠋ᠤᠨ ᠵᠠᠮ ᠤᠨ ᠭᠠᠳᠠᠷᠭᠤ ᠪᠠᠷ ᠥᠩᠭᠡᠷᠡᠵᠦ᠂ | ᠲᠤᠰ ᠵᠢᠯ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠃ ᠲᠥᠷᠥᠯ ᠵᠦᠶᠯ ᠪᠠᠶᠢᠭᠤᠯᠤᠭᠳᠠᠭᠰᠠᠨ | ᠤ ᠳᠠᠷᠠᠭ᠎ᠠ᠂ ᠣᠩᠨᠢᠭᠤᠳ ᠬᠤᠰᠢᠭᠤᠨ ᠤ ᠳᠤᠮᠳᠠ ᠵᠡᠭᠦᠨ ᠬᠡᠰᠡᠭ ᠤᠨ ᠴᠢᠬᠤᠯᠠ ᠨᠢᠭᠡᠨ ᠬᠥᠨᠳᠡᠯᠡᠨ ᠱᠤᠭᠤᠮ ᠤᠨ | ᠵᠠᠰᠠᠮᠠᠯ ᠵᠠᠮ ᠪᠣᠯᠵᠣ᠂ ᠣᠩᠨᠢᠭᠤᠳ ᠬᠤᠰᠢᠭᠤᠨ ᠤ ᠵᠡᠭᠦᠨ ᠬᠡᠰᠡᠭ ᠤᠨ ᠮᠠᠯᠵᠢᠬᠤ ᠤᠷᠤᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠠᠮᠢ | ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠬᠦ ᠪᠣᠯᠤᠨ᠎ᠠ᠃ | ᠳᠥᠷᠪᠡᠨ ᠰᠠᠶᠢᠨ ᠬᠥᠳᠡᠭᠡ ᠲᠣᠰᠬᠤᠨ ᠤ ᠵᠠᠮ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ | ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠶᠢ ᠵᠢᠭᠠᠵᠤ ᠪᠠᠶᠢᠨ᠎ᠠ᠃ | ᠡᠵᠢ ᠨᠠᠭᠤᠷ ᠤᠨ ᠤᠰᠤ ᠲᠠᠲᠠᠬᠤ ᠢᠨᠵᠧᠨᠧᠷᠢᠩ᠄ ᠵᠡᠭᠦᠨ ᠬᠡᠰᠡᠭ ᠤᠨ ᠮᠠᠯᠵᠢᠬᠤ ᠣᠷᠣᠨ ᠤ ᠤᠰᠤᠨ ᠤ | ᠠᠮᠢ ᠠᠬᠤᠶ ᠶᠢᠨ ᠨᠥᠬᠦᠪᠥᠷᠢ ᠲᠡᠩᠴᠡᠭᠦᠷᠢ ᠪᠠᠨ ᠠᠯᠳᠠᠭᠰᠠᠨ᠂ ᠨᠤᠲᠤᠭ ᠪᠡᠯᠴᠢᠭᠡᠷ ᠤᠨ ᠠᠮᠢ ᠠᠬᠤᠶ ᠮᠠᠭᠤᠳᠠᠭᠰᠠᠨ᠂ | ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠵᠡᠷᠭᠡ ᠠᠰᠠᠭᠤᠳᠠᠯ ᠢ ᠰᠢᠶᠳᠪᠦᠷᠢᠯᠡᠬᠦ ᠪᠠ | ᠰᠢᠷᠠᠮᠥ᠋ᠷᠡᠨ ᠭᠤᠤᠯ ᠤᠨ ᠬᠠᠯᠢᠶ᠎ᠠ ᠥᠩᠭᠡᠷᠡᠬᠦ ᠦᠶᠡᠷ ᠤᠨ ᠳᠠᠷᠤᠯᠲᠠ ᠶᠢ ᠨᠠᠮᠳᠠᠭᠤᠯᠬᠤ ᠶᠢ ᠵᠢᠭᠠᠵᠤ ᠪᠠᠶᠢᠨ᠎ᠠ᠂ | ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠳᠤ ᠲᠦᠰᠢᠭᠯᠡᠨ ᠤᠷᠲᠤᠳᠬᠠᠨ ᠪᠠᠶᠢᠭᠤᠯᠤᠭᠰᠠᠨ | ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠢᠨᠵᠧᠨᠧᠷᠢᠩ ᠨᠢ | ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠬᠠᠭᠠᠯᠲᠠ ᠶᠢᠨ ᠠᠮᠠᠰᠠᠷ ᠠᠴᠠ ᠡᠬᠢᠯᠡᠵᠦ᠂ ᠤᠰᠤ ᠲᠠᠲᠠᠬᠤ | ᠭᠤᠣᠯ ᠰᠤᠪᠠᠭ ᠤᠨ ᠶᠡᠷᠦᠩᠬᠡᠢ ᠤᠷᠳᠤ ᠨᠢ 14.24 ᠺᠢᠯᠤᠮᠧᠲᠷ ᠪᠠᠶᠢᠵᠤ᠂ ᠡᠴᠦᠰ ᠲᠡᠭᠡᠨ ᠬᠠᠯᠢᠶ᠎ᠠ ᠦᠶᠡᠷ ᠤᠨ | ᠤᠰᠤ ᠵᠢᠴᠢ ᠭᠤᠣᠯ ᠦᠶᠡᠷ ᠤᠨ ᠬᠤᠭᠤᠴᠠᠭᠠᠨ ᠤ ᠤᠰᠤ ᠶᠢ ᠬᠤᠷᠴᠢᠨ ᠡᠯᠡᠰᠦᠨ ᠴᠥᠯ ᠤᠨ ᠳᠣᠲᠣᠷ᠎ᠠ ᠭᠠᠵᠠᠷ | ᠤᠨ ︽ᠡᠵᠢ ᠨᠠᠭᠤᠷ︾ ᠢᠶᠠᠷ ᠥᠩᠭᠡᠷᠡᠭᠦᠯᠵᠦ᠂ ᠵᠡᠭᠦᠨ ᠬᠡᠰᠡᠭ ᠤᠨ ᠮᠠᠯᠵᠢᠬᠤ ᠣᠷᠣᠨ ᠤ 700 ᠭᠠᠷᠤᠢ ᠲᠦᠮᠡᠨ | ᠮᠦ ᠡᠯᠡᠰᠦᠷᠬᠡᠭ ᠭᠠᠵᠠᠷ ᠢ ᠣᠷᠣᠭᠤᠯᠵᠠᠢ᠂ ᠢᠨᠵᠧᠨᠧᠷᠢᠩ ᠨᠢ 2009 ᠣᠨ ᠳᠤ ᠡᠬᠢᠯᠡᠵᠦ᠂ ᠣᠯᠠᠨ ᠲᠠᠯ᠎ᠠ ᠶᠢᠨ | ᠰᠢᠯᠲᠠᠭᠠᠨ ᠠᠴᠠ ᠣᠯᠠᠨ ᠤᠳᠠᠭ᠎ᠠ ᠰᠡᠯᠪᠢᠨ ᠵᠠᠰᠠᠵᠤ ᠰᠠᠶᠢᠵᠢᠷᠠᠭᠤᠯᠤᠭᠠᠳ᠂ 2019 ᠣᠨ ᠤ 3 ᠰᠠᠷ᠎ᠠ ᠳᠤ ᠶᠡᠭᠡ | ᠬᠡᠮᠵᠢᠶᠡᠨ ᠤ ᠤᠰᠤ ᠲᠠᠲᠠᠬᠤ ᠶᠢ ᠪᠡᠶᠡᠯᠡᠭᠦᠯᠵᠦ᠂ ᠣᠳᠣᠬᠠᠨ ᠳᠤ 4100 ᠭᠠᠷᠤᠶ ᠲᠦᠮᠡᠨ ᠪᠣᠰᠤᠭ᠎ᠠ ᠳᠦᠷᠪᠡᠯᠵᠢᠨ | ᠮᠧᠲᠷ ᠤᠰᠤ ᠲᠠᠲᠠᠵᠤ᠂ ᠡᠯᠡᠰᠦᠨ ᠴᠥᠯ ᠢ ᠲᠠᠭᠠᠨ 60 ᠭᠠᠷᠤᠶ ᠺᠢᠯᠣᠮᠧᠲᠷ ᠠᠶᠠᠯᠠᠭᠠᠳ ᠬᠡᠷᠰᠡᠩ ᠰᠤᠮᠤ ᠶᠢ | ᠳᠠᠪᠠᠵᠤ ᠪᠠᠶᠢᠨ᠎ᠠ᠂ ᠬᠠᠮᠤᠭ ᠦᠨᠳᠦᠷ ᠬᠡᠮᠵᠢᠶᠡᠨ ᠳᠡᠭᠡᠨ ᠡᠷᠬᠢᠨ ᠲᠤᠭᠤᠷᠢᠨ ᠲᠦᠮᠡᠨ ᠮᠦ ᠤᠰᠤ ᠪᠦᠷᠢᠯᠳᠦᠳᠡᠭ᠃ | 2020 ᠣᠨ ᠳᠤ ᠤᠰᠤ ᠲᠠᠲᠠᠵᠤ ᠦᠷᠭᠦᠯᠵᠢᠯᠡᠨ ᠢᠵᠢ ᠪᠥᠷᠢᠳᠦᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ | ᠲᠥᠯᠥᠪᠯᠡᠵᠦ ᠪᠠᠶᠢᠨ᠎ᠠ᠂ ᠵᠢᠱᠢᠯᠲᠡ ᠪᠠᠷ ᠪᠠᠰᠠ 3000 ᠭᠠᠷᠤᠶ ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ | ᠲᠠᠲᠠᠵᠤ᠂ ᠭᠠᠵᠠᠷ ᠳᠣᠣᠷᠠᠬᠢ ᠤᠰᠤᠨ ᠤ ᠰᠣᠷᠪᠣᠯᠵᠢ ᠶᠢᠨ ᠪᠠᠭᠲᠠᠭᠠᠮᠵᠢ᠂ ᠣᠷᠣᠨ ᠭᠠᠵᠠᠷ ᠤᠨ ᠠᠮᠢ ᠠᠬᠤᠢ ᠶᠢᠨ | ᠵᠠᠰᠠᠯᠲᠠ᠂ ᠮᠠᠩᠬᠠᠨ ᠭᠠᠵᠠᠷ ᠢ ᠶᠡᠷᠦᠩᠬᠡᠶᠢᠯᠡᠨ ᠨᠡᠬᠡᠭᠡᠬᠦ ᠳᠤ ᠬᠦᠨᠳᠦ ᠴᠢᠬᠤᠯᠠ ᠤᠳᠬ᠎ᠠ ᠠᠭᠤᠯᠭ᠎ᠠ ᠲᠠᠢ᠃ | ᠪᠦᠷᠢᠳᠦᠨ ᠨᠠᠭᠤᠷ ᠠᠴᠠ ᠴᠦᠨᠳᠦᠪ ᠤᠨ ᠭᠤᠣᠯ ᠤᠨ ᠬᠤᠲᠠ ᠳᠠᠬᠢ ᠬᠡᠰᠡᠭ ᠤᠨ ᠬᠡᠰᠡᠭ ᠤᠨ ᠭᠤᠤᠯ | ᠮᠥᠷᠡᠨ ᠨᠠᠭᠤᠷ ᠴᠥᠭᠦᠷᠥᠮ ᠢ ᠵᠠᠯᠭᠠᠯᠳᠤᠭᠤᠯᠤᠨ ᠨᠡᠪᠲᠡᠷᠡᠭᠦᠯᠬᠦ ᠢᠨᠵᠧᠨᠧᠷᠢᠩ᠄ 2008 ᠣᠨ ᠠᠴᠠ ᠨᠠᠰᠢ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠᠰᠠ ᠨᠢᠭᠡ ᠤᠳᠠᠭ᠎ᠠ ᠮᠠᠶᠢᠬᠠᠨᠲᠤ ᠶᠢᠨ ᠭᠤᠣᠯ ᠠᠴᠠ | ᠪᠦᠷᠢᠳᠦᠨ ᠨᠠᠭᠤᠷ ᠵᠦᠭ ᠤᠰᠤ ᠲᠠᠲᠠᠬᠤ ᠠᠵᠢᠯ ᠢ ᠡᠳᠦᠷ ᠲᠤᠲᠤᠮ ᠤᠨ ᠵᠥᠪᠯᠡᠬᠦ ᠵᠦᠶᠯ ᠳᠡᠭᠡᠨ ᠣᠷᠣᠭᠤᠯᠪᠠ᠂ | ᠭᠡᠪᠡᠴᠦ ᠤᠰᠤ ᠲᠠᠲᠠᠬᠤ ᠰᠤᠪᠠᠭ ᠤᠨ ᠵᠠᠮ ᠨᠢ ᠣᠶᠢᠲᠤ ᠭᠠᠵᠠᠷ ᠤᠨ ᠵᠢᠭᠤᠷᠠᠯᠳᠤᠭᠠᠨ ᠵᠡᠷᠭᠡ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠤᠨ ᠨᠥᠯᠥᠭᠡ ᠠᠴᠠ ᠪᠣᠯᠵᠣ᠂ ᠤᠷᠤᠭᠰᠢᠲᠠᠶ ᠶᠠᠪᠤᠭᠳᠠᠵᠤ ᠴᠢᠳᠠᠭᠰᠠᠨ ᠥᠬᠡᠶ | ᠃ ᠤᠯᠠᠨ ᠲᠠᠯ᠎ᠠ ᠶᠢᠨ ᠴᠢᠷᠮᠠᠶᠢᠯᠭ᠎ᠠ ᠪᠠᠷ ᠲᠠᠮᠵᠢᠨ 2016 ᠣᠨ ᠤ ᠡᠴᠦᠰ ᠪᠣᠯᠬᠤ ᠳᠤ ᠰᠠᠶ᠋ᠢ ᠰᠢᠢᠳᠪᠦᠷᠢᠯᠡᠭᠳᠡᠵᠡᠢ | ᠃ 2017 ᠣᠨ ᠤ 3 ᠰᠠᠷ᠎ᠠ ᠳᠤ ᠮᠠᠶᠢᠬᠠᠨᠲᠤ ᠶᠢᠨ ᠭᠤᠣᠯ ᠠᠴᠠ ᠪᠦᠷᠢᠳᠦᠨ ᠨᠠᠭᠤᠷ ᠬᠦᠷᠲᠡᠯᠡᠬᠢ ᠭᠤᠤᠯ ᠮᠥᠷᠡᠨ | ᠨᠠᠭᠤᠷ ᠴᠥᠭᠦᠷᠥᠮ ᠢ ᠬᠤᠯᠪᠣᠵᠤ ᠨᠡᠪᠲᠡᠷᠡᠭᠦᠯᠬᠦ ᠢᠨᠵᠧᠨᠧᠷᠢᠩ ᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ | ᠢᠨᠵᠧᠨᠧᠷᠢᠩ 2018 ᠣᠨ ᠤ 6 ᠰᠠᠷ᠎ᠠ ᠳᠤ ᠳᠠᠭᠤᠰᠴᠤ᠂ ᠲᠣᠰ ᠵᠢᠯ ᠤᠨ 7 ᠰᠠᠷ᠎ᠠ ᠳᠤ ᠠᠮᠵᠢᠯᠲᠠ ᠲᠠᠢ ᠪᠠᠷ | ᠤᠰᠤ ᠲᠠᠲᠠᠪᠠ᠃ ᠣᠳᠣᠬᠠᠨ ᠪᠣᠯᠲᠠᠯ᠎ᠠ 600 ᠭᠠᠷᠤᠶ ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠲᠠᠲᠠᠵᠤ᠂ | ᠪᠦᠷᠢᠳᠦᠨ ᠨᠠᠭᠤᠷ ᠤᠨ ᠤᠰᠤ ᠲᠠᠲᠠᠬᠤ ᠬᠡᠮᠵᠢᠶ᠎ᠡ ᠵᠢᠯ ᠳᠠᠷᠠᠭᠠᠯᠠᠨ ᠨᠡᠮᠡᠭᠳᠡᠬᠦ ᠶᠢ ᠳᠠᠭᠠᠯᠳᠤᠨ᠂ ᠠᠯᠬᠤᠮ ᠠᠯᠬᠤᠮ | ᠢᠶᠠᠷ ᠬᠤᠲᠠ ᠶᠢᠨ ᠲᠤᠭᠤᠷᠢᠭ ᠤᠨ ᠴᠢᠬᠤᠯᠠ ᠤᠰᠤᠨ ᠤ ᠡᠬᠢ ᠰᠤᠷᠪᠤᠯᠵᠢ ᠪᠣᠯᠤᠭᠰᠠᠨ ᠪᠠᠶᠢᠨ᠎ᠠ᠃ ᠳᠠᠷᠠᠭ᠎ᠠ | ᠠᠯᠬᠤᠮ ᠳᠤ ᠪᠦᠷᠢᠳᠦᠨ ᠨᠠᠭᠤᠷ ᠤᠨ ᠤᠰᠤ ᠬᠠᠳᠠᠭᠠᠯᠠᠬᠤ ᠪᠠᠶᠢᠳᠠᠯ ᠢ ᠦᠵᠡᠵᠦ᠂ ᠪᠦᠷᠢᠳᠦᠨ ᠨᠠᠭᠤᠷ ᠠᠴᠠ | ᠴᠦᠨᠳᠦᠪ ᠤᠨ ᠭᠤᠣᠯ ᠤᠨ ᠬᠤᠲᠠ ᠳᠠᠬᠢ ᠬᠡᠰᠡᠭ ᠤᠨ ᠭᠤᠤᠯ ᠮᠥᠷᠡᠨ ᠨᠠᠭᠤᠷ ᠴᠥᠭᠦᠷᠥᠮ ᠢ ᠵᠠᠯᠭᠠᠯᠳᠤᠭᠤᠯᠤᠨ | ᠨᠡᠪᠲᠡᠷᠡᠭᠦᠯᠬᠦ ᠢᠨᠵᠧᠨᠧᠷᠢᠩ ᠢ ᠲᠥᠯᠥᠪᠵᠢᠭᠦᠯᠦᠨ ᠡᠬᠢᠯᠡᠭᠦᠯᠵᠦ᠂ ᠴᠦᠨᠳᠦᠪ ᠤᠨ ᠭᠤᠤᠯ ᠢ ᠶᠡᠷᠦᠩᠬᠡᠶᠢᠯᠡᠨ ᠵᠠᠰᠠᠬᠤ | ᠪᠦᠲᠦᠭᠡᠨ ᠪᠠᠶᠢᠭᠤᠯᠤᠯᠲᠠ ᠶᠢᠨ 5 ᠪᠣᠯᠣᠳ ᠬᠠᠰᠢᠯᠭ᠎ᠠ ᠶᠢᠨ ᠬᠠᠭᠠᠯᠲᠠ ᠲᠠᠢ ᠤᠶᠠᠯᠳᠤᠭᠤᠯᠤᠨ᠂ 10 ᠺᠢᠯᠣᠮᠧᠲᠷ | ᠤᠨ ᠬᠤᠲᠠ ᠲᠣᠭᠤᠷᠢᠭ ᠤᠨ ᠬᠡᠰᠡᠭ ᠲᠠᠬᠢ ᠤᠰᠤ ᠶᠢ ᠪᠦᠬᠦᠨ ᠢ ᠬᠠᠳᠠᠭᠠᠯᠠᠬᠤ ᠶᠢ ᠪᠡᠶᠡᠯᠡᠭᠦᠯᠵᠦ᠂ ᠪᠤᠷᠤᠬᠤᠲᠠ | ᠬᠤᠲᠠ ᠲᠣᠭᠤᠷᠢᠭ ᠤᠨ ᠬᠤᠲᠠ ᠶᠢ ᠲᠣᠭᠤᠷᠢᠭᠰᠠᠨ ᠤᠰᠤᠨ ᠰᠢᠰᠲ᠋ᠧᠮ ᠢ ᠪᠦᠷᠢᠯᠳᠦᠭᠦᠯᠵᠦ᠂ ᠬᠤᠲᠠ ᠶᠢᠨ ᠦᠶᠡᠷ | ᠢ ᠰᠡᠷᠭᠡᠶᠢᠯᠡᠬᠦ᠂ ᠪᠣᠬᠢᠷ ᠤᠰᠤ ᠶᠢ ᠴᠤᠭᠯᠠᠭᠤᠯᠬᠤ᠂ ᠤᠰᠤᠨ ᠤ ᠰᠤᠷᠪᠤᠯᠵᠢ ᠶᠢ ᠬᠠᠳᠠᠭᠠᠯᠠᠬᠤ᠂ ᠠᠮᠢ ᠠᠬᠤᠶ ᠶᠢ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯᠭᠠᠨ ᠠᠯᠬᠤᠮ ᠠᠯᠬᠤᠮ | ᠢᠶᠠᠷ ᠪᠠᠶᠢᠭᠤᠯᠤᠨ᠎ᠠ᠃ | ᠬᠤᠣᠰ ᠲᠡᠷᠢᠭᠦᠨ ᠳᠡᠰ᠄ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠤᠨ ᠲᠡᠷᠢᠭᠦᠨ | ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢ ᠵᠢᠭᠠᠵᠤ ᠪᠠᠶᠢᠨ᠎ᠠ᠃ | ᠡᠮᠴᠢᠯᠡᠭᠡ ᠰᠤᠪᠢᠯᠠᠯᠲᠠ ᠡᠷᠡᠭᠦᠯ ᠮᠡᠨᠳᠦ ᠶᠢᠨ ᠠᠰᠠᠷᠠᠮᠵᠢ ᠶᠢᠨ ᠠᠵᠤ ᠦᠶᠯᠡᠰ ᠤᠨ ᠬᠦᠷᠢᠶᠡᠯᠡᠩ | ᠲᠣᠭᠤᠷᠢᠭ᠄ ᠪᠤᠷᠤᠬᠤᠲᠠ ᠬᠤᠲᠠ ᠲᠣᠭᠤᠷᠢᠭ ᠤᠨ ᠬᠤᠲᠠ ᠲᠣᠭᠤᠷᠢᠭᠰᠠᠨ ᠠᠵᠤ ᠦᠶᠯᠡᠰ ᠤᠨ ᠪᠦᠰᠡ ᠶᠢᠨ | ᠴᠢᠬᠤᠯᠠ ᠬᠦᠷᠢᠶᠡᠯᠡᠩ ᠲᠣᠭᠤᠷᠢᠭ ᠤᠨ ᠨᠢᠭᠡ ᠪᠣᠯᠬᠤ ᠪᠥᠭᠡᠳ ᠪᠠᠰᠠ ᠴᠤ ᠬᠤᠶᠢᠲᠤ ᠬᠤᠲᠠ ᠶᠢᠨ ᠵᠠᠯᠭᠠᠯᠳᠤᠭᠰᠠᠨ | ᠲᠣᠭᠤᠷᠢᠭ ᠢ ᠨᠡᠭᠡᠭᠡᠨ ᠬᠥᠭᠵᠢᠭᠦᠯᠬᠦ ᠴᠢᠬᠤᠯᠠ ᠠᠴᠢᠶᠠᠯᠠᠪᠤᠷᠢ ᠪᠣᠯᠤᠨ᠎ᠠ᠂ ᠲᠡᠷᠡ ᠨᠢ ᠪᠤᠷᠤᠬᠤᠲᠠ ᠬᠤᠲᠠ | ᠲᠣᠭᠤᠷᠢᠭ ᠤᠨ ᠬᠤᠶᠢᠲᠤ ᠲᠠᠯ᠎ᠠ ᠳᠤ ᠪᠠᠶᠢᠷᠢᠯᠠᠵᠤ ᠪᠣᠶ᠂ ᠬᠠᠰ ᠯᠤᠤ ᠵᠠᠮ ᠠᠴᠠ ᠵᠡᠭᠦᠨᠰᠢ᠂ ᠴᠢᠤᠸᠠᠨ ᠨᠢᠩ ᠵᠠᠮ | ᠠᠴᠠ ᠪᠠᠷᠠᠭᠤᠨᠰᠢ᠂ ᠰᠢᠷᠠᠮᠥ᠋ᠷᠡᠨ ᠵᠡᠭᠡᠯᠢ ᠠᠴᠠ ᠬᠤᠶᠢᠰᠢ᠂ ᠤᠮᠠᠷᠠᠲᠤ ᠠᠴᠠ ᠡᠮᠦᠨᠡᠰᠢ᠂ ᠶᠡᠷᠦᠩᠬᠡᠶ ᠲᠠᠯᠠᠪᠠᠶ ᠨᠢ | ᠪᠠᠷᠤᠭ 2600 ᠮᠥ ᠪᠠᠶᠢᠵᠤ᠂ ᠣᠲᠣ ᠨᠢᠭᠡᠨᠲᠡ ᠠᠷᠠᠳ ᠤᠨ ᠶᠠᠪᠤᠳᠠᠯ ᠤᠨ ᠠᠰᠠᠷᠠᠮᠵᠢ ᠶᠢᠨ ᠲᠥᠪ᠂ ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ᠂ ᠱᠧᠩ ᠳ᠋ᠢ ᠵᠢᠶᠠ ᠶᠤᠸᠠᠨ ᠲᠤᠭᠤᠷᠢᠭ ᠵᠡᠷᠭᠡ ᠲᠥᠷᠥᠯ ᠵᠦᠶᠯ ᠢ ᠪᠠᠶᠢᠭᠤᠯᠵᠤ | ᠳᠠᠭᠤᠰᠬᠠᠪᠠ᠂ ᠡᠨᠡ ᠵᠢᠯ ᠵᠡᠮᠳᠡᠭᠴᠦᠳ ᠤᠨ ᠡᠷᠡᠭᠦᠯᠵᠢᠯ ᠤᠨ ᠲᠥᠪ᠂ ᠪᠣᠷᠣᠬᠤᠲᠠ ᠵᠢᠷᠭᠤᠳᠤᠭᠠᠷ ᠪᠠᠭ᠎ᠠ | ᠰᠤᠷᠭᠠᠭᠤᠯᠢ᠂ ᠪᠣᠷᠣᠬᠤᠲᠠ ᠵᠢᠷᠭᠤᠳᠤᠭᠠᠷ ᠬᠡᠤᠬᠡᠳ ᠤᠨ ᠴᠡᠴᠡᠷᠯᠢᠭ ᠵᠡᠷᠭᠡ ᠢᠨᠵᠧᠨᠧᠷᠢᠩ ᠢ ᠡᠬᠢᠯᠡᠨ ᠬᠡᠷᠡᠭᠵᠢᠭᠦᠯᠵᠦ | ᠂ ᠵᠢᠵᠢᠭ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠬᠡᠷ ᠪᠠᠶᠢᠰᠢᠩ ᠪᠣᠯᠤᠨ ᠲᠦᠷᠢᠶᠡᠰᠦᠨ ᠬᠡᠷ ᠪᠠᠶᠢᠰᠢᠩ ᠢᠶᠠᠷ | ᠭᠤᠤᠯ ᠪᠣᠯᠭᠠᠨ ᠭᠡᠷ ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠵᠦ᠂ ᠬᠠᠷᠰᠢ ᠰᠠᠭᠠᠳ ᠥᠬᠡᠶ ᠪᠡᠯᠡᠳᠬᠡᠮᠵᠢ᠂ | ᠴᠡᠴᠡᠷᠯᠢᠭ᠂ ᠠᠭᠤᠳᠠᠮ ᠲᠠᠯᠠᠪᠠᠶ᠂ ᠰᠡᠯᠡᠭᠦᠴᠡᠯ ᠤᠨ ᠦᠶᠯᠡᠴᠢᠯᠡᠭᠡ ᠵᠡᠷᠭᠡ ᠨᠠᠰᠤᠵᠢᠯ ᠤᠨ ᠣᠯᠠᠨ ᠨᠡᠶᠢᠲᠡ ᠶᠢᠨ | ᠦᠶᠯᠡᠴᠢᠯᠡᠭᠡᠨ ᠤ ᠲᠦᠬᠦᠭᠡᠷᠦᠮᠵᠢ ᠶᠢ ᠢᠵᠢ ᠪᠥᠷᠢᠳᠦᠭᠦᠯᠦᠨ ᠪᠠᠶᠢᠭᠤᠯᠵᠤ᠂ ᠠᠯᠬᠤᠮ ᠠᠯᠬᠤᠮ ᠢᠶᠠᠷ ᠪᠥᠬᠦ | ᠬᠤᠰᠢᠭᠤᠨ ᠳᠤ ᠦᠶᠯᠡᠴᠢᠯᠡᠬᠦ᠂ ᠪᠥᠬᠦ ᠬᠤᠲᠠ ᠳᠤ ᠬᠠᠨᠳᠤᠭᠤᠯᠤᠭᠰᠠᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ | ᠶᠢᠨ ᠦᠶᠯᠡᠴᠢᠯᠡᠭᠡᠨ ᠤ ᠴᠢᠬᠤᠯᠠ ᠰᠠᠭᠤᠷᠢᠨ ᠭᠠᠵᠠᠷ ᠪᠣᠯᠭᠠᠨ᠎ᠠ᠃ | ᠠᠷᠠᠳ ᠤᠨ ᠠᠮᠢᠳᠤᠷᠠᠯ ᠤᠨ ᠠᠷᠪᠠᠨ ᠪᠣᠳᠠᠲᠤ ᠶᠠᠪᠤᠳᠠᠯ᠄ ᠨᠢᠭᠡ ᠳᠤ᠂ ᠦᠯᠡᠳᠡᠭᠰᠡᠨ 1158 ᠡᠷᠦᠬᠡ | ᠶᠢᠨ 2370 ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ | ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠶᠳᠪᠦᠷᠢᠲᠦ | ᠢᠯᠠᠯᠲᠠ ᠶᠢ ᠪᠡᠶᠡᠯᠡᠭᠦᠯᠦᠨ᠎ᠡ᠃ ᠬᠤᠶᠠᠷ ᠲᠤ᠂ ᠵᠢᠯ ᠤᠨ ᠳᠣᠲᠣᠷ᠎ᠠ 5.9 ᠳ᠋ᠦᠩᠰᠢᠭᠤᠷ ᠲᠥᠭᠦᠷᠢᠭ ᠠᠴᠠ ᠳᠡᠭᠡᠭᠰᠢ | ᠥᠷᠢ ᠥᠭᠴᠡᠭᠡ ᠶᠢ ᠠᠷᠢᠯᠭᠠᠨ᠎ᠠ᠃ ᠭᠤᠷᠪᠠ ᠳᠤ᠂ ᠦᠯᠡᠳᠡᠭᠰᠡᠨ 372 ᠡᠷᠦᠬᠡ ᠶᠢᠨ ᠳᠥᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠳᠥᠷᠪᠡ ᠳᠤ᠂ | ᠬᠠᠶᠢᠯᠠᠰᠤ ᠶᠡᠭᠡ ᠵᠡᠭᠡᠯᠢ ᠪᠣᠯᠤᠨ ᠴᠢᠩ ᠴᠢᠤᠸᠠᠨ ᠵᠠᠮ ᠤᠨ ᠬᠤᠶᠢᠲᠤ ᠲᠠᠯ᠎ᠠ ᠳᠤ ᠨᠡᠪᠲᠡᠷᠡᠭᠦᠯᠬᠦ ᠢᠨᠵᠧᠨᠧᠷᠢᠩ ᠢ ᠵᠢᠯ | ᠤᠨ ᠳᠣᠲᠣᠷ᠎ᠠ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠦᠨ᠎ᠡ᠃ ᠲᠠᠪᠤ ᠳᠤ᠂ 8 ᠬᠠᠭᠤᠴᠢᠨ ᠰᠠᠭᠤᠭᠠᠯᠢ | ᠲᠣᠭᠤᠷᠢᠭ ᠤᠨ 344 ᠡᠷᠦᠬᠡ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠷᠭᠤᠭ᠎ᠠ ᠳᠤ᠂ | ᠬᠤᠰᠢᠭᠤᠨ ᠤ ᠡᠮᠨᠡᠯᠭᠡ ᠶᠢᠨ ᠬᠤᠷᠢᠶ᠎ᠠ ᠶᠢ ᠭᠠᠵᠠᠷ ᠲᠠᠲᠠᠪᠤᠷᠢᠯᠠᠨ ᠥᠷᠭᠡᠳᠬᠡᠨ ᠪᠠᠶᠢᠭᠤᠯᠬᠤ ᠲᠦᠷᠦᠯ ᠵᠦᠶᠯ ᠢ | ᠡᠬᠢᠯᠡᠨ ᠪᠠᠶᠢᠭᠤᠯᠵᠤ᠂ 2021 ᠣᠨ ᠳᠤ ᠠᠰᠢᠭᠯᠠᠯᠲᠠ ᠳᠤ ᠣᠷᠣᠭᠤᠯᠤᠨ᠎ᠠ᠃ ᠳᠣᠯᠤᠭ᠎ᠠ ᠳᠤ᠂ ᠬᠤᠰᠢᠭᠤᠨ ᠤ | ᠡᠮᠡᠭᠲᠡᠶᠢᠴᠦᠳ ᠬᠡᠦᠬᠡᠳ ᠤᠨ ᠡᠮᠨᠡᠯᠭᠡ ᠶᠢᠨ ᠬᠤᠷᠢᠶ᠎ᠠ ᠶᠢ ᠠᠵᠢᠯ ᠡᠬᠢᠯᠡᠭᠦᠯᠦᠨ ᠪᠠᠶᠢᠭᠤᠯᠵᠤ᠂ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠨᠠᠢᠮᠠ ᠳᠤ᠂ ᠪᠤᠷᠤᠬᠤᠲᠠ ᠵᠢᠷᠭᠤᠳᠤᠭᠠᠷ ᠪᠠᠭ᠎ᠠ ᠰᠤᠷᠭᠠᠭᠤᠯᠢ᠂ | ᠪᠤᠷᠤᠬᠤᠲᠠ ᠵᠢᠷᠭᠤᠳᠤᠭᠠᠷ ᠬᠡᠤᠬᠡᠳ ᠤᠨ ᠴᠡᠴᠡᠷᠯᠢᠭ᠂ ᠪᠤᠷᠤᠬᠤᠲᠠ ᠳᠣᠯᠣᠳᠣᠭᠠᠷ ᠪᠠᠭ᠎ᠠ ᠰᠤᠷᠭᠠᠭᠤᠯᠢ᠂ | ᠪᠤᠷᠤᠬᠤᠲᠠ ᠳᠣᠯᠣᠳᠤᠭᠠᠷ ᠬᠡᠤᠬᠡᠳ ᠤᠨ ᠴᠡᠴᠡᠷᠯᠢᠭ ᠤᠨ ᠲᠥᠷᠦᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠪᠠᠷ ᠴᠢᠷᠮᠠᠢᠨ᠎ᠠ᠃ ᠶᠢᠰᠦ ᠳᠤ᠂ ᠪᠤᠷᠤᠬᠤᠲᠠ ᠬᠤᠶᠠᠳᠤᠭᠠᠷ ᠳᠤᠮᠳᠠᠳᠤ ᠰᠤᠷᠭᠠᠭᠤᠯᠢ | ᠶᠢᠨ ᠵᠢᠭᠠᠨ ᠰᠤᠷᠭᠠᠬᠤ ᠠᠰᠠᠷ ᠤᠨ ᠲᠥᠷᠥᠯ ᠵᠦᠢᠯ ᠢ ᠡᠨᠡ ᠵᠢᠯ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ᠠᠷᠪᠠ ᠳᠤ᠂ ᠪᠣᠷᠤᠬᠤᠲᠠ ᠠᠴᠠ ᠪᠠᠶᠠᠨᠲᠣᠬᠤᠢ ᠬᠦᠷᠬᠦ ᠠᠮᠢ ᠠᠬᠤᠢ ᠶᠢᠨ ᠶᠠᠳᠠᠭᠤ ᠶᠢ ᠲᠡᠳᠬᠦᠬᠦ ᠠᠵᠤ ᠦᠢᠯᠡᠰ | ᠤᠨ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ ᠪᠠᠶᠢᠭᠤᠯᠵᠤ | ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠃ | ᠳᠥᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ | ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢ ᠵᠢᠭᠠᠨ᠎ᠠ᠃ | ᠳᠥᠷᠪᠡᠨ ᠢᠲᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ | ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠵᠢᠭᠠᠵᠤ ᠪᠣᠢ᠃ | ᠬᠤᠶᠠᠷ ᠢ ᠬᠠᠮᠠᠭᠠᠯᠠᠬᠤ᠄ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠤ | ᠪᠠᠶᠢᠨ᠎ᠠ᠃ | ᠭᠤᠷᠪᠠᠨ ᠴᠢᠬᠤᠯᠠ ᠨᠢᠭᠡ ᠶᠡᠭᠡ᠄ ᠡᠨᠡ ᠨᠢ ᠴᠢᠬᠤᠯᠠ ᠶᠡᠭᠡ ᠤᠴᠢᠷ ᠶᠠᠪᠤᠳᠠᠯ ᠳᠤ ᠰᠢᠶᠳᠪᠦᠷᠢᠲᠦ | ᠪᠤᠳᠤᠯᠭ᠎ᠠ ᠲᠤᠭᠲᠠᠭᠠᠬᠤ᠂ ᠴᠢᠬᠤᠯᠠ ᠺᠠᠳ᠋ᠷ ᠢ ᠲᠣᠮᠢᠯᠠᠬᠤ ᠪᠠ ᠪᠠᠭᠤᠯᠭᠠᠬᠤ᠂ ᠴᠢᠬᠤᠯᠠ ᠵᠦᠶᠯᠡᠰ ᠢ ᠲᠣᠬᠢᠷᠠᠭᠤᠯᠬᠤ | ᠪᠠ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠳᠤ ᠡᠷᠬᠡᠪᠰᠢ ᠬᠠᠮᠲᠤ ᠪᠠᠷ ᠶᠠᠷᠢᠯᠴᠠᠨ ᠲᠣᠭᠲᠠᠭᠠᠯ ᠭᠠᠷᠭᠠᠬᠤ ᠶᠢ | ᠵᠢᠭᠠᠵᠤ ᠪᠠᠶᠢᠨ᠎ᠠ᠃ | ᠨᠢᠭᠡᠳᠦᠭᠡᠷ ᠹᠷᠣᠨᠲ ᠤᠨ ᠠᠵᠢᠯ ᠤᠨ ᠠᠷᠭ᠎ᠠ᠄ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠦᠨᠳᠦᠰᠦᠨ | ᠱᠠᠲᠤᠨ ᠳᠤ ᠭᠦᠨᠵᠡᠭᠡᠶᠢᠷᠡᠨ᠂ ᠣᠯᠠᠨ ᠲᠦᠮᠡᠨ ᠳᠤ ᠭᠦᠨᠵᠡᠭᠡᠶᠢᠷᠡᠨ᠂ ᠡᠯ᠎ᠡ ᠵᠦᠶᠯ ᠤᠨ ᠠᠰᠠᠭᠤᠳᠠᠯ ᠪᠣᠯᠤᠨ | ᠵᠥᠷᠢᠴᠡᠯ ᠢ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠬᠦ ᠠᠵᠢᠯ ᠤᠨ ᠠᠷᠭ᠎ᠠ ᠶᠢ ᠵᠢᠭᠠᠵᠤ ᠪᠤᠶ᠃ | ᠳᠥᠷᠪᠡᠨ ᠨᠣᠶᠠᠨ᠄ ᠮᠤᠩᠬᠠᠭ ᠨᠣᠶᠠᠨ᠂ ᠠᠯᠵᠠᠭᠤ ᠨᠣᠶᠠᠨ᠂ ᠪᠣᠯᠬᠢ ᠨᠣᠶᠠᠨ᠂ ᠬᠤᠪᠳᠤᠭ ᠨᠣᠶᠠᠨ ᠢ | ᠬᠡᠯᠡᠵᠦ ᠪᠠᠶᠢᠨ᠎ᠠ᠃ | | |