ᠪᠣᠷᠣᠬᠤᠲᠠ ᠮᠣᠩᠭᠤᠯ ᠳᠤᠮᠳᠠᠳᠤ ᠰᠤᠷᠭᠠᠭᠤᠯᠢ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠥ ᠪᠠᠶᠢᠨ᠎ᠠ
ᠨᠡᠶᠢᠲᠡᠯᠡᠭᠰᠡᠨ ᠴᠠᠭ᠄
2020/9/30
          ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠰᠤᠷᠤᠯᠴᠠᠯᠭ᠎ᠠ ᠳᠤ ᠨᠡᠩ ᠲᠦᠷᠭᠡᠨ ᠨᠡᠩ ᠰᠠᠶᠢᠨ ᠵᠣᠬᠢᠴᠠᠭᠤᠯᠬᠤ ᠶᠢᠨ ᠲᠥᠯᠥᠭᠡ ᠪᠣᠷᠣᠬᠤᠲᠠ ᠮᠣᠩᠭᠤᠯ ᠳᠤᠮᠳᠠᠳᠤ ᠰᠤᠷᠭᠠᠭᠤᠯᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂  ᠨᠢᠬᠡᠲᠣᠯᠲᠠᠢ ᠲᠥᠯᠥᠪᠯᠡᠨ ᠲᠣᠬᠢᠷᠠᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠣᠯᠵᠣ ᠪᠠᠶᠢᠨ᠎ᠠ᠃      ᠰᠤᠷᠪᠤᠯᠵᠢᠯᠠᠭᠴᠢ ᠪᠣᠷᠣᠬᠤᠲᠠ ᠮᠣᠩᠭᠤᠯ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠤᠨ ᠵᠢᠭᠠᠨ ᠰᠤᠳᠤᠯᠬᠤ ᠲᠠᠰᠤᠭ ᠲᠤ ᠬᠦᠷᠬᠦ ᠳᠤ᠂ ᠠᠩᠬ᠎ᠠ ᠳᠤᠮᠳᠠᠳᠤ ᠶᠢᠨ ᠬᠡᠯᠡ ᠪᠢᠴᠢᠭ ᠤᠨ ᠵᠢᠭᠠᠨ ᠰᠤᠳᠤᠯᠬᠤ ᠳᠤᠭᠤᠶᠢᠯᠠᠩ ᠤᠨ  ᠪᠠᠭᠰᠢ ᠨᠠᠷ ᠶᠠᠭ ᠰᠠᠶᠢᠬᠠᠨ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠵᠦ᠂ ᠬᠢᠲᠠᠳ ᠬᠡᠯᠡᠨ ᠤ ᠵᠢᠭᠠᠨ ᠰᠤᠳᠤᠯᠬᠤ ᠲᠣᠭᠤᠶᠢᠯᠠᠩ ᠤᠨ ᠳᠠᠷᠤᠭ᠎ᠠ ᠭᠦᠸᠧ ᠰᠢᠤ ᠶᠢᠩ  ᠪᠠᠭᠰᠢ ᠠᠴᠠ ᠰᠢᠨ᠎ᠡ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠲᠣᠬᠠᠢ ᠵᠢᠯᠣᠭᠤᠲᠣᠯᠭ᠎ᠠ ᠬᠢᠵᠥ ᠪᠠᠶᠢᠯ᠎ᠠ᠃      ᠭᠦᠸᠧ ᠰᠢᠤ ᠶᠢᠩ ᠲᠤᠬᠠᠶ ᠶᠢᠨ ᠲᠠᠯᠠᠪᠠᠢ ᠳᠤ ᠳᠠᠨᠢᠯᠴᠠᠭᠤᠯᠣᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠬᠤ ᠨᠢ ᠮᠠᠨ ᠤ ᠡᠯ᠎ᠡ ᠦᠨᠳᠦᠰᠦᠲᠡᠨ ᠤ ᠰᠤᠷᠤᠭᠴᠢᠳ ᠲᠤ ᠲᠦᠢᠯ ᠤᠨ ᠴᠢᠬᠤᠯᠠ ᠶᠤᠮ᠃ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠬᠤ ᠠᠵᠢᠯ ᠤᠨ ᠡᠭᠦᠷᠭᠡ ᠶᠢ ᠴᠢᠨᠠᠷᠲᠠᠢ ᠪᠡᠶᠡᠯᠡᠭᠦᠯᠬᠦ ᠶᠢᠨ ᠲᠥᠯᠥᠭᠡ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠬᠡᠯᠡ ᠪᠢᠴᠢᠭ ᠤᠨ ᠪᠠᠭᠰᠢ ᠶᠢ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢ ᠨᠡᠩ  ᠰᠠᠶᠢᠳᠤᠷ ᠡᠵᠡᠮᠰᠢᠭᠦᠯᠵᠥ᠂ ᠬᠡᠤᠬᠡᠳ ᠲᠤ ᠨᠡᠩ ᠥᠨᠳᠥᠷ ᠴᠢᠨᠠᠷᠲᠠᠢ ᠰᠤᠷᠭᠠᠨ ᠬᠥᠮᠦᠵᠢᠯ ᠬᠥᠷᠲᠡᠭᠡᠬᠦ ᠶᠢᠨ ᠲᠥᠯᠥᠭᠡ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠᠭᠰᠢ ᠶᠢᠨ ᠡᠩᠨᠡᠭᠡᠨ ᠤ ᠪᠣᠯᠪᠠᠰᠤᠷᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠣ  ᠪᠠᠶᠢᠨ᠎ᠠ ᠭᠡᠵᠡᠢ᠃      ᠣᠶᠢᠯᠠᠭᠠᠭᠰᠠᠨ ᠢᠶᠠᠷ᠂  ᠪᠣᠷᠣᠬᠤᠲᠠ ᠮᠣᠩᠭᠤᠯ ᠰᠣᠷᠭᠠᠭᠤᠯᠢ ᠶᠢᠨ ᠬᠢᠲᠠᠳ ᠬᠡᠯᠡᠨ ᠤ ᠪᠠᠭᠰᠢ ᠨᠠᠷ ᠪᠣᠯ ᠤᠯᠠᠩᠬᠢ ᠨᠢ  ᠪᠦᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠡᠭᠡᠭᠰᠢᠬᠢ ᠬᠤᠣᠰ ᠬᠡᠯᠡᠨ ᠤ ᠠᠩᠭᠢ ᠠᠴᠠ ᠲᠡᠭᠦᠰᠦᠭᠰᠡᠨ ᠬᠢᠷᠢ ᠬᠡᠮᠵᠢᠶ᠎ᠡ ᠲᠠᠢ ᠪᠠᠭᠰᠢ ᠨᠠᠷ  ᠪᠣᠯᠣᠨ᠎ᠠ᠂ ᠮᠡᠳᠡᠯᠭᠡ ᠶᠢᠨ ᠬᠡᠪᠴᠢᠶ᠎ᠡ ᠥᠷᠭᠡᠨ  ᠂ ᠵᠢᠭᠠᠨ ᠰᠤᠷᠭᠠᠯᠲᠠ ᠶᠢᠨ ᠬᠢᠷᠢ ᠲᠦᠪᠰᠢᠨ ᠥᠨᠳᠥᠷ᠂ ᠬᠦᠯᠢᠶᠡᠨ ᠠᠪᠬᠤ ᠴᠢᠳᠠᠪᠤᠷᠢ ᠴᠢᠩᠭ᠎ᠠ᠂ ᠡᠨᠡ ᠬᠦ ᠣᠨᠴᠠᠯᠢᠭ  ᠲᠤ ᠴᠢᠭᠯᠡᠭᠦᠯᠵᠥ᠂  ᠪᠣᠷᠣᠬᠤᠲᠠ ᠮᠣᠩᠭᠤᠯ ᠳᠤᠮᠳᠠᠳᠤ ᠰᠤᠷᠭᠠᠭᠤᠯᠢ ᠴᠤ ᠬᠢᠳᠠᠳ ᠬᠡᠯᠡᠨ ᠤ ᠬᠢᠴᠢᠶᠡᠯᠯᠡᠭᠡ ᠶᠢᠨ ᠲᠠᠯ᠎ᠠ ᠪᠠᠷ ᠴᠤ ᠭᠦᠢᠴᠡᠳ  ᠪᠡᠯᠡᠳᠬᠡᠯ ᠬᠢᠭᠰᠡᠨ ᠪᠠᠶᠢᠨ᠎ᠠ᠃       ᠭᠦᠸᠧ ᠰᠢᠤ ᠶᠢᠩ ᠪᠠᠭᠰᠢ ᠪᠠᠰᠠ ᠲᠠᠨᠢᠯᠴᠠᠭᠤᠯᠬᠤ ᠳᠠᠭᠠᠨ  ᠂ ᠲᠠᠷᠠᠭᠠᠴᠢ ᠶᠢᠨ ᠠᠯᠬᠤᠮ ᠳᠤ ᠤᠯᠠᠨ ᠪᠠᠭᠰᠢ ᠨᠠᠷ ᠢᠶᠠᠨ ᠵᠤᠬᠢᠶᠠᠨ ᠪᠠᠶᠢᠭᠤᠯᠵᠤ᠂ ᠠᠬ᠎ᠠ ᠳᠡᠭᠦᠤ ᠰᠣᠷᠭᠠᠭᠤᠯᠢ ᠳᠤ ᠣᠴᠢᠵᠣ ᠬᠢᠴᠢᠶᠡᠯ ᠰᠤᠨᠤᠰᠬᠠᠨ᠂ ᠬᠢᠷᠢ ᠬᠡᠮᠵᠢᠶ᠎ᠡ ᠶᠢ ᠨᠢ ᠤᠯᠠᠮ ᠨᠢᠭᠡ ᠠᠯᠬᠤᠮ ᠲᠡᠭᠡᠭᠰᠢᠯᠡᠭᠦᠯᠵᠥ᠂  ᠨᠢᠭᠡᠳᠥᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠤᠨ ᠬᠦᠴᠢᠷᠲᠡᠶ ᠵᠦᠢᠯ ᠪᠠ ᠬᠢᠴᠢᠶᠡᠯ ᠣᠷᠣᠬᠤ ᠲᠠᠯ᠎ᠠ ᠪᠠᠷ ᠬᠢ ᠬᠦᠴᠢᠷᠳᠡᠯ   ᠢ ᠢᠯᠠᠨ ᠳᠠᠪᠠᠵᠤ᠂  ᠰᠤᠷᠤᠭᠴᠢᠳ  ᠤᠨ ᠤᠯᠤᠰ ᠤᠨ ᠨᠡᠶᠢᠳᠡᠮ ᠬᠡᠷᠡᠭᠯᠡᠬᠦ ᠬᠡᠯᠡ ᠶᠢ ᠰᠠᠶᠢᠨ  ᠰᠣᠷᠬᠤ ᠳᠤ ᠵᠢᠭᠠᠨ ᠰᠤᠷᠭᠠᠯᠳᠠ ᠶᠢᠨ ᠰᠠᠶᠢᠨ ᠰᠠᠭᠤᠷᠢ   ᠶᠢ ᠲᠠᠯᠪᠢᠵᠥ ᠥᠭᠬᠦ   ᠪᠠᠷ  ᠪᠡᠯᠡᠬᠡᠨ ᠪᠤᠯᠤᠭᠠᠳ ᠪᠠᠶᠢᠨ᠎ᠠ ᠭᠡᠪᠡ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠨᠠᠶᠢᠷᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号