| | | | ᠬᠤᠶᠠᠷ ᠲᠠᠯ᠎ᠠ ᠪᠠᠷ ᠬᠦᠴᠦᠯᠡᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠤᠶ᠎ᠠ — — ᠤᠰᠤᠨ ᠠᠰᠢᠭᠯᠠᠯᠲᠠ ᠶᠢᠨ | ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠳᠠᠷᠤᠭ᠎ᠠ ᠡᠦ ᠸᠧᠨ ᠴᠢᠩ ︽ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ᠳᠤ ᠲᠠᠶᠢᠯᠤᠮᠵᠢ ᠬᠢᠪᠡ | 2016 ᠣᠨ ᠤ 1 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠰᠠᠨᠠᠯ | ︾ ︵ᠲᠦᠷᠦ ᠶᠢᠨ ᠶᠠᠪᠤᠳᠠᠯ ᠤᠨ ᠬᠤᠷᠢᠶ᠎ᠠ ᠠᠯᠪᠠᠨ ᠲᠢᠩᠬᠢᠮ ﹇2016﹈ 2 ᠲᠤᠭᠠᠳᠤ᠂ ᠲᠤᠷᠤᠭᠰᠢ ︽ᠰᠠᠨᠠᠯ︾ | ᠭᠡᠵᠦ ᠲᠤᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠲᠡᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠳᠤ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠪᠡ | ᠃ ᠣᠶᠢᠷ᠎ᠠ ᠳᠤ᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ︽ᠰᠠᠨᠠᠯ︾ ᠤᠨ ᠨᠡᠶᠢᠳᠡᠯᠡᠭᠳᠡᠭᠰᠡᠨ ᠠᠬᠤᠢ | ᠪᠠᠶᠢᠳᠠᠯ᠂ ᠭᠤᠣᠯ ᠠᠭᠤᠯᠭ᠎ᠠ ᠵᠡᠷᠭᠡ ᠶᠢ ᠤᠶᠢᠯᠠᠭᠠᠬᠤ ᠵᠤᠷᠢᠯᠭ᠎ᠠ ᠪᠠᠷ ᠤᠰᠤᠨ ᠠᠰᠢᠭᠯᠠᠯᠲᠠ ᠶᠢᠨ ᠶᠠᠮᠤᠨ ᠤ ᠡᠳ᠋ ᠤᠨ | ᠶᠠᠪᠤᠳᠠᠯ ᠤᠨ ᠵᠤᠷᠭᠠᠨ ᠤ ᠳᠠᠷᠤᠭ᠎ᠠ ᠡᠦ ᠸᠧᠨ ᠴᠢᠩ ᠢ ᠰᠤᠷᠪᠤᠯᠵᠢᠯᠠᠪᠠ᠃ | ᠰᠤᠷᠪᠤᠯᠵᠢᠯᠠᠭᠴᠢ᠄ ︽ᠰᠠᠨᠠᠯ︾ ᠨᠡᠶᠢᠲᠡᠯᠡᠭᠳᠡᠭᠰᠡᠨ ᠤ ᠳᠠᠷᠠᠭ᠎ᠠ ᠬᠥᠮᠦᠰ ᠤᠨ ᠠᠩᠬᠠᠷᠤᠯ ᠢ ᠮᠠᠰᠢ ᠲᠠᠲᠠᠭᠰᠠᠨ | ᠪᠠᠶᠢᠨ᠎ᠠ᠂ ᠲᠠ ᠲᠡᠬᠦᠨ ᠤ ᠨᠡᠶᠢᠳᠡᠯᠡᠭᠳᠡᠭᠰᠡᠨ ᠠᠬᠤᠢ ᠪᠠᠶᠢᠳᠠᠯ ᠤᠨ ᠲᠤᠬᠠᠢ ᠲᠠᠨᠢᠯᠴᠠᠭᠤᠯᠤᠭᠠᠳ ᠦᠭᠬᠦ ᠪᠤᠯᠪᠠ ᠤᠤ︖ | ᠡᠤ ᠸᠧᠨ ᠴᠢᠩ᠄ ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠲᠡᠳᠦᠢ ᠦᠭᠡᠢ ᠮᠥᠨ ᠤᠰᠤ ᠠᠷᠪᠢᠯᠠᠬᠤ | ᠨᠥᠭᠡᠴᠡ ᠪᠣᠯᠤᠯᠴᠠᠭ᠎ᠠ ᠲᠠᠢ᠃ ᠤᠷᠲᠤ ᠬᠤᠭᠤᠴᠠᠭᠠᠨ ᠤ ᠲᠣᠷᠰᠢ ᠮᠠᠨ ᠤ ᠤᠯᠤᠰ ᠤᠨ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠪᠠᠭᠤᠷᠠᠢ᠂ ᠠᠵᠢᠯᠯᠠᠵᠤ ᠬᠠᠮᠠᠭᠠᠯᠠᠬᠤ ᠵᠠᠷᠤᠳᠠᠯ ᠬᠦᠷᠦᠯᠴᠡᠬᠦ | ᠥᠬᠡᠢ᠂ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠮᠡᠬᠦᠰ᠂ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠲᠡᠭᠦᠯᠳᠡᠷ ᠪᠤᠰᠤ᠂ ᠦᠨ᠎ᠡ ᠬᠠᠩᠰᠢ ᠶᠢᠨ ᠲᠦᠪᠰᠢᠨ ᠶᠡᠷᠦᠩᠬᠡᠢ ᠳᠡᠭᠡᠨ | ᠳᠣᠣᠷ᠎ᠠ ᠰᠢᠭ᠋ ᠪᠠᠶᠢᠵᠤ᠂ ᠤᠰᠤᠨ ᠤ ᠡᠬᠢ ᠪᠠᠶᠠᠯᠢᠭ ᠤᠨ ᠳᠤᠲᠠᠮᠠᠭ ᠬᠡᠮᠵᠢᠶ᠎ᠡ ᠪᠣᠯᠤᠨ ᠠᠮᠢ ᠠᠬᠤᠢ ᠣᠷᠴᠢᠨ | ᠲᠣᠭᠤᠷᠢᠨ ᠤ ᠥᠪᠡᠷ ᠤᠨ ᠥᠷᠲᠡᠭ ᠢ ᠪᠦᠳᠦᠮᠵᠢᠳᠡᠢ ᠲᠤᠰᠬᠠᠵᠤ ᠲᠡᠶᠢᠯᠬᠦ ᠦᠭᠡᠢ᠂ ᠦᠨ᠎ᠡ ᠬᠠᠩᠰᠢ ᠶᠢᠨ | ᠬᠥᠰᠢᠭᠦᠷᠭᠡ ᠶᠢᠨ ᠤᠰᠤ ᠠᠷᠪᠢᠯᠠᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ ᠴᠢᠳᠠᠬᠤ ᠥᠬᠡᠢ ᠪᠠᠶᠢᠵᠤ᠂ | ᠲᠠᠷᠢᠶᠠᠯᠠᠩ ᠤᠨ ᠤᠰᠤ ᠬᠡᠷᠡᠭᠯᠡᠬᠦ ᠬᠡᠯᠪᠡᠷᠢ ᠶᠢ ᠪᠦᠳᠦᠬᠦᠯᠢᠭ ᠪᠤᠯᠭᠠᠭᠰᠠᠨ ᠢᠶᠠᠷ ᠪᠠᠷᠠᠬᠤ ᠦᠭᠡᠢ ᠮᠦᠨ ᠲᠠᠷᠢᠶᠠᠨ | ᠭᠠᠵᠠᠷ ᠤᠨ ᠤᠰᠤᠨ ᠠᠰᠢᠭᠯᠠᠯᠳᠠ ᠶᠢᠨ ᠢᠨᠵᠧᠨᠧᠷᠢᠩ ᠤᠨ ᠡᠷᠡᠬᠦᠯ ᠠᠵᠢᠯᠯᠠᠭᠠᠨ ᠢ ᠪᠠᠳᠤᠯᠠᠵᠤ ᠲᠡᠶᠢᠯᠬᠦ ᠦᠭᠡᠢ | ᠪᠠᠶᠢᠵᠤ᠂ ᠤᠰᠤᠨ ᠤ ᠡᠬᠢ ᠪᠠᠶᠠᠯᠢᠭ ᠤᠨ ᠦᠷᠬᠦᠯᠵᠢᠯᠡᠬᠦ᠋ᠢᠴᠡ ᠠᠰᠢᠭᠯᠠᠯᠳᠠ ᠪᠠ ᠲᠠᠷᠢᠶᠠᠯᠠᠩ ᠤᠨ | ᠦᠷᠬᠦᠯᠵᠢᠯᠡᠬᠦ᠋ᠢᠴᠡ ᠬᠦᠭᠵᠢᠯᠳᠡ ᠳᠤ ᠠᠰᠢᠭ ᠦᠭᠡᠢ ᠪᠠᠶᠢᠳᠠᠭ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠲᠠᠷᠢᠶᠠᠯᠠᠩ ᠤᠨ ᠤᠰᠤᠨ ᠤ ᠦᠨ᠎ᠡ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠪᠡ᠃ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠬᠠᠢ ᠣᠯᠠᠨᠲᠠ ᠵᠢᠭᠠᠪᠤᠷᠢ ᠭᠠᠷᠭᠠᠪᠠ᠃ | 2014 ᠣᠨ ᠤ 6 ᠰᠠᠷ᠎ᠠ ᠳᠤ᠂ ᠸᠠᠩ ᠶᠠᠩ ᠳᠡᠳ᠋ ᠶᠡᠷᠦᠩᠬᠡᠢ ᠰᠠᠶᠢᠳ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠷᠢᠯᠠᠭᠤᠯᠪᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠪᠠᠷ᠂ 2014 ᠣᠨ ᠤ 10 ᠰᠠᠷ᠎ᠠ ᠳᠤ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠲᠠ ᠶᠢᠨ | ᠶᠠᠮᠤᠨ᠂ ᠲᠠᠷᠢᠶᠠᠯᠠᠩ ᠤᠨ ᠶᠠᠮᠤᠨ ᠬᠤᠯᠪᠣᠭᠠᠯᠠᠨ ᠪᠦᠬᠦ ᠤᠯᠤᠰ ᠤᠨ 27 ᠮᠣᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠶᠢᠨ 80 ᠰᠢᠶᠠᠨ ︵ᠬᠤᠲᠠ᠂ ᠲᠣᠭᠤᠷᠢᠭ ︶ ᠳᠤ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢ ᠶᠡᠷᠦᠩᠬᠡᠶᠢᠯᠡᠨ ᠥᠭᠡᠷᠡᠴᠢᠯᠡᠬᠦ ᠲᠤᠷᠰᠢᠯᠲᠠ ᠶᠢᠨ ᠠᠵᠢᠯ ᠢ ᠡᠬᠢᠯᠡᠬᠦᠯᠵᠦ᠂ ᠲᠤᠷᠰᠢᠯᠳᠠ ᠶᠢᠨ ᠴᠢᠭ ᠤᠨ | ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠤ ᠰᠠᠭᠤᠷᠢᠨ ᠲᠡᠭᠡᠷ᠎ᠡ ︽ᠰᠠᠨᠠᠯ︾ ᠤᠨ ᠡᠬᠡ ᠨᠤᠤᠷᠠᠭ ᠢ ᠡᠬᠢᠯᠡᠨ | ᠨᠠᠶᠢᠷᠠᠭᠤᠯᠵᠤ᠂ ᠦᠷᠭᠡᠨ ᠢᠶᠠᠷ ᠰᠠᠨᠠᠯ ᠬᠤᠷᠢᠶᠠᠵᠤ ᠵᠠᠰᠠᠪᠤᠷᠢ ᠤᠷᠤᠭᠤᠯᠤᠨ ᠲᠡᠬᠦᠯᠳᠡᠷᠵᠢᠬᠦᠯᠦᠭᠰᠡᠨ ᠤ ᠲᠠᠷᠠᠭ᠎ᠠ | ᠲᠦᠷᠦ ᠶᠢᠨ ᠶᠠᠪᠤᠳᠠᠯ ᠤ ᠬᠤᠷᠢᠶᠠᠨ ᠳᠤ ᠮᠡᠳᠡᠬᠦᠯᠦᠨ ᠬᠦᠷᠭᠡᠪᠡ᠃ 2016 ᠣᠨ ᠤ 1 ᠳ᠋ᠦ᠋ᠭᠡᠷ ᠰᠠᠷ᠎ᠠ ᠳᠤ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ | ᠬᠤᠶᠢᠰᠢᠳᠠ ᠶᠢᠨ ᠨᠢᠭᠡᠨ ᠬᠤᠭᠤᠴᠠᠭᠠᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠳᠤ ᠦᠨᠳᠦᠰᠦᠨ ᠵᠢᠷᠤᠮᠯᠠᠯ ᠬᠠᠩᠭᠠᠪᠠ᠃ ᠰᠤᠷᠪᠤᠯᠵᠢᠯᠠᠭᠴᠢ᠄ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠶᠡᠷᠦᠩᠬᠡᠢ ᠰᠡᠳᠬᠢᠮᠵᠢ ᠨᠢ | ᠶᠠᠮᠠᠷ ᠪᠣᠢ︖ ᠡᠤ ᠸᠧᠨ ᠴᠢᠩ᠄ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ | ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠬᠡᠷᠡᠭᠵᠢᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ ︽ᠲᠠᠪᠤᠨ ᠶᠡᠭᠡ︾ ᠬᠥᠭᠵᠢᠯᠲᠡ ᠶᠢᠨ | ᠦᠵᠡᠯᠲᠡ ᠶᠢ ᠪᠠᠲᠤ ᠪᠣᠢ ᠪᠤᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠤᠰᠤᠨ ᠤ ᠠᠮᠤᠷ | ᠲᠦᠪᠰᠢᠨ ᠢ ᠪᠠᠳᠤᠯᠬᠠᠤ ᠶᠢᠨ ᠨᠢᠭᠳᠠ ᠲᠤᠭᠤᠷᠢᠨ ᠳᠤ᠂ ᠤᠰᠤ ᠠᠷᠪᠢᠯᠠᠬᠤ ᠶᠢ ᠲᠡᠷᠢᠬᠦᠨ ᠳᠤ ᠲᠠᠯᠪᠢᠬᠤ | ᠴᠢᠭᠯᠡᠯᠳᠡ ᠶᠢ ᠨᠠᠶᠢᠳᠠᠪᠤᠷᠢᠵᠢᠭᠤᠯᠵᠤ᠂ ᠬᠠᠩᠭᠠᠯᠭ᠎ᠠ ᠬᠡᠷᠡᠭᠴᠡᠭᠡ ᠶᠢ ᠨᠢᠭᠡᠳᠦᠯᠳᠡᠢ ᠲᠦᠯᠦᠪᠯᠡᠨ᠂ ᠬᠤᠶᠠᠷ ᠲᠠᠯ᠎ᠠ ᠪᠠᠷ | ᠬᠦᠴᠦᠯᠡᠨ᠂ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠢᠨᠵᠧᠨᠧᠷᠢᠩ ᠤᠨ ᠰᠢᠰᠲ᠋ᠧᠮ ᠢ ᠪᠦᠷᠢᠨᠰᠢᠬᠦᠯᠬᠦ ᠪᠠᠷ | ᠰᠠᠭᠤᠷᠢ ᠪᠤᠯᠭᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢ ᠪᠦᠷᠢᠯᠳᠦᠬᠦᠯᠬᠦ ᠲᠤᠭᠳᠠᠴᠠ ᠶᠢ | ᠲᠡᠬᠦᠯᠳᠡᠷᠵᠢᠬᠦᠯᠬᠦ ᠪᠠᠷ ᠭᠤᠤᠯ ᠪᠤᠯᠭᠠᠵᠤ᠂ ᠪᠠᠶᠢᠭᠤᠯᠤᠮᠵᠢ ᠲᠤᠭᠳᠠᠴᠠ ᠶᠢ ᠰᠢᠨᠡᠴᠢᠯᠡᠬᠦ ᠪᠠᠷ ᠬᠦᠳᠡᠯᠭᠡᠬᠦ ᠬᠦᠴᠦᠨ | ᠪᠤᠯᠭᠠᠨ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠠᠰᠢᠭ ᠢ ᠲᠡᠭᠡᠭᠰᠢᠯᠡᠬᠦᠯᠵᠦ᠂ ᠲᠡᠷᠢᠶᠠᠯᠠᠩ ᠤᠨ | ᠤᠳᠤᠬᠢᠴᠢᠯᠠᠯᠳᠠ ᠶᠢ ᠪᠡᠶᠡᠯᠡᠬᠦᠯᠬᠦ ᠶᠢ ᠠᠬᠢᠭᠤᠯᠤᠨ᠎ᠠ᠃ ᠥᠭᠡᠷᠡᠴᠢᠯᠡᠯᠲᠡ ᠬᠢᠬᠦ ᠳᠤ ᠳᠥᠷᠪᠡᠨ ᠦᠨᠳᠦᠰᠦᠨ | ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠢᠭᠡ ᠳᠤ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ | ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠡᠩ ᠤᠨ ᠦᠨ᠎ᠡ ᠬᠠᠩᠰᠢ ᠶᠢᠨ | ᠠᠰᠠᠭᠤᠳᠠᠯ ᠪᠢᠰᠢ᠂ ᠡᠷᠬᠡᠪᠰᠢ ᠢᠨᠵᠧᠨᠧᠷᠢᠩ ᠢ ᠢᠵᠢ ᠪᠦᠷᠢᠳᠦᠭᠦᠯᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ | ᠦᠨ᠎ᠡ ᠬᠠᠩᠰᠢ ᠶᠢ ᠲᠣᠬᠢᠷᠠᠭᠤᠯᠬᠤ᠂ ᠡᠳ᠋ ᠤᠨ ᠵᠠᠰᠠᠭ ᠠᠴᠠ ᠱᠠᠩᠨᠠᠵᠤ ᠨᠥᠬᠦᠪᠥᠷᠢᠯᠡᠬᠦ᠂ ᠮᠡᠷᠭᠡᠵᠢᠯ ᠢ ᠳᠡᠯᠭᠡᠷᠡᠭᠦᠯᠬᠦ᠂ | ᠪᠦᠲᠦᠴᠡ ᠶᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ᠬᠤᠶᠠᠷ ᠲᠤ ᠬᠤᠶᠠᠷ ᠲᠠᠯ᠎ᠠ ᠪᠠᠷ | ᠬᠦᠴᠦᠯᠡᠬᠦ ᠶᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠨᠢ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠳᠤ ᠬᠤᠯᠪᠣᠭᠳᠠᠬᠤ ᠮᠥᠷᠲᠡᠭᠡᠨ ᠥᠷᠭᠡᠨ ᠣᠯᠠᠨ ᠲᠠᠷᠢᠶᠠᠴᠢᠳ ᠤᠨ ᠲᠤᠰ ᠪᠡᠶ᠎ᠡ ᠶᠢᠨ ᠠᠰᠢᠭ | ᠲᠤᠰᠠ ᠳᠤ ᠬᠤᠯᠪᠤᠭᠳᠠᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠪᠦᠷᠢᠯᠳᠦᠬᠦ ᠲᠣᠭᠲᠠᠴᠠ ᠶᠢ | ᠲᠡᠬᠦᠯᠳᠡᠷᠵᠢᠬᠦᠯᠵᠦ᠂ ᠵᠠᠬ᠎ᠠ ᠲᠡᠯᠭᠡᠬᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠳᠤ ᠰᠢᠢᠳᠪᠦᠷᠢᠯᠡᠬᠦ ᠴᠢᠨᠠᠷᠲᠠᠢ | ᠦᠢᠯᠡᠳᠦᠯ ᠭᠠᠷᠭᠠᠯᠭᠠᠬᠤ ᠪᠠᠷ ᠦᠯᠦ ᠪᠠᠷᠠᠨ ᠪᠠᠰᠠ ᠣᠨᠣᠪᠴᠢᠲᠠᠢ ᠨᠥᠬᠦᠪᠥᠷᠢ ᠪᠣᠯᠤᠨ ᠤᠰᠤ ᠠᠷᠪᠢᠯᠠᠬᠤ ᠱᠠᠩᠨᠠᠨ | ᠬᠥᠬᠢᠭᠦᠯᠬᠦ ᠲᠣᠭᠲᠠᠴᠠ ᠶᠢ ᠪᠠᠶᠢᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ | ᠠᠮᠤ ᠪᠤᠳᠠᠭ᠎ᠠ ᠵᠡᠷᠭᠡ ᠴᠢᠬᠤᠯᠠ ᠲᠠᠷᠢᠮᠠᠯ ᠤᠨ ᠵᠦᠢ ᠵᠤᠬᠢᠰᠳᠠᠢ ᠤᠰᠤ ᠬᠡᠷᠡᠭᠯᠡᠬᠦ ᠱᠠᠭᠠᠷᠳᠠᠯᠭ᠎ᠠ ᠶᠢ ᠪᠠᠳᠤᠯᠠᠬᠤ | ᠬᠡᠷᠡᠭᠲᠡᠢ᠃ ᠭᠤᠷᠪᠠ ᠳᠤ ᠬᠠᠩᠭᠠᠯᠭ᠎ᠠ ᠬᠡᠷᠡᠭᠴᠡᠭᠡ ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠨ᠎ᠠ᠃ ᠨᠢᠭᠡ | ᠲᠠᠯ᠎ᠠ ᠪᠠᠷ ᠤᠰᠤ ᠬᠠᠩᠭᠠᠬᠤ ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠠᠩᠭᠠᠬᠤ ᠦᠢᠯᠡᠴᠢᠯᠡᠭᠡᠨ ᠤ ᠦᠷ᠎ᠡ | ᠪᠦᠲᠦᠮᠵᠢ ᠶᠢ ᠲᠡᠭᠡᠭᠰᠢᠯᠡᠬᠦᠯᠦᠨ᠎ᠡ︔ ᠨᠥᠭᠦᠭᠡ ᠲᠠᠯ᠎ᠠ ᠪᠠᠷ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠳᠣᠪᠤᠶᠢᠮ᠎ᠠ | ᠪᠠᠶᠢᠷᠢᠨ ᠳᠤ ᠲᠠᠯᠪᠢᠵᠤ᠂ ᠲᠠᠷᠢᠶᠠᠯᠠᠩ ᠤᠨ ᠤᠰᠤ ᠬᠡᠷᠡᠭᠯᠡᠬᠦ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ︽ᠬᠤᠣᠰ ᠲᠠᠯ᠎ᠠ︾ ᠠᠴᠠ ᠬᠦᠴᠦᠯᠡᠬᠦ ᠪᠠᠷ ᠳᠠᠮᠵᠢᠭᠤᠯᠤᠨ᠂ | ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠢ ᠪᠣᠯᠭᠠᠨ᠎ᠠ᠃ | ᠳᠥᠷᠪᠡ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠎ᠠ᠃ ᠮᠠᠨ ᠤ | ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠯ᠎ᠡ ᠭᠠᠵᠠᠷ ᠤᠨ ᠤᠰᠤᠨ ᠤ ᠡᠬᠢ ᠪᠠᠶᠠᠯᠢᠭ ᠤᠨ ᠲᠥᠷᠥᠯᠬᠢ | ᠴᠢᠳᠠᠪᠤᠷᠢ᠂ ᠤᠰᠤᠯᠠᠯᠲᠠ ᠶᠢᠨ ᠨᠥᠬᠦᠴᠡᠯ᠂ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠲᠠᠷᠢᠵᠤ | ᠲᠡᠵᠢᠭᠡᠬᠦ ᠦᠢᠯᠡᠰ ᠤᠨ ᠪᠦᠲᠦᠴᠡ ᠵᠡᠷᠭᠡ ᠵᠥᠷᠢᠶ᠎ᠡ ᠨᠡᠯᠢᠶᠡᠳ ᠶᠡᠭᠡ ᠪᠠᠶᠢᠳᠠᠭ ᠪᠣᠯᠬᠤᠷ ᠡᠯ᠎ᠡ ᠭᠠᠵᠠᠷ ᠤᠨ ᠬᠢᠨ | ᠡᠷᠬᠡᠪᠰᠢ ᠪᠣᠳᠠᠲᠠᠢ ᠳᠤ ᠨᠡᠶᠢᠴᠡᠬᠦ᠂ ᠥᠪᠡᠷ ᠥᠪᠡᠷ ᠤᠨ ᠣᠨᠴᠠᠯᠢᠭ ᠲᠠᠢ ᠬᠢᠬᠦ ᠠᠷᠭ᠎ᠠ ᠶᠢ ᠬᠠᠶᠢᠨ ᠰᠦᠪᠡᠭᠴᠢᠯᠡᠵᠦ᠂ | ᠠᠯᠬᠤᠮ ᠳᠠᠷᠠᠭ᠎ᠠ ᠲᠠᠢ ᠪᠠᠷ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠪᠣᠯ 10 ᠵᠢᠯ | ᠣᠷᠴᠢᠮ ᠤᠨ ᠴᠠᠭ ᠢ ᠬᠡᠷᠡᠭᠯᠡᠨ ᠤᠰᠤ ᠬᠠᠩᠭᠠᠬᠤ ᠥᠪᠡᠷ ᠤᠨ ᠥᠷᠲᠡᠭ ᠢ ᠵᠦᠢ ᠵᠣᠬᠢᠰᠲᠠᠢ ᠲᠤᠰᠬᠠᠬᠤ᠂ ᠤᠰᠤ | ᠠᠷᠪᠢᠯᠠᠬᠤ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ | ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠠᠢ ᠬᠠᠷᠢᠯᠴᠠᠨ ᠵᠣᠬᠢᠴᠠᠯᠳᠤᠭᠰᠠᠨ ᠲᠠᠷᠢᠶᠠᠯᠠᠩ ᠤᠨ | ᠤᠰᠤᠨ ᠤ ᠦᠨ᠎ᠡ ᠪᠦᠷᠢᠯᠳᠦᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ | ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠮᠠᠶ᠋ᠢᠭ ᠤᠨ ᠬᠡᠯᠪᠡᠷᠢ ᠠᠴᠠ ᠡᠷᠴᠢᠮᠯᠢᠭ ᠬᠤᠪᠢᠷᠠᠭᠤᠯᠬᠤ ᠶᠢ ᠠᠬᠢᠭᠤᠯᠬᠤ | ᠪᠣᠯᠤᠨ᠎ᠠ᠃ ᠡᠭᠦᠨ ᠳᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠦᠬᠦᠭᠡᠷᠦᠮᠵᠢ ᠨᠢ ᠪᠦᠷᠢᠨ | ᠲᠡᠭᠦᠯᠳᠡᠷ ᠭᠠᠵᠠᠷ ᠣᠷᠣᠨ ᠨᠤᠭᠤᠳ 3 — 5 ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ ᠥᠭᠡᠷᠡᠴᠢᠯᠡᠯᠲᠡ ᠶᠢᠨ | ᠬᠠᠷᠠᠯᠲᠠ ᠪᠠᠨ ᠤᠷᠢᠳᠠᠪᠠᠷ ᠪᠡᠶᠡᠯᠡᠭᠦᠯᠬᠦ ᠬᠡᠷᠡᠭᠲᠡᠢ᠃ ᠭᠤᠣᠯ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠨᠢ᠄ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠢ ᠴᠣᠭᠴᠠ ᠨᠢ ᠠᠵᠢᠯᠯᠠᠭᠠᠨ ᠤ | ᠬᠠᠮᠠᠭᠠᠯᠠᠯᠲᠠ ᠶᠢᠨ ᠥᠪᠡᠷ ᠤᠨ ᠥᠷᠲᠡᠭ ᠤᠨ ᠬᠢᠷᠢ ᠬᠡᠮᠵᠢᠶ᠎ᠡ ᠳᠤ ᠬᠦᠷᠴᠦ᠂ ᠲᠠᠷᠢᠶᠠᠯᠠᠩ ᠤᠨ ᠬᠡᠷᠡᠭᠯᠡᠬᠦ ᠤᠰᠤᠨ ᠤ | ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠲᠣᠭᠲᠠᠭᠰᠠᠨ ᠬᠡᠮᠵᠢᠶ᠎ᠡ ᠪᠠᠷ ᠬᠠᠮᠢᠶᠠᠷᠬᠤ ᠶᠢ ᠨᠡᠶᠢᠳᠡᠮ ᠬᠡᠷᠡᠭᠵᠢᠬᠦᠯᠵᠦ᠂ | ᠦᠷᠬᠦᠯᠵᠢᠯᠡᠬᠦ᠋ᠢᠴᠡ ᠣᠨᠣᠪᠴᠢᠲᠠᠢ ᠨᠥᠬᠦᠪᠥᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ | ᠦᠨᠳᠦᠰᠦᠨ ᠳᠡᠭᠡᠨ ᠪᠠᠶᠢᠭᠤᠯᠵᠤ᠂ ᠲᠡᠷᠢᠭᠦᠨ ᠤ ᠪᠥᠭᠡᠳ ᠬᠡᠷᠡᠭᠯᠡᠬᠦ ᠳᠤ ᠲᠣᠬᠢᠷᠠᠮᠵᠢᠲᠠᠢ ᠲᠠᠷᠢᠶᠠᠯᠠᠩ ᠤᠨ ᠤᠰᠤ | ᠠᠷᠪᠢᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠡᠶᠢᠳᠡᠮ ᠬᠡᠷᠡᠭᠵᠢᠭᠦᠯᠵᠦ᠂ ᠲᠠᠷᠢᠶᠠᠯᠠᠩ ᠤᠨ ᠲᠠᠷᠢᠮᠠᠯ ᠤᠨ | ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠬᠦᠯᠦᠨ᠎ᠡ᠃ ᠢᠩᠭᠢᠵᠦ ᠲᠣᠭᠲᠠᠭᠠᠭᠰᠠᠨ ᠬᠠᠷᠠᠯᠲᠠ | ᠱᠠᠭᠠᠷᠳᠠᠯᠭ᠎ᠠ ᠨᠢ ᠨᠢᠭᠡ ᠵᠦᠢᠯ ᠤᠨ ᠥᠭᠡᠷᠡᠴᠢᠯᠡᠯᠲᠡ ᠶᠢᠨ ᠬᠠᠲᠠᠭᠤ ᠡᠭᠦᠷᠭᠡ ᠪᠣᠯᠤᠭᠰᠠᠨ ᠤ ᠬᠤᠪᠢ ᠳᠤ ᠡᠷᠬᠡᠪᠰᠢ | ᠲᠣᠳᠣᠷᠬᠠᠢ ᠴᠠᠭ ᠤᠨ ᠬᠢᠵᠠᠭᠠᠷ᠂ ᠬᠡᠮᠵᠢᠵᠦ ᠪᠣᠯᠬᠤᠶᠢᠴᠠ ᠭᠦᠢᠴᠡᠳᠬᠡᠬᠦ ᠲᠤᠭ᠎ᠠ ᠲᠠᠢ ᠪᠠᠶᠢᠬᠤ ᠶᠢ ᠪᠣᠳᠣᠯᠬᠢᠯᠠᠭᠰᠠᠨ | ᠮᠥᠷᠲᠡᠭᠡᠨ ᠪᠠᠰᠠ ᠥᠭᠡᠷᠡᠴᠢᠯᠡᠯᠲᠡ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠡᠭᠦᠷᠭᠡ ᠬᠦᠨᠳᠦ | ᠪᠠᠶᠢᠵᠤ᠂ ᠪᠦᠬᠦᠳᠡ ᠶᠢ ᠨᠢᠭᠡᠨ ᠵᠢᠭᠳᠡ ᠪᠠᠷ ᠠᠪᠤᠨ ᠲᠤᠤᠷ᠎ᠠ ᠨᠢ ᠪᠦᠳᠦᠭᠡᠵᠦ ᠲᠡᠶᠢᠯᠬᠦ ᠪᠢᠰᠢ ᠭᠡᠳᠡᠭ ᠢ ᠴᠤ | ᠪᠣᠳᠣᠯᠬᠢᠯᠠᠭᠰᠠᠨ ᠶᠤᠮ᠃ ᠰᠤᠷᠪᠤᠯᠵᠢᠯᠠᠭᠴᠢ᠄ ᠲᠥᠪ ᠠᠴᠠ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ | ᠬᠦᠴᠦᠲᠡᠢ ᠠᠬᠢᠭᠤᠯᠬᠤ ᠬᠡᠷᠡᠭᠲᠡᠢ ᠱᠠᠭᠠᠷᠳᠠᠵᠤ ᠪᠠᠶᠢᠳᠠᠭ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠬᠡᠷᠬᠢᠨ ᠬᠠᠩᠭᠠᠯᠭ᠎ᠠ ᠶᠢᠨ ᠲᠠᠯ᠎ᠠ ᠪᠠᠷ ᠬᠦᠴᠦᠯᠡᠨ ᠠᠬᠢᠭᠤᠯᠬᠤ ᠪᠤᠢ︖ ᠡᠤ | ᠸᠧᠨ ᠴᠢᠩ᠄ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯ ᠭᠠᠵᠠᠷ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ | ᠪᠤᠯᠬᠤ ᠪᠥᠭᠡᠳ ᠭᠤᠣᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠪᠤᠢ᠄ ᠨᠢᠭᠡ ᠳᠤ ᠢᠨᠵᠧᠨᠧᠷᠢᠩ ᠤᠨ | ᠰᠢᠰᠲ᠋ᠧᠮ ᠢ ᠲᠡᠬᠦᠯᠳᠡᠷ ᠪᠣᠯᠭᠠᠨ᠎ᠠ᠃ ᠮᠠᠨ ᠤ ᠤᠯᠤᠰ ᠤᠨ ᠣᠳᠣ ᠪᠠᠶᠢᠭ᠎ᠠ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠣᠯᠠᠩᠬᠢ ᠨᠢ ᠳᠡᠭᠡᠷ᠎ᠡ ᠵᠠᠭᠤᠨ ᠤ ᠲᠠᠪᠢᠭᠠᠳ ᠣᠨ ᠠᠴᠠ ᠳᠠᠯᠠᠭᠠᠳ ᠣᠨ ᠳᠤ | ᠪᠠᠶᠢᠭᠤᠯᠵᠤ᠂ ᠪᠠᠷᠢᠮᠵᠢᠶ᠎ᠠ ᠨᠢ ᠳᠣᠣᠷ᠎ᠠ᠂ ᠢᠵᠢ ᠪᠦᠷᠢᠳᠦᠭᠦᠯᠦᠭᠰᠡᠨ ᠨᠢ ᠪᠠᠷᠤᠭᠲᠠᠢ᠂ ᠬᠠᠭᠤᠴᠢᠷᠠᠵᠤ ᠰᠡᠯᠪᠢᠨ | ᠵᠠᠰᠠᠭᠰᠠᠨ ᠥᠬᠡᠢ᠂ ᠦᠷ᠎ᠡ ᠠᠰᠢᠭ ᠪᠠᠭᠤᠷᠠᠵᠤ ᠪᠠᠶᠢᠭ᠎ᠠ ᠵᠡᠷᠭᠡ ᠠᠰᠠᠭᠤᠳᠠᠯ ᠨᠡᠶᠢᠳᠡᠮ ᠣᠷᠣᠰᠢᠵᠤ᠂ ᠵᠢᠵᠢᠭ | ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠤᠨ ᠲᠠᠯᠠᠪᠠᠢ ᠪᠠᠷ ᠦᠷᠭᠡᠨ ᠬᠡᠮᠵᠢᠶ᠎ᠡ ᠪᠠᠷ ᠶᠡᠭᠡ ᠲᠠᠷᠢᠶᠠᠨ ᠭᠠᠵᠠᠷ ᠤᠨ | ᠢᠨᠵᠧᠨᠧᠷᠢᠩ ᠢ ᠪᠠᠶᠢᠭᠤᠯᠬᠤ ᠪᠤᠶᠤ ᠦᠭᠡᠷᠡᠴᠢᠯᠡᠬᠦ ᠴᠢᠬᠤᠯᠠᠲᠠᠢ ᠪᠠᠶᠢᠵᠤ᠂ ︽ᠬᠠᠮᠤᠭ ᠰᠡᠬᠦᠯᠴᠢ ᠶᠢᠨ ᠨᠢᠭᠡ | ᠺᠢᠯᠤᠮᠧᠳ᠋ᠷ︾ ᠤᠨ ᠠᠰᠠᠭᠤᠳᠠᠯ ᠮᠦᠨ ᠯᠡ ᠲᠤᠪᠤᠶᠢᠮ᠎ᠠ ᠪᠠᠶᠢᠵᠤ᠂ ᠤᠨᠴᠠᠭᠠᠶᠢᠯᠠᠨ ᠬᠡᠮᠵᠢᠬᠦᠷ ᠤᠨ ᠲᠦᠬᠦᠭᠡᠷᠦᠮᠵᠢ | ᠢᠵᠢ ᠪᠦᠷᠢᠨ ᠪᠤᠰᠤ᠂ ᠤᠯᠤᠰ ᠤᠨ ᠦᠮᠴᠢᠯᠡᠯᠳᠦ ᠭᠤᠤᠯᠯᠠᠭᠴᠢ ᠢᠨᠵᠧᠨᠧᠷᠢᠩ ᠤᠨ ᠰᠠᠯᠪᠤᠷᠢ ᠰᠤᠪᠠᠭ ᠠᠴᠠ | ᠲᠡᠭᠡᠭᠰᠢᠬᠢ ᠬᠡᠮᠵᠢᠬᠦᠷ ᠨᠢ ᠬᠠᠷᠠᠬᠠᠨ ᠪᠦᠬᠦᠨ ᠢ ᠪᠦᠷᠬᠦᠬᠡ ᠦᠭᠡᠢ᠂ ᠰᠡᠬᠦᠯ ᠤᠨ ᠲᠡᠰ ᠤᠨ ᠰᠤᠪᠠᠭ ᠤᠨ ᠰᠢᠰᠲ᠋ᠧᠮ᠂ | ᠵᠢᠵᠢᠭ ᠬᠡᠯᠪᠡᠷᠢ ᠶᠢᠨ ᠤᠰᠤᠯᠠᠯᠳᠠ ᠶᠢᠨ ᠤᠰᠤᠨ ᠪᠠ ᠭᠠᠵᠠᠷ ᠲᠤᠤᠷᠠᠬᠢ ᠤᠰᠤ ᠶᠢ ᠬᠡᠮᠵᠢᠬᠦ ᠲᠦᠬᠦᠭᠡᠷᠦᠮᠵᠢ | ᠨᠡᠶᠢᠳᠡᠮ ᠳᠡᠭᠡᠨ ᠲᠤᠳᠠᠭᠳᠠᠵᠤ᠂ ᠲᠠᠷᠢᠶᠠᠯᠠᠩ ᠤᠨ ᠦᠨ᠎ᠡ ᠬᠠᠩᠰᠢ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ | ᠰᠠᠭᠠᠳ ᠲᠤᠳᠬᠠᠷ ᠪᠤᠯᠤᠭᠰᠠᠨ ᠪᠠᠶᠢᠨ᠎ᠠ᠃ ᠡᠶᠢᠮᠦ ᠠᠴᠠ ︽ᠰᠠᠨᠠᠯ︾ ᠳᠤ ᠲᠣᠮᠣ᠂ ᠳᠤᠮᠳᠠ᠂ ᠵᠢᠵᠢᠭ᠂ ᠪᠢᠴᠢᠯ ᠢ | ᠵᠡᠷᠭᠡ ᠪᠠᠷ ᠬᠦᠭᠵᠢᠬᠦᠯᠬᠦ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠢᠨᠵᠧᠨᠧᠷᠢᠩ ᠤᠨ ᠰᠢᠰᠲ᠋ᠧᠮ ᠢ | ᠲᠦᠷᠭᠡᠳᠭᠡᠨ ᠲᠡᠬᠦᠯᠳᠡᠷᠵᠢᠬᠦᠯᠵᠦ᠂ ᠤᠰᠤ ᠬᠠᠩᠭᠠᠬᠤ ᠬᠡᠮᠵᠢᠬᠦᠷ ᠤᠨ ᠲᠦᠬᠦᠭᠡᠷᠦᠮᠵᠢ ᠶᠢ ᠪᠦᠷᠨᠰᠢᠬᠦᠯᠬᠦ ᠶᠢ | ᠲᠤᠪᠤᠶᠢᠯᠭᠠᠨ ᠴᠢᠬᠤᠯᠠᠴᠢᠯᠠᠵᠤ᠂ ᠢᠨᠵᠧᠨᠧᠷᠢᠩ ᠪᠠ ᠤᠰᠤᠨ ᠤ ᠰᠤᠷᠪᠤᠯᠵᠢ ᠶᠢᠨ ᠲᠦᠷᠦᠯ ᠵᠦᠢᠯ ᠪᠠᠷ ᠢᠯᠭᠠᠨ | ᠰᠠᠯᠭᠠᠵᠤ᠂ ᠬᠡᠮᠵᠢᠬᠦᠷ ᠤᠨ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠬᠤ | ᠬᠡᠷᠡᠭᠲᠡᠢ ᠭᠡᠵᠦ ᠲᠤᠲᠤᠷᠬᠠᠢ ᠲᠤᠭᠳᠠᠭᠠᠵᠠᠢ᠃ ᠬᠤᠶᠠᠷ ᠲᠤ ᠲᠠᠷᠢᠶᠠᠯᠠᠩ ᠤᠨ ᠤᠰᠤᠨ ᠤ ᠡᠷᠬᠡ ᠶᠢᠨ ᠳᠦᠷᠢᠮ ᠢ | ᠪᠠᠶᠢᠭᠤᠯᠤᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠬᠦ ᠲᠤᠭ᠎ᠠ ᠶᠢ ᠰᠢᠶᠠᠨ ᠤ ᠱᠠᠲᠤᠨ ᠤ | ᠵᠠᠰᠠᠭ ᠵᠠᠬᠢᠷᠭᠠᠨ ᠤ ᠣᠷᠣᠨ ᠪᠦᠰᠡ ᠳᠤ ᠬᠦᠷᠲᠡᠯ᠎ᠡ ᠵᠠᠳᠠᠯᠤᠭᠰᠠᠨ ᠤ ᠰᠠᠭᠤᠷᠢᠨ ᠳᠡᠭᠡᠷ᠎ᠡ᠂ ᠤᠰᠤᠯᠠᠯᠲᠠ ᠶᠢᠨ ᠤᠰᠤ | ᠬᠡᠷᠡᠭᠯᠡᠬᠦ ᠲᠣᠭᠲᠠᠭᠰᠠᠨ ᠨᠣᠷᠮ᠎ᠠ ᠶᠣᠰᠣᠭᠠᠷ ᠭᠦᠢᠴᠡᠳᠬᠡᠬᠦ ᠲᠤᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ | ᠡᠯ᠎ᠡ ᠲᠥᠷᠥᠯ ᠤᠨ ᠤᠰᠤ ᠬᠡᠷᠡᠭᠯᠡᠬᠦ ᠭᠤᠣᠯ ᠴᠣᠭᠴᠠ ᠳᠤ ᠬᠦᠷᠲᠡᠯ᠎ᠡ ᠵᠠᠳᠠᠯᠵᠤ᠂ ᠤᠰᠤᠨ ᠤ ᠰᠤᠷᠪᠤᠯᠵᠢ ᠳᠤ | ᠬᠦᠷᠲᠡᠯ᠎ᠡ ᠨᠠᠶᠢᠳᠠᠪᠤᠷᠢᠵᠢᠭᠤᠯᠵᠤ᠂ ᠤᠰᠤᠨ ᠤ ᠡᠷᠬᠡ ᠶᠢ ᠲᠤᠳᠤᠷᠬᠠᠶᠢᠯᠠᠨ᠂ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ ᠶᠢ ᠬᠡᠷᠡᠭᠵᠢᠭᠦᠯᠵᠦ᠂ ᠴᠢᠩᠭ᠎ᠠ ᠬᠦᠴᠦᠲᠡᠢ ᠭᠡᠳᠡᠷᠭᠦ ᠰᠢᠮᠳᠠᠭᠤᠯᠬᠤ ᠲᠣᠭᠲᠠᠴᠠ ᠶᠢ ᠪᠦᠷᠢᠯᠳᠦᠬᠦᠯᠦᠨ᠂ | ᠤᠰᠤ ᠠᠷᠪᠢᠯᠠᠨ ᠬᠡᠷᠡᠭᠯᠡᠬᠦ ᠶᠢ ᠠᠬᠢᠭᠤᠯᠵᠤ᠂ ᠲᠡᠷᠢᠶᠠᠯᠠᠩ ᠤᠨ ᠤᠰᠤ ᠬᠡᠷᠡᠭᠯᠡᠬᠦ ᠪᠦᠳᠦᠴᠡ ᠶᠢᠨ | ᠲᠤᠬᠢᠷᠠᠭᠤᠯᠤᠯᠳᠠ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠪᠠᠳᠠᠷᠠᠭᠤᠯᠵᠤ᠂ ᠤᠰᠤ ᠠᠷᠪᠢᠯᠠᠬᠤ ᠬᠡᠮᠵᠢᠶᠡᠨ ᠤ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠵᠤ᠂ | ᠤᠰᠤ ᠠᠷᠪᠢᠯᠠᠭᠴᠢ ᠳᠤ ᠠᠵᠤ ᠠᠬᠤᠢ ᠶᠢᠨ ᠠᠰᠢᠭ ᠬᠦᠷᠲᠡᠭᠡᠨ᠎ᠡ᠃ ᠭᠤᠷᠪᠠ ᠳᠤ ᠲᠠᠷᠢᠶᠠᠯᠠᠩ ᠤᠨ ᠤᠰᠤ ᠬᠠᠩᠭᠠᠬᠤ | ᠦᠷ᠎ᠡ ᠪᠦᠳᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠤᠢ ᠤᠰᠤ ᠬᠠᠩᠭᠠᠬᠤ ᠲᠦᠯᠦᠪᠯᠡᠭᠡ ᠶᠢᠨ | ᠬᠠᠮᠢᠶᠠᠷᠤᠯᠳᠠ ᠪᠠ ᠲᠤᠬᠢᠷᠠᠭᠤᠯᠭ᠎ᠠ ᠶᠢ ᠴᠢᠩᠭᠠᠳᠬᠠᠵᠤ᠂ ᠬᠠᠮᠢᠶᠠᠷᠬᠤ ᠨᠢᠭᠡᠴᠢ ᠶᠢᠨ ᠠᠵᠢᠯᠯᠠᠭᠠᠨ ᠤ ᠦᠷ᠎ᠡ | ᠪᠦᠳᠦᠮᠵᠢ ᠶᠢ ᠲᠡᠭᠡᠭᠰᠢᠯᠡᠬᠦᠯᠵᠦ᠂ ᠦᠪᠡᠷ ᠤᠨ ᠦᠷᠳᠡᠭ ᠢ ᠬᠢᠵᠠᠭᠠᠷᠯᠠᠬᠤ ᠶᠢ ᠴᠢᠩᠭᠠᠳᠬᠠᠵᠤ᠂ ᠬᠠᠮᠢᠶᠠᠷᠤᠯᠳᠠ ᠨᠢ | ᠰᠢᠨᠵᠢᠯᠡᠬᠦ ᠤᠬᠠᠭᠠᠨᠴᠢ᠂ ᠴᠣᠮᠬᠠᠨ ᠥᠨᠳᠥᠷ ᠪᠦᠲᠦᠮᠵᠢᠲᠡᠢ᠂ ᠦᠢᠯᠡᠴᠢᠯᠡᠭᠡ ᠰᠠᠶᠢᠳᠠᠢ ᠪᠠᠶᠢᠬᠤ ᠠᠵᠢᠯᠯᠠᠭᠠᠨ ᠤ | ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ ᠢ ᠲᠡᠭᠡᠭᠰᠢᠯᠡᠬᠦᠯᠵᠦ᠂ | ᠤᠰᠤᠯᠠᠯᠳᠠ ᠶᠢᠨ ᠤᠰᠤ ᠬᠡᠷᠡᠭᠰᠡᠬᠦ ᠬᠡᠷᠡᠭᠴᠡᠭᠡ ᠶᠢ ᠵᠦᠢ ᠵᠣᠬᠢᠰᠲᠠᠢ ᠪᠠᠶᠢᠯᠭᠠᠬᠤ ᠶᠢ ᠪᠠᠳᠤᠯᠠᠵᠤ᠂ ᠤᠰᠤ | ᠬᠠᠩᠭᠠᠯᠳᠠ ᠶᠢᠨ ᠦᠷ᠎ᠡ ᠪᠦᠳᠦᠮᠵᠢ ᠶᠢ ᠲᠡᠭᠡᠭᠰᠢᠯᠡᠬᠦᠯᠬᠦ ᠶᠢᠨ ᠬᠠᠮᠳᠤ ᠤᠰᠤᠨ ᠤ ᠬᠠᠩᠭᠠᠯᠭ᠎ᠠ ᠶᠢᠨ ᠦᠪᠡᠷ ᠤᠨ | ᠦᠷᠳᠡᠭ ᠢ ᠪᠦᠳᠦᠮᠵᠢᠳᠡᠢ ᠪᠠᠭᠤᠷᠠᠭᠤᠯᠤᠨ᠎ᠠ᠃ ᠰᠤᠷᠪᠤᠯᠵᠢᠯᠠᠭᠴᠢ᠄ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠢ ᠥᠭᠡᠷᠡᠴᠢᠯᠡᠯᠲᠡ ᠨᠢ ᠬᠡᠷᠡᠭᠴᠡᠭᠡ ᠶᠢᠨ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠣᠢ︖ ᠡᠤ ᠸᠧᠨ ᠴᠢᠩ᠄ | ᠲᠠᠷᠢᠶᠠᠯᠠᠩ ᠳᠤ ᠬᠡᠷᠡᠭᠯᠡᠬᠦ ᠤᠰᠤᠨ ᠤ ᠬᠡᠷᠡᠭᠴᠡᠭᠡᠨ ᠤ ᠲᠠᠯ᠎ᠠ ᠶᠢᠨ ᠥᠭᠡᠷᠡᠴᠢᠯᠡᠯᠲᠡ ᠳᠤ ᠭᠤᠷᠪᠠᠨ ᠲᠠᠯ᠎ᠠ ᠶᠢᠨ | ᠱᠠᠭᠠᠷᠳᠠᠯᠭ᠎ᠠ ᠲᠠᠢ᠃ ᠨᠢᠭᠡ ᠳᠤ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠬᠦᠯᠦᠨ᠎ᠡ᠃ ᠡᠬᠦᠨ ᠳᠤ | ᠭᠠᠵᠠᠷ ᠳᠡᠭᠡᠷᠡᠬᠢ ᠤᠰᠤ ᠶᠢ ᠬᠡᠲᠦᠷᠡᠲᠡᠯ᠎ᠡ ᠠᠰᠢᠭᠯᠠᠬᠤ᠂ ᠭᠠᠵᠠᠷ ᠳᠣᠣᠷᠠᠬᠢ ᠤᠰᠤ ᠶᠢ ᠬᠦᠨᠳᠦ ᠨᠣᠴᠢᠲᠠᠢ | ᠬᠡᠲᠦᠷᠡᠲᠡᠯ᠎ᠡ ᠮᠠᠯᠲᠠᠬᠤ ᠭᠠᠵᠠᠷ ᠣᠷᠣᠨ ᠤ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠢ ᠶᠢ ᠵᠤᠬᠢᠰᠳᠠᠢ | ᠲᠤᠬᠢᠷᠠᠭᠤᠯᠤᠨ ᠪᠠᠭᠠᠰᠬᠠᠬᠤ ᠶᠢ ᠪᠠᠭᠳᠠᠭᠠᠵᠤ᠂ ᠤᠰᠤ ᠪᠠᠭ᠎ᠠ ᠬᠡᠷᠡᠭᠰᠡᠬᠦ ᠭᠠᠩ ᠳᠤ ᠲᠡᠰᠪᠤᠷᠢᠳᠡᠢ ᠲᠠᠷᠢᠮᠠᠯ ᠢ | ᠰᠤᠩᠭᠤᠨ ᠪᠤᠶᠢᠵᠢᠭᠤᠯᠬᠤ ᠶᠢ ᠲᠡᠯᠭᠡᠷᠡᠬᠦᠯᠵᠦ᠂ ᠲᠠᠷᠢᠮᠠᠯ ᠤᠨ ᠤᠷᠭᠤᠯᠲᠠ ᠶᠢᠨ ᠱᠠᠲᠤ ᠦᠶ᠎ᠡ ᠪᠣᠯᠤᠨ ᠬᠤᠷ᠎ᠠ | ᠲᠤᠨᠳᠠᠰᠤ ᠯᠤᠭ᠎ᠠ ᠵᠣᠬᠢᠴᠠᠭᠰᠠᠨ ᠲᠠᠷᠢᠶᠠᠯᠠᠩ ᠤᠨ ᠲᠠᠷᠢᠮᠠᠯ ᠤᠨ ᠪᠦᠲᠦᠴᠡ ᠪᠣᠯᠤᠨ ᠲᠠᠷᠢᠮᠠᠯ ᠤᠨ ᠳᠦᠷᠢᠮ ᠢ | ᠪᠠᠶᠢᠭᠤᠯᠵᠤ᠂ ︽ᠬᠤᠷ᠎ᠠ ᠲᠤᠨᠳᠠᠰᠤ ᠪᠠᠷ ᠲᠠᠷᠢᠶᠠᠯᠠᠩ ᠢ ᠲᠡᠵᠢᠭᠡᠬᠦ︾ ᠶᠢ ᠬᠦᠭᠵᠢᠬᠦᠯᠦᠨ᠎ᠡ᠃ ᠬᠤᠶᠠᠷ ᠲᠤ ᠤᠰᠤ | ᠠᠷᠪᠢᠯᠠᠬᠤ ᠮᠡᠷᠭᠡᠵᠢᠯ ᠢ ᠲᠡᠯᠭᠡᠷᠡᠬᠦᠯᠵᠦ᠂ ᠭᠤᠣᠯᠳᠠᠯᠭ᠎ᠠ ᠨᠢ ᠥᠨᠳᠥᠷ ᠦᠷ᠎ᠡ ᠠᠰᠢᠭᠲᠠᠢ ᠤᠰᠤ ᠠᠷᠪᠢᠯᠠᠬᠤ | ᠤᠰᠤᠯᠠᠯᠲᠠ ᠶᠢ ᠬᠥᠭᠵᠢᠭᠦᠯᠵᠦ᠂ ᠤᠰᠤᠨ ᠬᠤᠭᠤᠯᠠᠢ ᠪᠠᠷ ᠤᠰᠤᠯᠠᠬᠤ᠂ ᠲᠣᠰᠤᠯᠭᠠᠨ ᠤᠰᠤᠯᠠᠬᠤ ᠵᠡᠷᠭᠡ ᠤᠰᠤ | ᠠᠷᠪᠢᠯᠠᠬᠤ ᠮᠡᠷᠭᠡᠵᠢᠯ ᠢ ᠶᠡᠬᠡᠪᠡᠷ ᠲᠡᠯᠭᠡᠷᠡᠬᠦᠯᠵᠦ᠂ ᠤᠰᠤ ᠪᠣᠷᠳᠣᠭᠤᠷ ᠶᠢ ᠨᠢᠭᠡ ᠴᠣᠭᠴᠠᠵᠢᠭᠤᠯᠬᠤ᠂ ᠤᠰᠤ | ᠪᠣᠷᠳᠣᠭᠤᠷ ᠡᠮ ᠢ ᠨᠢᠭᠡ ᠴᠣᠭᠴᠠᠵᠢᠭᠤᠯᠬᠤ ᠮᠡᠷᠭᠡᠵᠢᠯ ᠢ ᠲᠥᠪᠯᠡᠷᠡᠭᠦᠯᠦᠨ ᠬᠦᠭᠵᠢᠬᠦᠯᠵᠦ᠂ ᠲᠠᠷᠢᠶᠠᠯᠠᠩ ᠤᠨ ᠮᠠᠰᠢᠨ | ᠲᠠᠷᠢᠶᠠᠯᠠᠩ ᠤᠨ ᠮᠡᠷᠭᠡᠵᠢᠯ ᠢ ᠬᠠᠷᠢᠯᠴᠠᠨ ᠤᠶᠠᠯᠳᠤᠭᠤᠯᠤᠭᠰᠠᠨ ᠬᠦᠷᠦᠰᠦ ᠶᠢ ᠬᠦᠨ ᠲᠠᠯᠬᠠᠳᠠᠵᠤ ᠲᠡᠭᠰᠢᠯᠡᠬᠦ᠂ | ᠪᠦᠷᠬᠦᠪᠴᠢ ᠪᠠᠷ ᠴᠢᠬᠢᠭ ᠬᠠᠳᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠲᠡᠯᠭᠡᠷᠡᠬᠦᠯᠵᠦ᠂ ᠬᠤᠷ᠎ᠠ | ᠲᠤᠨᠳᠠᠰᠤ ᠶᠢᠨ ᠠᠰᠢᠭᠯᠠᠮᠵᠢ ᠶᠢ ᠲᠡᠭᠡᠭᠰᠢᠯᠡᠬᠦᠯᠦᠨ᠎ᠡ᠃ ᠭᠤᠷᠪᠠ ᠳᠤ ᠤᠰᠤ ᠬᠡᠷᠡᠭᠯᠡᠬᠦ ᠦᠵᠦᠭᠦᠷ ᠤᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠦᠪᠡᠭᠴᠢᠯᠡᠨ ᠰᠢᠨ᠎ᠡ ᠶᠢ ᠡᠭᠦᠳᠦᠨ᠎ᠡ᠃ ᠨᠢᠭᠡ ᠲᠠᠯ᠎ᠠ ᠪᠠᠷ ᠲᠠᠷᠢᠶᠠᠴᠢᠳ ᠤᠨ | ᠤᠰᠤ ᠬᠡᠷᠡᠭᠯᠡᠬᠦ ᠶᠢ ᠥᠪᠡᠷᠲᠡᠭᠡᠨ ᠵᠠᠰᠠᠬᠤ᠂ ᠲᠤᠰᠬᠠᠶᠢᠵᠢᠭᠰᠠᠨ ᠦᠢᠯᠡᠴᠢᠯᠡᠭᠡᠨ᠂ ᠤᠰᠤᠨ ᠤ ᠬᠠᠮᠢᠶᠠᠷᠤᠯᠲᠠ ᠶᠢᠨ | ᠨᠢᠭᠡᠴᠢ ᠶᠢᠨ ᠬᠠᠮᠢᠶᠠᠷᠤᠯᠲᠠ ᠪᠣᠯᠤᠨ ᠬᠡᠷᠡᠭᠯᠡᠭᠴᠢᠳ ᠣᠷᠣᠯᠴᠠᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠤᠨ | ᠤᠰᠤ ᠬᠡᠷᠡᠭᠯᠡᠬᠦ ᠦᠵᠦᠭᠦᠷ ᠤᠨ ᠬᠠᠮᠢᠶᠠᠷᠤᠯᠲᠠ ᠶᠢᠨ ᠵᠠᠭᠪᠤᠷ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ | ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠵᠣᠬᠢᠶᠠᠨ | ᠪᠠᠶᠢᠭᠤᠯᠬᠤ᠂ ᠬᠥᠭᠵᠢᠯᠲᠡ ᠶᠢᠨ ᠰᠢᠨ᠎ᠡ ᠶᠢ ᠡᠭᠦᠳᠬᠦ ᠶᠢ ᠳᠡᠮᠵᠢᠬᠦ ᠶᠢᠨ ᠬᠠᠮᠲᠤ ᠤᠰᠤ ᠬᠠᠩᠭᠠᠬᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠤᠰᠤ ᠬᠡᠷᠡᠭᠯᠡᠬᠦ ᠬᠠᠮᠢᠶᠠᠷᠤᠯᠲᠠ᠂ ᠤᠰᠤᠨ ᠤ ᠰᠦᠢᠳᠬᠡᠯ ᠪᠣᠳᠣᠵᠤ | ᠬᠤᠷᠢᠶᠠᠬᠤ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠳᠠ ᠬᠠᠮᠠᠭᠠᠯᠠᠯᠳᠠ ᠳᠤ | ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠎ᠠ᠃ ᠡᠭᠦᠨ ᠠᠴᠠ ︽ᠬᠡᠨ ᠬᠠᠮᠢᠶᠠᠷᠬᠤ ᠪᠣᠢ︾ ᠭᠡᠬᠦ | ᠭᠤᠣᠯ ᠴᠣᠭᠴᠠ ᠳᠤᠲᠠᠭᠳᠠᠬᠤ ᠠᠰᠠᠭᠤᠳᠠᠯ ᠢ ᠰᠢᠢᠳᠪᠤᠷᠢᠯᠡᠨ᠎ᠡ᠃ ᠨᠥᠭᠦᠭᠡ ᠲᠠᠯ᠎ᠠ ᠪᠠᠷ ᠵᠢᠵᠢᠭ ᠬᠡᠯᠪᠡᠷᠢ ᠶᠢᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠠᠬᠢᠭᠤᠯᠵᠤ᠂ ᠬᠡᠷᠡᠭᠯᠡᠬᠦ ᠡᠷᠬᠡ᠂ ᠬᠠᠮᠢᠶᠠᠷᠤᠯᠲᠠ ᠶᠢᠨ ᠡᠷᠬᠡ ᠶᠢ ᠲᠠᠷᠢᠶᠠᠴᠢᠳ ᠤᠨ ᠤᠰᠤ ᠬᠡᠷᠡᠭᠯᠡᠬᠦ | ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠠᠰᠢᠭ ᠬᠦᠷᠲᠡᠬᠦ ᠲᠠᠷᠢᠶᠠᠴᠢᠨ ᠡᠷᠦᠬᠡ ᠵᠢᠴᠢ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠳᠤ ᠰᠢᠯᠵᠢᠭᠦᠯᠦᠨ ᠲᠤᠰᠢᠶᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ | ᠲᠣᠳᠣᠷᠬᠠᠢ ᠪᠣᠯᠭᠠᠵᠤ᠂ ᠠᠰᠢᠭ ᠬᠦᠷᠲᠡᠬᠦ ᠭᠤᠣᠯ ᠴᠣᠭᠴᠠ ᠨᠢ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠢ ᠦᠨᠡᠨ ᠬᠦ ᠲᠡᠳᠡᠨ ᠤ ᠦᠪᠡᠷ ᠤᠨ ︽ᠬᠠᠷᠢᠭᠤᠴᠠᠯᠭ᠎ᠠ ᠶᠢᠨ ᠲᠠᠷᠢᠶ᠎ᠠ︾ ᠪᠤᠯᠭᠠᠵᠤ᠂ ᠡᠬᠦᠨ ᠠᠴᠠ | ᠢᠨᠵᠧᠨᠧᠷᠢᠩ ᠤᠨ ᠦᠮᠴᠢᠯᠡᠬᠦ ᠡᠷᠬᠡ ᠨᠢ ᠲᠤᠳᠤᠷᠬᠠᠢ ᠦᠭᠡᠢ᠂ ᠬᠢᠬᠦ ᠬᠦᠮᠦᠨ ᠲᠠᠢ ᠭᠡᠳᠡᠯ᠎ᠡ ᠬᠠᠮᠢᠶᠠᠷᠬᠤ ᠬᠦᠮᠦᠨ | ᠦᠭᠡᠢ ᠠᠰᠠᠭᠤᠳᠠᠯ ᠢ ᠰᠢᠢᠳᠪᠤᠷᠢᠯᠡᠨ᠎ᠡ᠃ ᠰᠤᠷᠪᠤᠯᠵᠢᠯᠠᠭᠴᠢ᠄ ᠥᠭᠡᠷᠡᠴᠢᠯᠡᠯᠲᠡ ᠶᠢᠨ ᠳᠤᠮᠳᠠ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠪᠦᠷᠢᠯᠳᠦᠬᠦ ᠵᠣᠬᠢᠰᠲᠠᠢ ᠲᠣᠭᠲᠠᠴᠠ ᠶᠢ ᠬᠡᠷᠬᠢᠨ ᠪᠠᠶᠢᠭᠤᠯᠬᠤ ᠪᠣᠢ︖ ᠡᠤ ᠸᠧᠨ | ᠴᠢᠩ᠄ ᠡᠨᠡ ᠪᠣᠯ ᠭᠠᠵᠠᠷ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ | ᠭᠤᠣᠯ ᠴᠥᠮ᠎ᠡ ᠨᠢ ᠪᠠᠶᠢᠵᠤ᠂ ᠤᠰᠤᠨ ᠤ ᠡᠬᠢ ᠪᠠᠶᠠᠯᠢᠭ ᠶᠢ ᠲᠣᠬᠢᠷᠠᠭᠤᠯᠬᠤ ᠳᠤ ᠵᠠᠬ᠎ᠠ ᠲᠡᠯᠭᠡᠬᠦᠷ ᠤᠨ | ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠬᠤ ᠳᠤ ᠡᠷᠬᠡᠪᠰᠢ ᠤᠰᠤᠨ ᠤ ᠦᠨ᠎ᠡ ᠶᠢᠨ ᠪᠦᠷᠢᠯᠳᠦᠬᠦ | ᠲᠤᠭᠳᠠᠴᠠ ᠶᠢ ᠪᠠᠶᠢᠭᠤᠯᠤᠨ ᠲᠡᠭᠦᠯᠳᠡᠷᠵᠢᠬᠦᠯᠬᠦ ᠬᠡᠷᠡᠭᠲᠡᠢ᠃ ︽ᠰᠠᠨᠠᠯ︾ ᠳᠤ ᠳᠥᠷᠪᠡᠨ ᠲᠠᠯ᠎ᠠ ᠶᠢᠨ ᠱᠠᠭᠠᠷᠳᠠᠯᠭ᠎ᠠ | ᠳᠤᠷᠠᠳᠪᠠ᠄ ᠨᠢᠭᠡ ᠳᠤ ᠦᠨ᠎ᠡ ᠬᠠᠩᠰᠢ ᠶᠢ ︽ᠬᠡᠨ ᠲᠤᠭᠳᠠᠭᠠᠬᠤ︾ ᠠᠰᠠᠭᠤᠳᠠᠯ ᠢ ᠲᠤᠳᠤᠷᠬᠠᠶᠢᠯᠠᠨ᠎ᠠ᠃ ᠦᠨ᠎ᠡ | ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠤᠨ ᠲᠣᠭᠲᠠᠭᠠᠯ ᠪᠠ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠰᠠᠨᠠᠯ︾ ᠳᠤ ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠤ ᠭᠤᠣᠯᠯᠠᠬᠤ ᠢᠨᠵᠧᠨᠧᠷᠢᠩ ᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢ | ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠲᠤᠭᠳᠠᠭᠠᠵᠤ᠂ ᠨᠦᠬᠦᠴᠡᠯ ᠪᠦᠷᠢᠳᠦᠭᠰᠡᠨ ᠨᠢ ᠬᠠᠩᠭᠠᠬᠤ ᠬᠡᠷᠡᠭᠰᠡᠬᠦ | ᠬᠤᠶᠠᠷ ᠲᠠᠯ᠎ᠠ ᠪᠠᠷ ᠢᠶᠠᠨ ᠡᠷᠬᠡ ᠲᠡᠭᠰᠢ ᠰᠠᠶᠢᠨ ᠳᠤᠷ᠎ᠠ ᠶᠢᠨ ᠰᠠᠭᠤᠷᠢᠨ ᠳᠡᠭᠡᠷ᠎ᠡ ᠵᠥᠪᠳᠡᠯᠴᠡᠵᠦ ᠪᠠᠶᠢᠭᠠᠳ ᠦᠨ᠎ᠡ | ᠬᠠᠩᠰᠢ ᠶᠢ ᠲᠣᠭᠲᠠᠭᠠᠵᠤ ᠪᠣᠯᠤᠨ᠎ᠠ︔ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠰᠡᠭᠦᠯᠴᠢ ᠶᠢᠨ | ᠱᠠᠲᠤᠨ ᠤ ᠰᠤᠪᠠᠭ ᠤᠨ ᠰᠢᠰᠲ᠋ᠧᠮ ᠪᠠ ᠵᠢᠵᠢᠭ ᠬᠡᠯᠪᠡᠷᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢ ᠵᠠᠰᠠᠭ ᠤᠨ ᠣᠷᠳᠣᠨ ᠠᠴᠠ ᠲᠣᠭᠲᠠᠭᠠᠬᠤ ᠶᠢ ᠬᠡᠷᠡᠭᠵᠢᠭᠦᠯᠵᠦ ᠪᠣᠯᠤᠨ᠎ᠠ᠂ ᠤᠰᠤ | ᠠᠷᠪᠢᠯᠠᠬᠤ ᠶᠢ ᠠᠬᠢᠭᠤᠯᠬᠤ᠂ ᠢᠨᠵᠧᠨᠧᠷᠢᠩ ᠤᠨ ᠡᠷᠡᠬᠦᠯ ᠠᠵᠢᠯᠯᠠᠭᠠᠨ ᠪᠠ ᠲᠠᠷᠢᠶᠠᠯᠠᠩ ᠤᠨ ᠦᠢᠯᠡᠳᠪᠦᠷᠢᠯᠡᠯ ᠤᠨ | ᠬᠥᠭᠵᠢᠯᠲᠡ ᠶᠢ ᠪᠠᠲᠤᠯᠠᠬᠤ ᠳᠤ ᠠᠰᠢᠭᠲᠠᠢ ᠵᠠᠷᠴᠢᠮ ᠢ ᠪᠠᠷᠢᠮᠲᠠᠯᠠᠭᠰᠠᠨ ᠤᠷᠢᠳᠠᠯ ᠳᠣᠣᠷ᠎ᠠ ᠪᠠᠰᠠ ᠵᠥᠪᠳᠡᠯᠴᠡᠨ | ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠣᠯᠤᠨ᠎ᠠ᠃ ᠬᠤᠶᠠᠷ ᠲᠤ ᠦᠨ᠎ᠡ ᠬᠠᠩᠰᠢ ᠶᠢ ︽ᠶᠠᠭᠠᠬᠢᠵᠤ ᠲᠣᠭᠲᠠᠭᠠᠬᠤ︾ | ᠶᠢ ᠲᠤᠳᠤᠷᠬᠠᠶᠢᠯᠠᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠳᠤ ᠤᠰᠤ ᠬᠠᠩᠭᠠᠬᠤ ᠥᠪᠡᠷ ᠤᠨ ᠥᠷᠲᠡᠭ᠂ | ᠤᠰᠤᠨ ᠤ ᠡᠬᠢ ᠰᠤᠷᠪᠤᠯᠵᠢ ᠳᠤᠲᠠᠭᠳᠠᠬᠤ ᠬᠡᠮᠵᠢᠶ᠎ᠡ᠂ ᠬᠡᠷᠡᠭᠯᠡᠭᠴᠢᠳ ᠤᠨ ᠳᠠᠭᠠᠭᠠᠬᠤ ᠴᠢᠳᠠᠪᠤᠷᠢ ᠵᠡᠷᠭᠡ | ᠡᠯᠧᠮᠧᠨ᠋ᠲ ᠤᠳ ᠢ ᠶᠡᠷᠦᠩᠬᠡᠶᠢᠯᠡᠨ ᠪᠣᠳᠣᠯᠬᠢᠯᠠᠵᠤ᠂ ᠡᠳᠡᠭᠡᠷ ᠡᠯᠧᠮᠧᠨ᠋ᠲ ᠤᠳ ᠨᠢ ᠬᠥᠳᠡᠯᠦᠩᠭᠦᠢ ᠬᠤᠪᠢᠷᠠᠯᠲᠠ ᠲᠠᠢ | ᠪᠠᠶᠢᠳᠠᠭ ᠢ ᠪᠤᠳᠤᠯᠬᠢᠯᠠᠨ ᠤᠰᠤᠨ ᠤ ᠦᠨ᠎ᠡ ᠬᠠᠩᠰᠢ ᠶᠢ ᠪᠠᠰᠠ ᠴᠠᠭ ᠲᠤᠬᠠᠢ ᠳᠤ ᠨᠢ ᠲᠣᠬᠢᠷᠠᠭᠤᠯᠤᠨ ᠲᠤᠭᠳᠠᠭᠠᠬᠤ | ᠬᠡᠷᠡᠭᠲᠡᠢ᠃ ᠭᠤᠷᠪᠠ ᠳᠤ᠂ ᠦᠨ᠎ᠡ ᠬᠠᠩᠰᠢ ᠶᠢ ︽ᠬᠡᠳᠦᠢ ᠪᠠᠷ ᠲᠣᠭᠲᠠᠭᠠᠬᠤ︾ ᠶᠢ ᠲᠣᠳᠣᠷᠬᠠᠶᠢᠯᠠᠨ᠎ᠠ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢ ᠵᠠᠷᠴᠢᠮ ᠳᠡᠭᠡᠷ᠎ᠡ ᠪᠠᠨ ᠠᠵᠢᠯᠯᠠᠭᠤᠯᠬᠤ ᠪᠠ ᠬᠠᠮᠠᠭᠠᠯᠠᠬᠤ ᠥᠪᠡᠷ ᠤᠨ | ᠥᠷᠲᠡᠭ ᠤᠨ ᠬᠢᠷᠢ ᠬᠡᠮᠵᠢᠶ᠎ᠡ ᠳᠤ ᠬᠦᠷᠭᠡᠬᠦ ᠪᠤᠶᠤ ᠠᠯᠬᠤᠮ ᠠᠯᠬᠤᠮ ᠢᠶᠠᠷ ᠬᠦᠷᠭᠡᠨ᠎ᠡ᠂ ᠡᠨᠡ ᠨᠢ ᠭᠤᠣᠯᠳᠠᠭᠤ | ᠠᠵᠢᠯᠯᠠᠭᠤᠯᠬᠤ ᠪᠠ ᠬᠠᠮᠠᠭᠠᠯᠠᠬᠤ ᠥᠪᠡᠷ ᠤᠨ ᠥᠷᠲᠡᠭ ᠤᠨ ᠬᠢᠷᠢ ᠬᠡᠮᠵᠢᠶ᠎ᠡ ᠪᠤᠯ ᠳᠣᠣᠷᠠᠲᠤ ᠬᠢᠵᠠᠭᠠᠷ ᠪᠠᠶᠢᠵᠤ᠂ | ᠵᠦᠪᠬᠡᠨ ᠲᠤᠤᠷᠠᠳᠤ ᠬᠢᠵᠠᠭᠠᠷ ᠲᠤ ᠬᠦᠷᠭᠡᠪᠡᠯ ᠰᠠᠶ᠋ᠢ ᠢᠨᠵᠧᠨᠧᠷᠢᠩ ᠤᠨ ᠬᠡᠪ ᠤᠨ ᠶᠠᠪᠤᠭᠳᠠᠬᠤ ᠶᠢ ᠪᠠᠳᠤᠯᠠᠵᠤ | ᠲᠡᠶᠢᠯᠦᠨ᠎ᠡ ᠭᠡᠳᠡᠭ ᠢ ᠪᠤᠳᠤᠯᠬᠢᠯᠠᠵᠠᠢ᠃ ᠦᠭᠡᠢ ᠪᠤᠯ ᠡᠪᠳᠡᠷᠡᠵᠦ ᠬᠠᠭᠤᠴᠢᠷᠠᠵᠤ ᠵᠠᠰᠠᠵᠤ ᠰᠡᠯᠪᠢᠬᠦ᠂ ᠬᠤᠬᠢᠷᠠᠵᠤ | ᠰᠦᠢᠳᠦᠭᠰᠡᠨ ᠨᠢ ᠬᠦᠨᠳᠦ ᠨᠣᠴᠢᠲᠠᠢ᠂ ᠦᠷ᠎ᠡ ᠠᠰᠢᠭ ᠮᠠᠭᠤᠳᠠᠬᠤ ᠨᠢ ᠡᠴᠦᠰ ᠲᠡᠭᠡᠨ ᠲᠠᠷᠢᠶᠠᠴᠢᠨ ᠤ ᠠᠰᠢᠭ | ᠲᠤᠰᠠ ᠶᠢ ᠬᠤᠬᠢᠷᠠᠭᠤᠯᠬᠤ ᠶᠠᠪᠤᠳᠠᠯ ᠪᠣᠯᠤᠨ᠎ᠠ᠃ ᠡᠭᠦᠨ ᠤ ᠵᠡᠷᠭᠡᠴᠡᠭᠡᠪᠡᠷ ᠭᠠᠵᠠᠷ ᠣᠷᠣᠨ ᠤ ᠵᠥᠷᠢᠶ᠎ᠡ ᠶᠢ ᠴᠤ | ᠪᠤᠳᠤᠯᠬᠢᠯᠠᠵᠤ᠂ ᠦᠨᠡᠬᠡᠷ ᠬᠦᠴᠢᠷᠳᠡᠯᠲᠡᠢ ᠭᠠᠵᠠᠷ ᠣᠷᠣᠨ ᠤ ᠬᠢᠨ ᠴᠢᠳᠠᠬᠤ ᠶᠢᠨ ᠳᠣᠲᠣᠷ᠎ᠠ ᠶᠡᠷᠦᠩᠬᠡᠶᠢᠯᠡᠭᠰᠡᠨ | ᠠᠷᠭ᠎ᠠ ᠬᠡᠮᠵᠢᠶ᠎ᠡ ᠠᠪᠴᠤ ᠪᠠᠶᠢᠭᠠᠳ ᠪᠠᠷᠢᠯᠭ᠎ᠠ ᠶᠢᠨ ᠡᠷᠡᠬᠦᠯ ᠠᠵᠢᠯᠯᠠᠭᠠᠨ ᠢ ᠪᠠᠳᠤᠯᠠᠬᠤ ᠬᠡᠷᠡᠭᠲᠡᠢ︔ ᠤᠰᠤᠨ ᠤ ᠡᠬᠢ | ᠪᠠᠶᠠᠯᠢᠭ ᠢᠶᠠᠷ ᠳᠤᠲᠠᠮᠠᠭ᠂ ᠬᠡᠷᠡᠭᠯᠡᠭᠴᠢᠳ ᠤᠨ ᠳᠠᠭᠠᠭᠠᠬᠤ ᠴᠢᠳᠠᠪᠤᠷᠢ ᠪᠠᠷ ᠴᠢᠩᠭ᠎ᠠ ᠭᠠᠵᠠᠷ ᠣᠷᠣᠨ ᠪᠣᠯ ᠦᠨ᠎ᠡ | ᠬᠠᠩᠰᠢ ᠶᠢ ᠥᠪᠡᠷ ᠤᠨ ᠥᠷᠲᠡᠭ ᠤᠨ ᠬᠢᠷᠢ ᠬᠡᠮᠵᠢᠶ᠎ᠡ ᠳᠤ ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠃ ᠳᠥᠷᠪᠡ ᠳᠤ | ᠦᠨ᠎ᠡ ᠪᠣᠳᠣᠬᠤ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ | ᠲᠡᠵᠢᠭᠡᠨ ᠦᠷᠡᠵᠢᠬᠦᠯᠬᠦ ᠦᠢᠯᠡᠰ ᠵᠡᠷᠭᠡ ᠶᠢᠨ ᠤᠰᠤ ᠬᠡᠷᠡᠭᠯᠡᠬᠦ ᠬᠡᠮᠵᠢᠶ᠎ᠡ᠂ ᠪᠠᠲᠤᠯᠠᠬᠤ ᠨᠣᠷᠮ᠎ᠠ᠂ | ᠦᠢᠯᠡᠳᠪᠦᠷᠢᠯᠡᠯ ᠤᠨ ᠦᠷ᠎ᠡ ᠠᠰᠢᠭ ᠵᠡᠷᠭᠡ ᠲᠠᠯ᠎ᠠ ᠪᠠᠷ ᠬᠢ ᠵᠥᠷᠢᠶ᠎ᠡ ᠣᠷᠣᠰᠢᠵᠤ ᠪᠠᠶᠢᠬᠤ ᠪᠠ ᠡᠯ᠎ᠡ ᠭᠠᠵᠠᠷ ᠤᠨ | ᠲᠠᠷᠢᠶᠠᠯᠠᠩ ᠤᠨ ᠬᠥᠭᠵᠢᠯᠲᠡ ᠶᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠳᠡᠮᠵᠢᠬᠦ ᠴᠢᠭᠯᠡᠯ ᠤᠨ ᠠᠳᠠᠯᠢ ᠪᠤᠰᠤ | ᠪᠠᠶᠢᠬᠤ ᠶᠢ ᠪᠤᠳᠤᠯᠬᠢᠯᠠᠵᠤ᠂ ︽ᠰᠠᠨᠠᠯ︾ ᠳᠤ ᠲᠥᠷᠥᠯ ᠲᠡᠰ ᠬᠤᠪᠢᠶᠠᠭᠰᠠᠨ ᠤᠰᠤᠨ ᠤ ᠦᠨ᠎ᠡ ᠬᠠᠩᠰᠢ ᠶᠢ | ᠬᠡᠷᠡᠭᠵᠢᠭᠦᠯᠦᠨ᠎ᠡ ᠭᠡᠵᠦ ᠳᠤᠷᠠᠳᠪᠠ᠃ ᠡᠭᠦᠨ ᠳᠤ ᠬᠡᠷᠡᠭᠯᠡᠬᠦ ᠤᠰᠤᠨ ᠤ ᠬᠡᠮᠵᠢᠶ᠎ᠡ ᠶᠡᠭᠡ ᠪᠤᠶᠤ ᠨᠡᠮᠡᠯᠲᠡ ᠥᠷᠲᠡᠭ | ᠥᠨᠳᠥᠷ ᠠᠵᠤ ᠠᠬᠤᠢ ᠶᠢᠨ ᠲᠠᠷᠢᠮᠠᠯ ᠪᠣᠯᠤᠨ ᠲᠡᠵᠢᠭᠡᠨ ᠦᠷᠡᠵᠢᠭᠦᠯᠬᠦ ᠦᠢᠯᠡᠰ ᠤᠨ ᠬᠡᠷᠡᠭᠯᠡᠬᠦ ᠤᠰᠤᠨ ᠤ ᠦᠨ᠎ᠡ | ᠬᠠᠩᠰᠢ ᠨᠢ ᠪᠤᠰᠤᠳ ᠤᠰᠤ ᠬᠡᠷᠡᠭᠯᠡᠬᠦ ᠲᠥᠷᠥᠯ ᠵᠦᠢᠯ ᠠᠴᠠ ᠥᠨᠳᠥᠷ ᠪᠠᠶᠢᠵᠤ ᠪᠣᠯᠤᠨ᠎ᠠ︔ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠳᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ | ᠳᠣᠣᠷᠠᠬᠢ ᠤᠰᠤᠨ ᠤ ᠬᠡᠷᠡᠭᠯᠡᠬᠦ ᠥᠪᠡᠷ ᠤᠨ ᠥᠷᠲᠡᠭ ᠢ ᠲᠤᠬᠠᠢ ᠶᠢᠨ ᠭᠠᠵᠠᠷ ᠤᠨ ᠬᠥᠷᠥᠰᠥᠨ ᠳᠡᠭᠡᠷᠡᠬᠢ | ᠤᠰᠤᠨ ᠠᠴᠠ ᠥᠨᠳᠥᠷ ᠪᠠᠶᠢᠯᠭᠠᠬᠤ ᠬᠡᠷᠡᠭᠲᠡᠢ᠃ ᠡᠭᠦᠨ ᠤ ᠬᠠᠮᠲᠤ᠂ ᠤᠰᠤᠨ ᠤ ᠦᠨ᠎ᠡ ᠶᠢᠨ ᠤᠷᠮᠠᠰᠢᠭᠤᠯᠵᠤ | ᠬᠢᠵᠠᠭᠠᠷᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠣᠭᠲᠠᠭᠠᠭᠰᠠᠨ ᠲᠣᠭᠠᠨ ᠠᠴᠠ | ᠬᠡᠳᠦᠷᠡᠬᠦᠯᠪᠡᠯ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠬᠦᠯᠵᠦ᠂ ︽ᠢᠯᠡᠭᠦᠦ ᠤᠰᠤ ᠬᠡᠷᠡᠭᠯᠡᠪᠡᠯ | ᠢᠯᠡᠭᠦᠦ ᠵᠣᠭᠤᠰ ᠲᠤᠰᠢᠶᠠᠬᠤ︾ ᠶᠢ ᠢᠯᠡᠷᠡᠬᠦᠯᠦᠨ᠎ᠡ᠃ ᠵᠠᠷᠢᠮ ᠭᠠᠵᠠᠷ ᠣᠷᠣᠨ ᠤ ᠤᠰᠤ ᠬᠡᠷᠡᠭᠯᠡᠬᠦ ᠬᠡᠮᠵᠢᠶᠡᠨ ᠤ | ᠵᠢᠯ ᠤᠨ ᠬᠤᠭᠤᠷᠣᠨᠳᠣᠬᠢ ᠬᠤᠪᠢᠷᠠᠯᠲᠠ ᠨᠢ ᠨᠡᠯᠢᠶᠡᠳ ᠶᠡᠭᠡ᠂ ᠪᠣᠷᠣᠭᠠᠨ ᠬᠤᠷ᠎ᠠ ᠲᠡᠭᠰᠢ ᠪᠠᠶᠢᠭ᠎ᠠ ᠵᠢᠯ ᠤᠨ | ᠦᠵᠡᠮᠵᠢ ᠳᠤ ᠤᠰᠤ ᠬᠡᠷᠡᠭᠯᠡᠬᠦ ᠨᠢ ᠪᠠᠭ᠎ᠠ᠂ ᠭᠠᠩ ᠬᠠᠭᠰᠠᠷᠭᠠᠨ ᠲᠠᠢ ᠵᠢᠯ ᠳᠤ ᠤᠰᠤ ᠬᠡᠷᠡᠭᠯᠡᠬᠦ ᠨᠢ ᠢᠯᠡᠬᠦᠦ ᠪᠠᠶᠢᠬᠤ | ᠪᠠᠶᠢᠳᠠᠯ ᠢ ᠪᠤᠳᠤᠯᠬᠢᠯᠠᠵᠤ᠂ ᠢᠨᠵᠧᠨᠧᠷᠢᠩ ᠤᠨ ᠬᠡᠪ ᠤᠨ ᠠᠵᠢᠯᠯᠠᠭᠠᠨ ᠢ ᠪᠠᠳᠤᠯᠠᠵᠤ᠂ ᠦᠷ᠎ᠡ ᠠᠰᠢᠭ ᠢ | ᠦᠷᠭᠦᠯᠵᠢᠯᠡᠨ ᠪᠠᠳᠠᠷᠠᠭᠤᠯᠬᠤ ᠶᠢᠨ ᠲᠤᠯᠠᠳᠠ᠂ ︽ᠰᠠᠨᠠᠯ︾ ᠳᠤ ᠡᠨᠡ ᠲᠥᠷᠥᠯ ᠤᠨ ᠭᠠᠵᠠᠷ ᠣᠷᠣᠨ ᠳᠤ | ᠦᠨᠳᠦᠰᠦᠨ ᠤᠰᠤᠨ ᠤ ᠦᠨ᠎ᠡ ᠪᠣᠯᠤᠨ ᠬᠡᠮᠵᠢᠯᠲᠡ ᠶᠢᠨ ᠤᠰᠤᠨ ᠤ ᠦᠨ᠎ᠡ ᠶᠢ ᠬᠠᠷᠢᠯᠴᠠᠨ ᠤᠶᠠᠯᠳᠤᠭᠤᠯᠬᠤ | ᠬᠤᠶᠠᠷ ᠵᠦᠢᠯ ᠤᠨ ᠤᠰᠤᠨ ᠤ ᠦᠨ᠎ᠡ ᠬᠠᠩᠰᠢ ᠶᠢ ᠬᠡᠷᠡᠭᠵᠢᠬᠦᠯᠦᠨ᠎ᠡ ᠭᠡᠵᠦ ᠲᠣᠳᠣᠷᠬᠠᠶᠢᠯᠠᠭᠰᠠᠨ ᠪᠠᠶᠢᠨ᠎ᠠ᠃ ᠤᠰᠤ | ᠬᠡᠷᠡᠭᠯᠡᠬᠦ ᠬᠡᠮᠵᠢᠶ᠎ᠡ ᠨᠢ ᠤᠯᠠᠷᠢᠯ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠭᠠᠵᠠᠷ ᠣᠷᠣᠨ ᠳᠤ ᠠᠳᠠᠯᠢ ᠪᠤᠰᠤ | ᠤᠯᠠᠷᠢᠯ ᠤᠨ ᠤᠰᠤᠨ ᠤ ᠦᠨ᠎ᠡ ᠬᠠᠩᠰᠢ ᠶᠢ ᠬᠡᠷᠡᠭᠵᠢᠭᠦᠯᠵᠦ ᠪᠣᠯᠤᠨ᠎ᠠ᠃ ᠴᠤᠬᠤᠮ ᠶᠠᠮᠠᠷ ᠵᠦᠢᠯ ᠤᠨ ᠤᠰᠤᠨ ᠤ | ᠦᠨ᠎ᠡ ᠶᠢᠨ ᠳᠦᠷᠢᠮ ᠢ ᠪᠣᠳᠠᠲᠠᠢ ᠬᠡᠷᠡᠭᠵᠢᠭᠦᠯᠬᠦ ᠲᠤᠬᠠᠢ ᠡᠯ᠎ᠡ ᠭᠠᠵᠠᠷ ᠤᠨ ᠬᠢᠨ ᠨᠢ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠠᠶᠢᠨ ᠰᠦᠪᠡᠭᠴᠢᠯᠡᠬᠦ ᠬᠡᠷᠡᠭᠲᠡᠢ᠃ ᠰᠤᠷᠪᠤᠯᠵᠢᠯᠠᠭᠴᠢ᠄ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠬᠠᠮᠲᠤ ᠵᠠᠰᠠᠭ ᠤᠨ ᠣᠷᠳᠣᠨ ᠤ ᠦᠢᠯᠡᠳᠦᠯ ᠢ ᠬᠡᠷᠬᠢᠨ ᠨᠡᠩ ᠰᠠᠶᠢᠨ ᠪᠠᠳᠠᠷᠠᠭᠤᠯᠬᠤ | ᠪᠣᠢ︖ ᠡᠤ ᠸᠧᠨ ᠴᠢᠩ᠄ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠨᠢ ᠲᠠᠷᠢᠶᠠᠴᠢᠨ ᠪᠣᠯᠤᠨ | ᠠᠮᠤ ᠲᠠᠷᠢᠶᠠᠨ ᠤ ᠠᠶᠤᠯᠬᠦᠢ ᠪᠠᠶᠢᠳᠠᠯ ᠢ ᠬᠤᠯᠪᠤᠭᠳᠠᠵᠤ ᠪᠠᠶᠢᠬᠤ ᠮᠦᠷᠲᠡᠭᠡᠨ ᠪᠠᠰᠠ ᠤᠰᠤᠨ ᠤ ᠡᠬᠢ ᠪᠠᠶᠠᠯᠢᠭ | ᠪᠣᠯᠤᠨ ᠤᠰᠤᠨ ᠤ ᠠᠶᠤᠯᠬᠦᠢ ᠪᠠᠶᠢᠳᠠᠯ ᠲᠠᠢ ᠬᠤᠯᠪᠤᠭᠳᠠᠵᠤ ᠪᠠᠶᠢᠳᠠᠭ᠃ ᠪᠦᠳᠦᠬᠦᠯᠢᠭ ᠢᠶᠠᠷ ᠦᠨ᠎ᠡ ᠬᠠᠩᠰᠢ ᠶᠢ | ᠦᠰᠭᠡᠪᠡᠯ ᠲᠠᠷᠢᠶᠠᠴᠢᠳ ᠬᠦᠯᠢᠶᠡᠨ ᠠᠪᠴᠤ ᠲᠡᠶᠢᠯᠬᠦ ᠦᠭᠡᠢ᠂ ᠦᠨ᠎ᠡ ᠬᠠᠩᠰᠢ ᠶᠢ ᠦᠰᠭᠡᠬᠦ ᠦᠭᠡᠢ ᠪᠤᠯ ᠪᠠᠰᠠ | ᠤᠰᠤ ᠠᠷᠪᠢᠯᠠᠬᠤ ᠪᠠ ᠢᠨᠵᠧᠨᠧᠷᠢᠩ ᠤᠨ ᠠᠵᠢᠯᠯᠠᠭᠠᠨ ᠳᠤ ᠠᠰᠢᠭ ᠦᠭᠡᠢ ᠪᠠᠶᠢᠳᠠᠭ᠃ ᠲᠠᠷᠢᠶᠠᠯᠠᠩ ᠤᠨ ᠤᠰᠤᠨ ᠤ | ᠦᠨ᠎ᠡ ᠶᠢ ᠲᠤᠬᠢᠷᠠᠮᠵᠢᠳᠠᠢ ᠲᠡᠭᠡᠭᠰᠢᠯᠡᠬᠦᠯᠵᠦ ᠤᠰᠤ ᠠᠷᠪᠢᠯᠠᠬᠤ ᠶᠢ ᠠᠬᠢᠭᠤᠯᠬᠤ ᠶᠢᠨ ᠬᠠᠮᠳᠤ ᠡᠷᠬᠡᠪᠰᠢ | ᠤᠨᠤᠪᠴᠢᠳᠠᠢ ᠪᠠᠷ ᠨᠦᠬᠦᠪᠦᠷᠢ ᠤᠯᠭᠤᠬᠤ ᠪᠠ ᠤᠰᠤ ᠠᠷᠪᠢᠯᠠᠬᠤ ᠶᠢ ᠱᠠᠩᠨᠠᠬᠤ ᠶᠢ ᠬᠡᠷᠡᠭᠵᠢᠬᠦᠯᠵᠦ᠂ | ᠲᠠᠷᠢᠶᠠᠴᠢᠳ ᠤᠨ ᠵᠦᠢ ᠵᠣᠬᠢᠰᠲᠠᠢ ᠥᠨᠳᠥᠷ ᠦᠷ᠎ᠡ ᠪᠦᠲᠦᠮᠵᠢᠲᠡᠢ ᠪᠠᠷ ᠤᠰᠤ ᠬᠡᠷᠡᠭᠯᠡᠬᠦ ᠶᠢ ᠪᠠᠲᠤᠯᠠᠬᠤ ᠪᠠᠶᠢᠳᠠᠯ | ᠳᠣᠣᠷ᠎ᠠ ᠤᠰᠤ ᠬᠡᠷᠡᠭᠯᠡᠵᠦ ᠲᠡᠶᠢᠯᠬᠦ ᠪᠠᠶᠢᠯᠭᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ | ᠬᠠᠮᠠᠭᠠᠯᠠᠵᠤ ᠴᠢᠳᠠᠬᠤ ᠬᠡᠷᠡᠭᠲᠡᠢ᠃ ᠡᠶᠢᠮᠦ ᠠᠴᠠ ︽ᠰᠠᠨᠠᠯ︾ ᠳᠤ ᠨᠠᠷᠢᠯᠢᠭ ᠣᠨᠣᠪᠴᠢᠲᠠᠢ ᠨᠥᠬᠦᠪᠥᠷᠢ ᠣᠯᠭᠤᠬᠤ | ᠪᠣᠯᠤᠨ ᠤᠰᠤ ᠠᠷᠪᠢᠯᠠᠬᠤ ᠱᠠᠩᠨᠠᠯ ᠤᠨ ᠲᠤᠭᠳᠠᠴᠠ ᠶᠢ ᠪᠠᠶᠢᠭᠤᠯᠬᠤ ᠶᠢ ᠳᠤᠷᠠᠳᠪᠠ᠃ ᠲᠠᠷᠢᠶᠠᠯᠠᠩ ᠤᠨ ᠤᠰᠤ | ᠬᠡᠷᠡᠭᠯᠡᠬᠦ ᠳᠤ ᠨᠠᠷᠢᠯᠢᠭ ᠣᠨᠣᠪᠴᠢᠲᠠᠢ ᠪᠠᠷ ᠨᠦᠬᠦᠪᠦᠷᠢ ᠤᠯᠭᠤᠬᠤ ᠲᠣᠭᠲᠠᠴᠠ ᠶᠢ ᠤᠰᠤ ᠠᠷᠪᠢᠯᠠᠬᠤ ᠦᠷ᠎ᠡ | ᠪᠦᠲᠦᠮᠵᠢ᠂ ᠦᠨ᠎ᠡ ᠲᠣᠬᠢᠷᠠᠭᠤᠯᠬᠤ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠯᠤᠭ᠎ᠠ ᠬᠠᠷᠢᠯᠴᠠᠨ | ᠲᠦᠬᠦᠷᠵᠢᠬᠦᠯᠵᠦ᠂ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠭᠰᠠᠨ ᠨᠣᠷᠮ᠎ᠠ ᠶᠢᠨ ᠳᠣᠲᠣᠷᠠᠬᠢ ᠤᠰᠤ ᠬᠡᠷᠡᠭᠯᠡᠬᠦ | ᠥᠪᠡᠷ ᠤᠨ ᠥᠷᠲᠡᠭ ᠬᠢᠭᠡᠳ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠤᠨ ᠵᠥᠷᠢᠶ᠎ᠡ ᠶᠢ ᠦᠨᠳᠦᠰᠦᠯᠡᠨ | ᠲᠣᠭᠲᠠᠭᠠᠨ᠎ᠠ᠃ ᠲᠤᠷᠰᠢᠯᠲᠠ ᠶᠢᠨ ᠴᠢᠭ ᠤᠨ ᠦᠢᠯᠡᠳᠦᠯᠭᠡ ᠠᠴᠠ ᠦᠵᠡᠪᠡᠯ ᠭᠤᠣᠯᠳᠠᠭᠤ ᠬᠤᠶᠠᠷ ᠵᠦᠢᠯ ᠤᠨ ᠠᠷᠭ᠎ᠠ | ᠪᠠᠶᠢᠨ᠎ᠠ᠄ ᠨᠢᠭᠡᠳᠦᠭᠡᠷ ᠵᠦᠢᠯ ᠨᠢ ᠢᠨᠵᠧᠨᠧᠷᠢᠩ ᠤᠨ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠳᠤᠲᠠᠬᠤ | ᠪᠠᠶᠢᠳᠠᠯ ᠢ ᠦᠨᠳᠦᠰᠦᠯᠡᠵᠦ᠂ ᠤᠰᠤᠨ ᠤ ᠬᠠᠮᠢᠶᠠᠷᠤᠯᠲᠠ ᠶᠢᠨ ᠨᠢᠭᠡᠴᠢ᠂ ᠤᠰᠤ ᠬᠡᠷᠡᠭᠯᠡᠬᠦ ᠬᠤᠷᠰᠢᠭᠰᠠᠨ ᠵᠣᠬᠢᠶᠠᠨ | ᠪᠠᠶᠢᠭᠤᠯᠤᠯᠲᠠ ᠵᠡᠷᠭᠡ ᠳᠤ ᠨᠥᠬᠦᠪᠥᠷᠢ ᠥᠭᠴᠦ᠂ ᠲᠠᠷᠢᠶᠠᠴᠢᠨ ᠡᠷᠦᠬᠡ ᠶᠢᠨ ᠤᠰᠤ ᠬᠡᠷᠡᠭᠯᠡᠬᠦ ᠬᠡᠰᠡᠭ ᠥᠪᠡᠷ ᠤᠨ | ᠥᠷᠲᠡᠭ ᠢ ᠬᠤᠪᠢᠶᠠᠨ ᠡᠬᠦᠷᠭᠡᠯᠡᠵᠦ᠂ ᠥᠰᠬᠡᠬᠦ ᠬᠡᠮᠵᠢᠶ᠎ᠡ ᠶᠡᠭᠡ ᠪᠢᠰᠢ ᠪᠠᠶᠢᠳᠠᠯ ᠳᠣᠣᠷ᠎ᠠ᠂ ᠢᠨᠵᠧᠨᠧᠷᠢᠩ ᠤᠨ | ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠡᠨᠡᠬᠦ ᠬᠡᠯᠪᠡᠷᠢ ᠶᠢ ᠬᠡᠷᠡᠭᠯᠡᠭᠴᠢᠳ ᠳᠤ ᠠᠮᠠᠷᠬᠠᠨ ᠬᠦᠯᠢᠶᠡᠨ | ᠠᠪᠴᠤ᠂ ᠪᠤᠳᠠᠳᠠᠢ ᠶᠠᠪᠤᠳᠠᠭᠤᠯᠬᠤ ᠳᠤ ᠲᠦᠬᠦᠮ ᠪᠠᠶᠢᠳᠠᠭ᠃ ᠭᠡᠪᠡᠴᠦ ᠤᠰᠤ ᠠᠷᠪᠢᠯᠠᠬᠤ ᠶᠢ ᠤᠷᠮᠠᠰᠢᠭᠤᠯᠬᠤ | ᠦᠢᠯᠡᠳᠦᠯ ᠨᠢ ᠲᠡᠶᠢᠮᠦ ᠰᠢᠭᠤᠳ ᠪᠤᠰᠤ ᠪᠤᠯᠤᠨ᠎ᠠ᠃ ᠬᠤᠶᠠᠳᠤᠭᠠᠷ ᠵᠦᠢᠯ ᠨᠢ ᠤᠰᠤᠨ ᠤ ᠦᠨ᠎ᠡ ᠶᠢ ᠦᠰᠭᠡᠭᠰᠡᠨ ᠤ | ᠳᠠᠷᠠᠭ᠎ᠠ᠂ ᠲᠠᠷᠢᠶᠠᠯᠠᠬᠤ ᠡᠷᠦᠬᠡ ᠲᠣᠭᠲᠠᠭᠰᠠᠨ ᠨᠣᠷᠮ᠎ᠠ ᠶᠢᠨ ᠳᠣᠲᠣᠷ᠎ᠠ ᠤᠰᠤ ᠬᠡᠷᠡᠭᠯᠡᠭᠰᠡᠨ ᠪᠠᠶᠢᠪᠠᠯ ᠨᠥᠬᠦᠪᠥᠷᠢ | ᠦᠭᠴᠦ᠂ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠬᠤ ᠶᠢᠨ ᠬᠠᠮᠲᠤ ᠲᠠᠷᠢᠶᠠᠴᠢᠨ ᠡᠷᠦᠬᠡ ᠶᠢᠨ ᠤᠰᠤ | ᠠᠷᠪᠢᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠬᠡᠷᠡᠭᠯᠡᠬᠦ ᠬᠡᠮᠵᠢᠶ᠎ᠡ ᠶᠢ ᠲᠣᠭᠲᠠᠭᠰᠠᠨ ᠨᠤᠷᠮ᠎ᠠ ᠶᠢᠨ ᠳᠣᠲᠣᠷ᠎ᠠ | ᠬᠢᠵᠠᠭᠠᠷᠯᠠᠬᠤ ᠶᠢ ᠵᠤᠷᠢᠭᠵᠢᠭᠤᠯᠤᠨ᠎ᠠ᠃ ᠡᠨᠡ ᠬᠦ ᠠᠷᠭ᠎ᠠ ᠮᠠᠶ᠋ᠢᠭ ᠨᠢ ᠤᠰᠤ ᠠᠷᠪᠢᠯᠠᠬᠤ ᠶᠢ ᠤᠷᠮᠠᠰᠢᠭᠤᠯᠬᠤ | ᠦᠢᠯᠡᠳᠦᠯ ᠨᠢ ᠨᠡᠩ ᠰᠢᠭᠤᠳ ᠪᠣᠯᠪᠠᠴᠤ ᠬᠡᠮᠵᠢᠯᠲᠡ ᠶᠢᠨ ᠱᠠᠭᠠᠷᠳᠠᠯᠭ᠎ᠠ ᠨᠢ ᠥᠨᠳᠥᠷ᠂ ᠪᠤᠳᠤᠳᠠᠢ ᠬᠡᠷᠡᠭᠵᠢᠬᠦᠯᠬᠦ ᠳᠤ | ᠬᠠᠷᠢᠴᠠᠩᠭᠤᠢ ᠪᠤᠳᠤᠯᠢᠶᠠᠨᠳᠠᠢ ᠪᠠᠶᠢᠳᠠᠭ᠃ ᠨᠠᠷᠢᠯᠢᠭ ᠣᠨᠣᠪᠴᠢᠲᠠᠢ ᠪᠠᠷ ᠨᠥᠬᠦᠪᠥᠷᠢ ᠤᠯᠭᠤᠬᠤ ᠲᠣᠭᠲᠠᠴᠠ ᠪᠣᠯ | ᠨᠢᠭᠡ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠠᠵᠢᠯ ᠪᠠᠶᠢᠵᠤ᠂ ᠡᠯ᠎ᠡ ᠭᠠᠵᠠᠷ ᠤᠨ ᠢᠨᠵᠧᠨᠧᠷᠢᠩ ᠤᠨ ᠪᠡᠯᠡᠳᠬᠡᠮᠵᠢ | ᠂ ᠤᠰᠤ ᠬᠡᠷᠡᠭᠯᠡᠬᠦ ᠬᠠᠮᠢᠶᠠᠷᠤᠯᠲᠠ᠂ ᠡᠳ᠋ ᠤᠨ ᠬᠦᠴᠦᠨ ᠤ ᠪᠠᠶᠢᠳᠠᠯ ᠵᠡᠷᠭᠡ ᠵᠥᠷᠢᠶ᠎ᠡ ᠨᠡᠯᠢᠶᠡᠳ ᠶᠡᠭᠡ ᠪᠠᠶᠢᠭ᠎ᠠ | ᠪᠠᠶᠢᠳᠠᠯ ᠢ ᠪᠤᠳᠤᠯᠬᠢᠯᠠᠵᠤ᠂ ᠨᠥᠬᠦᠪᠥᠷᠢ ᠶᠢᠨ ᠪᠣᠳᠠᠲᠠᠢ ᠶᠠᠪᠤᠳᠠᠯ ᠢ ᠡᠯ᠎ᠡ ᠭᠠᠵᠠᠷ ᠨᠢ ᠲᠤᠰ ᠲᠤᠰ ᠤᠨ | ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠵᠤ ᠪᠣᠯᠤᠨ᠎ᠠ᠃ ︽ᠰᠠᠨᠠᠯ︾ ᠳᠤ ᠪᠠᠰᠠ ᠤᠰᠤ ᠠᠷᠪᠢᠯᠠᠬᠤ ᠶᠢ | ᠱᠠᠩᠨᠠᠬᠤ ᠲᠣᠭᠲᠠᠴᠠ ᠶᠢ ᠪᠠᠶᠢᠭᠤᠯᠬᠤ ᠪᠠᠷ ᠳᠤᠷᠠᠳᠪᠠ᠃ ᠤᠰᠤ ᠠᠷᠪᠢᠯᠠᠬᠤ ᠬᠡᠮᠵᠢᠶ᠎ᠡ ᠶᠢ ᠦᠨᠳᠦᠰᠦᠯᠡᠨ ᠤᠰᠤ | ᠠᠷᠪᠢᠯᠠᠬᠤ ᠠᠷᠭ᠎ᠠ ᠬᠡᠮᠵᠢᠶ᠎ᠡ ᠠᠪᠬᠤ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ ᠤᠰᠤ ᠠᠷᠪᠢᠯᠠᠬᠤ | ᠬᠡᠪᠴᠢᠶᠡᠵᠢᠯ ᠤᠨ ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶᠠᠵᠢᠯ ᠤᠨ | ᠵᠣᠬᠢᠶᠠᠨ ᠪᠠᠶᠢᠭᠤᠯᠤᠯᠲᠠ ᠪᠠ ᠲᠠᠷᠢᠶᠠᠴᠢᠨ ᠡᠷᠦᠬᠡ ᠳᠤ ᠱᠠᠩᠨᠠᠯ ᠣᠯᠭᠤᠬᠤ ᠪᠤᠶᠤ ᠦᠨ᠎ᠡ ᠨᠡᠮᠡᠵᠦ ᠪᠠᠶᠢᠭᠠᠳ | ᠬᠡᠷᠡᠭᠯᠡᠭᠴᠢ ᠶᠢᠨ ᠠᠷᠪᠢᠯᠠᠭᠰᠠᠨ ᠤᠰᠤᠨ ᠤ ᠬᠡᠮᠵᠢᠶ᠎ᠡ ᠶᠢ ᠪᠤᠴᠠᠭᠠᠨ ᠬᠤᠳᠠᠯᠳᠤᠨ ᠠᠪᠴᠤ᠂ ᠤᠰᠤ ᠠᠷᠪᠢᠯᠠᠭᠴᠢ ᠳᠤ | ᠦᠷ᠎ᠡ ᠠᠰᠢᠭ ᠬᠦᠷᠳᠡᠭᠡᠵᠦ᠂ ᠬᠡᠷᠡᠭᠯᠡᠭᠴᠢ ᠶᠢᠨ ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ ᠤᠬᠠᠮᠰᠠᠷ ᠪᠠ | ᠢᠳᠡᠪᠬᠢᠵᠢᠯ ᠢ ᠴᠢᠩᠭᠠᠳᠬᠠᠨ᠎ᠠ᠃ ᠨᠠᠷᠢᠯᠢᠭ ᠣᠨᠣᠪᠴᠢᠲᠠᠢ ᠨᠥᠬᠦᠪᠥᠷᠢ ᠤᠯᠭᠤᠬᠤ ᠪᠣᠯᠤᠨ ᠤᠰᠤ ᠠᠷᠪᠢᠯᠠᠬᠤ ᠶᠢ | ᠱᠠᠩᠨᠠᠨ ᠬᠥᠬᠢᠭᠦᠯᠬᠦ ᠲᠣᠭᠲᠠᠴᠠ ᠨᠢ ᠦᠢᠯᠡᠳᠦᠯ ᠢᠶᠠᠨ ᠵᠢᠩᠬᠢᠨᠢ ᠪᠠᠳᠠᠷᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ | ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ︽ᠰᠠᠨᠠᠯ︾ ᠳᠤ ᠡᠳ᠋ ᠤᠨ ᠵᠠᠰᠠᠭ ᠠᠴᠠ | ᠲᠣᠬᠢᠷᠠᠭᠤᠯᠤᠭᠰᠠᠨ ᠤᠰᠤᠨ ᠤ ᠬᠠᠮᠢᠶᠠᠷᠤᠯᠲᠠ ᠶᠢᠨ ᠨᠢᠭᠡᠴᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯᠲᠠᠨ ᠤ ᠦᠨᠳᠦᠰᠦᠨ ᠵᠠᠷᠤᠯᠭ᠎ᠠ ᠪᠠ ᠪᠠᠷᠢᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠰᠡᠭ ᠰᠡᠯᠪᠢᠨ | ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ᠂ ᠲᠠᠷᠢᠶᠠᠯᠠᠩ ᠤᠨ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ | ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠥᠷᠢ᠂ ᠤᠰᠤ ᠲᠣᠬᠢᠷᠠᠭᠤᠯᠬᠤ ᠵᠠᠷᠤᠳᠠᠯ ᠤᠨ | ᠨᠥᠬᠦᠪᠥᠷᠢ᠂ ᠤᠰᠤ ᠲᠠᠲᠠᠬᠤ ᠴᠠᠬᠢᠯᠭᠠᠨ ᠤ ᠰᠦᠢᠳᠬᠡᠯ ᠤᠨ ᠨᠥᠬᠦᠪᠥᠷᠢ᠂ ᠲᠠᠷᠢᠶᠠᠯᠠᠩ ᠤᠨ ᠱᠠᠩᠨᠠᠯ | ᠨᠥᠬᠦᠪᠥᠷᠢ ᠶᠢᠨ ᠪᠡᠯᠡ ᠮᠥᠩᠭᠦ ᠵᠡᠷᠭᠡ ᠶᠢ ᠴᠥᠮ ᠨᠠᠷᠢᠯᠢᠭ ᠤᠨᠤᠪᠴᠢᠳᠠᠢ ᠨᠦᠬᠦᠪᠦᠷᠢ ᠪᠠ ᠤᠰᠤ ᠠᠷᠪᠢᠯᠠᠬᠤ | ᠱᠠᠩᠨᠠᠯ ᠤᠨ ᠮᠦᠩᠬᠦ ᠶᠢᠨ ᠢᠷᠡᠯᠳᠡ ᠪᠤᠯᠭᠠᠵᠤ ᠪᠤᠯᠤᠨ᠎ᠠ᠃ ᠰᠤᠷᠪᠤᠯᠵᠢᠯᠠᠭᠴᠢ᠄ ︽ᠰᠠᠨᠠᠯ︾ ᠤᠨ | ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ ᠬᠢᠬᠦ ᠪᠣᠢ︖ ᠡᠤ ᠸᠧᠨ ᠴᠢᠩ᠄ ᠡᠯ᠎ᠡ ᠵᠦᠢᠯ ᠤᠨ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶᠡᠨ ᠤ ᠬᠡᠷᠡᠭᠵᠢᠯᠲᠡ ᠶᠢ ᠠᠬᠢᠭᠤᠯᠬᠤ ᠵᠣᠷᠢᠯᠭ᠎ᠠ ᠪᠠᠷ᠂ ︽ᠰᠠᠨᠠᠯ︾ ᠢ ᠭᠤᠷᠪᠠᠨ | ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠪᠠ᠄ ᠨᠢᠭᠡ ᠳᠤ ᠣᠷᠣᠨ ᠨᠤᠲᠤᠭ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠨᠢ | ᠭᠤᠣᠯᠳᠠᠭᠤ ᠣᠷᠣᠨ ᠨᠤᠲᠤᠭ ᠤᠨ ᠠᠵᠢᠯ ᠶᠠᠪᠤᠳᠠᠯ ᠤᠨ ᠡᠷᠬᠡ ᠪᠤᠯᠬᠤ ᠶᠢ ᠪᠤᠳᠤᠯᠬᠢᠯᠠᠵᠤ᠂ ︽ᠰᠠᠨᠠᠯ︾ ᠳᠤ | ᠮᠣᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ | ᠡᠬᠦᠷᠭᠡᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ | ᠭᠡᠵᠦ ᠲᠣᠳᠣᠷᠬᠠᠶᠢᠯᠠᠪᠠ᠃ ᠡᠭᠦᠨ ᠳᠤ᠂ ᠨᠢᠭᠡᠨᠳᠡ ᠲᠣᠭᠲᠠᠭᠠᠭᠰᠠᠨ ᠬᠡᠷᠡᠭᠵᠢᠭᠦᠯᠬᠦ ᠲᠥᠰᠦᠯ ᠪᠣᠯᠤᠨ ᠣᠨ ᠤ | ᠲᠥᠯᠥᠪᠯᠡᠭᠡ ᠨᠢ ᠨᠡᠩ ᠴᠤ ᠵᠠᠩᠭᠢᠯᠠᠭ᠎ᠠ ᠪᠣᠯᠤᠨ᠎ᠠ᠃ ᠡᠨᠡ ᠪᠣᠯ ᠡᠯ᠎ᠡ ᠭᠠᠵᠠᠷ ᠤᠨ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠵᠦ ᠲᠥᠯᠥᠪᠯᠡᠭᠡ ᠪᠣᠯᠤᠨ ᠠᠵᠢᠯᠯᠠᠭ᠎ᠠ ᠶᠢᠨ ᠵᠦᠭᠯᠡᠭᠦᠷ | ᠪᠤᠯᠬᠤ ᠮᠦᠷᠲᠡᠭᠡᠨ ᠮᠦᠨ ᠴᠤ ᠥᠭᠡᠷᠡᠴᠢᠯᠡᠯᠲᠡ ᠶᠢᠨ ᠠᠵᠢᠯ ᠢ ᠬᠢᠨᠠᠨ ᠰᠢᠯᠭᠠᠵᠤ ᠦᠨᠡᠯᠡᠬᠦ ᠦᠨᠳᠦᠰᠦᠨ ᠡᠰᠢ | ᠪᠠᠷᠢᠮᠲᠠ ᠪᠣᠯᠬᠤ ᠪᠣᠯᠤᠨ᠎ᠠ᠃ ᠬᠤᠶᠠᠷ ᠲᠤ ᠵᠢᠭᠠᠨ ᠵᠢᠯᠣᠭᠤᠳᠴᠤ ᠵᠣᠬᠢᠴᠠᠭᠤᠯᠬᠤ ᠶᠢ ᠴᠢᠩᠭᠠᠳᠬᠠᠨ᠎ᠠ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠨᠢ ᠬᠠᠲᠠᠭᠤ | ᠪᠡᠷᠬᠡ ᠪᠥᠭᠡᠳ ᠬᠦᠨᠳᠦ ᠨᠦᠰᠡᠷ ᠪᠠᠶᠢᠵᠤ᠂ ᠡᠯ᠎ᠡ ᠭᠠᠵᠠᠷ ᠤᠨ ᠪᠠᠶᠢᠳᠠᠯ ᠤᠨ ᠵᠥᠷᠢᠶ᠎ᠡ ᠶᠡᠭᠡ᠂ ᠥᠭᠡᠷᠡᠴᠢᠯᠡᠯᠲᠡ ᠶᠢᠨ | ᠠᠬᠢᠴᠠ ᠨᠢ ᠠᠳᠠᠯᠢ ᠪᠤᠰᠤ ᠪᠠᠶᠢᠵᠤ᠂ ᠥᠭᠡᠷᠡᠴᠢᠯᠡᠯᠲᠡ ᠶᠢᠨ ᠪᠦᠬᠦ᠋ᠯᠡ ᠴᠣᠭᠴᠠ ᠶᠢᠨ ᠬᠡᠷᠡᠭᠵᠢᠭᠦᠯᠦᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠬᠤ ᠶᠢᠨ ᠲᠤᠰᠠᠳᠠ᠂ ︽ᠰᠠᠨᠠᠯ︾ ᠳᠤ ᠳᠥᠷᠪᠡᠨ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠦ᠂ ᠵᠤᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠷᠠᠭᠤᠯᠤᠨ᠂ ᠡᠯ᠎ᠡ | ᠭᠠᠵᠠᠷ ᠤᠨ ᠥᠭᠡᠷᠡᠴᠢᠯᠡᠯᠲᠡ ᠶᠢᠨ ᠠᠵᠢᠯ ᠤᠨ ᠵᠢᠯᠣᠭᠤᠳᠤᠯᠭ᠎ᠠ ᠪᠠ ᠳᠡᠮᠵᠢᠯᠭᠡ ᠶᠢᠨ ᠡᠷᠴᠢᠮ ᠢ ᠨᠡᠮᠡᠭᠳᠡᠬᠦᠯᠵᠦ᠂ ᠵᠢᠯ | ᠪᠦᠷᠢ ᠲᠥᠷᠥ ᠶᠢᠨ ᠶᠠᠪᠤᠳᠠᠯ ᠤᠨ ᠬᠤᠷᠢᠶ᠎ᠠ ᠳᠤ ᠠᠬᠢᠴᠠ ᠶᠢᠨ ᠪᠠᠶᠢᠳᠠᠯ ᠢᠶᠠᠨ ᠮᠡᠳᠡᠬᠦᠯᠬᠦ ᠬᠡᠷᠡᠭᠲᠡᠢ ᠭᠡᠵᠦ | ᠲᠤᠳᠤᠷᠬᠠᠶᠢᠯᠠᠪᠠ᠃ 2016 ᠣᠨ ᠤ 5 ᠰᠠᠷ᠎ᠠ ᠳᠤ ᠳᠥᠷᠪᠡᠨ ᠶᠠᠮᠤᠨ ᠵᠥᠪᠯᠡᠯ ᠬᠤᠯᠪᠣᠭᠠᠯᠠᠨ ᠮᠣᠵᠢ ᠶᠢᠨ | ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠳᠡᠯ ᠪᠠᠭᠤᠯᠭᠠᠵᠤ᠂ ︽ᠰᠠᠨᠠᠯ︾ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ᠂ ᠡᠭᠦᠷᠭᠡ ᠪᠠᠨ ᠨᠠᠷᠢᠯᠢᠭᠵᠢᠭᠤᠯᠬᠤ ᠶᠢᠨ ᠬᠠᠮᠲᠤ᠂ ᠮᠣᠵᠢ ᠶᠢᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷᠠᠬᠢ ᠡᠯ᠎ᠡ ᠰᠠᠯᠠᠭ᠎ᠠ ᠮᠥᠴᠢᠷ ᠬᠠᠮᠲᠤ ᠪᠠᠷ | ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠡᠷᠡᠭᠵᠢᠭᠦᠯᠬᠦ ᠲᠥᠰᠦᠯ ᠪᠣᠯᠤᠨ ᠣᠨ ᠤ ᠬᠡᠷᠡᠭᠵᠢᠭᠦᠯᠬᠦ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠵᠦ ᠱᠠᠭᠠᠷᠳᠠᠪᠠ᠃ | ᠭᠤᠷᠪᠠ ᠳᠤ᠂ ᠤᠬᠠᠭᠤᠯᠭ᠎ᠠ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯ ᠨᠢᠭᠡ ᠵᠦᠢᠯ ᠤᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ | ᠪᠠ ᠰᠢᠨ᠎ᠡ ᠡᠭᠦᠳᠦᠯᠲᠡ ᠶᠢᠨ ᠴᠢᠨᠠᠷᠳᠠᠢ ᠠᠵᠢᠯ ᠪᠤᠯᠤᠨ᠎ᠠ᠃ ᠡᠷᠬᠡᠪᠰᠢ ᠤᠬᠠᠭᠤᠯᠭ᠎ᠠ ᠪᠠᠷ ᠬᠦᠳᠦᠯᠦᠨ | ᠵᠢᠯᠤᠭᠤᠳᠬᠤ ᠶᠢ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠭᠡᠨ᠂ ᠬᠠᠮᠳᠤ ᠶᠢᠨ ᠲᠠᠨᠢᠯᠳᠠ ᠶᠢ ᠲᠦᠪᠯᠡᠷᠡᠬᠦᠯᠦᠨ᠂ | ᠤᠨᠴᠠᠭᠠᠶᠢᠯᠠᠨ ᠦᠷᠭᠡᠨ ᠤᠯᠠᠨ ᠲᠡᠷᠢᠶᠠᠴᠢᠨ ᠲᠦᠮᠡᠨ ᠤ ᠤᠶᠢᠯᠠᠭᠠᠯᠳᠠ ᠪᠠ ᠲᠡᠮᠵᠢᠯᠭᠡ ᠶᠢ ᠤᠯᠬᠤ ᠬᠡᠷᠡᠭᠲᠡᠢ᠃ ︽ | ᠰᠠᠨᠠᠯ︾ ᠳᠤ ᠪᠠᠰᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠭᠠᠵᠠᠷ ᠤᠷᠤᠨ ᠤ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ ᠵᠠᠭᠤᠴᠢᠯᠠᠭᠤᠷ ᠢᠶᠠᠷ ᠬᠦᠳᠦᠯᠦᠨ | ᠵᠢᠯᠤᠭᠤᠳᠬᠤ ᠶᠢ ᠴᠢᠩᠭᠠᠳᠬᠠᠵᠤ᠂ ᠤᠰᠤᠨ ᠤ ᠪᠠᠶᠢᠳᠠᠯ ᠤᠨ ᠰᠤᠷᠭᠠᠨ ᠬᠦᠮᠦᠵᠢᠯ ᠢ ᠡᠷᠴᠢᠮᠵᠢᠬᠦᠯᠵᠦ᠂ | ᠲᠠᠷᠢᠶᠠᠴᠢᠳ ᠢ ᠤᠳᠤᠷᠢᠳᠤᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠦᠵᠡᠯ ᠢ ᠪᠤᠢ ᠪᠤᠯᠭᠠᠵᠤ᠂ ᠤᠰᠤ | ᠠᠷᠪᠢᠯᠠᠬᠤ ᠤᠬᠠᠮᠰᠠᠷ ᠪᠠ ᠲᠦᠯᠦᠪᠤᠷᠢ ᠲᠠᠢ ᠪᠠᠷ ᠤᠰᠤ ᠬᠡᠷᠡᠭᠯᠡᠬᠦ ᠤᠬᠠᠮᠰᠠᠷ ᠶᠢ ᠴᠢᠩᠭᠠᠷᠠᠭᠤᠯᠵᠤ᠂ ᠤᠰᠤ ᠶᠢ | ᠠᠷᠪᠢᠯᠠᠨ ᠬᠡᠷᠡᠭᠯᠡᠬᠦ ᠦᠪᠡᠷ ᠤᠨ ᠤᠬᠠᠮᠰᠠᠷ ᠢ ᠲᠡᠭᠡᠭᠰᠢᠯᠡᠬᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠤᠷᠴᠢᠨ | ᠲᠤᠭᠤᠷᠢᠨ ᠢ ᠪᠤᠢ ᠪᠤᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | | |