ᠤᠯᠠᠭᠠᠨᠬᠠᠳᠠ ᠬᠤᠲᠠ ᠶᠢᠨ ᠭᠠᠳᠠᠨ᠎ᠠ ᠠᠴᠠ ᠢᠷᠡᠭᠰᠡᠳ᠂ ᠤᠩᠨᠢᠭᠤᠳ ᠬᠤᠰᠢᠭᠤᠨ ᠳᠤ ᠪᠤᠴᠠᠭᠰᠠᠳ  ᠢ ᠮᠡᠳᠡᠬᠦᠯᠤᠨ  ᠲᠠᠩᠰᠠᠯᠠᠭᠤᠯᠬᠤ ᠠᠵᠢᠯ  ᠢ ᠤᠯᠠᠮ  ᠨᠢᠭᠡ  ᠠᠯᠬᠤᠮ  ᠴᠢᠩᠭᠠᠳᠬᠠᠬᠤ  ᠲᠤᠬᠠᠢ  ᠵᠠᠷᠯᠠᠯ
ᠨᠡᠶᠢᠲᠡᠯᠡᠭᠰᠡᠨ ᠴᠠᠭ᠄
2021/1/16
ᠤᠯᠠᠭᠠᠨᠬᠠᠳᠠ ᠬᠤᠲᠠ ᠶᠢᠨ ᠭᠠᠳᠠᠨ᠎ᠠ ᠠᠴᠠ ᠢᠷᠡᠭᠰᠡᠳ᠂ ᠤᠩᠨᠢᠭᠤᠳ ᠬᠤᠰᠢᠭᠤᠨ ᠳᠤ ᠪᠤᠴᠠᠭᠰᠠᠳ   ᠢ  ᠮᠡᠳᠡᠬᠦᠯᠤᠨ  ᠲᠠᠩᠰᠠᠯᠠᠭᠤᠯᠬᠤ ᠠᠵᠢᠯ   ᠢ ᠤᠯᠠᠮ  ᠨᠢᠭᠡ  ᠠᠯᠬᠤᠮ  ᠴᠢᠩᠭᠠᠳᠬᠠᠬᠤ  ᠲᠤᠬᠠᠢ   ᠵᠠᠷᠯᠠᠯ                                                              ︵ ᠨᠢᠭᠡᠲᠤᠭᠡᠷ ᠲᠤᠭᠠᠲᠤ︶    ᠣᠳᠣᠬᠠᠨ ᠳᠤ ᠮᠠᠨ ᠤ ᠬᠤᠰᠢᠭᠤᠨ ᠤ ᠡᠷᠭᠢᠨ ᠲᠣᠭᠤᠷᠢᠨ ᠤ ᠭᠠᠵᠠᠷ ᠣᠷᠣᠨ ᠳᠤ ᠰᠢᠨ᠎ᠡ ᠭᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠷᠬᠠᠢ ᠪᠤᠳᠠᠷᠬᠠᠢ ᠳᠡᠯᠭᠡᠷᠡᠵᠦ ᠪᠠᠶᠢᠬᠤ  ᠪᠠ  ᠭᠡᠰᠡᠭ ᠪᠦᠯᠦᠭ  ᠭᠠᠵᠠᠷ ᠤᠷᠤᠨ ᠳᠤ ᠪᠦᠬᠡᠮ ᠢᠶᠠᠷ ᠲᠡᠯᠭᠡᠷᠡᠬᠦ ᠦᠵᠡᠭᠳᠡᠯ ᠢᠯᠡᠷᠡᠭᠰᠡᠨ ᠬᠦᠨᠳᠦ ᠨᠣᠴᠢᠲᠠᠶ  ᠪᠤᠳᠤᠯᠢᠶᠠᠨᠳᠤ ᠪᠠᠶᠢᠳᠠᠯ ᠢ ᠦᠨᠳᠦᠰᠦᠯᠡᠨ᠂ ︽ᠭᠠᠳᠠᠨ᠎ᠠ ᠠᠴᠠ  ᠬᠠᠯᠳᠠᠪᠤᠷᠢᠯᠠᠬᠤ ᠶᠢ  ᠰᠡᠷᠬᠡᠶᠢᠯᠡᠨ᠂ ᠲᠤᠳᠤᠭᠠᠲᠤ ᠳᠤ ᠪᠠᠨ ᠲᠠᠬᠢᠨ ᠲᠡᠯᠭᠡᠷᠡᠬᠦ  ᠶᠢ ᠠᠩᠬᠠᠷᠬᠤ︾ ᠰᠡᠷᠬᠡᠶᠢᠯᠡᠨ ᠡᠵᠡᠮᠳᠡᠬᠦ ᠠᠷᠭ᠎ᠠ  ᠬᠡᠮᠵᠢᠶ᠎ᠠ ᠶᠢ ᠰᠠᠶᠢᠲᠤᠷ  ᠨᠠᠶᠢᠳᠠᠪᠤᠷᠢᠵᠢᠭᠤᠯᠵᠤ᠂ ︽ ᠬᠠᠷᠢᠶ᠎ᠠ ᠭᠠᠵᠠᠷ᠂ ᠰᠠᠯᠠᠭ᠎ᠠ ᠮᠥᠴᠢᠷ᠂  ᠪᠠᠶᠢᠭᠤᠯᠭ᠎ᠠ ᠨᠢᠭᠡᠴᠠ᠂ ᠬᠤᠪᠢ ᠬᠥᠮᠦᠨ︾ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ  ᠶᠢ  ᠪᠤᠳᠠᠳᠠᠶᠢᠵᠢᠭᠤᠯᠵᠤ  ᠂ ᠬᠢᠵᠢᠭ ᠤᠨ ᠪᠠᠶᠢᠳᠠᠯ ᠢ ︽ᠡᠷᠲᠡ ᠢᠯᠡᠷᠡᠭᠦᠯᠬᠦ︾ ᠴᠢᠳᠠᠪᠤᠷᠢ ᠶᠢ ᠪᠦᠬᠦ ᠲᠠᠯ᠎ᠠ ᠪᠠᠷ ᠲᠠᠭᠡᠭᠰᠢᠯᠡᠬᠦᠯᠤᠨ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ  ᠡᠵᠡᠮᠳᠡᠬᠦ ᠠᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠬᠦᠯᠵᠤ᠂ ᠠᠷᠠᠳ ᠣᠯᠠᠨ ᠤ ᠠᠮᠢ ᠨᠠᠰᠤ᠂ ᠡᠷᠡᠭᠦᠯ  ᠴᠢᠬᠢᠷᠠᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ   ᠶᠢᠨ ᠲᠦᠯᠦᠬᠡ᠂ ᠣᠩᠨᠢᠭᠤᠣᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠥᠷᠪᠢᠰᠣᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠣᠭᠤᠳᠬᠤ  ᠬᠡᠯᠳᠡᠰ   ᠠᠴᠠ  ᠲᠤᠤᠷᠠᠬᠢ ᠲᠤᠭᠳᠠᠭᠠᠯ ᠢ ᠲᠤᠭᠳᠠᠭᠠᠪᠠ᠄   ᠨᠢᠬᠡ᠂ ᠦᠨᠤᠳᠤᠷ ᠠᠴᠠ ᠡᠬᠢᠯᠡᠨ᠂  ᠪᠦᠬᠦᠶᠢᠯᠡ ᠤᠯᠠᠭᠠᠨᠬᠠᠲᠠ ᠬᠤᠲᠠ ᠶᠢᠨ ᠭᠠᠳᠠᠨ᠎ᠠ ᠠᠴᠠ ᠢᠷᠡᠭᠰᠡᠳ᠂ ᠤᠩᠨᠢᠭᠤᠳ ᠬᠤᠰᠢᠭᠤᠨ ᠳᠤ ᠪᠤᠴᠠᠬᠤ ᠭᠡᠵᠤ ᠪᠠᠶᠢᠭ᠎ᠠ ᠬᠦᠮᠤᠰ ᠡᠷᠬᠡᠪᠰᠢ ᠰᠠᠨᠨᠠᠭᠠᠴᠢᠯᠠᠭ᠎ᠠ ᠠᠴᠠ ᠪᠠᠨ ᠵᠣᠷᠢᠭᠰᠠᠨ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠪᠠᠶᠢᠭᠤᠯᠭ᠎ᠠ ᠨᠢᠭᠡᠴᠡ ᠳᠤ   ᠪᠠᠨ  ᠮᠡᠳᠡᠬᠦᠯᠤᠨ  ᠲᠠᠩᠰᠠᠯᠠᠭᠤᠯᠵᠤ᠂  ᠬᠦᠳᠡᠯᠦᠩᠭᠦᠢ ᠪᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠭᠡᠷᠡᠭᠲᠠᠢ᠃ ᠡᠭᠦᠨ ᠠᠴᠠ ᠡᠮᠦᠨ᠎ᠡ  ᠬᠤᠲᠠ ᠶᠢᠨ ᠭᠠᠳᠠᠨ᠎ᠠ ᠠᠴᠠ ᠨᠢᠭᠡᠨᠲᠡ ᠢᠷᠡᠭᠰᠡᠳ᠂ ᠤᠩᠨᠢᠭᠤᠳ ᠬᠤᠰᠢᠭᠤᠨ ᠳᠤ ᠨᠢᠭᠡᠨᠲᠡ ᠪᠤᠴᠠᠭᠰᠠᠨ ᠬᠦᠮᠤᠰ  ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠪᠠᠶᠢᠭᠤᠯᠭ᠎ᠠ ᠨᠢᠭᠡᠴᠡ ᠳᠤ   ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ᠬᠤᠶᠠᠷ᠂ ᠡᠯ᠎ᠡ ᠲᠥᠷᠥᠯ ᠤᠨ  ᠦᠢᠯᠡᠳᠪᠤᠷᠢᠯᠡᠯ ᠡᠵᠡᠩᠨᠡᠯᠲᠡ ᠶᠢᠨ  ᠨᠢᠬᠡᠴᠠ ︵ᠠᠵᠤ ᠠᠬᠤᠶᠢᠯᠠᠯ᠂ ᠠᠵᠢᠯ  ᠦᠢᠯᠡᠰ ᠤᠨ  ᠨᠢᠬᠡᠴᠠ︶ ᠡᠷᠬᠡᠪᠰᠢ  ᠰᠤᠷᠠᠭ ᠵᠠᠩᠬᠢ ᠶᠢ ᠳᠡᠩᠰᠡᠯᠡᠨ ᠲᠡᠮᠳᠡᠭᠯᠡᠬᠦ᠂ ᠪᠡᠶ᠎ᠡ ᠶᠢᠨ ᠳᠤᠯᠠᠭᠠᠨ ᠢ  ᠬᠡᠮᠵᠢᠬᠦ ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ   ᠨᠡᠶᠢᠳᠠᠪᠤᠷᠢᠵᠢᠭᠤᠯᠬᠤ ᠭᠡᠷᠡᠭᠲᠠᠢ᠃ ᠪᠡᠶ᠎ᠡ ᠶᠢᠨ ᠳᠤᠯᠠᠭᠠᠨ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠨᠢ ᠬᠡᠪ ᠤᠨ ᠪᠤᠰᠤ ᠪᠠᠶᠢᠭ᠎ᠠ ᠰᠡᠵᠢᠭᠯᠡᠯᠲᠡᠶ ᠬᠥᠮᠦᠰ ᠢ ᠣᠯᠵᠤ ᠮᠡᠳᠡᠪᠡᠯ᠂  ᠲᠠᠷᠤᠢ ᠳᠤ ᠨᠢ ᠢᠳᠬᠠᠵᠤ ᠪᠠᠶᠢᠭᠠᠳ ᠲᠤᠬᠠᠶ ᠶᠢᠨ ᠭᠠᠵᠠᠷ  ᠲᠤ ᠨᠢ ᠲᠤᠰᠠᠭᠠᠷᠯᠠᠨ ᠬᠦᠯᠢᠶᠡᠯᠭᠡᠵᠦ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠲᠦᠷᠭᠡᠨ ᠮᠡᠳᠡᠬᠦᠯᠬᠦ ᠭᠡᠷᠡᠭᠲᠠᠢ ᠃ ᠮᠡᠳᠡᠬᠦᠯᠦᠯᠲᠠ ᠶᠢ ᠤᠯᠤᠭᠰᠠᠨ ᠭᠠᠵᠠᠷ ᠤᠨ  ᠬᠢᠨᠢ  ᠬᠠᠮᠢᠶ᠎ᠠ ᠪᠦᠬᠦᠢ ᠰᠤᠷᠠᠭ  ᠵᠠᠩᠬᠢ ᠶᠢ  ᠬᠠᠷᠭᠤᠭᠤᠯᠤᠨ᠂  ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ  ᠨᠡᠶᠢᠳᠠᠪᠤᠷᠢᠵᠢᠭᠤᠯᠵᠤ᠂  ᠬᠢᠵᠢᠭ ᠥᠷᠭᠡᠳᠬᠦ ᠶᠢ ᠡᠷᠡᠰ  ᠬᠤᠷᠢᠭᠯᠠᠬᠤ ᠬᠡᠷᠡᠭᠲᠡᠶ᠃    ᠭᠤᠷᠪᠠ᠂ ᠵᠠᠰᠠᠭ ᠤᠨ ᠣᠷᠳᠣᠨ ᠡᠵᠡᠮᠰᠢᠵᠤ ᠲᠡᠶᠢᠯᠦᠬᠡᠲᠤᠢ᠂ ᠤᠯᠤᠰ ᠤᠨ ᠳᠣᠲᠣᠭᠠᠳᠤ᠂ ᠥᠨᠳᠥᠷ  ᠲᠦᠭᠰᠢᠬᠦᠷᠢᠲᠤ ᠤᠷᠤᠨ ᠠᠴᠠ ᠤᠩᠨᠢᠭᠤᠳ ᠲᠤ ᠪᠤᠴᠠᠵᠤ ᠢᠷᠡᠭᠰᠡᠳ ᠤᠨ ᠰᠦᠪᠡᠭᠴᠢ ᠶᠢ ᠬᠠᠩᠭᠠᠭᠠᠳ᠂ ᠪᠠᠶᠢᠴᠠᠭᠠᠨ ᠲᠤᠳᠤᠯᠠᠬᠤ ᠪᠠᠷ ᠲᠠᠮᠵᠢᠨ ᠦᠨᠡᠨ ᠪᠤᠲᠠᠲᠠᠢ ᠪᠤᠯ ᠨᠢᠭᠡ ᠯᠡ ᠤᠳᠠᠭ᠎ᠠ ᠳᠤ  ᠬᠤᠶᠠᠷ ᠵᠠᠭᠤᠨ ᠲᠥᠭᠦᠷᠢᠭ  ᠢᠶᠠᠷ ᠱᠠᠩᠨᠠᠨ᠎ᠠ᠃ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠥᠬᠡᠶ ᠪᠤᠶᠤ ᠨᠢᠭᠤᠨ  ᠲᠠᠯᠳᠠᠯᠠᠬᠤ᠂  ᠠᠯᠭᠤᠷᠯᠠᠵᠤ ᠬᠤᠶᠢᠰᠢᠯᠠᠭᠤᠯᠤᠨ  ᠮᠡᠳᠡᠬᠦᠯᠬᠦ᠂  ᠬᠠᠮᠢᠶ᠎ᠠ ᠪᠦᠬᠦᠢ ᠰᠤᠷᠠᠭ ᠵᠠᠩᠬᠢ ᠶᠢ ᠬᠤᠳᠠᠯ ᠢᠶᠠᠷ ᠮᠡᠳᠡᠬᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠲᠠᠢ ᠬᠠᠮᠵᠢᠯᠴᠠᠬᠤ ᠶᠢ  ᠲᠡᠪᠴᠢᠬᠦ᠂ ᠬᠢᠵᠢᠭ ᠢ ᠲᠠᠷᠬᠠᠭᠠᠵᠤ  ᠲᠡᠯᠬᠡᠷᠡᠬᠦᠯᠬᠦ ᠵᠡᠷᠭᠡ ᠬᠦᠨᠳᠦ ᠨᠣᠴᠢᠲᠠᠶ ᠦᠷ᠎ᠡ ᠳ᠋ᠦᠩ ᠠᠪᠴᠢᠷᠠᠭᠰᠠᠨ ᠪᠤᠯ ᠳᠣᠲᠣᠭᠠᠳᠤ ᠶᠢ ᠬᠠᠮᠠᠭᠠᠯᠠᠬᠤ  ᠲᠤᠪᠴᠢᠶ᠎ᠠ ᠠᠴᠠ ᠬᠠᠤᠯᠢ ᠶᠣᠰᠣᠭᠠᠷ ᠬᠠᠮᠢᠶ᠎ᠠ ᠪᠥᠬᠦᠶ ᠬᠦᠮᠤᠰ ᠠᠴᠠ ᠴᠢᠩᠭ᠎ᠠ  ᠬᠠᠷᠢᠭᠤᠴᠠᠯᠭ᠎ᠠ ᠨᠡᠬᠡᠮᠵᠢᠯᠡᠨ᠎ᠡ᠃   ᠦᠪᠡᠷ ᠤᠨ ᠪᠡᠶ᠎ᠠ ᠵᠢᠴᠢ ᠬᠡᠷ ᠪᠦᠯᠢ ᠶᠢᠨ ᠬᠥᠮᠦᠰ ᠤᠨ ᠢᠶᠠᠨ ᠠᠮᠤᠷ ᠲᠦᠪᠰᠢᠨ ᠤ ᠲᠥᠯᠥᠭᠡ᠂  ᠲᠠ ᠨᠠᠷ ᠳᠠᠷᠦ᠋ᠢᠬᠠᠨ  ᠬᠦᠳᠠᠯᠤᠯᠴᠡᠭᠡᠷᠡᠢ᠃ ︽ ᠴᠢᠬᠤᠯᠠ ᠦᠬᠡᠢ ᠪᠤᠯ ᠨᠤᠳᠤᠭ ᠲᠤ ᠪᠠᠨ ᠪᠤᠴᠠᠬᠤ ᠦᠬᠡᠢ᠃ ᠬᠢᠵᠢᠭ ᠤᠨ ᠪᠠᠶᠢᠳᠠᠯ ᠲᠠᠭᠤᠰᠤᠭᠰᠠᠨ ᠤ ᠲᠠᠷᠠᠭ᠎ᠠ ᠠᠭᠤᠯᠵᠠᠨ ᠵᠤᠯᠭᠠᠨ᠎ᠠ᠃ ᠨᠤᠲᠤᠭ ᠲᠤ ᠪᠠᠨ ᠪᠤᠴᠠᠭᠰᠠᠨ ᠴᠤ ᠴᠤᠭᠯᠠᠷᠠᠬᠤ ᠦᠬᠡᠢ᠃ ᠪᠠᠶᠢᠳᠠᠯ ᠢ ᠠᠵᠢᠭᠯᠠᠵᠤ ᠡᠷᠤᠭᠡ ᠭᠡᠷ ᠲᠤ ᠪᠠᠨ ᠠᠮᠠᠷᠠᠵᠤ ᠰᠠᠭᠤᠨ᠎ᠠ᠃ ᠪᠦᠬᠦ ᠨᠡᠶᠢᠭᠡᠮ ᠢᠶᠠᠷ ᠢᠶᠠᠨ ᠬᠠᠮᠲᠤ  ᠪᠠᠷ ᠬᠢᠨᠠᠯᠲᠠ ᠲᠠᠯᠪᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠᠷ ᠦᠨᠴᠦᠭ ᠪᠤᠯᠤᠩ ᠦᠯᠡᠳᠡᠬᠡᠬᠦ ᠦᠬᠡᠢ︾ ᠪᠠᠶᠢᠬᠤ ᠶᠢ ᠢᠳᠡᠪᠬᠢᠲᠠᠢ ᠰᠠᠨᠠᠭᠠᠴᠢᠯᠠᠵᠤ᠂ ᠬᠢᠵᠢᠭ ᠢ ᠰᠡᠷᠭᠡᠶᠢᠯᠠᠨ ᠡᠵᠡᠮᠳᠡᠬᠦ ᠪᠠᠬᠢᠯᠡᠯᠲᠠ ᠶᠢᠨ ᠱᠤᠭᠤᠮ ᠢ ᠬᠠᠮᠲᠤ ᠪᠠᠷ ᠪᠠᠬᠢᠵᠢᠬᠦᠯᠤᠶ᠎ᠠ᠃               ᠣᠩᠨᠢᠭᠤᠳ ᠬᠤᠰᠢᠭᠤᠨ ᠤ ᠵᠢᠯᠣᠭᠤᠳᠬᠤ ᠭᠠᠵᠠᠷ᠄  0476 - 6352391               ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠄ 110               ᠴᠢᠤᠸᠠᠨ ᠨᠢᠩ ᠵᠡᠭᠡᠯᠢ ᠭᠤᠳᠤᠮᠵᠢ ᠶᠢᠨ ᠵᠢᠯᠣᠭᠤᠳᠬᠤ ᠭᠠᠵᠠᠷ᠄ 0476-6503036               ᠽᠢ ᠴᠧᠩ ᠵᠡᠭᠡᠯᠢ ᠭᠤᠳᠤᠮᠵᠢ ᠶᠢᠨ ᠵᠢᠯᠣᠭᠤᠳᠬᠤ ᠭᠠᠵᠠᠷ᠄ 0476-6503440               ᠪᠣᠷᠣᠬᠤᠳᠠ  ᠪᠠᠯᠭᠠᠰᠤ ᠶᠢᠨ ᠵᠢᠯᠣᠭᠤᠳᠬᠤ ᠭᠠᠵᠠᠷ᠄  0476- 650106               ᠴᠢᠶᠣᠤ ᠳᠧᠦ ᠪᠠᠯᠭᠠᠰᠤ ᠶᠢᠨ ᠵᠢᠯᠣᠭᠤᠳᠬᠤ ᠭᠠᠵᠠᠷ᠄ 0476 - 6518413               ᠦᠳᠡ ᠶᠢᠨ ᠬᠤᠸᠠ ᠪᠠᠯᠭᠠᠰᠤ ᠶᠢᠨ ᠵᠢᠯᠣᠭᠤᠳᠬᠤ ᠭᠠᠵᠠᠷ᠄ 0476 - 6495475               ᠭᠤᠳᠠᠭᠠᠷ ᠭᠦᠩ ᠪᠠᠯᠭᠠᠰᠤ ᠶᠢᠨ ᠵᠢᠯᠣᠭᠤᠳᠬᠤ ᠭᠠᠵᠠᠷ᠄ 0476-6615003               ᠡᠤ ᠹᠧᠨ ᠳ᠋ᠢ ᠪᠠᠯᠭᠠᠰᠤ ᠶᠢᠨ ᠵᠢᠯᠣᠭᠤᠳᠬᠤ ᠭᠠᠵᠠᠷ᠄ 0476-6684400               ᠣᠳᠠᠨᠳᠣᠬᠤᠢ ᠪᠠᠯᠭᠠᠰᠤ ᠶᠢᠨ ᠵᠢᠯᠣᠭᠤᠳᠬᠤ ᠭᠠᠵᠠᠷ᠄ 0476 - 6417306               ᠬᠠᠶᠢᠯᠠᠰᠤ  ᠪᠠᠯᠭᠠᠰᠤ ᠶᠢᠨ ᠵᠢᠯᠣᠭᠤᠳᠬᠤ ᠭᠠᠵᠠᠷ᠄ 0476 - 6738003               ᠶᠡᠭᠡ ᠭᠦᠩ  ᠪᠠᠯᠭᠠᠰᠤ ᠶᠢᠨ ᠵᠢᠯᠣᠭᠤᠳᠬᠤ ᠭᠠᠵᠠᠷ᠄ 0476 - 6637440               ᠵᠢᠶᠧ ᠹᠠᠩ ᠶᠢᠩᠽᠢ ᠰᠢᠶᠠᠩ ᠤᠨ ᠵᠢᠯᠣᠭᠤᠳᠬᠤ ᠭᠠᠵᠠᠷ᠄ 0476-2787006               ᠮᠠᠭᠤ ᠱᠠᠩᠳᠠ ᠰᠢᠶᠠᠩ ᠤᠨ ᠵᠢᠯᠣᠭᠤᠳᠬᠤ ᠭᠠᠵᠠᠷ᠄ 0476-6666003               ᠰᠢᠨᠡᠰᠦ᠋ᠮ᠎ᠡ ᠰᠤᠮᠤ ᠶᠢᠨ ᠵᠢᠯᠣᠭᠤᠳᠬᠤ ᠭᠠᠵᠠᠷ᠄ 0476-6755004               ᠪᠠᠶᠠᠨᠲᠣᠬᠤᠶ ᠰᠤᠮᠤ ᠶᠢᠨ ᠵᠢᠯᠣᠭᠤᠳᠬᠤ ᠭᠠᠵᠠᠷ᠄ 0476-6782003               ᠠᠰᠢᠬᠠᠨ ᠰᠤᠮᠤ ᠶᠢᠨ ᠵᠢᠯᠣᠭᠤᠳᠬᠤ ᠭᠠᠵᠠᠷ᠄ 0476-6400003               ᠬᠡᠷᠰᠡᠩ ᠰᠤᠮᠤ ᠶᠢᠨ ᠵᠢᠯᠣᠭᠤᠳᠬᠤ ᠭᠠᠵᠠᠷ᠄ 0476-6748555               ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠵᠢᠯᠣᠭᠤᠳᠬᠤ ᠭᠠᠵᠠᠷ᠄ 0476-6770003                                        ᠣᠩᠨᠢᠭᠤᠣᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ                            ᠥᠷᠪᠢᠰᠣᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠣᠭᠤᠳᠬᠤ ᠬᠡᠯᠳᠡᠰ                                                             2021 ᠣᠨ ᠤ 1 ᠰᠠᠷ᠎ᠠ ᠶᠢᠨ 15 ᠤ ᠡᠳᠣᠷ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号