| ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ | ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ 2020 ᠣᠨ ᠤ 3 ᠰᠠᠷ᠎ᠠ ᠶᠢᠨ 26 ᠤ ᠡᠳᠦᠷ ᠠᠴᠠ 5 ᠰᠠᠷ᠎ᠠ ᠶᠢᠨ 28 ᠤ ᠡᠳᠦᠷ | ᠪᠣᠯᠲᠠᠯ᠎ᠠ ᠤᠯᠠᠭᠠᠨᠬᠠᠳᠠ ᠬᠤᠲᠠ ᠳᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠲᠤᠰᠬᠠᠶ ᠲᠣᠭᠤᠷᠢᠨ | ᠪᠠᠶᠢᠴᠠᠭᠠᠯᠲᠠ ᠥᠷᠨᠢᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠬᠠᠣᠯᠢ | ᠲᠣᠭᠲᠠᠭᠠᠯ ᠠᠴᠠ ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠡᠵᠡᠮᠰᠢᠨ ᠰᠠᠷᠢᠭᠠᠯᠠᠭᠰᠠᠨ᠂ ᠬᠠᠣᠯᠢ ᠲᠣᠭᠲᠠᠭᠠᠯ ᠠᠴᠠ | ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠲᠤᠬᠢᠷᠠᠭᠤᠯᠤᠭᠰᠠᠨ᠂ ᠨᠡᠭᠦᠷᠡᠰᠦᠨ ᠳᠤ ᠬᠤᠯᠪᠣᠭᠳᠠᠭᠰᠠᠨ ᠢᠯᠵᠢᠷᠡᠯ ᠨᠢ | ᠤᠯᠤᠰ ᠲᠦᠷᠦ ᠶᠢᠨ ᠠᠮᠢ ᠠᠬᠤᠢ ᠶᠢ ᠬᠦᠨᠳᠦ ᠨᠣᠴᠢᠲᠠᠢ ᠪᠣᠬᠢᠷᠳᠤᠭᠤᠯᠤᠭᠰᠠᠨ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠤ ᠠᠰᠠᠭᠤᠳᠠᠯ ᠦᠷᠭᠡᠵᠢᠨ ᠳᠡᠯᠭᠡᠷᠡᠵᠦ ᠪᠠᠶᠢᠭ᠎ᠠ ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠬᠢᠵᠦ᠂ ᠭᠤᠣᠯᠳᠠᠭᠤ ᠤᠯᠠᠭᠠᠨᠬᠠᠳᠠ | ᠬᠤᠳᠠ ᠶᠢᠨ ᠡᠯ᠎ᠡ ᠱᠠᠲᠤᠨ ᠤ ᠤᠳᠤᠷᠢᠳᠬᠤ ᠪᠠᠭ ᠪᠠ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠴᠢ ᠪᠤᠰᠤᠳ | ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ᠂ ᠣᠳᠠᠰᠣ᠂ | ᠰᠤᠷᠪᠤᠯᠵᠢᠯᠠᠭ᠎ᠠ ᠶᠢ ᠬᠦᠯᠢᠶᠡᠨ ᠠᠪᠴᠤ᠂ ᠨᠡᠭᠦᠷᠡᠰᠦ ᠳᠤ ᠬᠤᠯᠪᠣᠭᠳᠠᠭᠰᠠᠨ ᠤᠯᠤᠰ ᠲᠦᠷᠦ ᠶᠢᠨ ᠰᠠᠬᠢᠯᠭ᠎ᠠ ᠪᠠᠲᠤ᠂ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ | ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ | ᠠᠰᠠᠭᠤᠳᠠᠯ ᠢ ᠢᠯᠡᠴᠢᠯᠡᠨ ᠮᠡᠳᠡᠭᠦᠯᠬᠦ ᠪᠠ ᠲᠤᠰᠬᠠᠬᠤ ᠶᠢ ᠭᠤᠣᠯᠳᠠᠯᠭ᠎ᠠ ᠲᠠᠢ ᠬᠦᠯᠢᠶᠡᠨ ᠠᠪᠣᠨ᠎ᠠ᠃ ᠲᠣᠭᠤᠷᠢᠨ | ᠪᠠᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ | ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠬᠤᠭᠤᠴᠠᠭᠠᠨ ᠳᠠᠬᠢ ᠲᠤᠰᠬᠠᠶ | ᠵᠢᠵᠢᠭᠦᠷᠯᠡᠬᠦ ᠤᠲᠠᠰᠤ᠄ 0476 — 8828144 ︵ᠭᠥᠯᠢᠶᠡᠨ ᠠᠪᠴᠤ ᠰᠢᠢᠳᠪᠦᠷᠢᠯᠡᠬᠦ ᠴᠠᠭ ᠨᠢ᠄ | ᠦᠳᠡ ᠶᠢᠨ ᠡᠮᠦᠨᠡᠬᠢ 8᠄ 30 ᠠᠴᠠ ᠦᠳᠡ ᠶᠢᠨ ᠬᠤᠶᠢᠨᠠᠬᠢ 18᠄ 00︶᠃ ᠲᠤᠰᠬᠠᠶ ᠰᠢᠤᠳᠠᠨ ᠬᠠᠶᠢᠷᠴᠠᠭ᠄ | ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ A001 ᠳ᠋ᠦ᠋ᠭᠡᠷ ᠰᠢᠤᠳᠠᠨ ᠬᠠᠶᠢᠷᠴᠠᠭ᠂ ᠲᠤᠰᠬᠠᠶ ᠴᠠᠬᠢᠮ | ᠵᠠᠬᠢᠳᠠᠯ ᠤᠨ ᠬᠠᠶ᠋ᠢᠭ᠄ dsxszcf@163.com᠃ ᠬᠠᠷᠢᠯᠴᠠᠬᠤ ᠵᠠᠬᠢᠳᠠᠯ ᠤᠨ ᠬᠠᠶᠢᠷᠴᠠᠭ᠄ 1. ᠰᠦᠩᠱᠠᠨ | ᠲᠣᠭᠤᠷᠢᠭ ᠤᠨ ᠷᠦᠢ ᠰᠢᠶᠠᠩ ᠬᠠᠰ ᠯᠣᠣ ᠵᠣᠴᠢᠳ ᠤᠨ ᠪᠠᠭᠤᠳᠠᠯ ︵ᠬᠠᠰ ᠯᠣᠣ ᠶᠡᠭᠡ ᠵᠡᠭᠡᠯᠢ ᠶᠢᠨ 60 ᠳ᠋ᠤᠭᠠᠷ | ᠨᠣᠮᠧᠷ︶ ᠤᠨ ᠪᠠᠷᠠᠭᠤᠨ ᠡᠭᠦᠳᠡᠨ ᠤ ᠬᠤᠶᠢᠲᠤ ᠲᠠᠯ᠎ᠠ᠃ 2. ᠤᠯᠠᠭᠠᠨᠬᠠᠳᠠ ᠬᠤᠲᠠ ᠶᠢᠨ ᠨᠠᠮ ᠵᠠᠰᠠᠭ ᠤᠨ | ᠶᠡᠷᠦᠩᠬᠡᠶᠢᠯᠡᠭᠰᠡᠨ ᠠᠰᠠᠷ ᠤᠨ ᠵᠡᠭᠦᠨ ᠲᠠᠯ᠎ᠠ ᠶᠢᠨ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠬᠡᠷ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠃ 3. ᠰᠦᠩᠱᠠᠨ ᠲᠣᠭᠤᠷᠢᠭ ᠤᠨ ᠬᠠᠰ ᠯᠣᠣ ᠶᠡᠭᠡ | ᠵᠡᠭᠡᠯᠢ ᠶᠢᠨ ᠵᠦᠩ ᠯᠢᠶᠠᠨ ᠲᠠᠯᠠᠪᠠᠶ ᠶᠢᠨ ᠬᠤᠶᠢᠲᠤ ᠡᠭᠦᠳᠡᠨ ᠤ 6 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ | ᠥᠷᠲᠡᠭᠡ ︵ᠵᠠᠮ ᠤᠨ ᠡᠮᠦᠨ᠎ᠡ︶᠃ 4. ᠰᠦᠩᠱᠠᠨ ᠲᠣᠭᠤᠷᠢᠭ ᠤᠨ ᠶᠦᠩ ᠶᠧ ᠠᠭᠤᠳᠠᠮ ᠲᠠᠯᠠᠪᠠᠢ ᠶᠢᠨ ᠬᠤᠸᠠ | ᠯᠢᠶᠠᠨ ᠬᠤᠳᠠᠯᠳᠤᠭᠠᠨ ᠤ ᠲᠥᠪ ᠤᠨ ᠬᠤᠶᠢᠲᠤ ᠡᠭᠦᠳᠡ ᠶᠢᠨ ᠵᠡᠭᠦᠨ ᠲᠠᠯ᠎ᠠ ᠶᠢᠨ ᠣᠷᠣᠬᠤ ᠡᠭᠦᠳᠡ᠃ 5. | ᠰᠦᠩᠱᠠᠨ ᠲᠣᠭᠤᠷᠢᠭ ᠤᠨ ᠨᠥᠬᠦᠷᠯᠡᠯ ᠶᠡᠭᠡ ᠵᠡᠭᠡᠯᠢ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ | ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵ᠵᠠᠮ ᠤᠨ ᠡᠮᠦᠨ᠎ᠡ︶᠃ 6. ᠶᠤᠸᠠᠨ ᠪᠣᠣ ᠱᠠᠨ ᠲᠤᠭᠤᠷᠢᠭ ᠤᠨ | ᠫᠢᠩᠵᠣᠸᠠᠩ ᠬᠤᠲᠠ ᠲᠤᠭᠤᠷᠢᠭ ᠤᠨ ᠲᠠᠢ ᠶᠠᠩ ᠱᠧᠨ ᠰᠠᠭᠤᠭᠠᠯᠢ ᠲᠤᠭᠤᠷᠢᠭ ᠤᠨ ᠪᠠᠷᠠᠭᠤᠨ ᠡᠭᠦᠳᠡ ᠶᠢᠨ ᠠᠯᠪᠠᠨ | ᠵᠠᠷ ᠤᠨ ᠰᠠᠮᠪᠠᠷ᠎ᠠ᠃ 7. ᠶᠤᠸᠠᠨ ᠪᠣᠣ ᠱᠠᠨ ᠲᠤᠭᠤᠷᠢᠭ ᠤᠨ ᠶᠤᠸᠠᠨ ᠺᠤᠸᠠᠩ ᠬᠡᠷᠡᠯᠲᠦ ᠲᠠᠯᠠᠪᠠᠢ ︵ᠪᠣᠣ ᠱᠠᠨ | ᠵᠡᠭᠡᠯᠢ ᠪᠠ ᠵᠠᠯᠠᠭᠤᠴᠤᠳ ᠵᠠᠮ ᠤᠨ ᠠᠭᠤᠯᠵᠠᠭᠤᠷ︶ ᠶᠢᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠡᠭᠦᠳᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ | ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠨ | ᠠᠪᠬᠤ ᠲᠥᠪ ᠤᠨ ᠬᠤᠶᠠᠳᠤᠭᠠᠷ ᠳᠠᠪᠬᠤᠷᠯᠢᠭ ᠤᠨ 201 ᠲᠠᠰᠤᠭ᠃ ᠥᠷᠭᠡᠨ ᠤᠯᠠᠨ ᠺᠠᠳ᠋ᠷ ᠤᠯᠠᠨ ᠲᠦᠮᠡᠨ ᠤ | ᠵᠠᠬᠢᠳᠠᠯ ᠤᠲᠠᠰᠤ ᠢᠷᠡᠭᠦᠯᠬᠦ ᠪᠣᠶᠣ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ | ᠳᠤᠭᠤᠶᠢᠯᠠᠩ ᠳᠤ ᠪᠠᠶᠢᠳᠠᠯ ᠢ ᠦᠨᠡᠨ ᠪᠣᠳᠠᠲᠠᠢ ᠪᠠᠷ ᠲᠤᠰᠬᠠᠬᠤ ᠶᠢ ᠪᠠᠶᠠᠷᠯᠠᠨ ᠤᠭᠲᠤᠵᠤ ᠪᠠᠢᠨ᠎ᠠ᠂ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠨᠢ 5 ᠰᠠᠷ᠎ᠠ ᠶᠢᠨ 28 ᠤ ᠡᠳᠦᠷ ᠬᠦᠷᠦᠨ᠎ᠡ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ | | 2020 ᠣᠨ ᠤ 3 ᠰᠠᠷ᠎ᠠ ᠶᠢᠨ 26 ᠤ ᠡᠳᠦᠷ | | | | |