ᠤᠰᠤᠨ ᠠᠰᠢᠭᠯᠠᠯᠲᠠ ᠶᠢᠨ ᠶᠠᠮᠤᠨ ᠤ ᠤᠰᠤᠨ ᠤ ᠡᠬᠢ ᠪᠠᠶᠠᠯᠢᠭ ᠤᠨ ᠵᠤᠷᠭᠠᠨ ᠤ ᠳᠡᠳ᠋ ᠳᠠᠷᠤᠭ᠎ᠠ ᠱᠢ ᠴᠢᠦ ᡂᠢ ︽ᠤᠰᠤᠨ ᠤ ᠴᠢᠳᠠᠮᠵᠢᠲᠤ ᠣᠷᠣᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2021/1/6
     ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠦᠬᠦ ᠤᠯᠤᠰ ᠤᠨ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ︵2011-2030 ᠤᠨ︶ ᠤᠨ ᠲᠤᠬᠠᠢ ᠴᠤᠬᠤᠯᠠᠪᠤᠷᠢ︾ ︽ᠤᠰᠤᠨ ᠤ ᠴᠢᠳᠠᠮᠵᠢᠲᠤ ᠣᠷᠣᠨ ᠤ ᠬᠢᠨᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠰᠤᠨ ᠤ ᠴᠢᠳᠠᠮᠵᠢᠲᠤ ᠣᠷᠣᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠪᠦᠳᠦᠮᠵᠢᠳᠡᠢ ᠬᠠᠮᠠᠭᠠᠯᠠᠨ᠂ ᠤᠰᠤᠨ ᠤ ᠡᠬᠢ ᠪᠠᠶᠠᠯᠢᠭ ᠤᠨ ᠦᠷᠬᠦᠯᠵᠢᠯᠡᠬᠦ᠋ᠢᠴᠡ ᠠᠰᠢᠭᠯᠠᠯᠳᠠ ᠶᠢ ᠪᠠᠳᠤᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢᠨ ᠲᠤᠯᠠᠳᠠ᠂ ᠤᠰᠤᠨ ᠠᠰᠢᠭᠯᠠᠯᠳᠠ ᠶᠢᠨ ᠶᠠᠮᠤᠨ ᠠᠴᠠ ᠤᠶᠢᠷ᠎ᠠ ᠶᠢᠨ ᠡᠳᠦᠷ ᠲᠤ ︽ᠤᠰᠤᠨ ᠤ ᠴᠢᠳᠠᠮᠵᠢᠳᠤ ᠤᠷᠤᠨ ᠤ ᠬᠠᠮᠢᠶᠠᠷᠤᠯᠳᠠ ᠶᠢᠨ ᠠᠷᠭ᠎ᠠ︾ ᠳᠤ ᠵᠠᠰᠠᠪᠤᠷᠢ ᠤᠷᠤᠭᠤᠯᠬᠤ ᠶᠢᠨ ᠬᠠᠮᠳᠤ ︽ᠤᠰᠤᠨ ᠤ ᠴᠢᠳᠠᠮᠵᠢᠳᠤ ᠤᠷᠤᠨ ᠤ ᠬᠢᠨᠠᠯᠳᠠ ᠬᠠᠮᠢᠶᠠᠷᠤᠯᠳᠠ ᠶᠢᠨ ᠠᠷᠭ᠎ᠠ︾ ︵ᠲᠤᠷᠤᠭᠰᠢ ︽ᠠᠷᠭ᠎ᠠ︾ ᠭᠡᠵᠦ ᠲᠤᠪᠴᠢᠯᠠᠨ᠎ᠠ︶ ᠨᠡᠷ᠎ᠡ ᠶᠢ ᠨᠢ ᠦᠭᠡᠷᠡᠴᠢᠯᠡᠪᠡ᠃ ︽ᠠᠷᠭ᠎ᠠ︾ ᠶᠢᠨ ᠨᠡᠶᠢᠲᠡᠯᠡᠭᠳᠡᠭᠰᠡᠨ ᠤ ᠠᠬᠤᠢ ᠪᠠᠶᠢᠳᠠᠯ ᠪᠣᠯᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠤᠶᠢᠯᠠᠭᠠᠬᠤ ᠶᠢᠨ ᠲᠤᠯᠠᠳᠠ᠂ ᠰᠤᠷᠪᠤᠯᠵᠢᠯᠠᠭᠴᠢ ᠤᠰᠤ ᠠᠰᠢᠭᠯᠠᠯᠲᠠ ᠶᠢᠨ ᠶᠠᠮᠤᠨ ᠤ ᠤᠰᠤᠨ ᠤ ᠡᠬᠢ ᠪᠠᠶᠠᠯᠢᠭ ᠤᠨ ᠵᠤᠷᠭᠠᠨ ᠤ ᠳᠡᠳ᠋ ᠳᠠᠷᠤᠭ᠎ᠠ ᠱᠢ ᠴᠢᠦ ᡂᠢ ᠶᠢ ᠰᠤᠷᠪᠤᠯᠵᠢᠯᠠᠪᠠ᠃     ᠰᠤᠷᠪᠤᠯᠵᠢᠯᠠᠭᠴᠢ᠄ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠤᠨ ᠲᠤᠬᠠᠢ ᠲᠠ ᠲᠠᠨᠢᠯᠴᠠᠭᠤᠯᠵᠤ ᠥᠭᠬᠦ ᠪᠤᠯᠪᠠ ᠤᠤ︖ ᠱᠢ ᠴᠢᠦ ᡂᠢ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠤᠰᠤᠨ ᠠᠰᠢᠭᠯᠠᠯᠲᠠ ᠶᠢᠨ ᠶᠠᠮᠤᠨ 2003 ᠣᠨ ᠳᠤ ︽ᠤᠰᠤᠨ ᠤ ᠴᠢᠳᠠᠮᠵᠢᠲᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠤᠰᠤᠨ ᠤ ᠴᠢᠳᠠᠮᠵᠢᠲᠤ ᠣᠷᠣᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠳᠤ ᠴᠢᠬᠤᠯᠠ ᠦᠢᠯᠡᠳᠦᠯ ᠪᠠᠳᠠᠷᠠᠭᠤᠯᠵᠠᠢ᠃ ᠲᠤᠰ ᠠᠷᠭ᠎ᠠ ᠶᠢ ᠨᠢᠭᠡᠨᠲᠡ ᠬᠡᠷᠡᠭᠵᠢᠭᠦᠯᠦᠭᠰᠡᠨ ᠠᠷᠪᠠ ᠭᠠᠷᠤᠢ ᠵᠢᠯ ᠤᠨ ᠬᠤᠭᠤᠴᠠᠭᠠᠨ ᠳᠤ ᠲᠥᠷᠥ ᠶᠢᠨ ᠶᠠᠪᠤᠳᠠᠯ ᠤᠨ ᠬᠤᠷᠢᠶ᠎ᠠ ︽ᠪᠦᠬᠦ ᠤᠯᠤᠰ ᠤᠨ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ︵2011-2030 ᠤᠨ︶︾ ᠢ ᠴᠤᠬᠤᠯᠠᠪᠤᠷᠢᠯᠠᠨ ᠵᠦᠪᠰᠢᠶᠡᠷᠡᠵᠦ᠂ ︽ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠰᠠᠨᠠᠯ︾ ︽ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠲᠤᠬᠠᠢ ᠰᠠᠨᠠᠯ︾ ︽ᠤᠰᠤᠨ ᠤ ᠪᠤᠬᠢᠷᠳᠤᠯ ᠶᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠰᠦᠪ︾ ︽ᠭᠤᠤᠯ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠬᠦ ᠲᠤᠬᠠᠢ ᠰᠠᠨᠠᠯ︾ ᠵᠡᠷᠭᠡ ᠰᠢᠷᠢᠰ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠳᠡᠯᠡᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠳᠠ ᠶᠢᠨ ᠠᠵᠢᠯ ᠳᠤ ᠨᠡᠩ ᠰᠢᠨ᠎ᠡ ᠦᠨᠳᠦᠷ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠡᠬᠦᠨ ᠤ ᠬᠠᠮᠳᠤ᠂ ᠲᠤᠰ ᠠᠷᠭ᠎ᠠ ᠶᠢ ᠬᠡᠷᠡᠭᠵᠢᠬᠦᠯᠬᠦ ᠲᠤᠮᠳᠠ ᠲᠤᠯᠭᠠᠷᠠᠭᠰᠠᠨ ᠵᠠᠷᠢᠮ ᠠᠰᠠᠭᠤᠳᠠᠯ᠂ ᠵᠢᠱᠢᠶᠡᠯᠡᠪᠡᠯ ᠤᠰᠤᠨ ᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠰ ᠬᠤᠪᠢᠶᠠᠨ ᠬᠠᠮᠢᠶᠠᠷᠬᠤ ᠡᠷᠬᠡ ᠮᠠᠲᠠᠯ ᠤᠨ ᠲᠤᠬᠠᠢ ᠥᠭᠦᠯᠡᠯᠲᠡ ᠨᠢ ᠲᠤᠳᠤᠷᠬᠠᠢ ᠪᠤᠰᠤ᠂ ᠭᠦᠢᠴᠡᠳᠬᠡᠬᠦ ᠶᠠᠪᠤᠴᠠ ᠳᠤ ᠬᠠᠷᠢᠯᠴᠠᠨ ᠲᠦᠯᠬᠢᠯᠴᠡᠬᠦ ᠦᠵᠡᠭᠳᠡᠯ ᠠᠮᠠᠷᠬᠠᠨ ᠡᠬᠦᠰᠬᠦ᠂ ᠤᠰᠤᠨ ᠤ ᠴᠢᠳᠠᠮᠵᠢᠲᠤ ᠣᠷᠣᠨ ᠢ ᠲᠥᠷᠥᠯ ᠬᠤᠪᠢᠶᠠᠨ ᠬᠠᠮᠢᠶᠠᠷᠬᠤ ᠱᠠᠭᠠᠷᠳᠠᠯᠭ᠎ᠠ ᠨᠢ ᠪᠣᠳᠠᠲᠠᠢ ᠪᠢᠰᠢ ᠪᠠᠶᠢᠵᠤ᠂ ᠬᠦᠢᠴᠡᠳᠭᠡᠬᠦ ᠶᠠᠪᠤᠴᠠ ᠲᠤᠮᠳᠠ ᠦᠷ᠎ᠡ ᠨᠦᠯᠦᠭᠡ ᠶᠢ ᠪᠠᠳᠠᠷᠠᠭᠤᠯᠬᠤ ᠳᠤ ᠬᠦᠴᠢᠷ ᠪᠠᠶᠢᠬᠤ᠂ ᠤᠰᠤᠨ ᠤ ᠴᠢᠳᠠᠮᠵᠢᠳᠤ ᠣᠷᠣᠨ ᠪᠣᠯᠤᠨ ᠭᠤᠣᠯ ᠳᠤ ᠴᠢᠳᠬᠤᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢᠨ ᠬᠢᠨᠠᠨ ᠬᠠᠮᠢᠶᠠᠷᠤᠯᠲᠠ ᠶᠢ ᠵᠤᠯᠭᠠᠯᠳᠤᠭᠤᠯᠭ᠍ᠰᠠᠨ ᠨᠢ ᠲᠤᠳᠤᠷᠬᠠᠢ ᠪᠤᠰᠤ ᠠᠴᠠ ᠪᠣᠯᠤᠭᠰᠠᠨ ᠤᠰᠤᠨ ᠤ ᠴᠢᠳᠠᠮᠵᠢᠳᠤ ᠤᠷᠤᠨ ᠤ ᠪᠤᠬᠢᠷᠳᠤᠯ ᠢ ᠬᠢᠵᠠᠭᠠᠷᠯᠠᠬᠤ ᠬᠠᠮᠢᠶᠠᠷᠤᠯᠳᠠ ᠳᠤ ᠬᠦᠴᠢᠷᠳᠡᠯ ᠲᠤᠯᠭᠠᠷᠠᠵᠤ ᠪᠠᠶᠢᠬᠤ ᠵᠡᠷᠭᠡ ᠠᠰᠠᠭᠤᠳᠠᠯ ᠢ ᠲᠤᠰ ᠤᠳᠠᠭ᠎ᠠ ᠴᠦᠮ ᠵᠠᠰᠠᠪᠤᠷᠢ ᠤᠷᠤᠭᠤᠯᠵᠤ᠂ ᠤᠰᠤᠨ ᠤ ᠴᠢᠳᠠᠮᠵᠢᠳᠤ ᠤᠷᠤᠨ ᠢ ᠲᠡᠰ ᠬᠤᠪᠢᠶᠠᠨ ᠬᠠᠮᠢᠶᠠᠷᠬᠤ ᠡᠷᠬᠡ ᠶᠢᠨ ᠬᠢᠵᠠᠭᠠᠷ ᠢ ᠲᠤᠳᠤᠷᠬᠠᠢ ᠪᠤᠯᠭᠠᠵᠤ᠂ ᠲᠦᠷᠦᠯ ᠬᠤᠪᠢᠶᠠᠨ ᠬᠠᠮᠢᠶᠠᠷᠬᠤ ᠱᠠᠭᠠᠷᠳᠠᠯᠭ᠎ᠠ ᠶᠢ ᠲᠤᠳᠤᠷᠬᠠᠶᠢᠯᠠᠵᠤ᠂ ᠬᠢᠨᠠᠨ ᠬᠠᠮᠢᠶᠠᠷᠬᠤ ᠠᠷᠭ᠎ᠠ ᠠᠪᠴᠠᠯ ᠢ ᠤᠯᠠᠮ ᠨᠢᠭᠡ ᠠᠯᠬᠤᠮ ᠪᠠᠶᠢᠭᠤᠯᠤᠨ ᠲᠡᠬᠦᠯᠳᠡᠷᠵᠢᠬᠦᠯᠵᠦ᠂ ᠬᠠᠮᠤᠭ ᠴᠢᠩᠭ᠎ᠠ ᠤᠰᠤᠨ ` ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠪᠠ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠰᠦᠪ ᠢ ᠬᠡᠷᠡᠭᠵᠢᠬᠦᠯᠬᠦ ᠳᠤ ᠨᠡᠩ ᠰᠠᠶᠢᠨ ᠲᠤᠯᠭᠠᠭᠤᠷᠢᠯᠠᠯ ᠬᠠᠩᠭᠠᠨ᠎ᠠ᠃ ᠰᠤᠷᠪᠤᠯᠵᠢᠯᠠᠭᠴᠢ᠄ ︽ᠠᠷᠭ᠎ᠠ︾ ᠶᠢ ᠲᠤᠭᠳᠠᠭᠠᠭᠰᠠᠨ ᠰᠡᠳᠬᠢᠮᠵᠢ ᠪᠣᠯᠤᠨ ᠭᠤᠣᠯ ᠠᠭᠤᠯᠭ᠎ᠠ ᠨᠢ ᠶᠠᠭᠤ ᠪᠣᠢ︖ ᠱᠢ ᠴᠢᠦ ᡂᠢ᠄ ︽ᠠᠷᠭ᠎ᠠ︾ ᠶᠢ ᠲᠤᠭᠳᠠᠭᠠᠭᠰᠠᠨ ᠦᠨᠳᠦᠰᠦᠨ ᠰᠡᠳᠬᠢᠮᠵᠢ ᠨᠢ ᠤᠳᠤᠬᠠᠨ ᠤ ᠤᠰᠤᠨ ᠤ ᠴᠢᠳᠠᠮᠵᠢᠳᠤ ᠤᠷᠤᠨ ᠤ ᠬᠢᠨᠠᠯᠳᠠ ᠬᠠᠮᠢᠶᠠᠷᠤᠯᠳᠠ ᠲᠤᠮᠳᠠ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠪᠠᠷ ᠭᠤᠤᠯᠳᠠᠯᠭ᠎ᠠ ᠪᠤᠯᠭᠠᠵᠤ᠂ ᠤᠰᠤᠨ ᠤ ᠴᠢᠳᠠᠮᠵᠢᠳᠤ ᠤᠷᠤᠨ ᠢ ᠡᠯ᠎ᠡ ᠵᠦᠢᠯ ᠤᠨ ᠤᠰᠤ ᠲᠠᠢ ᠬᠤᠯᠪᠤᠭᠳᠠᠬᠤ ᠬᠠᠮᠢᠶᠠᠷᠤᠯᠳᠠ ᠪᠠ ᠤᠰᠤ ᠲᠠᠢ ᠬᠤᠯᠪᠤᠭᠳᠠᠬᠤ ᠠᠵᠢᠯᠯᠠᠭ᠎ᠠ ᠶᠢᠨ ᠴᠢᠬᠤᠯᠠ ᠲᠠᠪᠴᠠᠩ ᠪᠤᠯᠭᠠᠵᠤ᠂ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠪᠤᠯᠤᠨ ᠤᠷᠤᠨ ᠨᠤᠳᠤᠭ ᠤᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠤᠭᠤᠷᠤᠨᠳᠤᠬᠢ ᠤᠰᠤᠨ ᠤ ᠴᠢᠳᠠᠮᠵᠢᠳᠤ ᠤᠷᠤᠨ ᠢ ᠬᠢᠨᠠᠨ ᠬᠠᠮᠢᠶᠠᠷᠬᠤ ᠡᠷᠬᠡ ᠶᠢᠨ ᠬᠢᠵᠠᠭᠠᠷ ᠢ ᠲᠤᠳᠤᠷᠬᠠᠶᠢᠯᠠᠵᠤ᠂ ᠠᠳᠠᠯᠢ ᠪᠤᠰᠤ ᠤᠰᠤᠨ ᠤ ᠴᠢᠳᠠᠮᠵᠢᠳᠤ ᠤᠷᠤᠨ ᠳᠤ ᠲᠦᠷᠦᠯ ᠬᠤᠪᠢᠶᠠᠨ ᠬᠠᠮᠢᠶᠠᠷᠬᠤ ᠪᠠ ᠬᠠᠮᠠᠭᠠᠯᠠᠬᠤ ᠱᠠᠭᠠᠷᠳᠠᠯᠭ᠎ᠠ ᠶᠢ ᠲᠤᠭᠳᠠᠭᠠᠵᠤ᠂ ᠤᠰᠤᠨ ᠤ ᠴᠢᠳᠠᠮᠵᠢᠳᠤ ᠤᠷᠤᠨ ᠤ ᠪᠤᠬᠢᠷᠳᠤᠯ ᠤᠨ ᠬᠤᠷᠠᠮᠳᠤᠯ ᠢ ᠬᠢᠵᠠᠭᠠᠷᠯᠠᠬᠤ ᠬᠠᠮᠢᠶᠠᠷᠤᠯᠳᠠ ᠶᠢ ᠴᠢᠩᠭᠠᠷᠠᠭᠤᠯᠤᠨ᠂ ᠤᠰᠤᠨ ᠤ ᠴᠢᠳᠠᠮᠵᠢᠳᠤ ᠤᠷᠤᠨ ᠠᠴᠠ ᠡᠯ᠎ᠡ ᠵᠦᠢᠯ ᠤᠨ ᠤᠰᠤᠨ ᠳᠤ ᠬᠤᠯᠪᠤᠭᠳᠠᠭᠰᠠᠨ ᠬᠠᠮᠢᠶᠠᠷᠤᠯᠳᠠ ᠪᠠ ᠤᠰᠤᠨ ᠳᠤ ᠬᠤᠯᠪᠤᠭᠳᠠᠭᠰᠠᠨ ᠠᠵᠢᠯᠯᠠᠭᠠᠨ ᠢ ᠬᠢᠵᠠᠭᠠᠷᠯᠠᠬᠤ ᠶᠢ ᠴᠢᠩᠭᠠᠳᠬᠠᠨ᠎ᠠ᠃ ︽ᠠᠷᠭ᠎ᠠ︾ ᠨᠢ ᠨᠡᠶᠢᠲᠡ 37 ᠵᠤᠷᠪᠤᠰ ᠲᠠᠢ᠃ 1 ᠳ᠋ᠤᠭᠡᠷ ᠵᠦᠢᠯ ᠠᠴᠠ 5 ᠳ᠋ᠤᠭᠠᠷ ᠵᠦᠢᠯ ᠳᠤ ᠵᠣᠷᠢᠯᠭ᠎ᠠ ᠪᠠ ᠦᠨᠳᠦᠰᠦᠯᠡᠯ᠂ ᠲᠤᠬᠢᠷᠠᠭᠤᠯᠤᠨ ᠬᠡᠷᠡᠭᠯᠡᠬᠦ ᠬᠡᠪᠴᠢᠶ᠎ᠡ᠂ ᠶᠡᠷᠦᠩᠬᠡᠢ ᠬᠠᠮᠢᠶᠠᠷᠤᠯᠲᠠ ᠶᠢᠨ ᠱᠠᠭᠠᠷᠳᠠᠯᠭ᠎ᠠ ᠪᠠ ᠲᠡᠰ ᠬᠤᠪᠢᠶᠠᠨ ᠬᠠᠮᠢᠶᠠᠷᠬᠤ ᠡᠷᠬᠡ ᠮᠠᠲᠠᠯ ᠢ ᠲᠣᠭᠲᠠᠭᠠᠪᠠ᠃ 6 ᠳ᠋ᠤᠭᠠᠷ ᠵᠦᠢᠯ ᠠᠴᠠ 17 ᠳ᠋ᠤᠭᠠᠷ ᠵᠦᠢᠯ ᠳᠤ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠤᠨ ᠱᠠᠭᠠᠷᠳᠠᠯᠭ᠎ᠠ ᠪᠠ ᠦᠷ᠎ᠡ ᠨᠦᠯᠦᠭᠡ ᠶᠢ ᠲᠤᠭᠳᠠᠭᠠᠵᠤ᠂ ᠤᠰᠤᠨ ᠤ ᠴᠢᠳᠠᠮᠵᠢᠲᠤ ᠣᠷᠣᠨ ᠤ ᠳᠥᠷᠪᠡᠳᠦᠭᠡᠷ ᠲᠥᠷᠥᠯ ᠤᠨ ᠨᠢᠭᠡᠳᠦᠭᠡᠷ ᠳᠡᠰ ᠤᠨ ᠣᠷᠣᠨ ᠪᠠ ᠳᠣᠯᠣᠳᠤᠭᠠᠷ ᠲᠥᠷᠥᠯ ᠤᠨ ᠬᠤᠶᠠᠳᠤᠭᠠᠷ ᠳᠡᠰ ᠤᠨ ᠣᠷᠣᠨ ᠤ ᠠᠳᠠᠯᠢ ᠪᠤᠰᠤ ᠬᠠᠮᠢᠶᠠᠷᠤᠯᠲᠠ ᠪᠠ ᠬᠠᠮᠠᠭᠠᠯᠠᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃ 18 ᠳ᠋ᠤᠭᠠᠷ ᠵᠦᠢᠯ ᠠᠴᠠ 31 ᠳ᠋ᠦ᠋ᠭᠡᠷ ᠵᠦᠢᠯ ᠳᠤ ᠤᠰᠤᠨ ᠤ ᠴᠢᠳᠠᠮᠵᠢᠲᠤ ᠣᠷᠣᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠤᠭᠳᠠᠭᠠᠪᠠ᠃ ᠡᠬᠦᠨ ᠳᠤ ᠤᠰᠤᠨ ᠤ ᠴᠢᠳᠠᠮᠵᠢᠲᠤ ᠣᠷᠣᠨ ᠳᠤ ᠵᠠᠰᠠᠪᠤᠷᠢ ᠣᠷᠣᠭᠤᠯᠬᠤ ᠪᠠ ᠲᠣᠬᠢᠷᠠᠭᠤᠯᠬᠤ᠂ ᠤᠰᠤᠨ ᠤ ᠴᠢᠳᠠᠮᠵᠢᠲᠤ ᠣᠷᠣᠨ ᠤ ᠨᠦᠯᠦᠭᠡᠯᠡᠯᠳᠡ ᠶᠢ ᠵᠠᠳᠠᠯᠬᠤ᠂ ᠤᠰᠤᠨ ᠤ ᠴᠢᠳᠠᠮᠵᠢᠲᠤ ᠣᠷᠣᠨ ᠤ ᠪᠣᠬᠢᠷᠲᠤᠯ ᠤᠨ ᠬᠤᠷᠠᠮᠳᠤᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠤᠰᠤᠨ ᠤ ᠴᠢᠳᠠᠮᠵᠢᠲᠤ ᠣᠷᠣᠨ ᠤ ᠤᠰᠤᠨ ᠤ ᠶᠠᠰᠤ ᠴᠢᠨᠠᠷ ᠢ ᠬᠤᠭᠤᠴᠠᠭ᠎ᠠ ᠬᠢᠵᠠᠭᠠᠷᠯᠠᠨ ᠪᠠᠷᠢᠮᠵᠢᠶ᠎ᠠ ᠳᠤ ᠬᠦᠷᠭᠡᠬᠦ᠂ ᠭᠤᠣᠯ ᠮᠦᠷᠡᠨ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠪᠠᠶᠢᠷᠢᠯᠠᠭᠤᠯᠤᠯᠲᠠ ᠪᠠ ᠴᠡᠭᠴᠡᠯᠡᠨ ᠵᠠᠰᠠᠬᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠣᠬᠢᠷᠠᠭᠤᠯᠬᠤ ᠳᠤ ᠵᠥᠪᠰᠢᠶᠡᠷᠡᠬᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠷᠢᠯᠠᠭᠤᠯᠬᠤ ᠵᠦᠪᠰᠢᠶᠡᠷᠡᠯ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠳᠠᠩᠰᠠ ᠡᠪᠬᠡᠮᠡᠯ ᠪᠠᠶᠢᠭᠤᠯᠬᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠮᠡᠳᠡᠬᠦᠯᠦᠯᠳᠡ᠂ ᠤᠰᠤᠨ ᠤ ᠴᠢᠳᠠᠮᠵᠢᠳᠤ ᠤᠷᠤᠨ ᠤ ᠫᠠᠶᠢᠰᠠ ᠲᠡᠮᠳᠡᠭ ᠪᠤᠰᠬᠠᠬᠤ᠂ ᠤᠰᠤᠨ ᠤ ᠴᠢᠳᠠᠮᠵᠢᠳᠤ ᠤᠷᠤᠨ ᠳᠤ ᠬᠢᠨᠠᠨ ᠬᠡᠮᠵᠢᠯᠳᠡ ᠬᠢᠵᠦ ᠦᠨᠡᠯᠡᠨ ᠵᠢᠱᠢᠬᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠬᠢᠨᠠᠨ ᠬᠡᠮᠵᠢᠯᠳᠡ ᠬᠢᠬᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠬᠢᠨᠠᠯᠳᠠ ᠲᠠᠯᠪᠢᠵᠤ ᠪᠠᠶᠢᠴᠠᠭᠠᠬᠤ᠂ ᠪᠤᠬᠢᠷᠳᠤᠯ ᠤᠨ ᠬᠤᠷᠠᠮᠳᠤᠯ ᠤᠨ ᠶᠡᠷᠦᠩᠬᠡᠢ ᠬᠡᠮᠵᠢᠶ᠎ᠡ ᠳᠤ ᠬᠢᠨᠠᠯᠳᠠ ᠲᠠᠯᠪᠢᠨ ᠬᠠᠮᠢᠶᠠᠷᠬᠤ᠂ ᠤᠰᠤᠨ ᠤ ᠴᠢᠳᠠᠮᠵᠢᠳᠤ ᠤᠷᠤᠨ ᠢ ᠰᠢᠯᠭᠠᠨ ᠦᠨᠡᠯᠡᠬᠦ ᠵᠡᠷᠭᠡ ᠶᠢ ᠪᠠᠭᠳᠠᠭᠠᠨ᠎ᠠ᠃ 32 ᠳ᠋ᠤᠭᠠᠷ ᠵᠦᠢᠯ ᠠᠴᠠ 35 ᠳ᠋ᠤᠭᠠᠷ ᠵᠦᠢᠯ ᠳᠤ ᠤᠰᠤᠨ ᠤ ᠴᠢᠳᠠᠮᠵᠢᠲᠤ ᠣᠷᠣᠨ ᠤ ᠬᠢᠨᠠᠯᠲᠠ ᠬᠠᠮᠢᠶᠠᠷᠤᠯᠲᠠ ᠶᠢ ᠵᠥᠷᠢᠴᠡᠭᠰᠡᠨ ᠬᠠᠤᠯᠢ ᠶᠢᠨ ᠬᠠᠷᠢᠭᠤᠴᠠᠯᠭ᠎ᠠ ᠶᠢ ᠲᠤᠭᠳᠠᠭᠠᠪᠠ᠃ 36 ᠳ᠋ᠤᠭᠠᠷ ᠵᠦᠢᠯ ᠪᠠ 37 ᠳ᠋ᠤᠭᠠᠷ ᠵᠦᠢᠯ ᠨᠢ ᠳᠠᠭᠠᠯᠲᠠ ᠳᠦᠷᠢᠮ ᠪᠠᠶᠢᠵᠤ᠂ ︽ᠠᠷᠭ᠎ᠠ︾ ᠪᠠ ᠪᠤᠰᠤᠳ ᠬᠠᠤᠯᠢ ᠲᠣᠭᠲᠠᠭᠠᠯ ᠤᠨ ᠬᠤᠭᠤᠷᠣᠨᠳᠣᠬᠢ ᠵᠤᠯᠭᠠᠯᠴᠠᠭ᠎ᠠ᠂ ᠬᠡᠷᠡᠭᠵᠢᠭᠦᠯᠬᠦ ᠡᠳᠦᠷ ᠬᠤᠭᠤᠴᠠᠭ᠎ᠠ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠭᠰᠠᠨ ᠢ ᠲᠤᠭᠳᠠᠭᠠᠪᠠ᠃ ᠰᠤᠷᠪᠤᠯᠵᠢᠯᠠᠭᠴᠢ᠄ ᠤᠤᠯ ᠤᠨ ︽ᠤᠰᠤᠨ ᠤ ᠴᠢᠳᠠᠮᠵᠢᠲᠤ ᠣᠷᠣᠨ ᠤ ᠬᠠᠮᠢᠶᠠᠷᠤᠯᠲᠠ ᠶᠢᠨ ᠠᠷᠭ᠎ᠠ︾ ᠲᠠᠢ ᠬᠠᠷᠢᠴᠠᠭᠤᠯᠪᠠᠯ ︽ᠠᠷᠭ᠎ᠠ︾ ᠳᠤ ᠶᠠᠮᠠᠷ ᠬᠤᠪᠢᠷᠠᠯᠲᠠ ᠲᠠᠢ ᠪᠣᠢ︖ ᠱᠢ ᠴᠢᠦ ᡂᠢ᠄ ᠵᠦᠢᠯ ᠵᠤᠷᠪᠤᠰ ᠤᠨ ᠲᠤᠭ᠎ᠠ ᠨᠢ ᠨᠡᠮᠡᠭᠳᠡᠪᠡ᠃ ᠤᠤᠯ ᠤᠨ ︽ᠤᠰᠤᠨ ᠤ ᠴᠢᠳᠠᠮᠵᠢᠳᠤ ᠤᠷᠤᠨ ᠤ ᠬᠠᠮᠢᠶᠠᠷᠤᠯᠳᠠ ᠶᠢᠨ ᠠᠷᠭ᠎ᠠ︾ ᠨᠢ ᠵᠥᠪᠬᠡᠨ 19 ᠵᠤᠷᠪᠤᠰ ᠲᠠᠢ ᠪᠠᠶᠢᠵᠤ᠂ ᠵᠠᠰᠠᠪᠤᠷᠢ ᠣᠷᠣᠭᠤᠯᠤᠭᠰᠠᠨ ᠤ ᠳᠠᠷᠠᠭ᠎ᠠ ︽ᠠᠷᠭ᠎ᠠ︾ ᠨᠢ 37 ᠵᠤᠷᠪᠤᠰ ᠪᠤᠯᠳᠠᠯ᠎ᠠ ᠨᠡᠮᠡᠭᠳᠡᠵᠦ᠂ ᠬᠤᠯᠪᠤᠭᠳᠠᠬᠤ ᠠᠭᠤᠯᠭ᠎ᠠ ᠨᠢ ᠨᠡᠩ ᠪᠠᠶᠠᠯᠢᠭ ᠪᠤᠯᠵᠠᠢ᠃ ᠭᠤᠣᠯᠳᠠᠯᠭ᠎ᠠ ᠶᠢ ᠠᠩᠬᠠᠷᠴᠤ ᠲᠠᠯ᠎ᠠ ᠪᠠᠷ᠂ ᠤᠤᠯ ᠤᠨ ︽ᠤᠰᠤᠨ ᠤ ᠴᠢᠳᠠᠮᠵᠢᠲᠤ ᠣᠷᠣᠨ ᠤ ᠬᠠᠮᠢᠶᠠᠷᠤᠯᠲᠠ ᠶᠢᠨ ᠠᠷᠭ᠎ᠠ︾ ᠨᠢ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠪᠣᠯᠤᠨ ᠬᠢᠨᠠᠨ ᠵᠥᠪᠰᠢᠶᠡᠷᠡᠬᠦ ᠱᠠᠭᠠᠷᠳᠠᠯᠭ᠎ᠠ ᠪᠠᠷ ᠭᠤᠤᠯᠳᠠᠭᠤᠯᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠳᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠦᠭᠡᠢ᠂ ᠤᠰᠤᠨ ᠤ ᠴᠢᠳᠠᠮᠵᠢᠲᠤ ᠣᠷᠣᠨ ᠳᠠᠬᠢ ᠳᠡᠰ ᠲᠥᠷᠥᠯ ᠬᠤᠪᠢᠶᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠨᠢ ᠪᠠᠯᠠᠷᠬᠠᠢ ᠪᠠᠶᠢᠪᠠ︔ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ ᠨᠢ ᠤᠰᠤᠨ ᠤ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠪᠠ ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠪᠤᠯᠭᠠᠵᠤ᠂ ︽ᠭᠤᠣᠯ ᠳᠤ ᠣᠷᠣᠭᠤᠯᠬᠤ ᠪᠤᠬᠢᠷᠳᠤᠯ ᠪᠣᠳᠠᠰ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠲᠤᠭᠳᠠᠭᠠᠭᠰᠠᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠡᠮᠡᠨ ᠤᠷᠤᠭᠤᠯᠵᠤ᠂ ᠰᠠᠪᠠ ᠭᠠᠵᠠᠷ ᠪᠠ ᠣᠷᠣᠨ ᠪᠦᠰᠡ ᠶᠢᠨ ᠲᠡᠰ ᠬᠤᠪᠢᠶᠠᠨ ᠬᠠᠮᠢᠶᠠᠷᠬᠤ ᠱᠠᠭᠠᠷᠳᠠᠯᠭ᠎ᠠ ᠵᠢᠴᠢ ᠤᠰᠤᠨ ᠤ ᠴᠢᠳᠠᠮᠵᠢᠲᠤ ᠣᠷᠣᠨ ᠤ ᠲᠦᠷᠪᠡᠳᠦᠭᠡᠷ ᠲᠥᠷᠥᠯ ᠤᠨ ᠨᠢᠭᠡᠳᠦᠭᠡᠷ ᠳᠡᠰ ᠤᠨ ᠣᠷᠣᠨ ᠪᠠ ᠳᠣᠯᠣᠳᠤᠭᠠᠷ ᠲᠥᠷᠥᠯ ᠤᠨ ᠬᠤᠶᠠᠳᠤᠭᠠᠷ ᠳᠡᠰ ᠤᠨ ᠣᠷᠣᠨ ᠤ ᠠᠳᠠᠯᠢ ᠪᠤᠰᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠤᠳᠤᠷᠬᠠᠶᠢᠯᠠᠵᠤ᠂ ᠤᠰᠤᠨ ᠤ ᠴᠢᠳᠠᠮᠵᠢᠳᠤ ᠤᠷᠤᠨ ᠳᠤ ᠵᠠᠰᠠᠪᠤᠷᠢ ᠤᠷᠤᠭᠤᠯᠬᠤ ᠪᠠ ᠲᠤᠬᠢᠷᠠᠭᠤᠯᠤᠯᠳᠠ ᠬᠢᠬᠦ᠂ ᠤᠰᠤᠨ ᠤ ᠴᠢᠳᠠᠮᠵᠢᠳᠤ ᠤᠷᠤᠨ ᠤ ᠨᠦᠯᠦᠭᠡᠯᠡᠯ ᠤᠨ ᠵᠠᠳᠠᠯᠤᠯᠳᠠ ᠵᠡᠷᠭᠡ ᠠᠭᠤᠯᠭ᠎ᠠ ᠶᠢ ᠨᠡᠮᠡᠭᠳᠡᠬᠦᠯᠵᠦ᠂ ᠤᠰᠤᠨ ᠤ ᠴᠢᠳᠠᠮᠵᠢᠳᠤ ᠤᠷᠤᠨ ᠤ ᠬᠢᠨᠠᠯᠳᠠ ᠬᠠᠮᠢᠶᠠᠷᠤᠯᠳᠠ ᠶᠢᠨ ᠲᠦᠷᠢᠮ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠲᠡᠬᠦᠯᠳᠡᠷᠵᠢᠬᠦᠯᠵᠡᠢ᠃ ᠰᠤᠷᠪᠤᠯᠵᠢᠯᠠᠭᠴᠢ ᠄ ︽ᠠᠷᠭ᠎ᠠ︾ ᠳᠤ ᠤᠰᠤᠨ ᠤ ᠴᠢᠳᠠᠮᠵᠢᠲᠤ ᠨᠢᠭᠡᠳᠦᠭᠡᠷ ᠳᠡᠰ ᠤᠨ ᠣᠷᠣᠨ ᠪᠠ ᠬᠤᠶᠠᠳᠤᠭᠠᠷ ᠳᠡᠰ ᠤᠨ ᠣᠷᠣᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠡᠷᠬᠢᠨ ᠲᠣᠭᠲᠠᠭᠠᠭᠰᠠᠨ ᠪᠣᠢ︖ ᠱᠢ ᠴᠢᠦ ᡂᠢ᠄ ᠤᠤᠯ ᠤᠨ ︽ᠤᠰᠤᠨ ᠤ ᠴᠢᠳᠠᠮᠵᠢᠲᠤ ᠣᠷᠣᠨ ᠤ ᠬᠠᠮᠢᠶᠠᠷᠤᠯᠲᠠ ᠶᠢᠨ ᠠᠷᠭ᠎ᠠ︾ ᠳᠠᠬᠢ ᠤᠰᠤᠨ ᠤ ᠴᠢᠳᠠᠮᠵᠢᠲᠤ ᠣᠷᠣᠨ ᠢ ᠲᠥᠷᠥᠯ ᠬᠤᠪᠢᠶᠠᠨ ᠬᠠᠮᠢᠶᠠᠷᠬᠤ ᠲᠣᠭᠲᠠᠭᠠᠯ ᠨᠢ ᠨᠡᠯᠢᠶᠡᠳ ᠳᠥᠭᠦᠮ ᠪᠠᠶᠢᠵᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠭᠰᠡᠨ ᠪᠦᠬᠦ ᠤᠯᠤᠰ ᠤᠨ ᠴᠢᠬᠤᠯᠠ ᠭᠤᠣᠯ ᠮᠥᠷᠡᠨ ᠤ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠤᠨ ᠱᠠᠭᠠᠷᠳᠠᠯᠭ᠎ᠠ ᠶᠢ ᠪᠢᠴᠢᠨ ᠤᠷᠤᠭᠤᠯᠵᠤ᠂ ᠬᠤᠶᠠᠷ ᠲᠡᠰ ᠤᠨ ᠠᠳᠠᠯᠢ ᠪᠤᠰᠤ ᠲᠥᠷᠥᠯ ᠤᠨ ᠤᠰᠤᠨ ᠤ ᠴᠢᠳᠠᠮᠵᠢᠲᠤ ᠣᠷᠣᠨ ᠤ ᠬᠠᠮᠢᠶᠠᠷᠤᠯᠲᠠ ᠳᠤ ᠨᠢᠭᠡᠳ ᠨᠢᠭᠡ ᠪᠠᠷ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠣᠳᠣᠬᠠᠨ ᠳᠤ ᠮᠠᠨ ᠤ ᠤᠯᠤᠰ ᠤᠨ ᠤᠰᠤᠨ ᠤ ᠴᠢᠳᠠᠮᠵᠢ ᠶᠢᠨ ᠣᠷᠣᠨ ᠢ ᠨᠢᠭᠡᠳᠦᠭᠡᠷ ᠳᠡᠰ ᠤᠨ ᠣᠷᠣᠨ ᠪᠣᠯᠤᠨ ᠬᠤᠶᠠᠳᠤᠭᠠᠷ ᠳᠡᠰ ᠤᠨ ᠣᠷᠣᠨ ᠭᠡᠵᠦ ᠬᠤᠪᠢᠶᠠᠨ᠎ᠠ᠃ ᠨᠢᠭᠡᠳᠦᠭᠡᠷ ᠳᠡᠰ ᠤᠨ ᠤᠰᠤᠨ ᠤ ᠴᠢᠳᠠᠮᠵᠢᠲᠤ ᠣᠷᠣᠨ ᠨᠢ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠰᠠᠭᠤᠳᠠᠯ ᠢ ᠬᠤᠷᠸ᠎ᠠ ᠲᠠᠯ᠎ᠠ ᠠᠴᠠ ᠰᠢᠢᠳᠪᠦᠷᠢᠯᠡᠨ᠎ᠡ᠂ ᠭᠤᠣᠯᠳᠠᠭᠤ ᠭᠠᠵᠠᠷ ᠣᠷᠣᠨ ᠤ ᠬᠤᠭᠤᠷᠣᠨᠳᠣᠬᠢ ᠤᠰᠤ ᠬᠡᠷᠡᠭᠯᠡᠬᠦ ᠬᠠᠷᠢᠴᠠᠭ᠎ᠠ ᠶᠢ ᠵᠣᠬᠢᠴᠠᠭᠤᠯᠵᠤ᠂ ᠠᠯᠤᠰ ᠬᠡᠳᠦ ᠶᠢᠨ ᠦᠷᠭᠦᠯᠵᠢᠯᠡᠨ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠪᠤᠳᠤᠯᠬᠢᠯᠠᠵᠤ᠂ ᠬᠠᠮᠠᠭᠠᠯᠠᠯᠲᠠ ᠶᠢᠨ ᠣᠷᠣᠨ᠂ ᠦᠯᠡᠳᠡᠭᠡᠬᠦ ᠣᠷᠣᠨ᠂ ᠵᠠᠪᠰᠠᠷ ᠤᠨ ᠣᠷᠣᠨ ᠪᠣᠯᠤᠨ ᠨᠡᠭᠡᠭᠡᠨ ᠠᠰᠢᠭᠯᠠᠬᠤ ᠣᠷᠣᠨ ᠪᠠᠭᠲᠠᠨ᠎ᠠ᠃ ᠬᠤᠶᠠᠳᠤᠭᠠᠷ ᠳᠡᠰ ᠤᠨ ᠤᠰᠤᠨ ᠤ ᠴᠢᠳᠠᠮᠵᠢᠲᠤ ᠣᠷᠣᠨ ᠨᠢ ᠨᠢᠭᠡᠳᠦᠭᠡᠷ ᠳᠡᠰ ᠤᠨ ᠤᠰᠤᠨ ᠤ ᠴᠢᠳᠠᠮᠵᠢᠲᠤ ᠣᠷᠣᠨ ᠳᠠᠬᠢ ᠨᠡᠭᠡᠭᠡᠨ ᠠᠰᠢᠭᠯᠠᠬᠤ ᠣᠷᠣᠨ ᠤ ᠲᠠᠬᠢᠨ ᠬᠤᠪᠢᠶᠠᠷᠢᠯᠠᠯ ᠪᠤᠯᠤᠨ᠎ᠠ᠂ ᠭᠤᠣᠯᠳᠠᠭᠤ ᠤᠰᠤ ᠬᠡᠷᠡᠭᠯᠡᠬᠦ ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠴᠠᠭ᠎ᠠ ᠶᠢ ᠵᠤᠬᠢᠴᠠᠭᠤᠯᠤᠨ᠎ᠠ᠃ ᠲᠡᠬᠦᠨ ᠳᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠣᠷᠣᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠣᠷᠣᠨ᠂ ᠲᠠᠷᠢᠶᠠᠯᠠᠩ ᠤᠨ ᠤᠰᠤ ᠬᠡᠷᠡᠭᠯᠡᠬᠦ ᠣᠷᠣᠨ᠂ ᠵᠢᠭᠠᠰᠤᠨ ᠠᠵᠤ ᠠᠬᠤᠢ ᠶᠢᠨ ᠤᠰᠤ ᠬᠡᠷᠡᠭᠯᠡᠬᠦ ᠣᠷᠣᠨ᠂ ᠦᠵᠡᠮᠵᠢ ᠵᠤᠭ᠎ᠠ ᠴᠡᠩᠭᠡᠯ ᠤᠨ ᠤᠰᠤ ᠬᠡᠷᠡᠭᠯᠡᠬᠦ ᠣᠷᠣᠨ᠂ ᠰᠢᠯᠵᠢᠯᠲᠡ ᠶᠢᠨ ᠣᠷᠣᠨ ᠪᠣᠯᠤᠨ ᠪᠣᠬᠢᠷᠲᠤᠯ ᠭᠠᠳᠠᠭᠰᠢᠯᠠᠭᠤᠯᠬᠤ ᠶᠢ ᠬᠢᠵᠠᠭᠠᠷᠯᠠᠬᠤ ᠣᠷᠣᠨ ᠵᠡᠷᠭᠡ ᠶᠢ ᠪᠠᠭᠳᠠᠭᠠᠨ᠎ᠠ᠃ ᠨᠢᠭᠡᠳᠦᠭᠡᠷ ᠲᠡᠰ ᠤᠨ ᠤᠷᠤᠨ ᠲᠤᠲᠤᠷᠠᠬᠢ ᠬᠠᠮᠠᠭᠠᠯᠠᠯᠳᠠ ᠶᠢᠨ ᠤᠷᠤᠨ ᠳᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠪᠦᠰᠡ ᠶᠢᠨ ᠲᠥᠪ ᠤᠷᠤᠨ ᠵᠡᠷᠭᠡ ᠬᠦᠷᠢᠶᠡᠨ ᠳᠤ ᠬᠠᠮᠠᠭᠠᠯᠠᠯᠳᠠ ᠲᠠᠢ ᠦᠯᠦ ᠬᠤᠯᠪᠤᠭᠳᠠᠬᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠶᠢ ᠴᠠᠭᠠᠵᠠᠯᠠᠵᠤ᠂ ᠬᠠᠮᠠᠭᠠᠯᠠᠯᠳᠠ ᠲᠠᠢ ᠬᠤᠯᠪᠤᠭ᠎ᠠ ᠦᠭᠡᠢ ᠤᠰᠤᠨ ᠤ ᠠᠵᠢᠯᠯᠠᠭ᠎ᠠ ᠬᠢᠬᠦ ᠶᠢ ᠴᠠᠭᠠᠵᠠᠯᠠᠨ᠎ᠠ︔ ᠦᠯᠡᠳᠡᠭᠡᠬᠦ ᠤᠷᠤᠨ ᠳᠤ᠂ ᠤᠰᠤ ᠶᠢ ᠨᠦᠯᠦᠭᠡᠯᠡᠬᠦ ᠠᠵᠤ ᠠᠬᠤᠢ ᠨᠡᠶᠢᠭᠡᠮ ᠤᠨ ᠠᠵᠢᠯᠯᠠᠭ᠎ᠠ ᠬᠢᠬᠦ ᠶᠢ ᠬᠢᠵᠠᠭᠠᠷᠯᠠᠵᠤ᠂ ᠤᠰᠤᠨ ᠤ ᠬᠡᠮᠵᠢᠶ᠎ᠡ᠂ ᠤᠰᠤᠨ ᠤ ᠶᠠᠰᠤ ᠴᠢᠨᠠᠷ᠂ ᠤᠰᠤᠨ ᠤ ᠠᠮᠢ ᠠᠬᠤᠢ ᠳᠤ ᠬᠦᠨᠳᠦ ᠴᠢᠬᠤᠯᠠ ᠨᠦᠯᠦᠭᠡ ᠭᠠᠷᠭᠠᠬᠤ ᠪᠤᠯᠤᠮᠵᠢ ᠲᠠᠢ ᠠᠵᠢᠯᠯᠠᠭ᠎ᠠ ᠬᠢᠬᠦ ᠶᠢ ᠴᠢᠩᠭ᠎ᠠ ᠬᠢᠵᠠᠭᠠᠷᠯᠠᠨ᠎ᠠ︔ ᠵᠠᠪᠰᠠᠷ ᠤᠨ ᠤᠷᠤᠨ ᠳᠤ᠂ ᠤᠰᠤ ᠲᠠᠢ ᠬᠤᠯᠪᠤᠭᠳᠠᠬᠤ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠬᠠᠮᠢᠶᠠᠷᠬᠤ ᠶᠢ ᠱᠠᠭᠠᠷᠳᠠᠵᠤ᠂ ᠬᠦᠷᠰᠢ ᠵᠡᠷᠭᠡᠯᠡᠳᠡᠭᠡ ᠤᠰᠤᠨ ᠤ ᠴᠢᠳᠠᠮᠵᠢᠳᠤ ᠤᠷᠤᠨ ᠳᠤ ᠠᠰᠢᠭ ᠦᠭᠡᠢ ᠨᠦᠯᠦᠭᠡ ᠭᠠᠷᠭᠠᠬᠤ ᠠᠴᠠ ᠰᠡᠷᠭᠡᠶᠢᠯᠡᠵᠦ᠂ ᠮᠤᠵᠢ ᠶᠢᠨ ᠵᠠᠭᠠᠭ ᠳᠠᠬᠢ ᠵᠠᠪᠰᠠᠷ ᠤᠨ ᠤᠷᠤᠨ ᠳᠤ ᠤᠰᠤᠨ ᠤ ᠴᠢᠳᠠᠮᠵᠢᠳᠤ ᠤᠷᠤᠨ ᠤ ᠬᠠᠮᠠᠭᠠᠯᠠᠯᠳᠠ ᠳᠤ ᠠᠰᠢᠭ ᠦᠭᠡᠢ ᠪᠤᠯᠤᠮᠵᠢ ᠲᠠᠢ ᠡᠯ᠎ᠡ ᠵᠦᠢᠯ ᠤᠨ ᠠᠵᠢᠯᠯᠠᠭ᠎ᠠ ᠬᠢᠬᠦ ᠦᠶ᠎ᠡ ᠳᠤ ᠡᠷᠬᠡᠪᠰᠢ ᠤᠷᠢᠳᠠ ᠪᠠᠷ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠢ︔ ᠨᠡᠭᠡᠭᠡᠨ ᠠᠰᠢᠭᠯᠠᠬᠤ ᠣᠷᠣᠨ ᠳᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠵᠡᠷᠭᠡᠪᠡᠷ ᠪᠠᠷᠢᠮᠲᠠᠯᠠᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠤᠨ ᠦᠷᠬᠦᠯᠵᠢᠯᠡᠬᠦ᠋ᠢᠴᠡ ᠠᠰᠢᠭᠯᠠᠯᠳᠠ ᠶᠢ ᠪᠠᠳᠤᠯᠠᠵᠤ᠂ ᠤᠯᠠᠨ ᠵᠦᠢᠯ ᠤᠨ ᠬᠡᠷᠡᠭᠯᠡᠭᠡᠨ ᠤ ᠴᠢᠳᠠᠮᠵᠢ ᠶᠢ ᠬᠠᠮᠳᠤ ᠳᠤ ᠨᠢ ᠪᠦᠷᠢᠯᠳᠦᠬᠦᠯᠬᠦ ᠨᠡᠭᠡᠭᠡᠨ ᠠᠰᠢᠭᠯᠠᠯᠳᠠ ᠶᠢᠨ ᠤᠷᠤᠨ ᠳᠤ ᠲᠡᠬᠦᠨ ᠤ ᠬᠠᠮᠤᠭ ᠦᠨᠳᠦᠷ ᠤᠰᠤᠨ ᠤ ᠴᠢᠨᠠᠷ ᠤᠨ ᠬᠠᠷᠠᠯᠳᠠ ᠶᠢᠨ ᠱᠠᠭᠠᠷᠳᠠᠯᠭ᠎ᠠ ᠪᠠᠷ ᠬᠠᠮᠢᠶᠠᠷᠤᠯᠳᠠ ᠬᠢᠬᠦ ᠭᠡᠷᠡᠭᠳᠡᠢ ᠃ ᠳᠣᠯᠣᠭᠠᠨ ᠤᠰᠤᠨ ᠤ ᠴᠢᠳᠠᠮᠵᠢᠲᠤ ᠬᠤᠶᠠᠳᠤᠭᠠᠷ ᠳᠡᠰ ᠤᠨ ᠣᠷᠣᠨ᠂ ᠲᠤᠬᠠᠶᠢᠯᠠᠪᠠᠯ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠣᠷᠣᠨ᠂ ᠲᠠᠷᠢᠶᠠᠯᠠᠩ ᠤᠨ ᠤᠰᠤ ᠬᠡᠷᠡᠭᠯᠡᠬᠦ ᠣᠷᠣᠨ᠂ ᠵᠢᠭᠠᠰᠤᠨ ᠠᠵᠤ ᠠᠬᠤᠢ ᠶᠢᠨ ᠤᠰᠤ ᠬᠡᠷᠡᠭᠯᠡᠬᠦ ᠣᠷᠣᠨ᠂ ᠦᠵᠡᠮᠵᠢ ᠵᠤᠭ᠎ᠠ ᠴᠡᠩᠭᠡᠯ ᠤᠨ ᠤᠰᠤ ᠬᠡᠷᠡᠭᠯᠡᠬᠦ ᠣᠷᠣᠨ᠂ ᠰᠢᠯᠵᠢᠯᠲᠡ ᠶᠢᠨ ᠣᠷᠣᠨ᠂ ᠪᠣᠬᠢᠷᠲᠤᠯ ᠭᠠᠳᠠᠭᠰᠢᠯᠠᠭᠤᠯᠬᠤ ᠶᠢ ᠬᠢᠵᠠᠭᠠᠷᠯᠠᠬᠤ ᠣᠷᠣᠨ ᠳᠤ ᠴᠥᠮ ᠤᠰᠤᠨ ᠤ ᠬᠡᠮᠵᠢᠶ᠎ᠡ᠂ ᠤᠰᠤᠨ ᠤ ᠴᠢᠨᠠᠷ ᠪᠣᠯᠤᠨ ᠤᠰᠤᠨ ᠤ ᠠᠮᠢ ᠠᠬᠤᠢ ᠵᠡᠷᠭᠡ ᠲᠠᠯ᠎ᠠ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠱᠠᠭᠠᠷᠳᠠᠯᠭ᠎ᠠ ᠶᠢ ᠳᠤᠷᠠᠳᠪᠠ᠃ ᠰᠤᠷᠪᠤᠯᠵᠢᠯᠠᠭᠴᠢ᠄ ︽ᠠᠷᠭ᠎ᠠ︾ ᠳᠤ ᠤᠰᠤᠨ ᠤ ᠴᠢᠳᠠᠮᠵᠢᠲᠤ ᠣᠷᠣᠨ ᠳᠠᠬᠢ ᠪᠤᠬᠢᠷᠳᠤᠯ ᠤᠨ ᠬᠤᠷᠠᠮᠳᠤᠯ ᠢ ᠬᠢᠵᠠᠭᠠᠷᠯᠠᠬᠤ ᠬᠠᠮᠢᠶᠠᠷᠤᠯᠲᠠ ᠶᠢ ᠶᠠᠭᠠᠬᠢᠵᠤ ᠲᠣᠭᠲᠠᠭᠠᠭᠰᠠᠨ ᠪᠣᠢ︖ ᠱᠢ ᠴᠢᠦ ᡂᠢ᠄ ᠲᠥᠷᠥ ᠶᠢᠨ ᠶᠠᠪᠤᠳᠠᠯ ᠤᠨ ᠬᠤᠷᠢᠶᠠᠨ ᠤ ᠪᠦᠬᠦ ᠤᠯᠤᠰ ᠤᠨ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠳᠠᠮᠵᠢᠲᠤ ᠣᠷᠣᠨ ᠤ ᠴᠣᠬᠤᠯᠠᠪᠤᠷᠢ ᠶᠢᠨ ᠱᠠᠭᠠᠷᠳᠠᠯᠭ᠎ᠠ ᠪᠠ ᠭᠤᠣᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠷᠭ᠎ᠠ︾ ᠨᠢ ᠤᠰᠤᠨ ᠤ ᠴᠢᠳᠠᠮᠵᠢᠲᠤ ᠣᠷᠣᠨ ᠤ ᠪᠤᠬᠢᠷᠳᠤᠯ ᠪᠤᠳᠠᠰ ᠤᠨ ᠬᠤᠷᠠᠮᠳᠤᠯ ᠢ ᠬᠢᠵᠠᠭᠠᠷᠯᠠᠬᠤ ᠬᠠᠮᠢᠶᠠᠷᠤᠯᠲᠠ ᠶᠢ ᠭᠤᠣᠯ ᠠᠭᠤᠯᠭ᠎ᠠ ᠪᠣᠯᠭᠠᠵᠤ᠂ ᠳᠣᠣᠷᠠᠬᠢ ᠲᠠᠪᠤᠨ ᠲᠠᠯ᠎ᠠ ᠪᠠᠷ ᠲᠣᠭᠲᠠᠭᠠᠯ ᠭᠠᠷᠭᠠᠪᠠ᠄ ᠨᠢᠭᠡ ᠳᠤ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠨ᠎ᠠ᠃ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤᠨ ᠪᠦᠰᠡ ᠶᠢᠨ ᠪᠣᠬᠢᠷᠲᠤᠯ ᠪᠣᠳᠠᠰ ᠠᠭᠤᠯᠬᠤ ᠴᠢᠳᠠᠪᠤᠷᠢ ᠶᠢ ᠬᠢᠨᠠᠨ ᠲᠣᠭᠲᠠᠭᠠᠬᠤ ᠪᠠ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠯ ᠲᠤᠷᠠᠳᠴᠤ᠂ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯᠳᠠᠯᠭ᠎ᠠ ᠲᠠᠢ ᠤᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠨᠢ ᠤᠰᠤᠨ ᠤ ᠴᠢᠳᠠᠮᠵᠢ ᠶᠢᠨ ᠣᠷᠣᠨ ᠤ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠬᠡᠲᠦᠷᠡᠭᠰᠡᠨ ᠢ ᠣᠯᠵᠤ ᠮᠡᠳᠡᠭᠰᠡᠨ ᠪᠠᠶᠢᠪᠠᠯ᠂ ᠡᠰᠡᠬᠦᠯ᠎ᠡ ᠤᠰᠤᠨ ᠤ ᠴᠢᠳᠠᠮᠵᠢᠳᠤ ᠤᠷᠤᠨ ᠤ ᠤᠰᠤᠨ ᠤ ᠴᠢᠨᠠᠷ ᠨᠢ ᠲᠡᠬᠦᠨ ᠤ ᠬᠡᠷᠡᠭᠯᠡᠬᠦ ᠴᠢᠳᠠᠮᠵᠢ ᠶᠢᠨ ᠤᠰᠤᠨ ᠤ ᠴᠢᠨᠠᠷ ᠤᠨ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠲᠠᠷᠦ᠋ᠢᠬᠠᠨ ᠬᠠᠮᠨᠢᠶ᠎ᠠ ᠪᠦᠬᠦᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠠᠰᠠᠬᠤ ᠠᠷᠭ᠎ᠠ ᠬᠡᠮᠵᠢᠶ᠎ᠡ ᠠᠪᠬᠤ ᠶᠢᠨ ᠬᠠᠮᠳᠤ ᠬᠠᠮᠢᠶ᠎ᠠ ᠪᠦᠬᠦᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠢ ᠬᠠᠮᠠᠭᠠᠯᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠵᠠᠷᠯᠠᠨ ᠮᠡᠳᠡᠭᠳᠡᠬᠦ ᠬᠡᠷᠡᠭᠲᠡᠢ᠃ ᠬᠤᠶᠠᠷ ᠲᠤ᠂ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠢ ᠬᠤᠭᠤᠴᠠᠭ᠎ᠠ ᠬᠢᠵᠠᠭᠠᠷᠯᠠᠨ ᠪᠠᠷᠢᠮᠵᠢᠶ᠎ᠠ ᠳᠤ ᠬᠦᠷᠭᠡᠨ᠎ᠡ᠃ ᠤᠰᠤᠨ ᠤ ᠴᠢᠳᠠᠮᠵᠢᠲᠤ ᠣᠷᠣᠨ ᠤ ᠪᠠᠷᠢᠮᠵᠢᠶ᠎ᠠ ᠳᠤ ᠬᠦᠷᠬᠦ ᠨᠣᠷᠮ᠎ᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠡᠵᠡᠮᠳᠡᠬᠦ ᠬᠠᠷᠠᠯᠲᠠ ᠳᠤ ᠬᠦᠷᠦᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠤᠰᠤᠨ ᠤ ᠴᠢᠳᠠᠮᠵᠢᠲᠤ ᠣᠷᠣᠨ ᠢ ᠬᠤᠭᠤᠴᠠᠭ᠎ᠠ ᠬᠢᠵᠠᠭᠠᠷᠯᠠᠨ ᠪᠠᠷᠢᠮᠵᠢᠶ᠎ᠠ ᠳᠤ ᠬᠦᠷᠦᠭᠦᠯᠦᠨ ᠴᠡᠭᠴᠡᠯᠡᠨ ᠵᠠᠰᠠᠬᠤ ᠲᠥᠰᠦᠯ ᠢ ᠲᠣᠭᠲᠠᠭᠠᠨ ᠬᠡᠷᠡᠭᠵᠢᠬᠦᠯᠵᠦ᠂ ᠪᠤᠬᠢᠷᠳᠤᠯ ᠢ ᠬᠤᠷᠢᠭᠯᠠᠨ ᠬᠢᠵᠠᠭᠠᠷᠯᠠᠬᠤ ᠂ ᠠᠮᠢ ᠠᠬᠤᠢ ᠶᠢ ᠰᠡᠷᠬᠦᠭᠡᠨ ᠵᠠᠰᠠᠬᠤ ᠵᠡᠷᠭᠡ ᠢᠨᠵᠧᠨᠧᠷᠢᠩ ᠪᠠ ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠪᠠᠷ ᠲᠠᠮᠵᠢᠨ ᠬᠤᠭᠤᠴᠠᠭ᠎ᠠ ᠬᠢᠵᠠᠭᠠᠷ ᠲᠤᠲᠤᠷ᠎ᠠ ᠲᠤᠭᠳᠠᠭᠠᠭᠰᠠᠨ ᠬᠢᠵᠠᠭᠠᠷᠯᠠᠬᠤ ᠬᠠᠷᠠᠯᠳᠠ ᠳᠤ ᠬᠦᠷᠭᠡᠬᠦ ᠬᠡᠷᠡᠭᠲᠡᠢ᠃ ᠭᠤᠷᠪᠠ ᠳᠤ᠂ ᠪᠤᠬᠢᠷᠳᠤᠯ ᠤᠨ ᠬᠠᠳᠠᠭᠠᠯᠠᠴᠠ ᠶᠢ ᠴᠡᠭᠴᠡᠯᠡᠨ ᠵᠠᠰᠠᠨ᠎ᠠ᠃ ᠤᠳᠤ ᠶᠢᠨ ᠭᠤᠤᠯ ᠳᠤ ᠤᠷᠤᠭᠤᠯᠬᠤ ᠪᠤᠬᠢᠷᠳᠤᠯ ᠭᠠᠳᠠᠭᠰᠢᠯᠠᠭᠤᠯᠤᠳᠠ ᠶᠢᠨ ᠠᠮᠠ ᠳᠤ ᠪᠠᠶᠢᠷᠢᠰᠢᠭᠤᠯᠤᠯᠳᠠ ᠪᠠ ᠴᠡᠭᠴᠡᠯᠡᠨ ᠵᠠᠰᠠᠯᠳᠠ ᠬᠢᠬᠦ ᠶᠢ ᠱᠠᠭᠠᠷᠳᠠᠨ᠎ᠠ ᠃ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠰᠤᠨ ᠤ ᠴᠢᠳᠠᠮᠵᠢᠲᠤ ᠣᠷᠣᠨ ᠢ ᠬᠠᠮᠠᠭᠠᠯᠠᠬᠤ ᠬᠠᠷᠠᠯᠲᠠ᠂ ᠤᠰᠤᠨ ᠪᠦᠰᠡ ᠶᠢᠨ ᠪᠣᠬᠢᠷᠲᠤᠯ ᠬᠤᠷᠠᠮᠳᠤᠭᠤᠯᠬᠤ ᠴᠢᠳᠠᠪᠤᠷᠢ᠂ ᠰᠡᠷᠭᠡᠭ ᠤᠰᠤᠨ ᠤ ᠠᠮᠢ ᠠᠬᠤᠢ ᠶᠢ ᠬᠠᠮᠠᠭᠠᠯᠠᠬᠤ ᠬᠠᠷᠠᠯᠲᠠ ᠵᠢᠴᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠡᠷᠭᠡ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠠᠪᠠ ᠭᠠᠵᠠᠷ ᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠪᠠᠶᠢᠷᠢᠰᠢᠯ ᠤᠨ ᠲᠥᠯᠥᠪᠵᠢᠭᠦᠯᠭᠡ ᠪᠤᠶᠤ ᠵᠢᠯᠣᠭᠤᠳᠬᠤ ᠰᠠᠨᠠᠯ ᠢᠶᠠᠨ ᠳᠤᠷᠠᠳᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠨᠢᠭᠡᠨᠲᠡ ᠵᠥᠪᠰᠢᠶᠡᠷᠡᠭᠦᠯᠦᠭᠰᠡᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠪᠠᠶᠢᠷᠢᠰᠢᠯ ᠤᠨ ᠲᠥᠯᠥᠪᠵᠢᠭᠦᠯᠭᠡ ᠪᠤᠶᠤ ᠵᠢᠯᠣᠭᠤᠳᠬᠤ ᠰᠠᠨᠠᠯ ᠤᠨ ᠶᠣᠰᠣᠭᠠᠷ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠭᠤᠣᠯ ᠤᠨ ᠵᠠᠮ ᠢ ᠴᠡᠭᠴᠡᠯᠡᠨ ᠵᠠᠰᠠᠬᠤ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ ᠭᠤᠣᠯ ᠨᠠᠭᠤᠷ ᠤᠨ ᠤᠰᠤᠨ ᠰᠢᠰᠲ᠋ᠧᠮ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠬᠦ ᠳᠡᠭᠡᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠶᠡᠷᠦᠩᠬᠡᠶᠢᠯᠡᠨ ᠵᠠᠰᠠᠬᠤ ᠲᠠᠢ ᠨᠢᠭᠡᠳᠭᠡᠨ ᠲᠥᠯᠥᠪᠯᠡᠨ ᠪᠣᠳᠣᠯᠬᠢᠯᠠᠬᠤ ᠬᠡᠷᠡᠭᠲᠡᠢ᠃ ᠲᠦᠷᠪᠡ ᠳᠤ᠂ ᠪᠣᠬᠢᠷᠲᠤᠯ ᠤᠨ ᠨᠡᠮᠡᠭᠳᠡᠯ ᠢ ᠬᠢᠵᠠᠭᠠᠷᠯᠠᠨ᠎ᠠ᠃ ︽ᠤᠰᠤᠨ ᠤ ᠬᠠᠤᠯᠢ︾ ᠪᠣᠯᠤᠨ ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠦᠨᠳᠦᠰᠦᠯᠡᠨ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠳᠤ ᠲᠡᠰ ᠬᠤᠪᠢᠶᠠᠨ ᠭᠦᠢᠴᠡᠳᠬᠡᠬᠦ ᠶᠢ ᠵᠥᠪᠰᠢᠶᠡᠷᠡᠬᠦ ᠲᠤᠬᠠᠢ ᠲᠣᠭᠲᠠᠭᠠᠯ ᠢ ᠳᠠᠬᠢᠨ ᠳᠤᠷᠠᠳᠪᠠ᠃ ᠤᠰᠤ ᠠᠪᠬᠤ ᠶᠢ ᠵᠥᠪᠰᠢᠶᠡᠷᠡᠬᠦ ᠭᠤᠶᠤᠴᠢᠯᠠᠯ ᠤᠨ ︵ᠤᠰᠤᠨ ᠤ ᠡᠬᠢ ᠪᠠᠶᠠᠯᠢᠭ ᠢ ᠨᠤᠲᠠᠯᠠᠬᠤ︶ ᠪᠢᠴᠢᠭ ᠮᠠᠲ᠋ᠧᠷᠢᠶᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠤᠣᠯ ᠳᠤ ᠣᠷᠣᠭᠤᠯᠬᠤ ᠪᠤᠬᠢᠷᠳᠤᠯ ᠭᠠᠳᠠᠭᠰᠢᠯᠠᠭᠤᠯᠬᠤ ᠠᠮᠠ ᠭᠠᠷᠭᠠᠬᠤ ᠴᠢᠬᠤᠯᠠ ᠲᠠᠢ ᠵᠡᠷᠭᠡ ᠳᠥᠷᠪᠡᠨ ᠵᠦᠢᠯ ᠤᠨ ᠪᠠᠶᠢᠳᠠᠯ ᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠬᠢᠨᠠᠨ ᠪᠠᠶᠢᠴᠠᠭᠠᠬᠤ ᠪᠠ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠭᠠᠷᠭᠠᠵᠤ ᠥᠭᠬᠦ ᠶᠢ ᠬᠠᠷᠢᠭᠤᠴᠠᠨ᠎ᠠ᠃ ᠪᠤᠰᠤᠳ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠵᠦᠪᠰᠢᠶᠡᠷᠡᠯ ᠤᠨ ᠲᠡᠰ ᠬᠤᠪᠢᠶᠠᠬᠤ ᠡᠷᠬᠡ ᠶᠢᠨ ᠬᠢᠵᠠᠭᠠᠷ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ ᠮᠣᠵᠢ ᠶᠢᠨ ᠵᠠᠭᠠᠭ ᠤᠨ ᠵᠠᠪᠰᠠᠷ ᠤᠨ ᠣᠷᠣᠨ ᠪᠣᠯᠤᠨ ᠪᠤᠰᠤᠳ ᠮᠣᠵᠢ ᠶᠢᠨ ᠵᠠᠭᠠᠭ ᠤᠨ ᠣᠭᠲᠣᠯᠤᠭᠠᠰᠤ ᠬᠡᠰᠡᠭ ᠲᠠᠬᠢ ᠤᠰᠤᠨ ᠤ ᠴᠢᠳᠠᠮᠵᠢᠲᠤ ᠣᠷᠣᠨ ᠳᠤ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠳᠤ ᠤᠷᠢᠳᠠᠪᠡᠷ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠠᠨᠠᠯ ᠢ ᠬᠤᠷᠢᠶᠠᠬᠤ ᠬᠡᠷᠡᠭᠲᠡᠢ᠃ ᠲᠠᠪᠤ ᠳᠤ᠂ ᠭᠤᠣᠯ ᠳᠤ ᠣᠷᠣᠭᠤᠯᠬᠤ ᠪᠤᠬᠢᠷᠳᠤᠯ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠳᠤ ᠣᠷᠣᠭᠤᠯᠬᠤ ᠠᠮᠠ ᠶᠢᠨ ᠳᠠᠩᠰᠠ ᠡᠪᠬᠡᠮᠡᠯ᠂ ᠮᠡᠳᠡᠭᠦᠯᠦᠯᠲᠡ᠂ ᠬᠢᠨᠠᠨ ᠬᠡᠮᠵᠢᠯᠲᠡ ᠪᠠ ᠬᠢᠨᠠᠯᠲᠠ ᠪᠠᠶᠢᠴᠠᠭᠠᠯᠲᠠ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠭᠲᠠᠭᠠᠪᠠ᠃ ᠰᠤᠷᠪᠤᠯᠵᠢᠯᠠᠭᠴᠢ᠄ ︽ᠠᠷᠭ᠎ᠠ︾ ᠳᠤ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠵᠤ ᠬᠠᠮᠢᠶᠠᠷᠬᠤ ᠵᠠᠷᠢᠮ ᠠᠭᠤᠯᠭ᠎ᠠ ᠳᠤ ᠬᠤᠯᠪᠣᠭᠳᠠᠭᠰᠠᠨ ᠪᠣᠯᠬᠤᠷ ︽ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠵᠤ ᠬᠠᠮᠢᠶᠠᠷᠬᠤ ᠠᠷᠭ᠎ᠠ︾ ᠶᠢ ᠶᠠᠮᠠᠷ ᠬᠠᠷᠢᠴᠠᠭ᠎ᠠ ᠲᠠᠢ ᠪᠣᠢ︖ ᠱᠢ ᠴᠢᠦ ᡂᠢ᠄ 2004 ᠣᠨ ᠤ 11 ᠰᠠᠷ᠎ᠠ ᠶᠢᠨ 30 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠠᠴᠠ ︽ᠭᠤᠤᠯ ᠳᠤ ᠤᠷᠤᠭᠤᠯᠬᠤ ᠪᠤᠬᠢᠷᠳᠤᠯ ᠭᠠᠳᠠᠭᠰᠢᠯᠠᠭᠤᠯᠬᠤ ᠠᠮᠠ ᠶᠢ ᠬᠢᠨᠠᠨ ᠬᠠᠮᠢᠶᠠᠷᠬᠤ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ 22 ᠲᠤᠭᠠᠳᠤ ᠵᠠᠷᠯᠢᠭ︶ ᠶᠢ ᠨᠡᠶᠢᠲᠡᠯᠡᠪᠡ᠃ ᠲᠤᠰ ᠤᠳᠠᠭᠠᠨ ᠤ ︽ᠠᠷᠭ᠎ᠠ︾ ᠳᠤ ᠵᠠᠰᠠᠪᠤᠷᠢ ᠣᠷᠣᠭᠤᠯᠬᠤ ᠳᠠᠭᠠᠨ ᠤᠰᠤᠨ ᠤ ᠴᠢᠳᠠᠮᠵᠢᠲᠤ ᠣᠷᠣᠨ ᠤ ᠪᠤᠬᠢᠷᠳᠤᠯ ᠤᠨ ᠬᠤᠷᠠᠮᠳᠤᠯ ᠢ ᠬᠢᠵᠠᠭᠠᠷᠯᠠᠬᠤ ᠬᠠᠮᠢᠶᠠᠷᠤᠯᠲᠠ ᠶᠢᠨ ᠬᠡᠷᠡᠭᠴᠡᠭᠡ ᠳᠤ ᠰᠠᠭᠤᠷᠢᠯᠠᠨ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠢᠨᠠᠨ ᠬᠠᠮᠢᠶᠠᠷᠤᠯᠳᠠ ᠶᠢᠨ ᠲᠤᠬᠠᠢ ᠬᠠᠷᠠᠭᠠᠯᠵᠠᠭᠰᠠᠨ ᠲᠣᠭᠲᠠᠭᠠᠯ ᠭᠠᠷᠭᠠᠵᠠᠢ᠂ ᠡᠳᠡᠭᠡᠷ ᠲᠣᠭᠲᠠᠭᠠᠯ ᠨᠢ ︽ᠭᠤᠣᠯ ᠳᠤ ᠤᠷᠤᠭᠤᠯᠬᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠨ ᠬᠠᠮᠢᠶᠠᠷᠬᠤ ᠠᠷᠭ᠎ᠠ︾ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ ᠪᠦᠭᠡᠳ ᠨᠦᠬᠦᠪᠦᠷᠢᠯᠡᠵᠦ᠂ ᠲᠤᠰ ᠠᠷᠭ᠎ᠠ ᠵᠠᠰᠠᠭᠰᠠᠨ ᠠᠰᠠᠭᠤᠳᠠᠯ ᠳᠤ ᠬᠤᠯᠪᠣᠭᠳᠠᠬᠤ ᠥᠬᠡᠢ ᠤᠴᠢᠷ ᠠᠴᠠ ︽ᠭᠤᠣᠯ ᠳᠤ ᠤᠷᠤᠭᠤᠯᠬᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠨ ᠬᠠᠮᠢᠶᠠᠷᠬᠤ ᠠᠷᠭ᠎ᠠ︾ ᠨᠢ ᠦᠷᠭᠦᠯᠵᠢᠯᠡᠨ ᠬᠦᠴᠦᠨ ᠲᠠᠢ ᠪᠤᠯᠤᠨ᠎ᠠ᠃ ᠰᠤᠷᠪᠤᠯᠵᠢᠯᠠᠭᠴᠢ᠄ ᠳᠠᠷᠠᠭᠠᠴᠢ ᠶᠢᠨ ᠠᠯᠬᠤᠮ ᠳᠤ ︽ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠢ︖ ᠱᠢ ᠴᠢᠦ ᡂᠢ᠄ ᠨᠢᠭᠡ ᠳᠤ᠂ ᠣᠯᠠᠨ ᠵᠦᠢᠯ ᠤᠨ ᠬᠡᠯᠪᠡᠷᠢ ᠪᠠᠷ ︽ᠠᠷᠭ᠎ᠠ︾ ᠶᠢ ᠢᠳᠡᠪᠬᠢᠲᠡᠢ ᠤᠬᠠᠭᠤᠯᠤᠨ ᠰᠤᠷᠳᠠᠯᠴᠢᠯᠠᠨ᠎ᠠ᠃ ᠰᠣᠨᠢᠨ᠂ ᠰᠡᠳᠬᠦᠯ᠂ ᠢᠨᠲ᠋ᠧᠷ ᠰᠦᠯᠵᠢᠶ᠎ᠡ ᠵᠡᠷᠭᠡ ᠡᠯ᠎ᠡ ᠵᠦᠢᠯ ᠤᠨ ᠠᠷᠭ᠎ᠠ ᠮᠠᠶ᠋ᠢᠭ ᠢ ᠠᠰᠢᠭᠯᠠᠨ ︽ᠠᠷᠭ᠎ᠠ︾ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠡᠯ᠎ᠡ ᠮᠣᠵᠢ ᠳᠤ ᠴᠠᠭ ᠲᠤᠨᠢ ᠲᠣᠬᠢᠷᠠᠭᠤᠯᠤᠨ ᠪᠣᠯᠪᠠᠰᠣᠷᠠᠭᠤᠯᠤᠯ ᠬᠢᠵᠦ᠂ ᠡᠯ᠎ᠡ ᠪᠠᠶᠢᠭᠤᠯᠭ᠎ᠠ ᠶᠢ ᠵᠢᠯᠣᠭᠤᠳᠤᠨ ︽ᠠᠷᠭ᠎ᠠ︾ ᠶᠢᠨ ᠪᠣᠳᠠᠲᠠᠢ ᠲᠣᠭᠲᠠᠭᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠡᠯ᠎ᠡ ᠪᠠᠶᠢᠭᠤᠯᠭ᠎ᠠ ᠨᠢᠭᠡᠴᠢ ᠶᠢᠨ ᠤᠰᠤᠨ ᠤ ᠴᠢᠳᠠᠮᠵᠢᠲᠤ ᠣᠷᠣᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠎ᠠ᠃ ᠬᠤᠶᠠᠷ ᠲᠤ᠂ ︽ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠢᠨᠠᠯᠲᠠ ᠵᠢᠯᠣᠭᠤᠳᠤᠯᠭ᠎ᠠ ᠪᠠᠨ ᠴᠢᠩᠭᠠᠷᠠᠭᠤᠯᠤᠨ᠎ᠠ᠃ ᠠᠷᠭ᠎ᠠ ᠶᠢᠨ ᠨᠡᠶᠢᠳᠡᠯᠡᠭᠳᠡᠭᠰᠡᠨ ᠢᠶᠠᠷ ᠲᠣᠬᠢᠶᠠᠯ ᠪᠣᠯᠭᠠᠵᠤ᠂ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠱᠠᠭᠠᠷᠳᠠᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠲᠤᠰ ᠪᠡᠶ᠎ᠡ ᠳᠤ ᠨᠢ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠨ᠎ᠠ᠃ ᠭᠤᠷᠪᠠ ᠳᠤ᠂ ᠳ᠋ᠦᠩᠨᠡᠨ ᠵᠠᠳᠠᠯᠬᠤ ᠪᠠ ᠲᠡᠭᠦᠯᠳᠡᠷᠵᠢᠭᠦᠯᠦᠨ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ︽ᠠᠷᠭ᠎ᠠ︾ ᠶᠢ ᠬᠡᠷᠡᠭᠵᠢᠭᠦᠯᠬᠦ ᠶᠠᠪᠤᠴᠠ ᠳᠤ ᠲᠤᠰᠬᠠᠭᠰᠠᠨ ᠰᠢᠨ᠎ᠡ ᠠᠰᠠᠭᠤᠳᠠᠯ ᠳᠤ ᠴᠠᠭ ᠲᠤᠬᠠᠢ ᠳᠤ ᠨᠢ ᠳ᠋ᠦᠩᠨᠡᠯᠳᠡ ᠬᠢᠵᠦ᠂ ᠵᠠᠳᠠᠯᠤᠨ ᠡᠮᠬᠢᠳᠬᠡᠵᠦ ︽ᠠᠷᠭ᠎ᠠ︾ ᠳᠤ ᠴᠢᠨᠠᠭᠰᠢᠳᠠ ᠵᠠᠰᠠᠪᠤᠷᠢ ᠣᠷᠣᠭᠤᠯᠤᠨ ᠪᠣᠯᠪᠠᠰᠤᠷᠠᠩᠭᠤᠢ ᠪᠣᠯᠭᠠᠬᠤ ᠲᠦᠬᠦᠮ ᠪᠠᠶᠢᠯᠭᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号