ᠪᠡᠭᠡᠵᠢᠩ ᠠᠴᠠ ᠣᠩᠨᠢᠭᠤᠣᠨ ᠲᠤ ᠢᠷᠡᠵᠣ ᠣᠩᠨᠢᠭᠤᠣᠨ ᠳᠠᠭᠠᠨ ᠪᠤᠴᠠᠭᠰᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠵᠠᠷᠯᠠᠯ
ᠨᠡᠶᠢᠲᠡᠯᠡᠭᠰᠡᠨ ᠴᠠᠭ᠄
2020/6/15
                                   ︵ᠠᠷᠪᠠ ᠶᠢᠰᠦᠳᠦᠭᠡᠷ  ᠲᠣᠭᠠᠳᠣ︶          ᠣᠶᠢᠷ᠎ᠠ ᠳᠤ᠂ ᠪᠡᠭᠡᠵᠢᠩ ᠬᠤᠲᠠ ᠶᠢᠨ ᠰᠢᠨ᠎ᠡ ᠪᠠᠷ ᠨᠡᠮᠡᠭᠳᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠥᠷᠬᠦᠯᠵᠢᠯᠡᠨ ᠨᠡᠮᠡᠭᠳᠡᠵᠦ᠂ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠬᠡᠮᠵᠢᠶ᠎ᠡ ᠶᠢ ᠳᠤᠮᠳᠠᠳᠤ ᠵᠡᠷᠭᠡ ᠶᠢᠨ ᠲᠦᠭᠰᠢᠬᠦᠷᠢᠲᠠᠢ ᠭᠠᠵᠠᠷ ᠣᠷᠣᠨ ᠪᠣᠯᠭᠠᠨ ᠲᠣᠬᠢᠷᠠᠭᠤᠯᠪᠠ᠃ ᠮᠠᠨ ᠤ ᠬᠤᠰᠢᠭᠤᠨ ᠤ ᠪᠡᠭᠡᠵᠢᠩ ᠳᠤ ᠢᠷᠡᠵᠦ ᠶᠠᠪᠤᠬᠤ ᠬᠥᠮᠦᠰ ᠣᠯᠠᠰᠢᠷᠠᠵᠤ ᠪᠠᠶᠢᠭ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂  ᠣᠳᠣ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ  ᠵᠠᠷᠯᠠᠶ᠎ᠠ᠄         ᠨᠢᠭᠡ᠂ ᠲᠣᠰ ᠡᠳᠦᠷ ᠠᠴᠠ ᠡᠬᠢᠯᠡᠨ᠂ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠠᠴᠠ ᠣᠩᠨᠢᠭᠤᠣᠨ ᠲᠤ ᠢᠷᠡᠵᠣ ᠣᠩᠨᠢᠭᠤᠣᠨ ᠳᠠᠭᠠᠨ ᠪᠤᠴᠠᠭᠰᠠᠳ ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠬᠤᠰᠢᠭᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠲᠠᠢ ᠤᠷᠢᠳᠴᠢᠯᠠᠨ ᠬᠠᠷᠢᠯᠴᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠦᠬᠦᠢ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃        ᠬᠤᠶᠠᠷ᠂ 5 ᠰᠠᠷ᠎ᠠ ᠶᠢᠨ 31 ᠤ ᠡᠳᠦᠷ ᠠᠴᠠ ᠨᠠᠰᠢ ᠪᠡᠭᠡᠵᠢᠩ ᠬᠤᠲᠠ ᠠᠴᠠ ᠣᠩᠨᠢᠭᠤᠣᠨ ᠲᠤ ᠢᠷᠡᠵᠣ ᠣᠩᠨᠢᠭᠤᠣᠨ ᠳᠠᠭᠠᠨ ᠪᠤᠴᠠᠭᠰᠠᠳ᠂ ᠳᠠᠷᠤᠶ ᠲᠦᠷᠭᠡᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶  ᠳᠠᠭᠠᠨ ᠮᠡᠳᠡᠭᠦᠯᠵᠦ᠂ ᠰᠠᠨᠠᠭᠠᠴᠢᠯᠠᠭ᠎ᠠ ᠠᠴᠠ ᠪᠠᠨ ᠭᠡᠷ ᠲᠡᠭᠡᠨ ᠰᠠᠭᠤᠨ ᠲᠤᠰᠠᠭᠠᠷᠯᠠᠬᠤ ᠶᠢᠨ ᠬᠠᠮᠳᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠳᠤ ᠰᠠᠶᠢᠳᠣᠷ ᠬᠠᠮᠵᠢᠯᠴᠠᠬᠤ ᠬᠡᠷᠡᠭᠲᠡᠶ᠃        ᠭᠤᠷᠪᠠ᠂ ᠲᠣᠰ ᠬᠥᠮᠦᠨ ᠵᠢᠴᠢ ᠬᠦᠯᠢᠶᠡᠨ ᠠᠪᠬᠤ ᠨᠢᠭᠡᠴᠡ ᠨᠢ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠠᠮᠵᠢᠯᠴᠠᠬᠤ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠨᠳᠦ ᠨᠣᠴᠢᠲᠠᠶ ᠤᠷᠰᠢᠭ ᠲᠠᠲᠠᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠠᠢ  ᠃       ᠳᠥᠷᠪᠡ᠂ ᠥᠷᠭᠡᠨ ᠣᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠠᠷᠢᠭᠤᠳᠬᠠᠵᠣ ᠰᠠᠯᠬᠢ ᠨᠡᠪᠲᠡᠷᠡᠭᠦᠯᠬᠦ᠂ ᠴᠣᠭᠯᠠᠷᠠᠵᠣ ᠪᠦᠭᠡᠮᠨᠡᠷᠡᠬᠦ ᠶᠢ ᠪᠠᠭᠠᠰᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠥᠷᠬᠦᠯᠵᠢᠯᠡᠨ ᠪᠠᠷᠢᠮᠳᠠᠯᠠᠵᠣ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠬᠡᠷᠡᠭᠲᠠᠢ᠃       ᠲᠠ ᠬᠡᠷᠪᠡ ᠪᠡᠭᠡᠵᠢᠩ ᠬᠤᠲᠠ ᠠᠴᠠ ᠣᠩᠨᠢᠭᠤᠣᠨ ᠳᠠᠭᠠᠨ ᠪᠤᠴᠠᠭᠰᠠᠳ ᠢ ᠣᠯᠵᠣ ᠮᠡᠳᠡᠪᠡᠯ ᠲᠠᠷᠡ ᠲᠠᠷᠣᠢ  ᠳᠤᠨᠢ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠬᠤᠰᠢᠭᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠲᠠᠢ ᠬᠠᠷᠢᠯᠴᠠᠬᠤ ᠶᠢ ᠬᠦᠰᠡᠬᠦ ᠶᠢᠨ ᠬᠠᠮᠳᠣ ᠢᠯᠡᠴᠢᠯᠡᠨ ᠮᠡᠳᠡᠭᠦᠯᠦᠭᠰᠡᠨ ᠱᠠᠩᠨᠠᠯ ᠢ ᠴᠠᠭ ᠲᠤᠬᠠᠶ ᠳᠤᠨᠢ ᠭᠠᠷᠳᠠᠭᠤᠯᠵᠣ᠂ ᠲᠠᠨ ᠤ ᠬᠠᠮᠵᠢᠯᠴᠠᠭᠰᠠᠨ ᠳᠤ ᠲᠠᠯᠠᠷᠬᠠᠬᠤ ᠪᠣᠯᠣᠨ᠎ᠠ︕    ᠣᠩᠨᠢᠭᠤᠳ ᠬᠤᠰᠢᠭᠤᠨ ᠤ ᠵᠢᠯᠣᠭᠤᠳᠬᠤ ᠭᠠᠵᠠᠷ᠄  0476 - 6352391    ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠄  110 ᠤᠲᠠᠰᠤ    ᠴᠢᠤᠸᠠᠨ ᠨᠢᠩ ᠵᠡᠭᠡᠯᠢ ᠭᠤᠳᠤᠮᠵᠢ ᠶᠢᠨ ᠵᠢᠯᠣᠭᠤᠳᠬᠤ ᠭᠠᠵᠠᠷ᠄  0476-6503036    ᠴᠢᠤᠸᠠᠨ ᠨᠢᠩ ᠨᠡᠶᠢᠭᠡᠮ ᠲᠣᠭᠤᠷᠢᠭ᠄  13848365525    ᠾᠧᠨᠠᠨ ᠨᠡᠶᠢᠭᠡᠮ ᠲᠣᠭᠤᠷᠢᠭ᠄ 15047251777    ᠰᠢᠨᠬᠤᠸᠠ ᠨᠡᠶᠢᠭᠡᠮ ᠲᠣᠭᠤᠷᠢᠭ᠄ 15049912384    ᠰᠢᠨ᠎ᠡ ᠬᠤᠳᠠ ᠨᠡᠶᠢᠭᠡᠮ ᠲᠣᠭᠤᠷᠢᠭ  ᠄  13804767895    ᠹᠦ᠋ ᠾᠧ ᠨᠡᠶᠢᠭᠡᠮ ᠲᠣᠭᠤᠷᠢᠭ᠄   15047603577    ᠽᠢ ᠴᠧᠩ ᠵᠡᠭᠡᠯᠢ ᠭᠤᠳᠤᠮᠵᠢ ᠶᠢᠨ ᠵᠢᠯᠣᠭᠤᠳᠬᠤ ᠭᠠᠵᠠᠷ᠄  0476-6503440    ᠬᠥ᠋ ᠴᠧᠩ ᠨᠡᠶᠢᠭᠡᠮ ᠲᠣᠭᠤᠷᠢᠭ᠄   0476-6320037        13789467893    ᠶᠦᠩ ᠰᠢᠩ ᠨᠡᠶᠢᠭᠡᠮ ᠲᠣᠭᠤᠷᠢᠭ᠄  0476-6320036      13948168959    ᠹᠦ᠋ ᠰᠢᠩ ᠨᠡᠶᠢᠭᠡᠮ ᠲᠣᠭᠤᠷᠢᠭ᠄  15804764733    ᠪᠣᠷᠣᠬᠤᠳᠠ ᠪᠠᠯᠭᠠᠰᠤᠨ ᠤ ᠵᠢᠯᠣᠭᠤᠳᠬᠤ ᠭᠠᠵᠠᠷ᠄   0476-2303027    ᠴᠢᠶᠣᠤ ᠳᠧᠦ ᠪᠠᠯᠭᠠᠰᠤᠨ ᠤ ᠵᠢᠯᠣᠭᠤᠳᠬᠤ ᠭᠠᠵᠠᠷ᠄  0476 - 6518413    ᠦᠳᠡ ᠶᠢᠨ ᠬᠤᠸᠠ ᠪᠠᠯᠭᠠᠰᠤᠨ ᠤ ᠵᠢᠯᠣᠭᠤᠳᠬᠤ ᠭᠠᠵᠠᠷ᠄  0476 - 6495475    ᠭᠤᠳᠠᠭᠠᠷ ᠭᠦᠩ ᠪᠠᠯᠭᠠᠰᠤᠨ ᠤ ᠵᠢᠯᠣᠭᠤᠳᠬᠤ ᠭᠠᠵᠠᠷ᠄ 0476-6615003    ᠡᠤ ᠹᠧᠨ ᠳ᠋ᠢ ᠪᠠᠯᠭᠠᠰᠤᠨ ᠤ ᠵᠢᠯᠣᠭᠤᠳᠬᠤ ᠭᠠᠵᠠᠷ᠄  0476-6684400    ᠣᠳᠠᠨᠳᠣᠬᠤᠢ ᠪᠠᠯᠭᠠᠰᠤᠨ ᠤ ᠵᠢᠯᠣᠭᠤᠳᠬᠤ ᠭᠠᠵᠠᠷ᠄ 0476 - 6417306    ᠬᠠᠶᠢᠯᠠᠰᠤ ᠪᠠᠯᠭᠠᠰᠤᠨ ᠤ ᠵᠢᠯᠣᠭᠤᠳᠬᠤ ᠭᠠᠵᠠᠷ  ᠄ 0476 - 6738003    ᠶᠡᠭᠡ ᠭᠦᠩ ᠪᠠᠯᠭᠠᠰᠤᠨ ᠤ ᠵᠢᠯᠣᠭᠤᠳᠬᠤ ᠭᠠᠵᠠᠷ᠄ 0476 - 6637440    ᠵᠢᠶᠧ ᠹᠠᠩ ᠶᠢᠩᠽᠢ ᠰᠢᠶᠠᠩ ᠤᠨ ᠵᠢᠯᠣᠭᠤᠳᠬᠤ ᠭᠠᠵᠠᠷ᠄ 0476-2787006    ᠮᠠᠭᠤ ᠱᠠᠩᠳᠠ ᠰᠢᠶᠠᠩ ᠶᠢᠨ ᠵᠢᠯᠣᠭᠤᠳᠬᠤ ᠭᠠᠵᠠᠷ᠄ 0476-6666003    ᠰᠢᠨᠡᠰᠦ᠋ᠮ᠎ᠡ ᠰᠤᠮᠤ ᠶᠢᠨ ᠵᠢᠯᠣᠭᠤᠳᠬᠤ ᠭᠠᠵᠠᠷ᠄ 0476-6755004    ᠪᠠᠶᠠᠨᠲᠣᠬᠤᠶ ᠰᠤᠮᠤ ᠶᠢᠨ ᠵᠢᠯᠣᠭᠤᠳᠬᠤ ᠭᠠᠵᠠᠷ᠄ 0476-6782003    ᠠᠰᠢᠬᠠᠨ ᠰᠤᠮᠤ ᠶᠢᠨ ᠵᠢᠯᠣᠭᠤᠳᠬᠤ ᠭᠠᠵᠠᠷ᠄ 0476-6400003    ᠬᠡᠷᠰᠡᠩ ᠰᠤᠮᠤ ᠶᠢᠨ ᠵᠢᠯᠣᠭᠤᠳᠬᠤ ᠭᠠᠵᠠᠷ᠄ 0476-6748555    ᠳ᠋ᠠᠰᠢᠩ ᠲᠠᠷᠢᠶᠠᠯᠠᠩ ᠤᠨ ᠲᠠᠯᠠᠪᠠᠢ ᠵᠢᠨ‌ᠵᠢᠯᠣᠭᠤᠳᠬᠤ ᠭᠠᠵᠠᠷ᠄ 0476-6770003                       ᠣᠩᠨᠢᠭᠤᠣᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠣᠯ ᠢ                     ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ                                        2020 ᠣᠨ   ᠤ 6  ᠰᠠᠷ᠎ᠠ   ᠶᠢᠨ 13   ᠤ ᠡᠳᠣᠷ
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号