| ᠲᠦᠯᠦᠭᠡᠯᠡᠭᠴᠢᠳ ᠡ᠄ | 2019 ᠣᠨ ᠳᠤ᠂ ᠬᠤᠰᠢᠭᠤᠨ ᠤ ᠵᠠᠰᠠᠭ ᠤᠨ ᠣᠷᠳᠣᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢ | ᠶᠢᠨ ᠰᠠᠨᠠᠭᠤᠯᠭ᠎ᠠ ᠶᠢ 115 ᠬᠤᠪᠢ ᠭᠥᠯᠢᠶᠡᠨ ᠠᠪᠴᠠᠶ᠃ ᠠᠭᠤᠯᠭ᠎ᠠ ᠶᠢ ᠦᠨᠳᠦᠰᠦᠯᠡᠨ ᠠᠷᠪᠠᠨ ᠨᠢᠭᠡ ᠲᠥᠷᠥᠯ | ᠳᠤ ᠬᠤᠪᠢᠶᠠᠨ᠎ᠠ᠄ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠲᠠᠯ᠎ᠠ ᠪᠠᠷ 26 ᠬᠤᠪᠢ | ᠂ ᠰᠠᠨᠠᠭᠤᠯᠭ᠎ᠠ ᠶᠢᠨ ᠶᠡᠷᠦᠩᠬᠡᠶ ᠲᠣᠭᠠᠨ ᠤ 22.6% ᠶᠢ ᠡᠵᠡᠯᠡᠨ᠎ᠡ︔ ᠵᠠᠮ ᠬᠠᠷᠢᠯᠴᠠᠭ᠎ᠠ ᠴᠠᠬᠢᠯᠭᠠᠨ ᠬᠦᠴᠦᠨ ᠤ | ᠲᠠᠯ᠎ᠠ ᠶᠢᠨ 20 ᠬᠤᠪᠢ᠂ ᠰᠠᠨᠠᠭᠤᠯᠭ᠎ᠠ ᠶᠢᠨ ᠶᠡᠷᠦᠩᠬᠡᠶ ᠲᠣᠭᠠᠨ ᠤ 17.4% ᠶᠢ ᠡᠵᠡᠯᠡᠨ᠎ᠡ︔ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠡᠷᠡᠭᠦᠯ ᠬᠠᠮᠠᠭᠠᠯᠠᠯ ᠤᠨ ᠲᠠᠯ᠎ᠠ ᠪᠠᠷ 29 ᠬᠤᠪᠢ ᠪᠠᠶᠢᠵᠤ᠂ | ᠰᠠᠨᠠᠭᠤᠯᠭ᠎ᠠ ᠶᠢᠨ ᠶᠡᠷᠦᠩᠬᠡᠶ ᠲᠣᠭᠠᠨ ᠤ 25.2% ᠢ ᠡᠵᠡᠯᠡᠨ᠎ᠡ︔ ᠡᠳ᠋ ᠤᠨ ᠵᠠᠰᠠᠭ ᠮᠥᠩᠭᠦᠨ ᠭᠦᠢᠯᠭᠡᠭᠡ ᠮᠡᠳᠡᠭᠡ | ᠵᠠᠩᠭᠢ ᠶᠢᠨ ᠲᠠᠯ᠎ᠠ ᠪᠠᠷ 8 ᠬᠤᠪᠢ᠂ ᠰᠠᠨᠠᠭᠤᠯᠭ᠎ᠠ ᠶᠢᠨ ᠶᠡᠷᠦᠩᠬᠡᠢ ᠲᠣᠭᠠᠨ ᠤ 7% ᠶᠢ ᠡᠵᠡᠯᠡᠨ᠎ᠡ︔ ᠲᠠᠯᠪᠢᠬᠤ | ᠬᠠᠮᠢᠶᠠᠷᠬᠤ ᠦᠢᠯᠡᠴᠢᠯᠡᠬᠦ ᠲᠠᠯ᠎ᠠ ᠪᠠᠷ 1 ᠬᠤᠪᠢ᠂ ᠰᠠᠨᠠᠭᠤᠯᠭ᠎ᠠ ᠶᠢᠨ ᠶᠡᠷᠦᠩᠬᠡᠶ ᠲᠣᠭᠠᠨ ᠤ 0.9% ᠶᠢ ᠡᠵᠡᠯᠡᠨ᠎ᠡ | ︔ ᠬᠤᠲᠠ ᠶᠢᠨ ᠪᠦᠲᠦᠭᠡᠨ ᠪᠠᠶᠢᠭᠤᠯᠤᠯᠲᠠ ᠬᠤᠲᠠ ᠶᠢᠨ ᠬᠠᠮᠢᠶᠠᠷᠤᠯᠲᠠ ᠶᠢᠨ ᠲᠠᠯ᠎ᠠ ᠪᠠᠷ 15᠂ ᠰᠠᠨᠠᠭᠤᠯᠭ᠎ᠠ ᠶᠢᠨ | ᠶᠡᠷᠦᠩᠬᠡᠢ ᠲᠣᠭᠠᠨ ᠤ 13% ᠶᠢ ᠡᠵᠡᠯᠡᠨ᠎ᠡ︔ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠶᠯᠭᠡᠭᠡᠨ ᠤ ᠲᠠᠯ᠎ᠠ | ᠪᠠᠷ 3 ᠬᠤᠪᠢ᠂ ᠰᠠᠨᠠᠭᠤᠯᠭ᠎ᠠ ᠶᠢᠨ ᠶᠡᠷᠦᠩᠬᠡᠢ ᠲᠣᠭᠠᠨ ᠤ 2.6% ᠶᠢ ᠡᠵᠡᠯᠡᠪᠡ︔ ᠨᠡᠶᠢᠭᠡᠮ ᠤᠨ ᠪᠠᠲᠤᠯᠠᠭ᠎ᠠ ᠶᠢᠨ | ᠲᠠᠯ᠎ᠠ ᠪᠠᠷ 2 ᠬᠤᠪᠢ᠂ ᠰᠠᠨᠠᠭᠤᠯᠭ᠎ᠠ ᠶᠢᠨ ᠶᠡᠷᠦᠩᠬᠡᠶ ᠲᠣᠭᠠᠨ ᠤ 1.7% ᠶᠢ ᠡᠵᠡᠯᠡᠨ᠎ᠡ︔ ᠶᠠᠳᠠᠭᠤ ᠠᠴᠠ | ᠠᠩᠭᠢᠵᠢᠷᠠᠭᠤᠯᠬᠤ ᠪᠣᠭᠤᠮᠳᠠ ᠰᠢᠪᠲᠤᠯᠬᠤ ᠲᠠᠯ᠎ᠠ ᠪᠠᠷ 2 ᠬᠤᠪᠢ ᠪᠠᠶᠢᠵᠤ᠂ ᠰᠠᠨᠠᠭᠤᠯᠭ᠎ᠠ ᠶᠢᠨ ᠶᠡᠷᠦᠩᠬᠡᠶ ᠲᠣᠭᠠᠨ ᠤ | 1.7% ᠶᠢ ᠡᠵᠡᠯᠡᠨ᠎ᠡ︔ ᠣᠷᠴᠢᠨ ᠲᠤᠭᠤᠷᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠲᠠᠯ᠎ᠠ ᠶᠢᠨ 5 ᠬᠤᠪᠢ᠂ | ᠰᠠᠨᠠᠭᠤᠯᠭ᠎ᠠ ᠶᠢᠨ ᠶᠡᠷᠦᠩᠬᠡᠶ ᠲᠣᠭᠠᠨ ᠤ 4.4% ᠶᠢ ᠡᠵᠡᠯᠡᠨ᠎ᠡ︔ ᠪᠤᠰᠤᠳ ᠲᠠᠯ᠎ᠠ ᠶᠢᠨ 4 ᠬᠤᠪᠢ ᠨᠢ | ᠰᠠᠨᠠᠭᠤᠯᠭ᠎ᠠ ᠶᠢᠨ ᠶᠡᠷᠦᠩᠬᠡᠶ ᠲᠣᠭᠠᠨ ᠤ 3.5% ᠶᠢ ᠡᠵᠡᠯᠡᠵᠦ ᠪᠠᠶᠢᠨ᠎ᠠ᠃ ᠡᠳᠡᠭᠡᠷ ᠰᠠᠨᠠᠭᠤᠯᠭ᠎ᠠ ᠶᠢ ᠳᠠᠭᠠᠭᠠᠨ | ᠠᠪᠴᠤ ᠰᠢᠶᠳᠪᠦᠷᠢᠯᠡᠬᠦ ᠡᠯ᠎ᠡ ᠨᠢᠭᠡᠴᠢ ᠶᠢᠨ ᠬᠠᠮᠲᠤ ᠶᠢᠨ ᠴᠢᠷᠮᠠᠶᠢᠯᠭ᠎ᠠ ᠪᠠᠷ ᠤᠳᠤ ᠨᠢᠭᠡᠨᠲᠡ ᠪᠥᠬᠦᠳᠡ ᠶᠢ | ᠬᠠᠷᠢᠭᠤᠯᠲᠠ ᠥᠭᠴᠦ ᠳᠠᠭᠤᠰᠬᠠᠭᠠᠳ᠂ ᠰᠠᠨᠠᠭᠤᠯᠭ᠎ᠠ ᠳᠤ ᠳᠤᠷᠠᠳᠤᠭᠰᠠᠨ ᠠᠰᠠᠭᠤᠯᠲᠠ ᠶᠢ ᠨᠢᠭᠡᠨᠲᠡ | ᠰᠢᠶᠳᠪᠦᠷᠢᠯᠡᠭᠰᠡᠨ 33 ᠬᠤᠪᠢ ᠨᠢ ᠶᠡᠷᠦᠩᠬᠡᠶ ᠲᠣᠭᠠᠨ ᠤ 28.7% ᠶᠢ ᠡᠵᠡᠯᠡᠨ᠎ᠡ︔ ᠰᠠᠨᠠᠭᠤᠯᠭ᠎ᠠ ᠶᠢᠨ | ᠳᠤᠷᠠᠳᠤᠭᠰᠠᠨ ᠠᠰᠠᠭᠤᠳᠠᠯ ᠢ ᠲᠥᠯᠥᠪᠯᠡᠭᠡ ᠳᠤ ᠣᠷᠣᠭᠤᠯᠤᠭᠠᠳ 73 ᠬᠤᠪᠢ ᠨᠢ ᠶᠠᠭ ᠠᠯᠬᠤᠮ ᠠᠯᠬᠤᠮ ᠢᠶᠠᠷ | ᠰᠢᠶᠳᠪᠦᠷᠢᠯᠡᠭᠳᠡᠵᠦ ᠪᠠᠶᠢᠨ᠎ᠠ᠂ ᠡᠨᠡ ᠨᠢ ᠶᠡᠷᠦᠩᠬᠡᠶ ᠲᠣᠭᠠᠨ ᠤ 63.5% ᠶᠢ ᠡᠵᠡᠯᠡᠵᠦ ᠪᠠᠶᠢᠨ᠎ᠠ︔ ᠰᠠᠨᠠᠭᠤᠯᠭ᠎ᠠ | ᠶᠢᠨ ᠳᠤᠷᠠᠳᠤᠭᠰᠠᠨ ᠠᠰᠠᠭᠤᠳᠠᠯ ᠨᠢ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠲᠤᠭᠳᠠᠭᠠᠯ | ᠵᠢᠴᠢ ᠣᠳᠣᠬᠠᠨ ᠤ ᠨᠥᠬᠦᠴᠡᠯ ᠳᠤ ᠬᠢᠵᠠᠭᠠᠷᠯᠠᠭᠳᠠᠵᠤ ᠬᠤᠵᠢᠮ ᠰᠢᠶᠳᠪᠦᠷᠢᠯᠡᠬᠦ 9 ᠬᠤᠪᠢ ᠪᠠᠶᠢᠵᠤ᠂ ᠶᠡᠷᠦᠩᠬᠡᠢ | ᠲᠣᠭᠠᠨ ᠤ 7.8% ᠶᠢ ᠡᠵᠡᠯᠡᠨ᠎ᠡ᠃ ᠬᠠᠷᠢᠭᠤ ᠲᠤᠰᠬᠠᠭᠰᠠᠨ ᠪᠠᠶᠢᠳᠠᠯ ᠠᠴᠠ ᠦᠵᠡᠪᠡᠯ᠂ ᠰᠠᠨᠠᠭᠤᠯᠭ᠎ᠠ ᠶᠢ | ᠰᠢᠶᠳᠪᠦᠷᠢᠯᠡᠭᠰᠡᠨ ᠪᠠᠶᠢᠳᠠᠯ ᠨᠢ ᠲᠦᠯᠦᠭᠡᠯᠡᠭᠴᠢᠳ ᠤᠨ ᠬᠦᠰᠡᠯ ᠡᠷᠡᠮᠡᠯᠵᠡᠯ ᠲᠠᠢ ᠪᠠᠰᠠ ᠵᠣᠬᠢᠬᠤ ᠵᠥᠷᠢᠶ᠎ᠡ ᠲᠠᠢ | ᠪᠠᠶᠢᠨ᠎ᠠ᠃ | ᠨᠢᠭᠡ᠂ ᠰᠠᠨᠠᠭᠤᠯᠭ᠎ᠠ ᠶᠢᠨ ᠳᠤᠷᠠᠳᠤᠭᠰᠠᠨ ᠠᠰᠠᠭᠤᠳᠠᠯ ᠢ ᠨᠢᠭᠡᠨᠲᠡ ᠰᠢᠶᠳᠪᠦᠷᠢᠯᠡᠭᠰᠡᠨ ᠨᠢ | ᠭᠤᠤᠯᠳᠠᠭᠤ ᠳᠣᠣᠷᠠᠬᠢ ᠬᠡᠳᠦᠨ ᠲᠠᠯ᠎ᠠ ᠪᠠᠶᠢᠨ᠎ᠠ | ︵ᠨᠢᠭᠡ︶ ᠬᠤᠲᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠲᠠᠯ᠎ᠠ ᠪᠠᠷ | ᠄ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ ᠢ ᠲᠣᠭᠲᠠᠭᠰᠠᠨ ᠭᠠᠵᠠᠷ ᠣᠷᠣᠨ ᠳᠤ ᠨᠢᠭᠡᠳᠦᠯᠲᠡᠶ | ᠴᠡᠪᠡᠷᠯᠡᠨ ᠢᠯᠭᠠᠷᠠᠭᠤᠯᠬᠤ ᠲᠤᠬᠠᠶ ᠰᠠᠨᠠᠭᠤᠯᠭ᠎ᠠ᠃ ᠨᠢᠭᠡ ᠳᠤ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠵᠤ᠂ | ᠡᠵᠡᠩᠨᠡᠯᠲᠡ ᠶᠢᠨ ᠠᠮᠤᠷ ᠲᠦᠪᠰᠢᠨ ᠢ ᠪᠠᠳᠣᠯᠠᠪᠠ᠃ 《ᠣᠩᠨᠢᠭᠤᠳ ᠬᠤᠰᠢᠭᠤᠨ ᠤ 2020 ᠣᠨ ᠤ ᠬᠤᠸᠠᠷ | ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ (ᠴᠡᠭ) ᠢ ᠪᠠᠶᠢᠷᠢᠯᠠᠭᠤᠯᠬᠤ ᠲᠥᠯᠥᠪᠵᠢᠭᠦᠯᠭᠡ ᠶᠢᠨ ᠲᠥᠰᠦᠯ》 ᠢ | ᠲᠣᠭᠲᠠᠭᠠᠨ ᠲᠠᠷᠬᠠᠭᠠᠵᠤ᠂ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ (ᠴᠡᠭ) ᠪᠠᠶᠢᠭᠤᠯᠬᠤ ᠭᠠᠵᠠᠷ ᠪᠠ | ᠪᠠᠶᠢᠭᠤᠯᠬᠤ ᠶᠢ ᠴᠠᠭᠠᠵᠠᠯᠠᠬᠤ ᠭᠠᠵᠠᠷ ᠢ ᠲᠣᠳᠣᠷᠬᠠᠶᠢᠯᠠᠪᠠ᠃ ᠪᠤᠷᠤᠬᠤᠲᠠ ᠪᠠᠯᠭᠠᠰᠤ ᠶᠢᠨ ᠬᠤᠲᠠ ᠲᠣᠭᠤᠷᠢᠭ ᠤᠨ | ᠪᠠᠶᠢᠩᠭᠤ ᠶᠢᠨ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠳᠡᠯᠭᠡᠭᠦᠷ ᠢ ᠪᠦᠬᠦᠨ ᠢ ᠴᠢᠦᠸᠠᠨ ᠨᠢᠩ ᠬᠥᠭᠦᠷᠭᠡ | ᠪᠣᠯᠤᠨ ᠪᠤᠷᠤᠬᠤᠲᠠ ᠬᠥᠭᠦᠷᠭᠡ ᠶᠢᠨ ᠡᠮᠦᠨ᠎ᠡ ᠲᠠᠯ᠎ᠠ ᠳᠤ ᠨᠡᠭᠦᠯᠭᠡᠵᠦ᠂ ᠵᠠᠰᠠᠮᠠᠯ ᠵᠠᠮ ᠠᠴᠠ 20 ᠮᠧᠲᠷ ᠠᠴᠠ ᠪᠠᠭ᠎ᠠ | ᠦᠭᠡᠶ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠠᠴᠠ 50 ᠮᠧᠲᠷ ᠠᠴᠠ ᠪᠠᠭ᠎ᠠ ᠦᠭᠡᠶ ᠪᠠᠶᠢᠬᠤ ᠶᠢ ᠬᠢᠵᠠᠭᠠᠷᠯᠠᠨ | ᠲᠣᠭᠲᠠᠭᠠᠵᠤ᠂ ᠵᠢᠵᠢᠭᠯᠡᠨ ᠬᠤᠳᠠᠯᠳᠤᠬᠤ ᠳᠡᠯᠭᠡᠭᠦᠷ ᠤᠨ ᠬᠤᠭᠤᠷᠣᠨᠳᠣᠬᠢ ᠵᠠᠶ ᠶᠢ 150 ᠮᠧᠲᠷ ᠠᠴᠠ | ᠬᠡᠲᠦᠷᠡᠭᠦᠯᠵᠡᠶ᠂ ᠲᠦᠷ ᠴᠠᠭ ᠤᠨ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠭᠠᠵᠠᠷ ᠢ ᠴᠥᠮ ᠲᠣᠰᠬᠤᠨ ᠤ | ᠭᠠᠳᠠᠨ᠎ᠠ ᠪᠠᠶᠢᠷᠢᠯᠠᠭᠤᠯᠬᠤ ᠶᠢ ᠬᠢᠵᠠᠭᠠᠷᠯᠠᠨ ᠲᠣᠭᠲᠠᠭᠠᠵᠤ᠂ ᠲᠣᠤᠷ ᠴᠡᠭ ᠤᠨ ᠲᠥᠯᠥᠪᠵᠢᠭᠦᠯᠭᠡ ᠶᠢᠨ | ᠪᠠᠶᠢᠷᠢᠯᠠᠭᠤᠯᠤᠯᠲᠠ ᠶᠢᠨ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠪᠡ᠃ ᠬᠤᠶᠠᠷ ᠲᠤ᠂ ᠪᠣᠷᠣᠯᠠᠭᠤᠯᠬᠤ ᠴᠡᠭ ᠤᠨ | ᠲᠤᠭ᠎ᠠ ᠬᠡᠮᠵᠢᠶ᠎ᠡ ᠶᠢ ᠴᠢᠩᠭ᠎ᠠ ᠡᠵᠡᠮᠳᠡᠵᠦ᠂ ᠡᠵᠡᠩᠨᠡᠯᠲᠡ ᠶᠢᠨ ᠵᠠᠭᠪᠤᠷ ᠢ ᠰᠢᠯᠢᠳᠡᠭᠵᠢᠭᠦᠯᠪᠡ᠃ ᠪᠦᠬᠦ ᠬᠤᠰᠢᠭᠤᠨ | ᠳᠤ ᠵᠢᠯ ᠪᠦᠷᠢ ᠶᠢᠨ ᠬᠤᠸᠠᠷ ᠫᠤᠤᠵᠢᠩ ᠵᠢᠵᠢᠭᠯᠡᠨ ᠬᠤᠳᠠᠯᠳᠤᠬᠤ 8 ᠳᠡᠯᠭᠡᠭᠦᠷ ᠪᠠ 127 ᠡᠷᠦᠬᠡ ᠲᠦᠷ ᠴᠠᠭ ᠤᠨ | ᠬᠤᠸᠠᠷ ᠫᠤᠤᠵᠢᠩ ᠵᠢᠵᠢᠭᠯᠡᠨ ᠬᠤᠳᠠᠯᠳᠤᠬᠤ ᠭᠠᠵᠠᠷ ( ᠪᠣᠷᠣᠬᠤᠲᠠ ᠪᠠᠯᠭᠠᠰᠤ ᠶᠢᠨ ᠬᠤᠲᠠ ᠲᠣᠭᠤᠷᠢᠭ ᠠᠴᠠ | ᠭᠠᠳᠠᠨ᠎ᠠ᠂ ᠡᠯ᠎ᠡ ᠰᠤᠮᠤ ᠰᠢᠶᠠᠩ ᠪᠠᠯᠭᠠᠰᠤ ᠳᠤ ᠵᠢᠯ ᠪᠦᠷᠢ ᠶᠢᠨ ᠬᠤᠸᠠᠷ ᠫᠤᠤᠵᠢᠩ ᠵᠢᠵᠢᠭᠯᠡᠨ ᠬᠤᠳᠠᠯᠳᠤᠬᠤ | ᠳᠡᠯᠭᠡᠭᠦᠷ ᠭᠠᠷᠭᠠᠬᠤ ᠦᠭᠡᠢ ) ᠪᠠᠶᠢᠭᠤᠯᠵᠤ᠂ ᠲᠡᠷᠡᠴᠢᠯᠡᠨ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ | ᠠᠬᠤᠶᠢᠯᠠᠯ ᠪᠣᠯᠤᠨ ᠡᠵᠡᠩᠨᠡᠯᠲᠡ ᠶᠢᠨ ᠡᠷᠦᠬᠡ ᠬᠤᠯᠪᠤᠭᠠᠲᠤ ᠬᠡᠯᠡᠯᠴᠡᠭᠡᠷ ᠤᠨ ᠲᠣᠭᠲᠠᠭᠠᠯ ᠢ ᠪᠦᠬᠦᠨ ᠢ | ᠨᠠᠶᠢᠳᠠᠪᠤᠷᠢᠵᠢᠭᠤᠯᠵᠤ᠂ ᠤᠳᠠᠭᠠᠨ ᠵᠢᠯ ᠤᠨ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ ᠤᠨ ︽ᠪᠥᠭᠡᠮ | ᠢᠶᠠᠷ ᠬᠤᠳᠠᠯᠳᠤᠬᠤ ᠠᠵᠤ ᠠᠬᠤᠶᠢᠯᠠᠯ + ᠵᠢᠵᠢᠭᠯᠡᠨ ᠬᠤᠳᠠᠯᠳᠤᠬᠤ ᠳᠡᠯᠭᠡᠭᠦᠷ ᠤᠨ ᠬᠡᠯᠬᠢᠶ᠎ᠡ︾ ᠪᠠᠷ ᠭᠤᠤᠯ | ᠪᠣᠯᠭᠠᠨ᠎ᠠ᠃ ᠲᠦᠷ ᠴᠠᠭ ᠤᠨ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠴᠡᠭ ᠤᠨ ︽ᠪᠥᠭᠡᠮ ᠢᠶᠠᠷ ᠬᠤᠳᠠᠯᠳᠤᠬᠤ | ᠠᠵᠤ ᠠᠬᠤᠶᠢᠯᠠᠯ + ᠵᠢᠵᠢᠭᠯᠡᠨ ᠬᠤᠳᠠᠯᠳᠤᠬᠤ ᠴᠡᠭ ᠤᠨ ᠬᠡᠯᠬᠢᠶ᠎ᠡ + ᠲᠤᠰᠬᠠᠶ ᠵᠠᠳᠠᠯᠵᠤ ᠰᠠᠪᠠᠯᠠᠵᠤ ᠪᠣᠯᠬᠤ | ᠬᠠᠪᠲᠠᠰᠤᠨ ᠬᠡᠷ ᠪᠠᠶᠢᠰᠢᠩ︾ ᠢᠶᠠᠷ ᠬᠠᠪᠰᠤᠷᠤᠮᠵᠢ ᠪᠣᠯᠭᠠᠭᠰᠠᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠠᠭᠪᠤᠷ | ᠢ ᠠᠬᠢᠭᠤᠯᠵᠤ᠂ ᠬᠤᠸᠠᠷ ᠫᠤᠤᠵᠢᠩ ᠪᠣᠷᠣᠯᠠᠭᠤᠯᠬᠤ ᠲᠣᠤᠷ ᠰᠦᠯᠵᠢᠶ᠎ᠡ ᠶᠢᠨ ᠡᠬᠢ ᠡᠭᠦᠰᠦᠯ ᠠᠴᠠ ᠨᠢ ᠥᠭᠰᠦᠵᠦ | ᠪᠣᠯᠬᠤ ᠶᠢ ᠪᠡᠶᠡᠯᠡᠭᠦᠯᠵᠦ᠂ ᠲᠤᠭ᠎ᠠ ᠬᠡᠮᠵᠢᠶ᠎ᠡ ᠨᠢ ᠲᠣᠭᠲᠠᠭᠤᠨ᠂ ᠠᠮᠤᠷ ᠲᠦᠪᠰᠢᠨ ᠡᠵᠡᠮᠳᠡᠵᠦ ᠪᠣᠯᠬᠤ ᠶᠢ | ᠠᠬᠢᠭᠤᠯᠪᠠ︔ ᠭᠤᠷᠪᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ | ᠡᠵᠡᠩᠨᠡᠬᠦ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠪᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠪᠠ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠬᠤᠸᠠᠷ ᠫᠤᠤᠵᠢᠩ ᠤᠨ ᠡᠵᠡᠩᠨᠡᠯᠲᠡ ᠶᠢᠨ ᠵᠠᠬ᠎ᠠ | ᠳᠡᠯᠭᠡᠭᠦᠷ ᠢ ᠲᠣᠭᠤᠷᠢᠨ ᠪᠠᠶᠢᠴᠠᠭᠠᠬᠤ᠂ ᠪᠠᠶᠢᠴᠠᠭᠠᠬᠤ ᠳᠠᠪᠲᠠᠮᠵᠢ ᠪᠠ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠵᠤ᠂ ᠪᠠᠶᠢᠭᠤᠯᠬᠤ ᠶᠢ ᠴᠠᠭᠠᠵᠠᠯᠠᠭᠰᠠᠨ ᠭᠠᠵᠠᠷ ᠲᠤ ᠡᠵᠡᠭᠨᠡᠬᠦ᠂ ᠦᠨᠡᠮᠯᠡᠯ ᠥᠬᠡᠶ ᠪᠠᠷ ᠡᠵᠡᠩᠨᠡᠬᠦ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠲᠠᠯ᠎ᠠ ᠪᠠᠷ | ᠄ ᠮᠣᠩᠭᠤᠯ ᠬᠢᠲᠠᠳ ᠡᠮ ᠡᠮᠨᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ | ᠬᠤᠷᠢᠶᠠᠨ ᠤ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠬᠦ ᠲᠤᠬᠠᠶ ᠰᠠᠨᠠᠭᠤᠯᠭ᠎ᠠ᠃ ᠣᠶᠢᠷ᠎ᠠ ᠶᠢᠨ ᠵᠢᠯ ᠳᠤ᠂ | ᠬᠤᠰᠢᠭᠤᠨ ᠤ ᠨᠠᠮ ᠤᠨ ᠬᠤᠷᠢᠶ᠎ᠠ ᠪᠠ ᠬᠤᠰᠢᠭᠤᠨ ᠤ ᠵᠠᠰᠠᠭ ᠤᠨ ᠣᠷᠳᠣᠨ ᠮᠣᠩᠭᠤᠯ ᠬᠢᠲᠠᠳ ᠡᠮ ᠡᠮᠨᠡᠯᠭᠡ ᠶᠢᠨ | ᠦᠶᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠢᠭᠡ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠨᠠᠶᠢᠳᠠᠪᠤᠷᠢᠵᠢᠭᠤᠯᠪᠠ᠃ ︽ᠣᠩᠨᠢᠭᠤᠳ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ | ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ ︵2016 ᠣᠨ — 2030 ᠣᠨ︶︾᠂ ︽ᠣᠩᠨᠢᠭᠤᠳ | ᠬᠤᠰᠢᠭᠤᠨ ᠤ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠤᠨ ︿13 · 5﹀ ᠶᠢᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ | ᠂ ︽ᠣᠩᠨᠢᠭᠤᠳ ᠬᠤᠰᠢᠭᠤᠨ ᠤ ︿13 · 5﹀ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠮᠣᠩᠭᠤᠯ ᠬᠢᠲᠠᠳ ᠡᠮ | ᠡᠮᠨᠡᠯᠭᠡ ᠶᠢᠨ ᠦᠶᠯᠡᠰ ᠤᠨ ᠬᠥᠭᠵᠢᠯᠲᠡ ᠶᠢᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ | ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠪᠡ᠃ ᠬᠤᠶᠠᠷ | ᠲᠤ《ᠲᠡᠷᠢᠭᠦᠨ ᠤ ᠬᠢ ᠶᠢ ᠡᠭᠦᠳᠬᠦ》 ᠠᠵᠢᠯ ᠢ ᠲᠦᠯᠬᠢᠨ ᠠᠬᠢᠭᠤᠯᠵᠤ᠂ ᠡᠮᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠪᠡ ᠃ ᠮᠠᠨ ᠤ ᠬᠤᠰᠢᠭᠤ 2014 ᠣᠨ ᠳᠤ ︽ᠪᠥᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ︾ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ | ᠠᠴᠠ ᠨᠠᠰᠢ᠂ ᠴᠢᠳᠠᠪᠤᠷᠢᠲᠠᠨ ᠬᠥᠮᠥᠵᠢᠭᠦᠯᠬᠦ ᠶᠢ ᠨᠡᠮᠡᠭᠳᠡᠭᠦᠯᠬᠦ᠂ ᠤᠬᠠᠭᠤᠯᠵᠤ ᠬᠥᠲᠥᠯᠦᠨ ᠵᠢᠯᠣᠭᠤᠳᠬᠤ ᠶᠢ | ᠴᠢᠩᠭᠠᠳᠬᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠪᠠᠷ ᠳᠡᠮᠵᠢᠨ᠂ ᠪᠦᠬᠦᠯᠢ ᠴᠣᠭᠴᠠ ᠶᠢᠨ ᠮᠣᠩᠭᠤᠯ ᠬᠢᠲᠠᠳ ᠡᠮ | ᠡᠮᠨᠡᠯᠭᠡ ᠶᠢᠨ ᠡᠮᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ 2019 ᠣᠨ ᠤ | 7 ᠰᠠᠷ᠎ᠠ ᠳᠤ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ | ᠨᠢᠭᠡᠴᠡ︾ ᠶᠢᠨ ᠳᠠᠬᠢᠨ ᠬᠢᠨᠠᠵᠤ ᠰᠢᠯᠭᠠᠨ ᠠᠪᠬᠤ ᠠᠵᠢᠯ ᠢ ᠤᠷᠤᠭᠰᠢᠲᠠᠶ ᠥᠩᠭᠡᠷᠡᠭᠦᠯᠪᠡ᠃ ᠭᠤᠷᠪᠠ ᠳᠤ ᠪᠠᠯᠠ | ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠨᠡᠶᠢᠲᠡ | 2.78 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ | ᠬᠤᠷᠢᠶᠠᠨ ᠤ ᠰᠢᠯᠵᠢᠭᠦᠯᠦᠨ ᠪᠠᠶᠢᠭᠤᠯᠬᠤ ᠲᠥᠷᠥᠯ ᠵᠦᠶᠯ ︵ᠬᠤᠶᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ | ᠬᠤᠷᠢᠶᠠᠨ ᠤ ᠪᠠᠷᠢᠮᠵᠢᠶ᠎ᠠ︶ ᠢ ᠬᠡᠷᠡᠭᠵᠢᠭᠦᠯᠬᠦ ᠶᠢᠨ ᠬᠠᠮᠲᠤ᠂ ᠲᠡᠷᠢᠭᠦᠨ ᠤ ᠣᠨᠣᠰᠢᠯᠠᠨ ᠡᠮᠨᠡᠬᠦ ᠲᠥᠬᠦᠭᠡᠷᠦᠮᠵᠢ ᠶᠢ | ᠣᠷᠣᠭᠤᠯᠤᠨ ᠠᠪᠴᠢᠷᠠᠵᠤ᠂ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠲᠠᠭᠤ ᠲᠣᠨᠤᠭ ᠤᠨ ᠲᠦᠬᠦᠭᠡᠷᠤᠮᠵᠢ ᠶᠢ | ᠰᠠᠶᠢᠵᠢᠷᠠᠭᠤᠯᠤᠨ᠂ ᠡᠮᠴᠢᠯᠡᠭᠡᠨ ᠤ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠰᠢᠭᠤᠨ ᠤ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ 2019 ᠣᠨ ᠤ 10 ᠰᠠᠷ᠎ᠠ ᠳᠤ ᠨᠢᠭᠡᠨᠲᠡ ᠰᠢᠨ᠎ᠡ ᠪᠠᠶᠢᠷᠢᠯᠠᠯ ᠳᠤ | ᠨᠡᠭᠦᠨ ᠤᠷᠤᠭᠰᠠᠨ ᠪᠥᠭᠡᠳ ᠡᠵᠡᠩᠨᠡᠯᠲᠡ ᠳᠤ ᠣᠷᠣᠪᠠ᠃ ᠡᠭᠦᠨ ᠠᠴᠠ ᠭᠠᠳᠠᠨ᠎ᠠ᠂ ᠬᠤᠰᠢᠭᠤᠨ ᠤ ᠵᠠᠰᠠᠭ ᠤᠨ | ᠣᠷᠳᠣᠨ ᠪᠠᠰᠠ ᠤᠷᠢᠳ ᠬᠤᠵᠢᠳ 330 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ 9 ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠤᠷᠳᠤᠨ ᠤ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠦᠨᠳᠦᠰᠦᠨ ᠱᠠᠲᠤᠨ ᠳᠤ ᠬᠢᠲᠠᠳ ᠡᠮᠨᠡᠯᠭᠡ ᠶᠢᠨ ᠡᠷᠡᠭᠦᠯᠵᠢᠯ ᠤᠨ | ᠹᠢᠽᠢᠺ ᠵᠠᠰᠠᠯ ᠤᠨ ᠲᠥᠬᠦᠭᠡᠷᠦᠮᠵᠢ ᠪᠠ ᠬᠡᠮᠬᠡᠯᠬᠦ ᠮᠠᠰᠢᠨ᠂ ᠦᠷᠢᠯ ᠬᠢᠬᠦ ᠮᠠᠰᠢᠨ ᠵᠡᠷᠭᠡ ᠲᠣᠮᠣ ᠳᠤᠮᠳᠠ ᠬᠡᠯᠪᠡᠷᠢ ᠶᠢᠨ | ᠲᠥᠬᠦᠭᠡᠷᠦᠮᠵᠢ ᠶᠢ ᠳᠣᠭᠢᠷᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠣᠷᠳᠣᠨ | ᠮᠣᠩᠭᠤᠯ ᠬᠢᠲᠠᠳ ᠡᠮᠨᠡᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠠᠯᠠ | ᠮᠥᠩᠭᠦ ᠪᠣᠯᠤᠨ ᠠᠵᠢᠯᠲᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ | ᠬᠡᠷᠡᠭᠴᠡᠭᠡ ᠶᠢ ᠬᠠᠩᠭᠠᠨ᠎ᠠ᠃ | ᠬᠤᠶᠠᠷ᠂ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ ᠲᠥᠯᠥᠪᠯᠡᠭᠡᠨ ᠳᠤ ᠣᠷᠣᠭᠤᠯᠵᠤ ᠠᠯᠬᠤᠮ | ᠠᠯᠬᠤᠮ ᠢᠶᠠᠷ ᠰᠢᠢᠳᠪᠦᠷᠢᠯᠡᠭᠦᠯᠬᠦ ᠪᠠᠷ ᠰᠠᠨᠠᠭᠤᠯᠤᠭᠰᠠᠨ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠪᠠᠶᠢᠨ᠎ᠠ᠃ | ︵ᠨᠢᠭᠡ︶ ᠵᠠᠮ ᠬᠠᠷᠢᠯᠴᠠᠭ᠎ᠠ ᠴᠠᠬᠢᠯᠭᠠᠨ ᠬᠦᠴᠦᠨ ᠤ ᠲᠠᠯ᠎ᠠ ᠪᠠᠷ᠄ ᠳᠣᠤᠷ᠎ᠠ ᠳᠠᠷᠤᠯᠲᠠᠲᠤ ᠶᠢ | ᠴᠡᠭᠴᠡᠯᠡᠨ ᠰᠠᠶᠢᠵᠢᠷᠠᠭᠤᠯᠬᠤ ᠲᠤᠬᠠᠢ ᠰᠠᠨᠠᠭᠤᠯᠭ᠎ᠠ᠃ 2019 ᠣᠨ ᠳᠤ᠂ ᠬᠤᠰᠢᠭᠤᠨ ᠤ ᠵᠠᠰᠠᠭ ᠤᠨ ᠣᠷᠳᠣᠨ | ᠤᠯᠤᠰ ᠤᠨ ᠴᠠᠬᠢᠯᠭᠠᠨ ᠲᠣᠤᠷ ᠤᠨ ᠣᠩᠨᠢᠭᠤᠳ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ 166.58 | ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠢᠳᠡᠪᠬᠢᠲᠡᠶ ᠵᠣᠬᠢᠴᠠᠨ ᠤᠯᠵᠤ᠂ ᠳᠠᠷᠬᠠᠨ 10 ᠺᠢᠯᠤᠸᠣᠯᠲ | ᠤᠨ ᠭᠠᠳᠠᠭᠠᠳᠤ ᠭᠠᠷᠭᠠᠯᠲᠠ ᠶᠢᠨ ᠱᠤᠭᠤᠮ ᠤᠨ ᠲᠥᠷᠥᠯ ᠵᠦᠶᠯ ᠢ ᠬᠡᠷᠡᠭᠵᠢᠭᠦᠯᠵᠦ᠂ 2019 ᠣᠨ ᠤ 9 ᠰᠠᠷ᠎ᠠ | ᠳᠤ ᠪᠠᠷᠢᠯᠭ᠎ᠠ ᠳᠠᠭᠤᠰᠬᠠᠪᠠ︔ 190.31 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠨᠡᠰᠦ᠋ᠮ᠎ᠡ ᠰᠤᠮᠤ | ᠶᠢᠨ ᠪᠠᠶᠠᠨᠨᠠᠭᠤᠷ ᠭᠠᠴᠠᠭᠠᠨ ᠤ ᠲᠠᠪᠤᠳᠤᠭᠠᠷ ᠳᠤᠭᠤᠶᠢᠯᠠᠩ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ | ᠥᠭᠡᠷᠡᠴᠢᠯᠡᠬᠦ ᠲᠥᠷᠦᠯ ᠵᠦᠢᠯ ᠢ ᠬᠡᠷᠡᠭᠵᠢᠭᠦᠯᠵᠦ᠂ 2019 ᠣᠨ 12 ᠰᠠᠷ᠎ᠠ ᠳᠤ ᠪᠠᠷᠢᠯᠭ᠎ᠠ ᠳᠠᠭᠤᠰᠬᠠᠪᠠ︔ | ᠡᠭᠦᠨ ᠤ ᠬᠠᠮᠲᠤ᠂ ᠪᠠᠶᠠᠨᠨᠠᠭᠤᠷ ᠤᠨ 10 ᠺᠢᠯᠤᠸᠤᠯᠲ ᠤᠨ ᠱᠤᠭᠤᠮ ᠢ ᠥᠭᠡᠷᠡᠴᠢᠯᠡᠬᠦ ᠢᠨᠵᠧᠨᠧᠷᠢᠩ᠂ ᠳ᠋ᠠᠰᠢᠩ | ᠬᠤᠶᠠᠳᠤᠭᠠᠷ ᠱᠤᠭᠤᠮ ᠤᠨ 10 ᠺᠢᠯᠤᠸᠤᠯᠲ ᠤᠨ ᠱᠤᠭᠤᠮ ᠢ ᠥᠭᠡᠷᠡᠴᠢᠯᠡᠬᠦ ᠢᠨᠵᠧᠨᠧᠷᠢᠩ᠂ ᠰᠢᠨᠡᠰᠦ᠋ᠮ᠎ᠡ ᠰᠤᠮᠤ | ᠶᠢᠨ ᠪᠠᠶᠠᠨᠨᠠᠭᠤᠷ ᠭᠠᠴᠠᠭ᠎ᠠ ᠶᠢᠨ ᠨᠢᠭᠡᠳᠦᠭᠡᠷ ᠳᠤᠭᠤᠶᠢᠯᠠᠩ᠂ ᠬᠤᠶᠠᠳᠤᠭᠠᠷ ᠳᠤᠭᠤᠶᠢᠯᠠᠩ ᠤᠨ ᠳᠣᠤᠷ᠎ᠠ ᠳᠠᠷᠤᠯᠲᠠᠲᠤ | ᠤᠷᠤᠨ ᠢ ᠥᠭᠡᠷᠡᠴᠢᠯᠡᠬᠦ ᠢᠨᠵᠧᠨᠧᠷᠢᠩ ᠢ 2020 ᠣᠨ ᠤ ᠥᠭᠡᠷᠡᠴᠢᠯᠡᠯᠲᠡ ᠶᠢᠨ ᠲᠥᠯᠥᠪᠯᠡᠭᠡ ᠳᠤ ᠣᠷᠤᠭᠤᠯᠵᠤ᠂ | ᠶᠡᠷᠦᠩᠬᠡᠶ ᠪᠠᠯᠠ ᠣᠷᠣᠭᠤᠯᠤᠯᠲᠠ ᠨᠢ 633.58 ᠲᠦᠮᠡᠨ ᠲᠥᠭᠦᠷᠢᠭ ᠢᠶᠠᠷ ᠲᠥᠯᠥᠪᠯᠡᠵᠦ᠂ ᠵᠢᠱᠢᠯᠲᠡ ᠪᠠᠷ | 2020 ᠣᠨ ᠤ 10 ᠰᠠᠷ᠎ᠠ ᠳᠤ ᠪᠠᠷᠢᠯᠭ᠎ᠠ ᠳᠠᠭᠤᠰᠴᠤ᠂ ᠲᠤᠬᠠᠶ ᠶᠢᠨ ᠦᠶ᠎ᠡ ᠳᠤ ᠪᠠᠶᠠᠨᠨᠠᠭᠤᠷ ᠭᠠᠴᠠᠭ᠎ᠠ ᠶᠢᠨ | ᠨᠢᠭᠡ᠂ ᠬᠤᠶᠠᠷ᠂ ᠲᠠᠪᠤᠳᠤᠭᠠᠷ ᠳᠤᠭᠤᠶᠢᠯᠠᠩ ᠤᠨ ᠴᠠᠬᠢᠯᠭᠠᠨ ᠬᠡᠷᠡᠭᠯᠡᠬᠦ ᠠᠰᠠᠭᠤᠳᠠᠯ ᠪᠦᠲᠦᠮᠵᠢᠲᠡᠶ ᠬᠥᠩᠭᠡᠷᠡᠬᠦ | ᠪᠣᠯᠤᠨ᠎ᠠ᠃ ᠭᠡᠪᠡᠴᠦ ᠮᠠᠨ ᠤ ᠬᠤᠰᠢᠭᠤᠨ ᠤ ᠡᠳ᠋ ᠤᠨ ᠬᠦᠴᠦᠨ ᠬᠦᠷᠦᠯᠴᠡᠬᠦ ᠥᠬᠡᠶ ᠵᠡᠷᠭᠡ ᠪᠤᠰᠤᠳᠴᠢ ᠬᠦᠴᠦᠨ | ᠵᠦᠶᠯ ᠤᠨ ᠬᠢᠵᠠᠭᠠᠷᠯᠠᠯ ᠠᠴᠠ ᠪᠣᠯᠵᠤ᠂ ᠣᠨᠴᠠ ᠵᠠᠷᠢᠮ ᠭᠠᠵᠠᠷ ᠣᠷᠣᠨ ᠤ ᠴᠠᠬᠢᠯᠭᠠᠨ ᠬᠡᠷᠡᠭᠯᠡᠬᠦ ᠣᠷᠭᠢᠯ ᠤᠨ | ᠬᠤᠭᠤᠴᠠᠭᠠᠨ ᠳᠤ ᠴᠠᠬᠢᠯᠭᠠᠨ ᠳᠠᠷᠤᠯᠲᠠ ᠳᠣᠤᠷ᠎ᠠ ᠪᠠᠶᠢᠭ᠎ᠠ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠵᠦ | ᠴᠢᠳᠠᠬᠤ ᠥᠬᠡᠶ ᠪᠠᠶᠢᠨ᠎ᠠ᠂ ᠲᠠᠷᠠᠭᠠᠴᠢ ᠶᠢᠨ ᠠᠯᠬᠤᠮ ᠳᠤ ᠬᠤᠰᠢᠭᠤᠨ ᠤ ᠵᠠᠰᠠᠭ ᠤᠨ ᠣᠷᠳᠣᠨ ᠠᠴᠠ ᠤᠯᠠᠮ ᠨᠢᠭᠡ | ᠠᠯᠬᠤᠮ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠥᠷᠥᠯ ᠵᠦᠶᠯ ᠤᠨ ᠪᠠᠯᠠ ᠮᠥᠩᠭᠦ ᠶᠢ ᠣᠯᠠᠨ ᠲᠠᠯ᠎ᠠ ᠪᠠᠷ | ᠲᠡᠮᠡᠴᠡᠨ ᠣᠯᠵᠤ᠂ ᠬᠡᠰᠡᠭ ᠭᠠᠵᠠᠷ ᠣᠷᠣᠨ ᠤ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠᠭᠤᠷᠠᠶ ᠪᠠᠶᠭ᠎ᠠ ᠰᠠᠨᠠᠭᠠᠴᠢᠯᠠᠭᠠᠲᠤ ᠪᠤᠰᠤ ᠪᠠᠶᠢᠳᠠᠯ ᠢ ᠬᠤᠪᠢᠷᠠᠭᠤᠯᠬᠤ ᠪᠣᠯᠤᠨ᠎ᠠ᠃ | ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠲᠠᠯ᠎ᠠ ᠪᠠᠷ᠄ | ᠰᠢᠨ᠎ᠡ ᠬᠤᠲᠠ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ ᠣᠷᠣᠬᠤ | ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠲᠤᠬᠠᠶ ᠰᠠᠨᠠᠭᠤᠯᠭ᠎ᠠ᠃ ᠨᠢᠭᠡ ᠲᠠᠯ᠎ᠠ ᠪᠠᠷ᠂ ᠰᠢᠨ᠎ᠡ ᠬᠤᠲᠠ | ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠤᠭᠴᠢ ᠶᠢᠨ ᠢᠷᠡᠯᠲᠡ ᠵᠢᠯ ᠳᠠᠷᠠᠭᠠᠯᠠᠨ | ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠵᠠᠰᠠᠭ ᠤᠨ ᠣᠷᠳᠣᠨ ᠠᠴᠠ ᠰᠢᠨ᠎ᠡ ᠬᠤᠲᠠ | ᠲᠣᠭᠤᠷᠢᠭ ᠲᠤ ᠪᠤᠷᠤᠬᠤᠲᠠ ᠵᠢᠷᠭᠤᠳᠤᠭᠠᠷ ᠪᠠᠭ᠎ᠠ ᠰᠤᠷᠭᠠᠭᠤᠯᠢ ᠪᠣᠯᠤᠨ ᠪᠤᠷᠤᠬᠤᠲᠠ ᠵᠢᠷᠭᠤᠳᠤᠭᠠᠷ ᠬᠡᠦᠬᠡᠳ ᠤᠨ | ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 7240 | ᠲᠦᠮᠡᠨ ᠲᠥᠭᠦᠷᠢᠭ ᠢᠶᠠᠷ ᠲᠥᠯᠥᠪᠯᠡᠵᠦ ᠪᠠᠶᠢᠨ᠎ᠠ᠂ ᠣᠳᠣᠬᠠᠨ ᠳᠤ᠂ ᠭᠠᠵᠠᠷ ᠰᠢᠷᠣᠶ ᠬᠡᠮᠵᠢᠨ ᠵᠢᠷᠤᠬᠤ᠂ ᠰᠤᠳᠤᠯᠵᠤ | ᠪᠣᠯᠬᠤ ᠣᠷᠣᠨ ᠲᠤᠭ᠎ᠠ᠂ ᠭᠠᠵᠠᠷ ᠰᠣᠩᠭᠤᠬᠤ᠂ ᠣᠷᠴᠢᠨ ᠲᠣᠭᠤᠷᠢᠨ ᠤ ᠦᠨᠡᠯᠡᠯᠲᠡ᠂ ᠡᠨᠧᠷᠭᠢ ᠠᠷᠪᠢᠯᠠᠬᠤ ᠵᠡᠷᠭᠡ | ᠡᠮᠦᠨᠡᠬᠢ ᠬᠤᠭᠤᠴᠠᠭᠠᠨ ᠤ ᠭᠠᠷᠳᠠᠮ ᠢ ᠨᠢᠭᠡᠨᠲᠡ ᠪᠡᠶᠡᠯᠡᠭᠦᠯᠵᠦ᠂ ᠵᠢᠷᠤᠭ ᠲᠥᠯᠥᠪᠯᠡᠭᠡ᠂ ᠰᠠᠭᠤᠷᠢ ᠬᠠᠶᠢᠨ | ᠪᠠᠶᠢᠴᠠᠭᠠᠯᠲᠠ᠂ ᠠᠴᠢᠶᠠᠯᠠᠪᠤᠷᠢ ᠶᠢᠨ ᠲᠤᠷᠰᠢᠯᠲᠠ ᠶᠢ ᠨᠢᠭᠡᠨᠲᠡ ᠳᠠᠭᠠᠭᠠᠴᠢᠯᠠᠯᠲᠠ ᠵᠠᠷᠯᠠᠵᠤ᠂ ᠣᠲᠣ ᠶᠠᠭ ᠭᠠᠵᠠᠷ | ᠰᠢᠷᠣᠶ᠂ ᠲᠥᠷᠥᠯ ᠵᠦᠶᠯ ᠲᠣᠭᠲᠠᠭᠠᠬᠤ ᠴᠣᠬᠤᠯᠠᠪᠤᠷᠢ ᠵᠡᠷᠭᠡ ᠭᠠᠷᠳᠠᠮ ᠢ ᠭᠦᠶᠴᠡᠳᠬᠡᠵᠦ ᠪᠠᠶᠢᠨ᠎ᠠ᠂ 2020 ᠣᠨ | ᠤ 5 ᠰᠠᠷ᠎ᠠ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 2020 ᠣᠨ ᠤ 10 ᠰᠠᠷ᠎ᠠ ᠳᠤ ᠠᠵᠢᠯ ᠢᠶᠠᠨ | ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠂ ᠲᠤᠬᠠᠢ ᠶᠢᠨ ᠦᠶ᠎ᠡ ᠳᠤ ᠰᠢᠨ᠎ᠡ ᠬᠤᠲᠠ ᠲᠤᠭᠤᠷᠢᠭ ᠤᠨ ᠰᠤᠷᠬᠤ | ᠨᠠᠰᠤᠨ ᠤ ᠰᠤᠷᠤᠭᠴᠢᠳ ᠤᠨ ᠬᠠᠷᠢᠴᠠᠩᠭᠤᠶ ᠪᠠᠷ ᠣᠶᠢᠷᠠᠯᠴᠠᠭ᠎ᠠ ᠰᠤᠷᠭᠠᠭᠤᠯᠢ ᠳᠤ ᠣᠷᠣᠬᠤ ᠶᠢ ᠪᠠᠲᠤᠯᠠᠬᠤ | ᠪᠣᠯᠤᠨ᠎ᠠ᠃ ᠨᠥᠭᠦᠭᠡ ᠲᠠᠯ᠎ᠠ ᠪᠠᠷ᠂ ᠰᠢᠨ᠎ᠡ ᠬᠤᠲᠠ ᠲᠣᠭᠤᠷᠢᠭ ᠤᠨ ᠣᠲᠣ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ | ᠶᠢᠨ ᠳᠠᠯᠳᠠ ᠬᠦᠴᠦᠨ ᠢ ᠭᠦᠶᠴᠡᠳ ᠠᠭᠤᠳᠠᠯᠵᠤ᠂ ᠬᠤᠲᠠ ᠲᠣᠭᠤᠷᠢᠭ ᠤᠨ ᠪᠠᠭ᠎ᠠ ᠰᠤᠷᠭᠠᠭᠤᠯᠢ ᠶᠢ ᠰᠤᠷᠭᠠᠨ | ᠬᠥᠮᠦᠵᠢᠯ ᠤᠨ ᠲᠤᠪᠴᠢᠶ᠎ᠠ ᠠᠴᠠ ᠢᠯᠡ ᠪᠠᠷ ᠰᠣᠷᠣᠭᠴᠢ ᠡᠯᠰᠡᠬᠦ᠂ ᠬᠡᠰᠡᠭ ᠬᠤᠪᠢᠶᠠᠨ ᠬᠤᠪᠢᠶᠠᠷᠢᠯᠠᠬᠤ ᠶᠢ | ᠢᠳᠡᠪᠬᠢᠲᠡᠶ ᠬᠡᠷᠡᠭᠵᠢᠭᠦᠯᠵᠦ᠂ ᠠᠩᠭᠢ ᠬᠤᠪᠢᠶᠠᠬᠤ ᠶᠢ ᠲᠡᠩᠴᠡᠭᠦᠷᠢᠲᠡᠶ ᠪᠣᠯᠭᠠᠵᠤ᠂ ᠠᠩᠭᠢ ᠶᠢᠨ ᠲᠤᠭ᠎ᠠ ᠶᠢ | ᠴᠢᠩᠭ᠎ᠠ ᠬᠢᠵᠠᠭᠠᠷᠯᠠᠨ᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠰᠣᠷᠣᠭᠴᠢ ᠶᠢᠨ ᠬᠡᠪ | ᠤᠨ ᠪᠤᠰᠤ ᠰᠢᠯᠵᠢᠯᠲᠡ ᠶᠢ ᠴᠢᠩᠭ᠎ᠠ ᠴᠠᠭᠠᠵᠠᠯᠠᠵᠤ᠂ ᠰᠣᠷᠣᠭᠴᠢ ᠶᠢᠨ ᠢᠷᠡᠯᠲᠡ ᠶᠢᠨ ᠲᠡᠩᠴᠡᠭᠦᠷᠢᠲᠡᠶ ᠪᠠᠶᠢᠬᠤ ᠶᠢ | ᠠᠬᠢᠭᠤᠯᠵᠤ᠂ ᠰᠢᠨ᠎ᠡ ᠬᠤᠲᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ | ᠳᠤ ᠣᠷᠣᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠣᠷᠳᠣᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠰᠢᠨ᠎ᠡ ᠬᠤᠲᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ | ᠶᠢᠨ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠦᠴᠦᠯᠡᠨ | ᠰᠢᠶᠳᠪᠦᠷᠢᠯᠡᠨ᠎ᠡ᠃ | ᠭᠤᠷᠪᠠ᠂ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠨᠢ ᠤᠯᠤᠰ ᠤᠨ ᠬᠤᠯᠪᠣᠭᠳᠠᠯ ᠪᠦᠬᠦᠢ | ᠲᠥᠷᠥ ᠶᠢᠨ ᠪᠣᠳᠤᠯᠭ᠎ᠠ᠂ ᠲᠣᠭᠲᠠᠭᠠᠯ ᠵᠢᠴᠢ ᠣᠳᠣᠬᠠᠨ ᠤ ᠨᠥᠬᠦᠴᠡᠯ ᠳᠤ ᠬᠢᠵᠠᠭᠠᠷᠯᠠᠭᠳᠠᠵᠤ ᠬᠤᠶᠢᠰᠢᠳᠠ ᠯᠠ | ᠰᠢᠶᠳᠪᠦᠷᠢᠯᠡᠬᠦ ᠨᠢ ᠭᠤᠣᠯᠳᠠᠭᠤ ᠳᠣᠤᠷᠠᠬᠢ ᠬᠡᠳᠦᠨ ᠲᠠᠯ᠎ᠠ ᠪᠤᠶ | ︵ᠨᠢᠭᠡ︶ ᠡᠳ᠋ ᠤᠨ ᠵᠠᠰᠠᠭ ᠪᠠᠩᠬᠢ ᠢᠲᠡᠭᠡᠮᠵᠢ ᠶᠢᠨ ᠲᠠᠯ᠎ᠠ ᠪᠠᠷ᠄ ᠭᠠᠴᠠᠭᠠᠨ ᠤ ᠺᠠᠳ᠋ᠷ ᠤᠨ ᠴᠠᠯᠢᠩ | ᠣᠯᠭᠤᠮᠵᠢ ᠶᠢ ᠨᠡᠮᠡᠭᠳᠡᠭᠦᠯᠬᠦ ᠲᠠᠯ᠎ᠠ ᠪᠠᠷ ᠬᠢ ᠰᠠᠨᠠᠭᠤᠯᠭ᠎ᠠ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ | ᠲᠡᠮᠡᠴᠡᠨ ᠣᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ ᠤᠨ ᠡᠯ᠎ᠡ ᠵᠦᠶᠯ ᠤᠨ ᠣᠯᠭᠤᠮᠵᠢ ᠶᠢ | ᠴᠢᠷᠮᠠᠶᠢᠨ ᠳᠡᠭᠡᠭᠰᠢᠯᠡᠭᠦᠯᠵᠡᠶ᠂ ᠭᠡᠪᠡᠴᠦ ᠣᠳᠣᠬᠠᠨ ᠳᠤ ᠳᠡᠭᠡᠳᠦ ᠱᠠᠲᠤ ᠨᠢ ᠭᠠᠴᠠᠭᠠᠨ ᠤ ᠺᠠᠳ᠋ᠷ ᠤᠨ ᠴᠠᠯᠢᠩ | ᠣᠯᠭᠤᠮᠵᠢ ᠶᠢ ᠨᠡᠮᠡᠭᠳᠡᠭᠦᠯᠬᠦ ᠲᠠᠯ᠎ᠠ ᠪᠠᠷ ᠬᠢ ᠲᠥᠷᠥ ᠶᠢᠨ ᠪᠣᠳᠤᠯᠭ᠎ᠠ ᠶᠢ ᠨᠡᠶᠢᠲᠡᠯᠡᠭᠰᠡᠨ ᠥᠬᠡᠶ᠃ ᠳᠠᠷᠠᠭᠠᠴᠢ ᠶᠢᠨ | ᠠᠯᠬᠤᠮ ᠳᠤ ᠪᠢᠳᠡ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠪᠠᠶᠢᠳᠠᠯ ᠢ ᠢᠳᠡᠪᠬᠢᠲᠠᠢ | ᠲᠤᠰᠬᠠᠬᠤ ᠪᠠ ᠪᠡᠯᠡ ᠮᠥᠩᠭᠦ ᠤᠯᠬᠤ ᠪᠠᠷ ᠴᠢᠷᠮᠠᠶᠢᠵᠤ᠂ ᠭᠠᠴᠠᠭᠠᠨ ᠤ ᠺᠠᠳ᠋ᠷ ᠤᠨ ᠴᠠᠯᠢᠩ ᠣᠯᠭᠤᠮᠵᠢ ᠶᠢᠨ ᠲᠠᠯ᠎ᠠ | ᠶᠢᠨ ᠠᠰᠠᠭᠤᠳᠠᠯ ᠢ ᠡᠷᠲᠡᠬᠡᠨ ᠰᠢᠢᠳᠪᠦᠷᠢᠯᠡᠬᠦ ᠪᠠᠷ ᠴᠢᠷᠮᠠᠶᠢᠨ᠎ᠠ᠃ | ︵ᠬᠤᠶᠠᠷ︶ ᠪᠤᠰᠤᠳ ᠲᠠᠯ᠎ᠠ᠄ ᠰᠢᠶᠠᠩ ᠪᠠᠯᠭᠠᠰᠤ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ | ᠳᠠᠬᠢ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠬᠤ ᠲᠤᠬᠠᠶ ᠰᠠᠨᠠᠭᠤᠯᠭ᠎ᠠ ᠄ ᠳᠡᠭᠡᠳᠦ ᠱᠠᠲᠤᠨ ᠤ | ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠤ᠂ ᠵᠢᠩᠬᠢᠨᠢ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠤᠭᠤᠴᠠᠭᠠᠨ ᠳᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠡᠩᠨᠡᠭᠡ ᠶᠢᠨ ᠪᠠᠶᠢᠭᠤᠯᠤᠮᠵᠢ᠂ ᠣᠷᠣᠨ ᠲᠤᠭ᠎ᠠ᠂ ᠠᠵᠢᠯᠲᠠᠨ ᠤ ᠥᠭᠡᠷᠡᠴᠢᠯᠡᠯᠲᠡ ᠶᠢ ᠪᠠᠰᠠ | ᠪᠡᠶᠡᠯᠡᠭᠦᠯᠦᠭᠡᠳᠦᠶ ᠪᠠᠶᠢᠵᠤ ᠰᠢᠶᠠᠩ ᠪᠠᠯᠭᠠᠰᠤ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠠᠩᠭᠢ ᠶᠢ ᠵᠣᠬᠢᠶᠠᠨ ᠪᠠᠶᠢᠭᠤᠯᠬᠤ ᠨᠥᠬᠦᠴᠡᠯ ᠢ ᠲᠦᠷ ᠪᠦᠷᠢᠯᠳᠦᠭᠦᠯᠦᠭᠡᠳᠦᠶ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠦᠭᠡᠷᠡᠴᠢᠯᠡᠯᠲᠡ ᠶᠢᠨ | ᠪᠠᠶᠢᠳᠠᠯ ᠵᠢᠴᠢ ᠪᠥᠬᠦ ᠬᠤᠰᠢᠭᠤᠨ ᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ | ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ ᠢ ᠦᠵᠡᠵᠦ ᠪᠠᠶᠢᠭᠠᠳ ᠵᠣᠬᠢᠴᠠᠩᠭᠤᠶ ᠲᠥᠯᠥᠪᠯᠡᠭᠡ ᠲᠣᠭᠲᠠᠭᠠᠨ᠎ᠠ᠃ | ᠳᠥᠷᠪᠡ᠂ 2019 ᠣᠨ ᠤ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠳᠤ ᠠᠪᠤᠭᠰᠠᠨ ᠭᠤᠤᠯ ᠠᠷᠭ᠎ᠠ | ᠬᠡᠮᠵᠢᠶ᠎ᠡ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠪᠣᠯ | ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ | ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠪᠣᠯᠬᠤ ᠮᠥᠷᠲᠡᠭᠡᠨ | ᠪᠠᠰᠠ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠬᠤ ᠪᠦᠲᠦᠮᠵᠢᠲᠡᠶ ᠠᠷᠭ᠎ᠠ ᠵᠠᠮ ᠮᠥᠨ᠃ ᠬᠤᠰᠢᠭᠤᠨ ᠤ | ᠵᠠᠰᠠᠭ ᠤᠨ ᠣᠷᠳᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ | ᠶᠢ ᠰᠢᠶᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠯᠥᠭᠡᠯᠡᠭᠴᠢᠳ ᠤᠨ ᠰᠡᠳᠬᠢᠯ | ᠬᠠᠨᠤᠮᠵᠢᠲᠠᠶ ᠪᠠᠶᠢᠬᠤ ᠡᠰᠡᠬᠦ ᠪᠠᠷ ᠢᠮᠠᠭᠲᠠ ᠭᠦᠶᠴᠡᠳᠬᠡᠬᠦ ᠠᠵᠢᠯ ᠢ ᠬᠡᠮᠵᠢᠬᠦ ᠪᠠ ᠰᠢᠯᠭᠠᠨ ᠪᠠᠶᠢᠴᠠᠭᠠᠬᠤ ᠴᠢᠬᠤᠯᠠ | ᠪᠠᠷᠢᠮᠵᠢᠶ᠎ᠠ ᠪᠣᠯᠭᠠᠵᠤ᠂ ᠭᠦᠶᠴᠡᠳᠬᠡᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ᠪᠥᠬᠦ ᠬᠤᠰᠢᠭᠤᠨ ᠤ | ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ | ᠲᠥᠷᠭᠡᠨ ᠡᠬᠢᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ | ᠰᠤᠳᠤᠯᠵᠤ᠂ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ ᠲᠤᠰᠬᠠᠶ ᠰᠡᠳᠦᠪ ᠢᠶᠠᠷ ᠪᠠᠶᠢᠷᠢᠯᠠᠭᠤᠯᠵᠤ᠂ ᠬᠤᠰᠢᠭᠤᠨ ᠤ | ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠠᠨᠠᠭᠤᠯᠭ᠎ᠠ ᠶᠢ ᠨᠢᠭᠡᠳ ᠨᠢᠭᠡ ᠪᠠᠷ ᠦᠵᠡᠨ | ᠵᠥᠪᠰᠢᠶᠡᠷᠡᠵᠦ᠂ ᠵᠣᠬᠢᠴᠠᠭᠤᠯᠤᠨ ᠠᠬᠢᠭᠤᠯᠵᠤ᠂ ᠡᠯ᠎ᠡ ᠳᠠᠭᠠᠭᠠᠨ ᠠᠪᠴᠤ ᠭᠦᠶᠴᠡᠳᠬᠡᠬᠦ ᠨᠢᠭᠡᠴᠡ ᠨᠢ ᠰᠠᠨᠠᠭᠤᠯᠭ᠎ᠠ | ᠶᠢ ᠡᠩ ᠲᠡᠷᠢᠭᠦᠨ ᠳᠤ ᠴᠢᠬᠤᠯᠠ ᠠᠵᠢᠯ ᠤᠨ ᠵᠥᠪᠯᠡᠬᠦ ᠵᠦᠶᠯ ᠳᠤ ᠣᠷᠣᠭᠤᠯᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠬᠠᠮᠲᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠶᠡᠷᠦᠩᠬᠡᠶ | ᠬᠠᠷᠢᠭᠤᠴᠠᠯᠭ᠎ᠠ ᠡᠭᠦᠷᠭᠡᠯᠡᠬᠦ᠂ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠢᠶᠠᠷ ᠱᠠᠯᠠᠪᠳᠠᠭᠤᠯᠤᠨ | ᠰᠢᠶᠳᠪᠦᠷᠢᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠤᠨ | ᠬᠠᠷᠢᠭᠤᠴᠠᠯᠭ᠎ᠠ ᠶᠢᠨ ᠰᠢᠰᠲ᠋ᠧᠮ ᠢ ᠴᠢᠩᠭ᠎ᠠ ᠨᠠᠶᠢᠳᠠᠪᠤᠷᠢᠵᠢᠭᠤᠯᠪᠠ᠃ | (ᠬᠤᠶᠠᠷ) ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠡᠷᠴᠢᠮ ᠢ ᠴᠢᠩᠭᠠᠳᠬᠠᠪᠠ᠃ ᠵᠢᠯ | ᠤᠨ ᠡᠬᠢᠨ ᠳᠤ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠯᠡᠭᠡ ᠶᠢ ᠭᠦᠶᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠣᠩᠨᠢᠭᠤᠳ | ᠵᠠᠰᠠᠭ ᠠᠯᠪᠠᠨ ᠥᠰᠥᠭ ﹇2019﹈ 32 ᠳ᠋ᠤᠭᠠᠷ ᠲᠣᠭᠠᠲᠤ︶ ᠢ ᠲᠣᠭᠲᠠᠭᠠᠨ ᠲᠠᠷᠬᠠᠭᠠᠵᠤ᠂ ᠰᠠᠨᠠᠭᠤᠯᠭ᠎ᠠ ᠶᠢ | ᠰᠢᠢᠳᠪᠦᠷᠢᠯᠡᠬᠦ ᠠᠵᠢᠯ ᠤᠨ ᠵᠢᠷᠤᠮᠵᠢᠯᠲᠠ᠂ ᠳᠦᠷᠢᠮᠵᠢᠯᠲᠡ ᠶᠢ ᠴᠢᠷᠮᠠᠶᠢᠨ ᠠᠬᠢᠭᠤᠯᠪᠠ︔ ᠰᠠᠨᠠᠭᠤᠯᠭ᠎ᠠ ᠶᠢ | ᠰᠢᠶᠳᠪᠦᠷᠢᠯᠡᠬᠦ ᠶᠠᠪᠤᠴᠠ ᠳᠤ᠂ ᠡᠯ᠎ᠡ ᠳᠠᠭᠠᠭᠠᠨ ᠠᠪᠴᠤ ᠰᠢᠶᠳᠪᠦᠷᠢᠯᠡᠬᠦ ᠨᠢᠭᠡᠴᠢ ᠤᠳᠠᠰᠣ ᠪᠠᠷ ᠠᠰᠠᠭᠤᠨ ᠯᠠᠪᠯᠠᠬᠤ᠂ | ᠡᠭᠦᠳᠡᠨ ᠳᠤ ᠨᠢ ᠠᠰᠠᠭᠤᠨ ᠯᠠᠪᠯᠠᠬᠤ᠂ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠶᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠯᠦᠭᠡ ᠶᠢᠨ | ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠠᠨᠠᠭᠤᠯᠭ᠎ᠠ ᠶᠢ ᠰᠢᠢᠳᠪᠦᠷᠢᠯᠡᠬᠦ ᠮᠡᠳᠡᠭᠡ ᠵᠠᠩᠭᠢ ᠪᠠᠨ ᠴᠠᠭ | ᠲᠤᠬᠠᠶ ᠳᠤᠨᠢ ᠨᠡᠪᠲᠡᠷᠡᠯᠴᠡᠵᠦ᠂ ᠲᠥᠯᠥᠭᠡᠯᠡᠭᠴᠢᠳ ᠤᠨ ᠬᠠᠷᠢᠭᠤ ᠲᠤᠰᠬᠠᠭᠰᠠᠨ ᠰᠠᠨᠠᠯ ᠢ ᠣᠶᠢᠯᠠᠭᠠᠵᠤ᠂ | ᠰᠢᠶᠳᠪᠦᠷᠢᠯᠡᠵᠦ ᠳᠡᠶᠢᠯᠬᠦ ᠪᠤᠶᠤ ᠨᠥᠬᠦᠴᠡᠯ ᠪᠦᠷᠢᠯᠳᠦᠭᠦᠯᠦᠨ ᠰᠢᠶᠳᠪᠦᠷᠢᠯᠡᠵᠦ ᠳᠡᠶᠢᠯᠬᠦ ᠶᠢ ᠨᠢ ᠱᠠᠯᠠᠪᠳᠠᠨ | ᠰᠢᠶᠳᠪᠦᠷᠢᠯᠡᠬᠦ ᠪᠠ ᠨᠠᠶᠢᠳᠠᠪᠤᠷᠢᠵᠢᠭᠤᠯᠵᠤ᠂ ᠲᠥᠯᠥᠭᠡᠯᠡᠭᠴᠢᠳ ᠲᠤ ᠬᠠᠨᠤᠮᠵᠢᠲᠠᠶ ᠬᠠᠷᠢᠭᠤᠯᠲᠠ ᠥᠭᠪᠡ᠂ | ᠰᠢᠶᠳᠪᠦᠷᠢᠯᠡᠬᠦ ᠶᠣᠰᠣᠲᠠᠶ ᠪᠣᠯᠪᠠᠴᠤ ᠨᠥᠬᠦᠴᠡᠯ ᠤᠨ ᠬᠢᠵᠠᠭᠠᠷᠯᠠᠯ ᠠᠴᠠ ᠪᠤᠯᠵᠤ ᠲᠦᠷ ᠴᠠᠭ ᠰᠢᠶᠳᠪᠦᠷᠢᠯᠡᠬᠦ ᠳᠤ | ᠪᠡᠷᠬᠡᠲᠡᠶ ᠪᠠᠶᠢᠪᠠᠯ᠂ ᠲᠥᠯᠥᠭᠡᠯᠡᠭᠴᠢᠳ ᠲᠤ ᠢᠳᠡᠪᠬᠢᠲᠡᠶ ᠪᠠᠷ ᠲᠠᠶᠢᠯᠪᠤᠷᠢᠯᠠᠨ ᠲᠣᠳᠣᠷᠬᠠᠶᠢᠯᠠᠬᠤ ᠶᠢᠨ ᠬᠠᠮᠲᠤ | ᠲᠥᠯᠥᠪᠯᠡᠭᠡ ᠳᠤ ᠣᠷᠣᠭᠤᠯᠵᠤ᠂ ᠨᠥᠬᠦᠴᠡᠯ ᠪᠦᠷᠢᠯᠳᠦᠭᠦᠯᠦᠨ ᠠᠯᠬᠤᠮ ᠠᠯᠬᠤᠮ ᠢᠶᠠᠷ ᠰᠢᠶᠳᠪᠦᠷᠢᠯᠡᠵᠦ᠂ | ᠰᠠᠨᠠᠭᠤᠯᠭ᠎ᠠ ᠶᠢ ᠵᠥᠪ ᠣᠨᠣᠪᠴᠢᠲᠠᠶ᠂ ᠴᠠᠭ ᠲᠤᠬᠠᠶ ᠳᠤᠨᠢ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ︵ᠭᠤᠷᠪᠠ︶ ᠡᠳᠦᠷ ᠲᠤᠲᠤᠮ ᠤᠨ ᠮᠥᠷᠳᠡᠨ ᠱᠠᠯᠠᠪᠳᠠᠭᠤᠯᠤᠨ ᠭᠦᠶᠴᠡᠳᠬᠡᠬᠦ ᠶᠢ ᠴᠢᠩᠭᠠᠳᠬᠠᠪᠠ᠃ | ᠬᠤᠰᠢᠭᠤᠨ ᠤ ᠵᠠᠰᠠᠭ ᠤᠨ ᠣᠷᠳᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ | ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠣᠩᠨᠢᠭᠤᠳ ᠬᠤᠰᠢᠭᠤᠨ ᠤ 2019 ᠣᠨ ᠤ | ᠱᠠᠯᠠᠪᠳᠠᠭᠤᠯᠤᠨ ᠪᠠᠶᠢᠴᠠᠭᠠᠬᠤ ᠰᠢᠯᠭᠠᠨ ᠬᠢᠨᠠᠬᠤ ᠠᠵᠢᠯ ᠤᠨ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠤ | ᠬᠠᠮᠲᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠥᠯᠥᠭᠡᠯᠡᠭᠴᠢ ᠰᠤᠩᠭᠤᠬᠤ ᠲᠣᠮᠢᠯᠠᠬᠤ ᠪᠠᠭᠤᠯᠭᠠᠬᠤ ᠬᠠᠷᠢᠯᠴᠠᠬᠤ ᠠᠵᠢᠯ ᠤᠨ ᠵᠥᠪᠯᠡᠯ ᠯᠦᠭᠡ ᠶᠢᠨ ᠨᠡᠪᠲᠡᠷᠡᠯᠴᠡᠭᠡ᠂ | ᠬᠠᠮᠵᠢᠯᠴᠠᠭ᠎ᠠ ᠪᠠᠨ ᠴᠢᠩᠭᠠᠳᠬᠠᠵᠤ᠂ ᠰᠠᠨᠠᠭᠤᠯᠭ᠎ᠠ ᠶᠢ ᠰᠢᠶᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠵᠦ | ᠂ ᠡᠯ᠎ᠡ ᠵᠦᠶᠯ ᠤᠨ ᠰᠢᠶᠳᠪᠦᠷᠢᠯᠡᠬᠦ ᠠᠵᠢᠯ ᠤᠨ ᠤᠷᠤᠭᠰᠢᠲᠠᠶ ᠥᠷᠨᠢᠬᠦ ᠶᠢ ᠡᠮᠬᠢ ᠵᠢᠷᠤᠮ ᠲᠠᠢ ᠳᠥᠯᠭᠢᠨ ᠠᠬᠢᠭᠤᠯᠪᠠ | ᠂ ᠶᠠᠪᠤᠴᠠ ᠶᠢᠨ ᠬᠢᠨᠠᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ | ᠬᠤᠰᠢᠭᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠬᠤ ᠲᠠᠢ | ᠤᠶᠠᠯᠳᠤᠭᠤᠯᠵᠤ᠂ ᠡᠯ᠎ᠡ ᠳᠠᠭᠠᠭᠠᠨ ᠠᠪᠴᠤ ᠭᠦᠶᠴᠡᠳᠬᠡᠬᠦ ᠨᠢᠭᠡᠴᠡ ᠯᠦᠭᠡ ᠨᠡᠪᠲᠡᠷᠡᠯᠴᠡᠨ ᠬᠠᠷᠢᠯᠴᠠᠬᠤ ᠶᠢ ᠴᠠᠭ | ᠢᠮᠠᠭᠲᠠ ᠪᠠᠲᠤᠯᠠᠵᠤ᠂ ᠳᠠᠭᠠᠭᠠᠨ ᠠᠪᠴᠤ ᠭᠦᠶᠴᠡᠳᠬᠡᠬᠦ ᠨᠢᠭᠡᠴᠡ ᠶᠢᠨ ᠱᠠᠭᠠᠷᠳᠠᠯᠭ᠎ᠠ ᠶᠤᠰᠤᠭᠠᠷ ᠰᠠᠨᠠᠭᠤᠯᠭ᠎ᠠ ᠶᠢ | ᠭᠦᠶᠴᠡᠳᠬᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠵᠢᠯᠣᠭᠤᠳᠤᠨ ᠱᠠᠯᠠᠪᠳᠠᠭᠤᠯᠵᠤ᠂ ᠲᠣᠭᠲᠠᠭᠰᠠᠨ | ᠴᠠᠭ ᠤᠨ ᠬᠢᠵᠠᠭᠠᠷ ᠤᠨ ᠶᠣᠰᠣᠭᠠᠷ ᠭᠦᠶᠴᠡᠳᠬᠡᠵᠦ ᠳᠠᠭᠤᠰᠬᠠᠨ ᠬᠠᠷᠢᠭᠤᠯᠲᠠ ᠥᠭᠴᠦ᠂ ᠰᠠᠨᠠᠭᠤᠯᠭ᠎ᠠ ᠶᠢ | ᠰᠢᠶᠳᠪᠦᠷᠢᠯᠡᠬᠦ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠪᠠ᠃ | ᠲᠠᠪᠤ᠂ ᠣᠷᠣᠰᠢᠵᠤ ᠪᠠᠶᠢᠭ᠎ᠠ ᠭᠤᠤᠯ ᠠᠰᠠᠭᠤᠳᠠᠯ | ᠨᠢᠭᠡ ᠵᠢᠯ ᠤᠨ ᠲᠤᠷᠰᠢᠬᠢ ᠰᠢᠶᠳᠪᠦᠷᠢᠯᠡᠭᠰᠡᠨ ᠠᠵᠢᠯ ᠤᠨ ᠪᠠᠶᠢᠳᠠᠯ ᠢᠶᠠᠨ ᠡᠷᠭᠢᠴᠡᠭᠦᠯᠵᠦ ᠦᠵᠡᠪᠡᠯ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ | ᠲᠥᠯᠥᠭᠡᠯᠡᠭᠴᠢᠳ ᠤᠨ ᠬᠠᠯᠠᠮᠵᠢ ᠳᠡᠮᠵᠢᠯᠭᠡ ᠳᠣᠤᠷ᠎ᠠ᠂ ᠡᠯ᠎ᠡ ᠳᠠᠭᠠᠭᠠᠨ ᠠᠪᠴᠤ ᠰᠢᠶᠳᠪᠦᠷᠢᠯᠡᠬᠦ ᠨᠢᠭᠡᠴᠡ ᠶᠢᠨ | ᠬᠠᠮᠲᠤ ᠶᠢᠨ ᠴᠢᠷᠮᠠᠶᠢᠯᠭ᠎ᠠ ᠲᠤᠤᠷ᠎ᠠ᠂ 2019 ᠣᠨ ᠤ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠤᠨ ᠶᠠᠰᠤ ᠴᠢᠨᠠᠷ | ᠪᠠ ᠬᠢᠷᠢ ᠲᠦᠪᠰᠢᠨ ᠵᠣᠬᠢᠬᠤ ᠬᠡᠮᠵᠢᠶ᠎ᠡ ᠪᠠᠷ ᠳᠡᠭᠡᠭᠰᠢᠯᠡᠭᠰᠡᠨ ᠪᠣᠯᠪᠠᠴᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠤᠨ ᠬᠦᠰᠡᠯ ᠡᠷᠡᠮᠡᠯᠵᠡᠯ ᠪᠠ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠵᠥᠷᠢᠶ᠎ᠡ ᠲᠠᠢ | ᠪᠠᠶᠢᠨ᠎ᠠ᠃ ᠡᠭᠦᠨ ᠳᠤ ᠭᠤᠤᠯᠳᠠᠭᠤ᠄ ᠨᠢᠭᠡ ᠳᠤ ᠣᠨᠴᠠ ᠵᠠᠷᠢᠮ ᠨᠢᠭᠡᠴᠡ ᠴᠢᠬᠤᠯᠠᠴᠢᠯᠠᠭᠰᠠᠨ ᠢᠶᠠᠷ ᠬᠦᠷᠦᠯᠴᠡᠬᠦ | ᠦᠭᠡᠢ᠂ ᠰᠠᠨᠠᠭᠤᠯᠭ᠎ᠠ ᠰᠢᠶᠳᠪᠦᠷᠢᠯᠡᠬᠦ ᠲᠣᠭᠲᠠᠴᠠ ᠪᠠᠰᠠ ᠲᠡᠭᠦᠯᠳᠡᠷᠵᠢᠭᠡᠳᠦᠶ᠂ ᠣᠨᠴᠠ ᠵᠠᠷᠢᠮ ᠨᠢᠭᠡᠴᠢ ᠶᠢᠨ | ᠬᠠᠷᠢᠭᠤᠯᠲᠠ ᠥᠭᠬᠦ ᠵᠢᠷᠤᠮᠵᠢᠯ ᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠨᠠᠶᠢᠳᠠᠪᠤᠷᠢᠵᠢᠭᠤᠯᠬᠤ ᠡᠷᠴᠢᠮ ᠢ | ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ ᠬᠤᠶᠠᠷ ᠲᠤ ᠣᠨᠴᠠ ᠵᠠᠷᠢᠮ ᠳᠠᠭᠠᠭᠠᠨ | ᠠᠪᠴᠤ ᠰᠢᠶᠳᠪᠦᠷᠢᠯᠡᠬᠦ ᠨᠢᠭᠡᠴᠡ ᠨᠢ ᠰᠢᠶᠳᠪᠦᠷᠢᠯᠡᠬᠦ ᠶᠠᠪᠤᠴᠠ ᠳᠠᠭᠠᠨ ᠲᠦᠯᠦᠭᠡᠯᠡᠭᠴᠢᠳ ᠯᠦᠭᠡ ᠶᠢᠨ ᠬᠠᠷᠢᠯᠴᠠᠭ᠎ᠠ | ᠨᠡᠪᠲᠡᠷᠡᠯᠴᠡᠭᠡ ᠪᠠᠰᠠ ᠳᠤᠲᠠᠮᠠᠭ ᠪᠠᠶᠢᠵᠤ᠂ ᠢᠯᠠᠩᠭᠤᠶ᠎ᠠ ᠲᠦᠷᠦ ᠶᠢᠨ ᠪᠣᠳᠣᠯᠭ᠎ᠠ ᠶᠢᠨ ᠲᠣᠭᠲᠠᠭᠠᠯ ᠪᠤᠶᠤ ᠪᠤᠰᠤᠳᠴᠢ | ᠨᠥᠬᠦᠴᠡᠯ ᠤᠨ ᠬᠢᠵᠠᠭᠠᠷᠯᠠᠯ ᠠᠴᠠ ᠪᠤᠯᠵᠤ ᠲᠦᠷ ᠴᠠᠭ ᠰᠢᠶᠳᠪᠦᠷᠢᠯᠡᠵᠦ ᠴᠢᠳᠠᠬᠤ ᠦᠭᠡᠢ ᠪᠠᠶᠢᠪᠠᠯ᠂ ᠢᠳᠡᠪᠬᠢᠲᠡᠶ | ᠰᠠᠨᠠᠭᠠᠴᠢᠯᠠᠭ᠎ᠠ ᠲᠠᠢ ᠪᠠᠷ ᠲᠥᠯᠥᠭᠡᠯᠡᠭᠴᠢᠳ ᠲᠠᠢ ᠬᠠᠷᠢᠯᠴᠠᠬᠤ᠂ ᠨᠡᠪᠲᠡᠷᠡᠯᠴᠡᠬᠦ ᠪᠠ ᠲᠠᠶᠢᠯᠪᠤᠷᠢᠯᠠᠬᠤ ᠲᠠᠯ᠎ᠠ ᠪᠠᠷ | ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ ᠭᠤᠷᠪᠠ ᠳᠤ ᠤᠯᠠᠨ ᠰᠠᠯᠠᠭ᠎ᠠ ᠮᠥᠴᠢᠷ ᠲᠤ | ᠬᠤᠯᠪᠣᠭᠳᠠᠭᠰᠠᠨ ᠣᠨᠴᠠ ᠵᠠᠷᠢᠮ ᠰᠠᠨᠠᠭᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠤᠭᠤᠷᠣᠨᠳᠣᠬᠢ | ᠨᠡᠪᠲᠡᠷᠡᠯᠴᠡᠨ ᠵᠣᠬᠢᠴᠠᠭᠤᠯᠬᠤ ᠲᠠᠯ᠎ᠠ ᠪᠠᠷ ᠪᠠᠰᠠ ᠬᠦᠷᠦᠯᠴᠡᠬᠦ ᠦᠭᠡᠢ᠂ ᠣᠨᠴᠠ ᠵᠠᠷᠢᠮ ᠳᠠᠭᠠᠭᠠᠨ ᠠᠪᠴᠤ | ᠰᠢᠶᠳᠪᠦᠷᠢᠯᠡᠬᠦ ᠨᠢᠭᠡᠴᠢ ᠶᠢᠨ ᠰᠠᠨᠠᠭᠤᠯᠭ᠎ᠠ ᠶᠢ ᠰᠢᠶᠳᠪᠦᠷᠢᠯᠡᠬᠦ ᠳᠤ ᠬᠠᠷᠢᠭᠤ ᠲᠤᠰᠬᠠᠬᠤ ᠲᠣᠭᠲᠠᠴᠠ ᠶᠢ ᠪᠠᠰᠠ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠪᠠᠰᠠ ᠨᠡᠮᠡᠭᠳᠡᠭᠦᠯᠬᠦ | ᠴᠢᠬᠤᠯᠠᠲᠠᠶ ᠪᠠᠶᠢᠨ᠎ᠠ᠃ | ᠵᠢᠷᠭᠤᠭ᠎ᠠ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ | ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠢᠨ᠎ᠡ ᠰᠡᠳᠬᠢᠴᠡ ᠶᠢ ᠴᠢᠷᠮᠠᠶᠢᠨ ᠰᠦᠪᠡᠭᠴᠢᠯᠡᠵᠦ᠂ ᠭᠦᠶᠴᠡᠳᠬᠡᠬᠦ ᠬᠢᠷᠢ ᠲᠦᠪᠰᠢᠨ ᠪᠠ ᠶᠠᠰᠤ | ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠎ᠠ᠃ ᠲᠥᠯᠥᠭᠡᠯᠡᠭᠴᠢᠳ ᠤᠨ ᠬᠠᠤᠯᠢ ᠶᠣᠰᠣᠭᠠᠷ | ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠬᠦᠨᠳᠦᠳᠬᠡᠨ ᠳᠡᠮᠵᠢᠬᠦ ᠶᠢ ᠪᠠᠷᠢᠮᠳᠠᠯᠠᠵᠤ᠂ ᠪᠦᠬᠦ ᠲᠠᠯ᠎ᠠ ᠳᠤ | ᠬᠤᠯᠪᠣᠭᠳᠠᠬᠤ ᠦᠨᠳᠦᠷᠴᠡ ᠠᠴᠠ ᠰᠠᠨᠠᠭᠤᠯᠭ᠎ᠠ ᠰᠢᠶᠳᠪᠦᠷᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ | ᠭᠦᠶᠴᠡᠳ ᠲᠠᠨᠢᠵᠤ᠂ ᠰᠠᠨᠠᠭᠤᠯᠭ᠎ᠠ ᠶᠢ ᠰᠠᠶᠢᠲᠤᠷ ᠰᠢᠶᠳᠪᠦᠷᠢᠯᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠰᠡᠳᠬᠢᠮᠵᠢ ᠪᠠᠨ | ᠲᠣᠳᠣᠷᠬᠠᠶ ᠪᠣᠯᠭᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠢᠶᠳᠪᠦᠷᠢᠯᠡᠬᠦ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠡ᠃ | ᠬᠤᠶᠠᠷ ᠲᠤ ᠰᠢᠶᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ᠃ ᠪᠣᠳᠠᠲᠠᠶ ᠠᠰᠠᠭᠤᠳᠠᠯ ᠢ | ᠰᠢᠶᠳᠪᠦᠷᠢᠯᠡᠬᠦ ᠶᠠᠪᠤᠳᠠᠯ ᠢ ᠢᠮᠠᠭᠲᠠ ᠰᠠᠨᠠᠭᠤᠯᠭ᠎ᠠ ᠶᠢ ᠰᠢᠶᠳᠪᠦᠷᠢᠯᠡᠬᠦ ᠶᠢᠨ ᠡᠭᠦᠰᠭᠡᠯ ᠪᠠ ᠲᠡᠭᠦᠰᠦᠯᠲᠡ ᠪᠣᠯᠭᠠᠵᠤ᠂ | ᠳᠠᠭᠠᠭᠠᠨ ᠠᠪᠴᠤ ᠰᠢᠶᠳᠪᠦᠷᠢᠯᠡᠬᠦ ᠨᠢᠭᠡᠴᠡ ᠶᠢ ᠱᠠᠯᠠᠪᠳᠠᠭᠤᠯᠵᠤ ᠪᠠᠶᠢᠭᠠᠳ ᠰᠢᠢᠳᠪᠦᠷᠢᠯᠡᠬᠦ ᠶᠢ ᠨᠠᠶᠢᠳᠠᠪᠤᠷᠢᠵᠢᠭᠤᠯᠬᠤ | ᠶᠢ ᠰᠠᠶᠢᠲᠤᠷ ᠬᠢᠯᠭᠡᠵᠦ᠂ ᠨᠢᠭᠡᠨᠲᠡ ᠲᠥᠯᠥᠪᠯᠡᠭᠡᠨ ᠳᠤ ᠣᠷᠣᠭᠤᠯᠵᠤ ᠠᠯᠬᠤᠮ ᠠᠯᠬᠤᠮ ᠢᠶᠠᠷ ᠰᠢᠶᠳᠪᠦᠷᠢᠯᠡᠭᠰᠡᠨ | ᠵᠦᠶᠯᠡᠰ ᠤᠨ ᠦᠷ᠎ᠡ ᠪᠦᠲᠦᠮᠵᠢ ᠣᠯᠬᠤ ᠶᠢ ᠤᠯᠠᠮ ᠨᠢᠭᠡ ᠠᠯᠬᠤᠮ ᠠᠬᠢᠭᠤᠯᠤᠨ᠂ ᠰᠢᠶᠳᠪᠦᠷᠢᠯᠡᠬᠦ ᠠᠵᠢᠯ ᠤᠨ | ᠪᠣᠳᠠᠲᠤ ᠦᠷ᠎ᠡ ᠪᠦᠲᠦᠮᠵᠢ ᠳᠤ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠳᠠᠭᠠᠭᠠᠨ | ᠠᠪᠴᠤ ᠰᠢᠶᠳᠪᠦᠷᠢᠯᠡᠬᠦ ᠨᠢᠭᠡᠴᠡ ᠵᠢᠴᠢ ᠠᠵᠢᠯᠲᠠᠳ ᠲᠠᠬᠢ ᠵᠢᠯᠣᠭᠤᠳᠤᠯᠭ᠎ᠠ ᠪᠠᠨ ᠲᠠᠰᠤᠷᠠᠯᠲᠠ ᠦᠭᠡᠢ | ᠴᠢᠩᠭᠠᠳᠬᠠᠵᠤ᠂ ᠰᠠᠨᠠᠭᠤᠯᠭ᠎ᠠ ᠶᠢ ᠰᠢᠶᠳᠪᠦᠷᠢᠯᠡᠬᠦ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ | ᠭᠤᠷᠪᠠ ᠳᠤ ᠰᠢᠶᠳᠪᠦᠷᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠥᠩᠭᠡᠷᠡᠭᠰᠡᠨ ᠤ ᠡᠯ᠎ᠡ ᠵᠦᠶᠯ | ᠤᠨ ᠰᠢᠶᠳᠪᠦᠷᠢᠯᠡᠬᠦ ᠠᠵᠢᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠨᠢᠭᠲᠠ ᠬᠠᠮᠵᠢᠯᠴᠠᠬᠤ ᠳᠤ ᠬᠦᠴᠦ ᠣᠷᠣᠭᠤᠯᠵᠤ᠂ ᠪᠣᠳᠠᠲᠠᠶ ᠠᠳᠬᠤᠬᠤ᠂ ᠨᠠᠷᠢᠯᠢᠭ ᠠᠳᠬᠤᠬᠤ᠂ ᠭᠦᠨᠵᠡᠭᠡᠶ | ᠠᠳᠬᠤᠬᠤ ᠶᠢ ᠪᠠᠷᠢᠮᠲᠠᠯᠠᠨ᠂ ᠭᠦᠶᠴᠡᠳᠬᠡᠬᠦ ᠠᠵᠢᠯ ᠢ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ᠂ | ᠱᠠᠯᠠᠪᠳᠠᠭᠤᠯᠤᠨ ᠭᠦᠶᠴᠡᠳᠬᠡᠬᠦ᠂ ᠬᠠᠷᠢᠭᠤ ᠲᠤᠰᠬᠠᠬᠤ ᠵᠡᠷᠭᠡ ᠠᠵᠢᠯ ᠤᠨ ᠲᠣᠭᠲᠠᠴᠠ ᠶᠢ ᠲᠠᠰᠤᠷᠠᠯᠲᠠ ᠤᠢᠭᠡᠢ | ᠲᠡᠭᠦᠯᠳᠡᠷᠵᠢᠭᠦᠯᠵᠦ᠂ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠢᠢᠳᠪᠦᠷᠢᠯᠡᠬᠦ | ᠠᠵᠢᠯ ᠤᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ᠳᠥᠷᠪᠡ ᠳᠤ ᠬᠠᠷᠢᠯᠴᠠᠭ᠎ᠠ ᠨᠡᠪᠲᠡᠷᠡᠯᠴᠡᠭᠡ ᠪᠠᠨ ᠨᠡᠮᠡᠭᠳᠡᠭᠦᠯᠦᠨ᠎ᠡ᠃ ᠭᠦᠢᠴᠡᠳᠬᠡᠬᠦ ᠦᠢᠯᠡᠴᠢᠯᠡᠭᠡᠨ ᠤ | ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠯᠦᠭᠡ ᠶᠢᠨ | ᠨᠡᠪᠲᠡᠷᠡᠯᠴᠡᠭᠡ᠂ ᠬᠠᠷᠢᠯᠴᠠᠭ᠎ᠠ ᠪᠠ ᠰᠣᠯᠢᠯᠴᠠᠭ᠎ᠠ ᠦᠢᠯᠡᠳᠦᠯᠴᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ | ᠂ ᠰᠢᠢᠳᠪᠦᠷᠢᠯᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠰᠢᠢᠳᠪᠦᠷᠢᠯᠡᠬᠦ ᠠᠵᠢᠯ ᠢ ᠢᠯᠡ ᠲᠣᠳᠣ᠂ ᠴᠠᠭ | ᠲᠤᠬᠠᠢ ᠳᠤᠨᠢ᠂ ᠪᠦᠲᠦᠮᠵᠢᠲᠠᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ᠂ ᠳᠠᠭᠠᠭᠠᠨ ᠠᠪᠴᠤ ᠭᠦᠶᠴᠡᠳᠬᠡᠬᠦ | ᠨᠢᠭᠡᠴᠡ ᠶᠢ ᠱᠠᠯᠠᠪᠳᠠᠭᠤᠯᠵᠤ ᠪᠠᠶᠢᠭᠠᠳ ᠰᠢᠶᠳᠪᠦᠷᠢᠯᠡᠬᠦ ᠶᠠᠪᠤᠴᠠ ᠳᠤ ᠲᠥᠯᠥᠭᠡᠯᠡᠭᠴᠢ ᠲᠣᠰ ᠬᠥᠮᠦᠨ ᠯᠦᠭᠡ | ᠠᠭᠤᠯᠵᠠᠭᠤᠯᠤᠨ ᠵᠥᠪᠳᠡᠯᠴᠡᠵᠦ᠂ ᠲᠥᠯᠥᠭᠡᠯᠡᠭᠴᠢᠳ ᠯᠦᠭᠡ ᠶᠢᠨ ᠦᠨᠡᠨᠴᠢ ᠨᠡᠪᠲᠡᠷᠡᠯᠴᠡᠭᠡ ᠪᠠᠨ ᠴᠢᠩᠭᠠᠳᠬᠠᠵᠤ᠂ | ᠬᠡᠢ ᠬᠤᠭᠤᠰᠣᠨ ᠢᠶᠠᠷ ᠬᠠᠨᠳᠤᠵᠤ ᠪᠣᠯᠬᠤ ᠦᠭᠡᠢ᠂ ᠰᠢᠶᠳᠪᠦᠷᠢᠯᠡᠬᠦ ᠠᠵᠢᠯ ᠤᠨ ᠬᠠᠨᠳᠤᠯᠭᠠᠲᠤ ᠴᠢᠨᠠᠷ ᠢ ᠦᠨᠡᠨ ᠬᠦ | ᠴᠢᠩᠭᠠᠳᠬᠠᠨ᠎ᠠ᠃ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ ᠰᠠᠶᠢᠲᠤᠷ ᠬᠢᠬᠦ ᠪᠣᠯ ᠡᠭᠦᠷᠭᠡ | ᠬᠠᠷᠢᠭᠤᠴᠠᠯᠭ᠎ᠠ ᠲᠠᠢ ᠬᠤᠯᠪᠣᠭᠳᠠᠬᠤ᠂ ᠠᠵᠢᠯ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠮᠥᠨ᠂ ᠪᠢᠳᠡ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ | ᠵᠢᠯᠣᠭᠤᠳᠣᠯᠭ᠎ᠠ ᠳᠣᠤᠷ᠎ᠠ᠂ ᠲᠥᠯᠥᠭᠡᠯᠡᠭᠴᠢᠳ ᠤᠨ ᠬᠠᠯᠠᠮᠵᠢᠯᠠᠯ ᠳᠡᠮᠵᠢᠯᠭᠡ ᠳᠣᠤᠷ᠎ᠠ᠂ ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ | ᠰᠢᠶᠳᠪᠦᠷᠢᠯᠡᠬᠦ ᠠᠵᠢᠯ ᠢ ᠵᠢᠷᠤᠮᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠰᠢᠶᠳᠪᠦᠷᠢᠯᠡᠬᠦ ᠠᠵᠢᠯ ᠢ ᠰᠢᠨ᠎ᠡ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ᠃ | | | |