ᠪᠦᠬᠦ ᠬᠤᠰᠢᠭᠤᠨ ᠤ ᠡᠯ᠎ᠡ ᠱᠠᠲᠣᠨ ᠤ ᠨᠠᠮ ᠤᠨ  ᠵᠤᠬᠢᠶᠠᠨ ᠪᠠᠶᠢᠭᠤᠯᠣᠯᠲᠠ᠂ ᠦᠷᠭᠡᠨ ᠣᠯᠠᠨ ᠨᠠᠮ ᠤᠨ ᠬᠡᠰᠢᠬᠦᠨ ᠵᠢᠴᠢ ᠠᠯᠪᠠᠨ ᠠᠵᠢᠯᠲᠠᠨ ᠳᠤ ᠢᠯᠡᠭᠡᠭᠰᠡᠨ ᠨᠢᠭᠡᠨ ᠬᠤᠪᠢ ᠢᠯᠡ ᠵᠠᠬᠢᠳᠠᠯ
ᠨᠡᠶᠢᠲᠡᠯᠡᠭᠰᠡᠨ ᠴᠠᠭ᠄
2020/9/3
ᠪᠦᠬᠦ ᠬᠤᠰᠢᠭᠤᠨ ᠤ ᠡᠯ᠎ᠡ ᠱᠠᠲᠣᠨ ᠤ ᠨᠠᠮ ᠤᠨ ᠵᠤᠬᠢᠶᠠᠨ ᠪᠠᠶᠢᠭᠤᠯᠣᠯᠲᠠ᠂ ᠦᠷᠭᠡᠨ ᠣᠯᠠᠨ ᠨᠠᠮ ᠤᠨ ᠬᠡᠰᠢᠬᠦᠨ ᠵᠢᠴᠢ ᠠᠯᠪᠠᠨ ᠠᠵᠢᠯᠲᠠᠨ ᠳᠤ᠄         ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠣᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠬᠰᠠᠨ ᠬᠦᠨᠳᠤ ᠴᠢᠬᠤᠯᠠ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠬᠤ ᠶᠤᠮ᠃ ᠦᠨᠳᠦᠰᠦᠳᠡᠨ ᠤ ᠰᠣᠷᠭᠠᠭᠤᠯᠢ ᠶᠢᠨ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠬᠡᠷᠡᠭᠯᠡᠬᠦ ᠬᠢᠷᠢ ᠬᠡᠮᠵᠢᠶ᠎ᠡ ᠶᠢ ᠲᠡᠭᠡᠭᠰᠢᠯᠡᠭᠦᠯᠬᠦ᠂ ᠦᠨᠳᠦᠰᠦᠳᠡᠨ ᠤ ᠰᠣᠷᠭᠠᠨ ᠬᠦᠮᠦᠵᠢᠯ ᠤᠨ ᠴᠢᠨᠠᠷ ᠰᠠᠶᠢᠲᠠᠢ ᠬᠦᠭᠵᠢᠬᠦ ᠶᠢ ᠠᠬᠢᠭᠤᠯᠬᠤ ᠳᠤ ᠬᠤᠯᠪᠣᠭᠳᠠᠵᠦ᠂ ᠡᠯ᠎ᠠ ᠦᠨᠳᠦᠰᠦᠳᠡᠨ ᠤ ᠣᠯᠠᠨ ᠲᠦᠮᠡᠨ ᠳᠤ ᠨᠡᠩ ᠡᠷᠭᠡ ᠲᠡᠭᠰᠢ᠂ ᠨᠡᠩ ᠶᠠᠰᠦ ᠴᠢᠨᠠᠷ ᠲᠠᠢ ᠰᠤᠷᠭᠠᠨ ᠬᠦᠮᠦᠵᠢᠯ ᠬᠦᠷᠳᠡᠭᠡᠬᠦ ᠳᠤ ᠴᠢᠬᠤᠯᠨ ᠶᠡᠭᠡ ᠪᠠᠶᠢᠯᠳᠣᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠠᠯᠣᠰ ᠭᠡᠳᠦ ᠶᠢᠨ ᠲᠡᠣᠭᠡᠳᠦ ᠠᠴᠢ ᠬᠤᠯᠪᠣᠭᠳᠠᠯ ᠲᠠᠢ ᠶᠣᠮ᠃ ᠦᠷᠬᠡᠨ ᠣᠯᠠᠨ ᠨᠠᠮ ᠤᠨ ᠭᠡᠰᠢᠬᠦᠨ ᠺᠠᠳ᠋ᠷ ᠢ ᠬᠠᠪᠰᠣᠷᠣᠨ ᠨᠠᠮ ᠪᠠ ᠣᠯᠣᠰ ᠤᠨ ᠦᠨᠳᠦᠰᠦᠳᠡᠨ ᠤ ᠲᠦᠷᠦ  ᠶᠢᠨ ᠪᠣᠳᠣᠯᠭ᠎ᠠ ᠶᠢ ᠵᠦᠪ ᠢᠶᠠᠷ ᠣᠶᠢᠯᠠᠭᠠᠨ ᠭᠡᠷᠡᠭᠵᠢᠭᠦᠯᠵᠦ᠂ ᠬᠡᠪ ᠤᠨ ᠵᠢᠭᠠᠨ ᠰᠣᠷᠭᠠᠯᠳᠠ ᠶᠢᠨ ᠡᠮᠬᠢ ᠲᠢᠭᠯᠢᠮ ᠢ ᠬᠠᠮᠠᠭᠠᠯᠠᠵᠦ᠂ ᠮᠠᠨ ᠤ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠰᠣᠷᠭᠠᠨ ᠬᠦᠮᠦᠵᠢᠯ  ᠤᠨ ᠠᠵᠢᠯ ᠤᠨ ᠡᠯ᠎ᠠ ᠵᠦᠢᠯ ᠤᠨ ᠠᠷᠭ᠎ᠠ ᠬᠡᠮᠵᠢᠶ᠎ᠡ ᠶᠢ ᠪᠦᠳᠦᠮᠵᠢᠲᠠᠢ ᠨᠠᠶᠢᠳᠠᠪᠣᠷᠢᠵᠢᠭᠤᠯᠬᠤ ᠶᠢ ᠪᠠᠳᠣᠯᠬᠤ ᠶᠢᠨ ᠲᠦᠯᠦᠭᠡ᠂ ᠣᠩᠨᠢᠭᠤᠳ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠡᠳᠦᠭᠡ ᠲᠤᠤᠷᠠᠬᠢ ᠮᠠᠳᠤ ᠰᠠᠨᠠᠭᠤᠯᠭ᠎ᠠ ᠭᠠᠷᠭᠠᠯ᠎ᠠ᠄        ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠤᠯᠤᠰ ᠲᠦᠷᠤ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠲᠦᠷᠪᠡᠨ ᠣᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠤ᠂ ᠪᠠᠶᠢᠯᠳᠤᠬᠤ ᠪᠤᠳᠣᠯᠭ᠎ᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠣᠨ᠂ ᠨᠠᠮ ᠤᠨ ᠬᠡᠰᠢᠬᠦᠨ᠂ ᠺᠠᠳ᠋ᠷ ᠠᠵᠢᠯᠲᠠᠨ᠂ ᠮᠠᠯᠴᠢᠨ ᠲᠠᠷᠢᠶᠠᠴᠢᠨ ᠣᠯᠠᠨ ᠲᠦᠮᠡᠨ ᠢ ᠢᠳᠡᠪᠬᠢᠲᠠᠢ ᠲᠠᠭᠠᠭᠤᠯᠵᠤ᠂ ᠤᠯᠤᠰ ᠲᠦᠷᠤ ᠪᠠ ᠪᠦᠬᠦ ᠲᠠᠯ᠎ᠠ ᠶᠢᠨ ᠵᠤᠭᠰᠣᠴᠠ ᠠᠴᠠ᠂ ᠴᠦᠬᠡᠨ ᠲᠤᠭᠠᠲᠤ ᠦᠨᠳᠦᠰᠦᠲᠡᠨ ᠤ ᠰᠣᠷᠣᠭᠴᠢᠳ ᠤᠨ ᠦᠵᠡᠯ ᠤᠬᠠᠮᠰᠠᠷ ᠤᠨ ᠬᠢᠷᠢ ᠲᠦᠪᠰᠢᠨ ᠂ ᠣᠨᠣᠯ ᠪᠠ ᠰᠣᠶᠣᠯ ᠤᠨ ᠬᠡᠪ ᠴᠢᠨᠠᠷ᠂ ᠶᠡᠷᠤᠩᠬᠡᠶᠢᠯᠡᠭᠰᠡᠨ ᠬᠦᠭᠵᠢᠯᠲᠡ ᠶᠢᠨ ᠴᠢᠳᠠᠮᠵᠢ ᠶᠢ ᠲᠠᠰᠣᠷᠠᠯᠲᠠ ᠦᠭᠡᠢ ᠲᠡᠭᠡᠭᠰᠢᠯᠠᠬᠦᠯᠬᠦ ᠡᠭᠦᠳᠡᠨ ᠠᠴᠠ᠂ ᠪᠦᠬᠦ ᠬᠤᠰᠢᠭᠤᠨ ᠤ ᠴᠢᠳᠠᠪᠤᠷᠢᠲᠠᠨ ᠢ ᠬᠦᠮᠦᠵᠢᠬᠦᠯᠬᠦ ᠪᠠ ᠰᠣᠶᠣᠯ ᠰᠣᠷᠭᠠᠨ ᠬᠦᠮᠦᠵᠢᠯ ᠢ ᠲᠦᠯᠬᠢᠨ ᠠᠬᠢᠭᠤᠯᠬᠤ ᠦᠨᠳᠦᠷᠴᠡ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠲᠠᠨᠢᠨ ᠮᠡᠳᠡᠷᠡᠬᠦ ᠬᠡᠷᠡᠭᠲᠡᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠬᠤᠲᠠ ᠶᠢᠨ ᠨᠠᠮ ᠤᠨ ᠬᠤᠷᠢᠶ᠎ᠡ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠶᠣᠰᠣᠭᠠᠷ᠂ ᠣᠯᠣᠰ ᠲᠦᠷᠤ ᠶᠢᠨ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠨ᠂ ᠤᠯᠤᠰ ᠲᠦᠷᠤ ᠶᠢᠨ ᠴᠢᠭᠯᠡᠯ ᠢ ᠵᠦᠪ ᠡᠵᠡᠮᠳᠡᠨ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠨ᠂ ᠰᠠᠨᠠᠭᠠᠴᠢᠯᠠᠭ᠎ᠠ ᠠᠴᠠ ᠪᠠᠨ ᠡᠬᠦᠷᠬᠡᠯᠡᠵᠤ᠂ ᠲᠤᠬᠠᠢ ᠶᠢᠨ ᠣᠷᠣᠨ᠂ ᠪᠠᠶᠢᠭᠤᠯᠭ᠎ᠠ ᠨᠢᠭᠡᠴᠡ ︵ᠰᠠᠯᠠᠭ᠎ᠠ ᠮᠦᠴᠢᠷ︶ ᠶᠢᠨ ᠨᠠᠮ ᠤᠨ ᠬᠡᠰᠢᠬᠦᠨ᠂ ᠺᠠᠳ᠋ᠷ ᠠᠵᠢᠯᠲᠠᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠦᠵᠡᠯ ᠣᠬᠠᠮᠰᠠᠷ ᠤᠨ ᠪᠠᠶᠢᠳᠠᠯ ᠵᠢᠴᠢ ᠬᠡᠳᠦᠷᠡᠮᠡᠬᠡᠢ ᠦᠭᠡ ᠶᠠᠷᠢᠶ᠎ᠠ ᠦᠢᠯᠡ ᠠᠵᠢᠯᠯᠠᠭ᠎ᠠ ᠶᠢ ᠤᠨᠤᠪᠴᠢᠲᠠᠢ ᠪᠠᠷ ᠮᠠᠭᠠᠳᠯᠠᠨ ᠲᠣᠭᠲᠠᠭᠠᠵᠣ᠂ ᠴᠠᠭ ᠲᠤᠬᠠᠢ ᠳᠤᠨᠢ ᠰᠡᠷᠡᠨ ᠮᠡᠳᠡᠵᠤ᠂ ᠴᠠᠭ ᠲᠤᠬᠠᠢ ᠳᠤᠨᠢ ᠰᠠᠨᠠᠭᠤᠯᠵᠤ᠂ ᠴᠠᠭ ᠲᠤᠬᠠᠢ ᠳᠤᠨᠢ ᠰᠣᠷᠭᠠᠨ ᠬᠦᠮᠦᠵᠢᠭᠦᠯᠵᠤ᠂ ᠴᠠᠭ ᠲᠤᠬᠠᠢ ᠳᠤᠨᠢ ᠲᠠᠭᠡᠭᠰᠢ ᠮᠡᠳᠡᠬᠦᠯᠵᠤ᠂ ᠴᠠᠭ ᠲᠤᠬᠠᠢ ᠳᠤᠨᠢ ᠰᠢᠢᠳᠪᠦᠷᠢᠯᠡᠨ᠂ ᠳᠠᠭᠠᠭᠤᠯᠣᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠣᠨ᠂ ᠪᠦᠬᠦ ᠬᠤᠰᠢᠭᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠰᠣᠷᠭᠠᠭᠤᠯᠢ ᠨᠤᠭᠤᠳ ᠨᠢᠭᠡᠳᠤᠯᠲᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠣᠷᠣᠭᠰᠢᠲᠠᠢ ᠶᠠᠪᠤᠭᠳᠠᠬᠤ ᠳᠤ ᠡᠷᠡᠰ ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠣᠯᠠᠭ᠎ᠠ ᠬᠠᠩᠭᠠᠬᠤ ᠬᠡᠷᠡᠭᠲᠡᠢ᠃        ᠪᠦᠬᠦ ᠬᠤᠰᠢᠭᠤᠨ ᠤ ᠥᠷᠬᠡᠨ ᠤᠯᠠᠨ ᠨᠠᠮ ᠤᠨ ᠭᠡᠰᠢᠭᠦᠨ ᠪᠠ ᠠᠯᠪᠠᠨ ᠠᠵᠢᠯᠲᠠᠨ ᠵᠠᠪᠠᠯ ᠣᠯᠣᠰ ᠲᠦᠷᠦ  ᠶᠢᠨ ᠵᠣᠭᠰᠣᠯᠲᠠ ᠪᠠᠲᠤ ᠪᠠᠶᠢᠵᠤ᠂  ᠤᠯᠤᠰ ᠲᠥᠷᠦ ᠶᠢᠨ ᠲᠣᠭᠲᠠᠯ ᠬᠦᠴᠦᠨ ᠢ ᠪᠠᠷᠢᠮᠲᠠᠯᠠᠨ᠂ ᠢᠮᠠᠭᠲᠠ ᠦᠵᠡᠯ ᠰᠠᠨᠠᠭ᠎ᠠ᠂ ᠣᠯᠣᠰ ᠲᠦᠷᠦ᠂ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ  ᠪᠠᠷ ᠨᠢᠭᠡᠳᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ ᠤᠨ ᠰᠤᠷᠭᠠᠨ ᠬᠦᠮᠦᠵᠢᠯ ᠤᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠬᠡᠪ ᠤᠨ ᠡᠮᠬᠢ ᠲᠢᠭᠯᠢᠮ ᠢ ᠲᠦᠷᠦᠭᠦᠯᠡᠨ ᠬᠠᠮᠠᠭᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ ᠤᠨ ᠰᠤᠷᠭᠠᠨ ᠬᠦᠮᠦᠵᠢᠯ ᠤᠨ ᠲᠥᠷᠦ ᠶᠢᠨ ᠪᠣᠳᠤᠯᠭ᠎ᠠ ᠲᠠᠢ ᠡᠰᠡᠷᠭᠦ ᠶᠠᠷᠢᠶ᠎ᠠ ᠬᠡᠯᠡᠯᠴᠡᠭᠡ ᠶᠢ ᠨᠡᠶᠢᠳᠡᠯᠡᠵᠦ ᠳᠠᠮᠵᠢᠭᠤᠯᠬᠤ ᠦᠭᠡᠢ᠂ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠤᠨ ᠬᠥᠭᠵᠢᠯᠲᠡ ᠳᠤ ᠠᠰᠢᠭ ᠦᠭᠡᠢ ᠶᠠᠪᠣᠳᠠᠯ ᠢ ᠬᠢᠬᠦ ᠦᠭᠡᠢ᠂ ᠭᠡᠷ ᠤᠨ ᠬᠦᠮᠦᠰ᠂ ᠰᠠᠳᠣᠨ ᠲᠦᠷᠦᠯ᠂ ᠨᠠᠶᠢᠵᠠ ᠨᠦᠬᠦᠳ ᠪᠤᠯᠤᠨ ᠬᠠᠵᠠᠭᠤ ᠬᠠᠪᠢ ᠶᠢᠨ ᠤᠯᠠᠨ ᠲᠦᠮᠡᠨ ᠳᠡᠭᠡᠨ ᠵᠢᠱᠢᠶᠡᠴᠢ ᠳᠠᠭᠠᠭᠤᠯᠤᠭᠴᠢ ᠪᠣᠯᠬᠤ ᠬᠡᠷᠡᠭᠲᠡᠢ᠃ ᠳᠡᠭᠡᠲᠦ ᠬᠡᠮᠵᠢᠶᠡᠨ ᠤ ᠤᠯᠤᠰ ᠲᠥᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭᠠᠨ ᠤ ᠤᠬᠠᠮᠰᠠᠷ ᠢᠶᠠᠷ ᠣᠯᠣᠰ ᠤᠨ ᠨᠢᠭᠡᠲᠦᠯᠲᠠᠢ ᠬᠡᠷᠡᠭᠯᠡᠬᠦ ᠵᠢᠭᠠᠬᠤ ᠮᠠᠲ᠋ᠧᠷᠢᠶᠠᠯ ᠤᠨ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ ᠶᠢ ᠰᠤᠷᠤᠯᠴᠠᠬᠤ᠂ ᠤᠬᠠᠭᠤᠯᠬᠤ ᠪᠤᠯᠤᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠦ᠂ ᠮᠠᠯᠴᠢᠨ ᠲᠠᠷᠢᠶᠠᠴᠢᠨ ᠤᠯᠠᠨ ᠲᠦᠮᠡᠨ ᠤ ᠠᠩᠬᠠᠷᠴᠦ ᠪᠠᠶᠢᠭ᠎ᠠ ᠬᠠᠯᠠᠮᠰᠢᠯ ᠠᠰᠠᠭᠤᠳᠠᠯ ᠳᠤ ᠴᠠᠭ ᠲᠤᠬᠠᠢ ᠳᠤᠨᠢ ᠲᠠᠶᠢᠯᠪᠤᠷᠢ ᠪᠠ ᠵᠥᠪ ᠲᠠᠯ᠎ᠠ ᠶᠢᠨ ᠵᠢᠯᠤᠭᠤᠳᠤᠮᠵᠢ ᠬᠢᠵᠦ᠂ ᠢᠯᠡ ᠲᠣᠳᠣᠷᠬᠠᠢ ᠪᠤᠰᠤ᠂ ᠬᠤᠳᠠᠯ ᠬᠠᠭᠤᠷᠮᠠᠭ ᠶᠠᠷᠢᠶ᠎ᠠ ᠬᠡᠯᠡᠯᠴᠡᠭᠡ ᠶᠢ ᠴᠠᠭ ᠲᠤᠬᠠᠢ ᠳᠤᠨᠢ ᠬᠤᠷᠢᠭᠯᠠᠨ ᠵᠠᠯᠠᠷᠠᠭᠤᠯᠵᠦ᠂ ᠭᠡᠷ ᠤᠨ ᠬᠦᠮᠦᠰ᠂ ᠰᠠᠳᠤᠨ ᠲᠥᠷᠥᠯ᠂ ᠨᠠᠶᠢᠵᠠ ᠨᠦᠬᠦᠳ ᠪᠤᠯᠤᠨ ᠬᠠᠵᠠᠭᠤ ᠬᠠᠪᠢ ᠶᠢᠨ ᠤᠯᠠᠨ ᠲᠥᠮᠡᠨ ᠢ ᠤᠶᠤᠨᠴᠢ ᠪᠠᠷ ᠪᠣᠳᠣᠯᠬᠢᠯᠠᠨ᠂ ᠵᠦᠪ ᠢᠶᠠᠷ ᠬᠠᠨᠳᠦᠬᠤ ᠶᠢ ᠰᠠᠨᠠᠭᠠᠴᠢᠯᠠᠭ᠎ᠠ ᠲᠠᠢ ᠪᠠᠷ ᠵᠢᠯᠤᠭᠤᠳᠴᠦ᠂ ᠴᠤᠤᠷᠬᠠᠯ ᠲᠠᠯᠪᠢᠬᠤ ᠦᠬᠡᠢ᠂ ᠴᠤᠤᠷᠬᠠᠯ ᠢ ᠢᠳᠡᠭᠡᠬᠦ ᠦᠭᠡᠢ᠂ ᠴᠤᠤᠷᠬᠠᠯ ᠲᠠᠷᠬᠠᠭᠠᠬᠤ ᠦᠬᠡᠢ᠃ ᠦᠷ᠎ᠡ ᠬᠡᠦᠭᠡᠳ ᠨᠢ ᠦᠨᠳᠤᠰᠤᠳᠠᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠮ ᠤᠨ ᠬᠡᠰᠢᠬᠦᠨ ᠪᠠ ᠠᠯᠪᠠᠨ ᠠᠵᠢᠯᠳᠠᠨ ᠲᠦᠷᠦᠬᠦᠯᠠᠨ ᠰᠤᠷᠭᠠᠭᠤᠯᠢ ᠶᠢᠨ ᠱᠠᠭᠠᠷᠳᠠᠯᠭ᠎ᠠ ᠶᠤᠰᠤᠭᠠᠷ ᠦᠷ᠎ᠡ ᠬᠡᠦᠭᠡᠳ ᠢᠶᠠᠨ ᠴᠠᠭ ᠲᠤᠬᠠᠢ ᠳᠤ ᠨᠢ ᠰᠤᠷᠭᠠᠭᠤᠯᠢ ᠳᠤ ᠨᠢ ᠬᠦᠷᠭᠡᠵᠤ᠂ ᠤᠯᠤᠰ ᠤᠨ ᠨᠠᠶᠢᠳᠠᠮ ᠬᠡᠷᠡᠭᠯᠠᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ  ᠶᠢ ᠨᠠᠶᠢᠳᠠᠪᠤᠷᠢᠵᠢᠭᠤᠯᠬᠤ ᠬᠡᠷᠡᠭᠳᠡᠢ᠃         ᠬᠤᠰᠢᠭᠤᠨ ᠤ ᠰᠠᠬᠢᠯᠭ᠎ᠠ ᠪᠠᠳᠦ ᠬᠢᠨᠠᠨ ᠪᠠᠶᠢᠴᠠᠭᠠᠬᠤ ᠪᠠᠶᠢᠭᠤᠯᠭ᠎ᠠ ᠨᠢ ᠤᠯᠤᠰ ᠲᠥᠷᠥ ᠶᠢᠨ ᠰᠡᠷᠭᠡᠭ ᠴᠢᠨᠠᠷ ᠪᠠ ᠤᠯᠤᠰ ᠲᠥᠷᠥ ᠶᠢᠨ ᠢᠯᠭᠠᠨ ᠲᠠᠨᠢᠬᠤ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠤᠮᠲᠠ ᠤᠷᠤᠰᠢᠵᠦ ᠪᠠᠶᠢᠭ᠎ᠠ ᠲᠠᠨᠢᠯᠲᠠ ᠶᠢᠨ ᠲᠠᠯ᠎ᠠ ᠪᠠᠷ ᠵᠦᠷᠢᠶ᠎ᠡ ᠲᠠᠢ ᠂ ᠠᠵᠢᠯ ᠢᠶᠠᠨ ᠬᠦᠢᠴᠡᠳ ᠪᠡᠶᠡᠯᠡᠬᠦᠯᠦᠭᠰᠡᠨ ᠦᠬᠡᠢ᠂ ᠠᠷᠭ᠎ᠠ ᠭᠡᠯᠪᠡᠷᠢ ᠨᠢ ᠨᠠᠷᠢᠯᠢᠭ ᠦᠬᠡᠢ᠂ ᠬᠡᠪ ᠰᠤᠷᠳᠠᠯ ᠪᠠᠬᠢᠵᠢᠬᠦᠨ ᠪᠤᠰᠤ ᠵᠡᠷᠬᠡ ᠲᠣᠪᠣᠶᠢᠮ᠎ᠠ ᠠᠰᠠᠭᠤᠳᠠᠯ ᠳᠤ ᠴᠢᠭᠯᠡᠬᠦᠯᠵᠦ᠂ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠴᠢᠩᠭ᠎ᠠ ᠬᠢᠨᠠᠮᠠᠭᠠᠢ ᠪᠠᠷ ᠰᠠᠬᠢᠯᠭ᠎ᠠ ᠪᠠᠲᠦ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠨᠠᠮ ᠤᠨ ᠭᠡᠰᠢᠭᠦᠨ ᠺᠠᠳ᠋ᠷ ᠪᠤᠯᠤᠨ ᠠᠯᠪᠠᠨ ᠠᠵᠢᠯᠲᠠᠨ ᠤᠯᠤᠰ ᠲᠥᠷᠦ ᠶᠢᠨ ᠰᠠᠬᠢᠯᠭ᠎ᠠ ᠪᠠᠲᠦ᠂ ᠤᠯᠤᠰ ᠲᠥᠷᠦ ᠶᠢᠨ ᠶᠤᠰᠤ ᠵᠢᠷᠦᠮ ᠢ ᠰᠠᠬᠢᠬᠤ ᠦᠭᠡᠢ᠂ ᠬᠠᠷᠢᠭᠤᠴᠠᠯᠭ᠎ᠠ ᠲᠤᠳᠠᠮᠠᠭ᠂ ᠨᠠᠵᠠᠭᠠᠢ ᠪᠠᠷ ᠬᠠᠨᠳᠦᠬᠤ᠂ ᠴᠤᠤᠷᠬᠠᠯ ᠲᠠᠯᠪᠢᠬᠤ ᠪᠠ ᠴᠤᠤᠷᠬᠠᠯ ᠲᠠᠷᠬᠠᠭᠠᠬᠤ ᠳᠤ ᠤᠷᠤᠯᠴᠠᠬᠤ ᠵᠡᠷᠭᠡ ᠳᠦᠷᠢᠮ ᠲᠣᠭᠲᠠᠭᠠᠯ ᠰᠠᠬᠢᠯᠭ᠎ᠠ ᠪᠠᠲᠦ ᠬᠠᠤᠯᠢ ᠴᠠᠭᠠᠵᠠ ᠠᠴᠠ ᠵᠦᠷᠢᠴᠡᠭᠰᠡᠨ ᠠᠰᠠᠭᠤᠳᠠᠯ ᠢ ᠰᠢᠢᠳᠪᠦᠷᠢᠯᠡᠬᠦ ᠬᠦᠴᠦᠯᠡᠴᠡ ᠶᠢ ᠨᠡᠮᠡᠭᠳᠡᠭᠦᠯᠵᠦ᠂ ᠨᠡᠩ ᠣᠨᠴᠠᠭᠠᠶᠢᠯᠠᠨ ︽ᠬᠤᠶᠠᠷ ᠨᠢᠭᠤᠷᠲᠠᠨ︾ ᠢ ᠢᠯᠭᠠᠨ ᠲᠠᠨᠢᠬᠤ ᠪᠠ ᠪᠠᠶᠢᠴᠠᠭᠠᠨ ᠰᠢᠢᠳᠬᠡᠬᠦ ᠬᠦᠴᠦᠯᠡᠴᠡ ᠪᠠᠨ ᠨᠠᠮᠡᠭᠳᠡᠬᠦᠯᠦᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡ ᠶᠢᠨ ᠠᠷᠤ ᠳᠠᠬᠢ ᠰᠠᠬᠢᠯᠭ᠎ᠠ ᠪᠠᠲᠦ ᠬᠠᠤᠯᠢ ᠴᠠᠭᠠᠵᠠ ᠶᠢ ᠵᠦᠷᠢᠴᠡᠭᠰᠡᠨ ᠠᠰᠠᠭᠤᠳᠠᠯ ᠢ ᠭᠦᠨᠵᠡᠭᠡᠢ ᠠᠭᠤᠳᠠᠯᠯᠠᠵᠤ ᠬᠢᠨᠠᠮᠠᠭᠠᠢ ᠪᠠᠶᠢᠴᠠᠭᠠᠬᠤ ᠶᠢ ᠪᠠᠷᠢᠮᠲᠠᠯᠠᠨ᠂ ᠴᠤᠤᠷᠬᠠᠯ ᠲᠠᠯᠪᠢᠬᠤ᠂ ᠴᠤᠤᠷᠬᠠᠯ ᠲᠠᠷᠬᠠᠭᠠᠬᠤ᠂ ᠨᠡᠩ ᠤᠨᠴᠠᠭᠠᠶᠢᠯᠠᠨ ᠨᠠᠮ ᠤᠨ ᠲᠥᠪ ᠬᠤᠷᠢᠶ᠎ᠡ ᠶᠢ ᠲᠣᠷ᠎ᠠ ᠪᠠᠷ ᠢᠶᠠᠨ ᠮᠠᠭᠤᠰᠢᠶᠠᠬᠤ᠂ ᠵᠠᠪᠰᠠᠷᠳᠠᠭᠤᠯᠤᠨ ᠥᠳᠦᠭᠡᠵᠤ ᠦᠢᠮᠡᠭᠡᠨ ᠭᠠᠷᠭᠠᠭᠰᠠᠨ ᠠᠰᠠᠭᠤᠳᠠᠯ ᠢ ᠢᠯᠠᠷᠠᠬᠦᠯᠪᠠᠯ ᠵᠠᠪᠠᠯ ᠬᠠᠮᠢᠶ᠎ᠠ ᠪᠦᠭᠦᠢ ᠨᠠᠮ ᠤᠨ ᠰᠠᠬᠢᠯᠭ᠎ᠠ ᠪᠠᠲᠦ ᠤᠯᠤᠰ ᠤᠨ ᠬᠠᠤᠯᠢ ᠴᠠᠭᠠᠵᠠ ᠶᠢ ᠦᠨᠳᠦᠰᠦᠯᠡᠵᠤ ᠴᠢᠩᠭ᠎ᠠ ᠰᠢᠢᠳᠬᠡᠨ᠎ᠡ᠃       ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ       ᠣᠩᠨᠢᠭᠤᠳ ᠬᠤᠰᠢᠭᠤᠨ ᠤ ᠬᠢᠨᠠᠨ ᠪᠠᠶᠢᠴᠠᠭᠠᠬᠤ ᠬᠤᠷᠢᠶ᠎ᠠ       ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                               2020 ᠣᠨ ᠤ 9 ᠰᠠᠷ᠎ᠠ ᠶᠢᠨ 1 ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号