ᠮᠠᠭᠤ ᠱᠠᠩᠳᠠ ᠰᠢᠶᠠᠩ ᠴᠠᠭ ᠢ ᠠᠮᠵᠢᠨ ᠲᠠᠪᠤᠨ ᠲᠦᠮᠡᠨ ᠮᠦ ᠰᠠᠭᠠᠭ ᠤᠨ ᠲᠠᠷᠢᠶ᠎ᠠ ᠪᠠᠨ ᠬᠤᠷᠢᠶᠠᠪᠠ
ᠨᠡᠶᠢᠲᠡᠯᠡᠭᠰᠡᠨ ᠴᠠᠭ᠄
2020/9/24
         ᠮᠠᠭᠤ ᠱᠠᠩᠳᠠ ᠰᠢᠶᠠᠩ ᠤᠨ ᠲᠠᠪᠤᠨ ᠲᠦᠮᠡᠨ ᠮᠦ ᠰᠠᠭᠠᠭ ᠪᠦᠷ ᠪᠣᠯᠪᠠᠰᠤᠷᠠᠵᠤ᠂ ᠬᠠᠳᠤᠵᠤ ᠬᠤᠷᠢᠶᠠᠬᠤ ᠴᠠᠭ ᠬᠦᠷᠴᠥ ᠢᠷᠡᠬᠦ ᠲᠠᠢ ᠲᠠᠪᠬᠤᠴᠠᠨ᠂ ᠬᠡᠳᠦᠨ ᠡᠳᠦᠷ ᠳᠠᠷᠠᠭᠠᠯᠠᠨ ᠪᠣᠷᠣᠭᠠᠨ ᠣᠷᠣᠭᠰᠠᠨ ᠤ ᠳᠠᠷᠠᠭ᠎ᠠ  ᠰᠠᠯᠬᠢ ᠳᠡᠭᠳᠡᠵᠦ᠂ ᠲᠠᠷᠢᠶᠠᠴᠢᠳ  ᠢ ᠰᠠᠨᠳᠤᠷᠭᠠᠪᠠ᠃  ᠴᠠᠭ ᠢ ᠠᠮᠵᠢᠨ ᠬᠤᠷᠢᠶᠠᠬᠤ ᠦᠭᠡᠢ ᠪᠤᠯ᠂ ᠪᠤᠯᠪᠠᠰᠤᠷᠠᠭᠰᠠᠨ ᠲᠠᠷᠢᠶ᠎ᠠ ᠭᠠᠵᠠᠷ ᠤᠨᠠᠵᠤ᠂ ᠮᠦᠬᠦᠯᠢᠭ ᠠᠮᠤ ᠴᠤ ᠤᠯᠵᠤ ᠬᠤᠷᠢᠶᠠᠬᠤ ᠦᠭᠡᠢ  ᠬᠤᠬᠢᠷᠠᠯ ᠭᠠᠷᠴᠤ ᠮᠡᠳᠡᠬᠦ ᠤᠴᠢᠷ  ᠠᠴᠠ᠂ ᠨᠢᠭᠡᠳᠥᠯᠳᠡᠢ ᠬᠠᠷᠢᠭᠤᠴᠠᠨ ᠡᠵᠡᠩᠨᠡᠵᠥ ᠪᠠᠶᠢᠬᠤ ᠹᠠᠩ ᠱᠧᠨ ᠭᠸᠥ ᠲᠤᠰᠬᠤᠨ ᠤ ᠯᠦᠩ ᠰᠢᠩ ᠬᠤᠷᠰᠢᠶᠠᠵᠢᠯ  ᠤᠨ ᠬᠢᠨᠢ ᠬᠦᠮᠥᠨ ᠤ ᠭᠦᠴᠥᠨ ᠪᠤᠯᠤᠨ ᠮᠠᠰᠢᠨ ᠲᠤᠨᠤᠭ ᠢ ᠵᠤᠬᠢᠶᠠᠨ ᠪᠠᠶᠢᠭᠤᠯᠵᠤ᠂ ᠰᠠᠯᠬᠢᠨ ᠠᠴᠠ ᠵᠠᠪᠳᠤᠨ ᠬᠤᠷᠢᠶᠠᠵᠤ ᠤᠷᠤᠯᠭ᠎ᠠ ᠶᠢ ᠪᠠᠳᠤᠯᠠᠬᠤ ᠬᠠᠳᠤᠵᠤ ᠬᠤᠷᠢᠶᠠᠬᠤ ᠠᠵᠢᠯ ᠢᠶᠠᠨ ᠦᠷᠨᠢᠭᠦᠯᠥᠭᠰᠡᠨ ᠪᠠᠶᠢᠨ᠎ᠠ᠃        ᠰᠤᠷᠪᠤᠯᠵᠢᠯᠠᠭᠴᠢ ᠮᠠᠭᠤ ᠱᠠᠩᠳᠠ ᠰᠢᠶᠠᠩ ᠤᠨ ᠹᠠᠩ ᠱᠧᠨ ᠭᠸᠥ ᠲᠣᠰᠬᠤᠨ ᠤ ᠯᠦᠩ ᠰᠢᠩ ᠬᠤᠷᠰᠢᠶᠠᠨ ᠤ ᠰᠠᠭᠠᠭ ᠤᠨ ᠲᠠᠷᠢᠮᠠᠯ ᠤᠨ ᠰᠠᠭᠤᠷᠢᠨ ᠭᠠᠵᠠᠷ ᠲᠤ ᠬᠦᠷᠬᠦ ᠳᠤ᠂ ᠳᠣᠯᠤᠭ᠎ᠠ  ᠨᠠᠢᠮᠠᠨ ᠬᠠᠳᠤᠵᠤ ᠬᠤᠷᠢᠶᠠᠬᠤ ᠮᠠᠰᠢᠨ ᠲᠠᠷᠢᠶᠠᠨ ᠳᠤᠮᠳᠠᠭᠤᠷ ᠰᠦᠯᠵᠢᠯᠳᠦᠨ᠂ ᠰᠠᠯᠬᠢ ᠰᠦᠷᠥᠨ ᠬᠠᠳᠤᠵᠤ ᠬᠤᠷᠢᠶᠠᠭᠠᠳ ᠲᠤᠩ ᠶᠠᠭᠠᠷᠠᠯᠳᠠᠢ ᠠᠵᠢᠯᠯᠠᠵᠤ ᠪᠠᠶᠢᠯ᠎ᠠ᠃        ᠮᠠᠭᠤ ᠱᠠᠩᠳᠠ ᠰᠢᠶᠠᠩ ᠤᠨ ᠹᠠᠩ ᠱᠧᠨ ᠭᠸᠥ ᠲᠣᠰᠬᠤᠨ ᠤ ᠨᠠᠮ ᠤᠨ ᠡᠭᠦᠷ ᠤᠨ ᠱᠦᠵᠢ ᠵᠠᠩ ᠴᠢᠩ ᠵᠢᠶᠦ᠋ᠨ ᠮᠠᠨᠤᠰ ᠲᠤ᠂ ᠤᠶᠢᠷ᠎ᠠ ᠶᠢᠨ ᠬᠤᠭᠤᠴᠠᠭᠠᠨ ᠳᠤ ᠵᠠᠯᠭᠠᠭ᠎ᠠ ᠪᠠᠷ ᠪᠣᠷᠣᠭᠠᠨ ᠣᠷᠣᠭᠰᠠᠨ ᠢᠶᠠᠷ ᠪᠠᠷᠠᠬᠤ ᠦᠭᠡᠢ᠂ ᠥᠨᠥ ᠥᠷᠯᠥᠭᠡ ᠭᠡᠨᠡᠳᠲᠡ ᠶᠡᠭᠡ ᠰᠠᠯᠬᠢ ᠰᠠᠯᠬᠢᠯᠠᠵᠤ᠂ ᠠᠭᠤᠯᠠᠨ ᠬᠦᠳᠥᠯ ᠤᠨ ᠪᠤᠯᠪᠠᠰᠤᠷᠠᠭᠰᠠᠨ ᠰᠠᠭᠠᠭ ᠤᠨ ᠦᠷ᠎ᠡ ᠭᠠᠵᠠᠷ ᠤᠨᠠᠬᠤ ᠠᠶᠤᠯ ᠲᠠᠢ ᠪᠤᠯᠬᠤᠷ  ᠪᠢᠳᠡ ᠴᠠᠭ ᠲᠤᠬᠠᠶ ᠳᠤᠨᠢ ᠠᠷᠪᠠᠨ ᠰᠠᠤᠷᠢ ᠬᠠᠳᠤᠵᠤ ᠬᠤᠷᠢᠶᠠᠬᠤ ᠮᠠᠰᠢᠨ ᠢ ᠵᠣᠬᠢᠶᠠᠨ ᠪᠠᠶᠢᠭᠤᠯᠵᠤ᠂  ᠬᠤᠷᠰᠢᠶᠠᠵᠢᠯ ᠤᠨ ᠲᠠᠷᠢᠭᠰᠠᠨ 3000 ᠮᠦ ᠣᠷᠭᠠᠨᠢᠭ ᠰᠧᠯᠧᠨ ᠠᠭᠤᠯᠤᠭᠳᠠᠴᠠ ᠲᠠᠢ ᠰᠠᠭᠠᠭ ᠠᠮᠤ ᠶᠢ ᠥᠨᠥᠳᠦᠷ ᠤᠨ ᠣᠷᠣᠢ ᠶᠢᠨ ᠳᠣᠯᠣᠭᠠᠨ ᠴᠠᠭ ᠪᠤᠯᠳᠠᠯ᠎ᠠ ᠪᠦᠬᠦᠨ ᠢ ᠬᠥᠮᠥᠷᠭᠡ ᠳᠤ ᠤᠷᠤᠭᠤᠯᠬᠤ ᠪᠠᠷ ᠲᠡᠮᠡᠴᠡᠵᠥ ᠪᠠᠶᠢᠨ᠎ᠠ ᠭᠡᠵᠥ ᠲᠠᠨᠢᠯᠴᠠᠭᠤᠯᠤᠭᠰᠠᠨ ᠪᠠᠶᠢᠨ᠎ᠠ᠃       ᠪᠦᠷᠢᠨ ᠪᠤᠰᠤ ᠪᠦᠷᠢᠳᠬᠡᠯ ᠢ ᠦᠨᠳᠥᠰᠥᠯᠡᠪᠡᠯ  ᠂ ᠮᠠᠭᠤ ᠱᠠᠩᠳᠠ ᠰᠢᠶᠠᠩ ᠤᠨ ᠡᠨᠡ ᠵᠢᠯ ᠤᠨ ᠰᠠᠭᠠᠭ ᠤᠨ ᠶᠡᠷᠦᠩᠬᠡᠶ ᠤᠨᠠᠯᠳᠠ ᠪᠠᠷᠤᠭ ᠲᠠᠪᠤᠨ ᠮᠢᠩᠭᠠᠨ ᠲᠣᠨ ᠬᠦᠷᠴᠥ  ᠂ ᠵᠥᠪᠬᠡᠨ ᠰᠠᠭᠠᠭ ᠤᠨ ᠲᠥᠷᠥᠯ ᠵᠦᠢᠯ ᠨᠢ ᠲᠠᠷᠢᠶᠠᠴᠢᠳ ᠤᠨ ᠣᠷᠣᠯᠭ᠎ᠠ ᠶᠢ 800 ᠭᠠᠷᠤᠶ ᠲᠥᠭᠦᠷᠢᠭ  ᠨᠡᠮᠡᠭᠳᠡᠭᠦᠯᠬᠦ ᠪᠤᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号