| | | | 2019 ᠣᠨ ᠤ 12 ᠰᠠᠷ᠎ᠠ ᠶᠢᠨ 24 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠱᠢ | ᠵᠢᠶᠠ ᠵᠤᠸᠠᠩ ᠵᠡᠷᠭᠡ 24 ᠬᠤᠲᠠ ᠳᠤ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠠᠶᠢᠭᠤᠯᠬᠤ ᠶᠢ ᠵᠥᠪᠰᠢᠶᠡᠷᠡᠬᠦ ᠲᠤᠬᠠᠶ ᠴᠣᠬᠤᠯᠠᠪᠤᠷᠢ︾ ︵ᠲᠥᠷᠥ | ᠵᠠᠬᠢᠳᠠᠯ ︹2019︺ 137 ᠳ᠋ᠤᠭᠠᠷ ᠲᠣᠭᠠᠲᠤ︶ ᠶᠢ ᠨᠡᠶᠢᠲᠡᠯᠡᠵᠦ᠂ ᠰᠠᠶᠢᠨ ᠰᠠᠶᠢᠬᠠᠨ ᠰᠠᠭᠤᠷᠢ ᠨᠥᠬᠦᠴᠡᠯ ᠪᠠ | ᠢᠳᠡᠪᠬᠢᠲᠡᠶ ᠴᠢᠷᠮᠠᠶᠢᠯᠭ᠎ᠠ ᠪᠠᠷ ᠢᠶᠠᠨ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠢᠩᠬᠢᠨᠢ ᠪᠠᠷ ᠵᠥᠪᠰᠢᠶᠡᠷᠡᠭᠳᠡᠪᠡ᠃ | 2020 ᠣᠨ ᠤ 4 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ | ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ︹2020︺ 29 ᠳ᠋ᠦ᠋ᠭᠡᠷ ᠲᠣᠭᠠᠲᠤ︶ ᠢ ᠳᠠᠷᠤᠮᠠᠯᠯᠠᠨ | ᠲᠠᠷᠬᠠᠭᠠᠪᠠ᠃ ᠨᠢᠭᠡ᠂ ︽ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ | ᠳᠡᠭᠡᠷᠡᠬᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠬᠥᠬᠡᠬᠤᠲᠠ᠂ ᠲᠠᠩᠱᠠᠨ᠂ ᠬᠠᠩᠵᠧᠦ᠂ | ᠨᠢᠩᠪᠦ᠋ᠸᠧ ᠵᠡᠷᠭᠡ ᠡᠮᠦᠨ᠎ᠡ ᠭᠤᠷᠪᠠᠨ ᠪᠦᠯᠦᠭ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ | ᠲᠡᠷᠡᠴᠢᠯᠡᠨ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠦᠷᠦᠭᠦᠯᠡᠨ ︽ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠶ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ︵ᠳᠣᠷᠣᠭᠰᠢ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ | ᠭᠡᠵᠦ ᠲᠣᠪᠴᠢᠯᠠᠨ᠎ᠠ︶ ᠶᠢ ᠲᠤᠭᠤᠷᠪᠢᠵᠤ᠂ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠨᠢ ᠨᠢᠭᠡᠨᠲᠡ | ᠪᠣᠭᠤᠮᠲᠠ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ᠂ ᠭᠠᠶᠢᠯᠢ ᠪᠠᠲᠤᠯᠠᠬᠤ ᠲᠥᠪ ᠵᠡᠷᠭᠡ ᠬᠠᠮᠢᠶ᠎ᠠ ᠪᠥᠬᠦᠶ | ᠪᠠᠶᠢᠭᠤᠯᠭ᠎ᠠ ᠨᠢᠭᠡᠴᠡ ᠪᠠ ᠰᠠᠯᠠᠭ᠎ᠠ ᠮᠥᠴᠢᠷ ᠤᠨ ᠰᠠᠨᠠᠯ ᠢ ᠣᠯᠠᠨᠲᠠ ᠬᠤᠷᠢᠶᠠᠭᠰᠠᠨ ᠪᠠᠶᠢᠨ᠎ᠠ᠃ 9 ᠰᠠᠷ᠎ᠠ ᠶᠢᠨ 3 ᠤ | ᠡᠳᠦᠷ᠂ ᠬᠤᠲᠠ ᠶᠢᠨ ᠳᠡᠳ᠋ ᠳᠠᠷᠤᠭ᠎ᠠ ᠵᠧᠤ ᠶᠢᠨ ᠵᠤᠸᠠᠩ ᠪᠠᠰᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠤᠬᠠᠭᠤᠯᠬᠤ ᠬᠡᠯᠲᠡᠰ᠂ | ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠬᠡᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ | ᠪᠠᠩᠬᠢ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠣᠭᠤᠮᠲᠠ᠂ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ᠂ ᠭᠠᠶᠢᠯᠢ ᠪᠠᠲᠤᠯᠠᠬᠤ | ᠪᠠᠷᠠᠭᠠᠨ ᠤ ᠭᠦᠢᠯᠭᠡᠭᠡᠨ ᠤ ᠲᠥᠪ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠪᠠ ᠰᠠᠯᠠᠭ᠎ᠠ ᠮᠦᠴᠢᠷ ᠢ ᠵᠣᠬᠢᠶᠠᠨ | ᠪᠠᠶᠢᠭᠤᠯᠵᠤ᠂ ︽ᠳᠡᠳᠬᠦᠨ ᠳᠡᠮᠵᠢᠬᠦ ᠲᠥᠷᠦ ᠶᠢᠨ ᠪᠣᠳᠤᠯᠭ᠎ᠠ︾ ᠳᠤ ᠭᠦᠨᠵᠡᠭᠡᠢ ᠰᠣᠳᠤᠯᠤᠯᠲᠠ ᠬᠢᠪᠡ᠃ | ᠬᠤᠷᠠᠯ ᠤᠨ ᠲᠠᠷᠠᠭ᠎ᠠ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠᠰᠠ ᠬᠤᠳᠠ ᠶᠢᠨ ᠡᠳ᠋ ᠤᠨ | ᠵᠠᠰᠠᠭ ᠤᠨ ᠲᠣᠪᠴᠢᠶ᠎ᠠ ᠲᠠᠢ ︽ᠲᠡᠳᠬᠦᠨ ᠳᠡᠮᠵᠢᠬᠦ ᠲᠦᠷᠤ ᠶᠢᠨ ᠪᠤᠳᠤᠯᠭ᠎ᠠ︾ ᠶᠢ ᠵᠤᠷᠪᠤᠰ ᠳᠠᠷᠠᠭᠠᠯᠠᠨ ᠶᠠᠷᠢᠯᠴᠠᠨ | ᠰᠤᠳᠤᠯᠵᠤ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠭᠰᠡᠨ ᠤ ᠲᠠᠷᠠᠭ᠎ᠠ ᠲᠤᠰ ᠡᠭᠡ ᠪᠢᠴᠢᠭ ᠢ ᠪᠢᠴᠢᠵᠦ | ᠭᠠᠷᠭᠠᠪᠠ᠃ ᠬᠤᠶᠠᠷ᠂ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠨᠡᠶᠢᠲᠡᠯᠡᠬᠦ ᠶᠢᠨ ᠴᠢᠬᠤᠯᠠ ᠴᠢᠨᠠᠷ ︽ | ᠲᠥᠷᠥ ᠵᠠᠬᠢᠳᠠᠯ ︹2019︺ 137 ᠳ᠋ᠤᠭᠠᠷ ᠲᠣᠭᠠᠲᠤ︾ ᠶᠢᠨ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠡᠮᠦᠨ᠎ᠡ | ᠭᠤᠷᠪᠠᠨ ᠪᠦᠯᠦᠭ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠠᠮᠵᠢᠯᠲᠠ ᠲᠠᠢ ᠪᠥᠲᠥᠭᠡᠨ ᠪᠠᠶᠢᠭᠤᠯᠤᠭᠰᠠᠨ | ᠲᠤᠷᠰᠢᠯᠭ᠎ᠠ ᠪᠠ ︽ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ︹2020︺ 29 ᠳ᠋ᠦ᠋ᠭᠡᠷ ᠲᠣᠭᠠᠲᠤ︶ ᠤᠨ | ᠵᠣᠷᠢᠭ ᠰᠠᠨᠠᠭ᠎ᠠ ᠶᠣᠰᠣᠭᠠᠷ᠂ ᠮᠠᠨ ᠤ ᠬᠤᠲᠠ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠨᠡᠶᠢᠲᠡᠯᠡᠭᠰᠡᠨ ᠨᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠴᠤ ᠪᠥᠬᠦ ᠤᠯᠤᠰ ᠤᠨ ᠪᠤᠰᠤᠳ ᠬᠢᠯᠢ ᠠᠯᠤᠰᠯᠠᠭᠰᠠᠨ | ᠴᠠᠬᠢᠮ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠤ ᠬᠤᠲᠠ᠂ ᠣᠷᠣᠨ ᠨᠤᠲᠤᠭ ᠤᠨ | ᠵᠠᠰᠠᠭ ᠤᠨ ᠣᠷᠳᠣᠨ ᠤ ᠨᠡᠶᠢᠲᠡᠯᠡᠭᠰᠡᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠢ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢᠨ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠭᠰᠠᠨ ᠶᠤᠮ᠃ ᠭᠤᠷᠪᠠ᠂ ︽ᠲᠡᠳᠬᠦᠨ | ᠳᠡᠮᠵᠢᠬᠦ ᠲᠦᠷᠦ ᠶᠢᠨ ᠪᠤᠳᠤᠯᠭ᠎ᠠ︾ ᠶᠢᠨ ᠭᠤᠣᠯ ᠠᠭᠤᠯᠭ᠎ᠠ ᠶᠢᠨ ᠲᠤᠬᠠᠶ ᠬᠤᠲᠠ ᠶᠢᠨ ᠵᠠᠰᠠᠭ ᠤᠨ ᠣᠷᠳᠣᠨ ᠤ | ᠱᠠᠭᠠᠷᠳᠠᠯᠭ᠎ᠠ ᠶᠣᠰᠣᠭᠠᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠷᠢᠳ ᠬᠤᠵᠢᠳ ᠬᠤᠶᠠᠷ | ᠤᠳᠠᠭ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠤᠨ ᠬᠠᠩᠵᠧᠦ᠂ ᠨᠢᠩᠪᠦ᠋ᠸᠧ᠂ ᠲᠠᠩᠱᠠᠨ᠂ | ᠬᠥᠬᠡᠬᠤᠲᠠ ᠶᠢᠨ ᠬᠤᠷᠢᠨᠭᠡᠷ ᠰᠢᠨ᠎ᠡ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠨ ᠰᠤᠷᠤᠯᠴᠠᠵᠤ᠂ ᠡᠯ᠎ᠡ | ᠭᠠᠵᠠᠷ ᠤᠨ ᠠᠮᠵᠢᠯᠲᠠ ᠲᠠᠢ ᠲᠤᠷᠰᠢᠯᠭ᠎ᠠ ᠪᠠ ᠠᠷᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠣᠳᠠᠲᠠᠶ ᠲᠠᠢ | ᠤᠶᠠᠯᠳᠤᠭᠤᠯᠤᠨ᠂ ᠪᠣᠯᠤᠮᠵᠢᠲᠤ ᠴᠢᠨᠠᠷ ᠤᠨ ᠰᠤᠳᠤᠯᠭᠠᠨ ᠬᠢᠭᠰᠡᠨ ᠤ ᠳᠠᠷᠠᠭ᠎ᠠ᠂ ︽ᠳᠤᠮᠳᠠᠳᠤ ᠤᠯᠤᠰ ︵ | ᠬᠥᠬᠡᠬᠤᠲᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠨᠤᠭᠤᠳ︾ ︵ | ᠬᠥᠬᠡᠬᠤᠲᠠ ᠭᠤᠷᠪᠠᠨ ᠵᠢᠯ ᠳᠤ ᠨᠡᠶᠢᠲᠡ 2.1 ᠳ᠋ᠦᠩᠰᠢᠭᠤᠷ ᠲᠥᠭᠦᠷᠢᠭ ᠤᠨ ᠲᠥᠷᠥ ᠶᠢᠨ ᠪᠣᠳᠣᠯᠭ᠎ᠠ ᠶᠢᠨ | ᠲᠡᠳᠬᠦᠨ ᠳᠡᠮᠵᠢᠬᠦ ᠪᠠᠯᠠ ᠮᠥᠩᠭᠦ ᠭᠠᠷᠭᠠᠪᠠ︶ ᠢᠶᠠᠷ ᠭᠤᠤᠯᠳᠠᠯᠭ᠎ᠠ ᠲᠠᠢ ᠯᠠᠪᠯᠠᠯᠲᠠ ᠪᠣᠯᠭᠠᠵᠤ᠂ ︽ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ︾ ᠶᠢ ᠲᠤᠭᠤᠷᠪᠢᠵᠤ᠂ ᠨᠡᠶᠢᠲᠡ ᠠᠷᠪᠠᠨ ᠲᠠᠪᠤᠨ ᠵᠤᠷᠪᠤᠰ ᠲᠠᠢ᠂ ᠨᠢᠭᠡᠳᠦᠭᠡᠷ | ᠵᠤᠷᠪᠤᠰ ᠲᠤ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ︔ ᠬᠤᠶᠠᠳᠤᠭᠠᠷ | ᠂ ᠭᠤᠷᠪᠠᠳᠤᠭᠠᠷ ᠵᠣᠷᠪᠤᠰ ᠲᠤ ︽ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ︾ ᠶᠢᠨ ᠬᠡᠷᠡᠭᠯᠡᠬᠦ ᠬᠡᠪᠴᠢᠶ᠎ᠡ ᠶᠢ | ᠲᠣᠳᠣᠷᠬᠠᠶᠢᠯᠠᠪᠠ︔ ᠳᠥᠷᠪᠡᠳᠦᠭᠡᠷ ᠵᠣᠷᠪᠤᠰ ᠨᠢ ᠤᠯᠠᠭᠠᠨᠬᠠᠳᠠ ᠬᠤᠲᠠ ᠶᠡᠷᠦᠩᠬᠡᠶ ᠲᠤᠭ᠎ᠠ ᠨᠢ 1.2 ᠳ᠋ᠦᠩᠰᠢᠭᠤᠷ | ᠲᠥᠭᠦᠷᠢᠭ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ | ᠲᠤᠰᠬᠠᠶ ᠪᠠᠯᠠ ᠮᠥᠩᠭᠦ ᠶᠢ ᠪᠠᠶᠢᠭᠤᠯᠵᠤ᠂ ᠲᠣᠰ ᠲᠣᠰ 2021 — 2023 ᠣᠨ ᠤ ᠡᠳ᠋ ᠤᠨ ᠵᠠᠰᠠᠭ ᠤᠨ | ᠲᠥᠰᠦᠪ ᠲᠤ ᠵᠢᠭᠰᠠᠭᠠᠨ ᠣᠷᠣᠭᠤᠯᠪᠠ᠂ ᠠᠩᠬ᠎ᠠ ᠠᠯᠬᠤᠮ ᠤᠨ ᠲᠥᠰᠦᠭᠡᠯᠡᠨ ᠪᠤᠳᠤᠭᠰᠠᠨ ᠢᠶᠠᠷ᠂ 3 ᠵᠢᠯ ᠤᠨ | ᠲᠥᠰᠦᠪ ᠨᠢ ᠲᠣᠰ ᠲᠣᠰ 2021 ᠣᠨ ᠤ 2200 ᠲᠦᠮᠡᠨ ᠲᠥᠭᠦᠷᠢᠭ᠂ 2022 ᠣᠨ ᠤ 3000 ᠲᠦᠮᠡᠨ | ᠲᠥᠭᠦᠷᠢᠭ᠂ 2023 ᠣᠨ ᠤ 6800 ᠲᠦᠮᠡᠨ ᠲᠥᠭᠦᠷᠢᠭ ᠪᠣᠯᠤᠨ᠎ᠠ︔ ᠲᠠᠪᠤᠳᠤᠭᠠᠷ ᠵᠣᠷᠪᠤᠰ ᠨᠢ ᠪᠡᠯᠡ | ᠮᠥᠩᠭᠦ ᠶᠢ ᠬᠡᠷᠡᠭᠯᠡᠬᠦ ᠵᠠᠷᠴᠢᠮ ᠪᠣᠯᠤᠨ᠎ᠠ︔ ᠵᠢᠷᠭᠤᠳᠤᠭᠠᠷ ᠵᠣᠷᠪᠤᠰ ᠨᠢ ︽ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ︾ ᠶᠢᠨ ᠭᠤᠤᠯ ᠠᠭᠤᠯᠭ᠎ᠠ ᠶᠢᠨ ᠲᠥᠯᠥᠭᠡ 10 ᠲᠠᠯ᠎ᠠ ᠪᠠᠷ ᠵᠣᠬᠢᠬᠤ ᠪᠠᠯᠠ ᠮᠥᠩᠭᠦᠨ ᠤ ᠳᠡᠮᠵᠢᠯᠭᠡ | ᠦᠵᠡᠭᠦᠯᠬᠦ ᠲᠤᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ︔ ᠳᠣᠯᠣᠳᠤᠭᠠᠷ ᠵᠣᠷᠪᠤᠰ ᠠᠴᠠ ᠠᠷᠪᠠᠨ ᠳᠥᠷᠪᠡᠳᠦᠭᠡᠷ | ᠵᠣᠷᠪᠤᠰ ᠪᠣᠯ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ | ᠲᠤᠰᠬᠠᠶ ᠪᠠᠯᠠ ᠮᠥᠩᠭᠦ ᠶᠢᠨ ᠪᠣᠳᠠᠲᠠᠶ ᠮᠡᠳᠡᠭᠦᠯᠬᠦ ᠱᠠᠭᠠᠷᠳᠠᠯᠭ᠎ᠠ ᠶᠢᠨ ᠨᠠᠷᠢᠨ ᠲᠦᠷᠢᠮ ᠪᠣᠯᠤᠨ᠎ᠠ︔ ᠠᠷᠪᠠᠨ | ᠲᠠᠪᠤᠳᠤᠭᠠᠷ ᠵᠣᠷᠪᠤᠰ ᠨᠢ ︽ᠲᠡᠳᠬᠦᠬᠦ ᠲᠥᠷᠥ ᠶᠢᠨ ᠪᠣᠳᠣᠯᠭ᠎ᠠ︾ ᠶᠢᠨ ᠬᠦᠴᠦᠨ ᠲᠠᠢ ᠬᠤᠭᠤᠴᠠᠭ᠎ᠠ ᠶᠢ | ᠲᠣᠳᠤᠷᠬᠠᠶᠢᠯᠠᠪᠠ᠃ | |