ᠡᠤ ᠹᠧᠨ ᠳ᠋ᠢ ᠪᠠᠯᠭᠠᠰᠤ ᠮᠠᠯᠵᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠪᠠ ᠣᠢ ᠰᠢᠭᠤᠶ ᠶᠢᠨ ᠭᠠᠯ ᠢ ᠰᠡᠷᠭᠡᠶᠢᠯᠡᠬᠦ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2021/10/13
     ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ  ᠪᠠᠳᠤᠯᠠᠬᠤ ᠶᠢᠨ ᠲᠥᠯᠥᠭᠡ᠂ ᠡᠤ ᠹᠧᠨ ᠳ᠋ᠢ ᠪᠠᠯᠭᠠᠰᠤ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠭᠠᠯ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢ ᠲᠤᠳᠤᠷᠬᠠᠶᠢᠯᠠᠪᠠ᠃       ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠭᠠᠯ ᠰᠡᠷᠭᠡᠶᠢᠯᠡᠬᠦ ᠠᠵᠢᠯ ᠤᠨ ᠠᠩᠭᠢ ᠶᠢ ᠪᠠᠶᠢᠭᠤᠯᠤᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠶᠢ ᠴᠢᠩᠭᠠᠷᠠᠭᠤᠯᠤᠨ᠂ ᠪᠠᠯᠭᠠᠰᠤᠨ ᠤ ︽ᠠᠵᠢᠯᠯᠠᠬᠤ ᠠᠩᠭᠢ︾ ᠪᠠ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠴᠡᠪᠡᠷᠯᠡᠭᠴᠢ᠂ ᠣᠶ ᠰᠢᠭᠤᠶ ᠬᠠᠮᠠᠭᠠᠯᠠᠭᠴᠢ ᠶᠢᠨ ᠴᠢᠬᠤᠯᠠ  ᠦᠢᠯᠡᠳᠤᠯ ᠢ ᠬᠦᠢᠴᠡᠳ ᠪᠠᠳᠠᠷᠠᠭᠤᠯᠵᠤ᠂ ᠪᠡᠯᠴᠢᠭᠡᠷᠯᠡᠭᠦᠯᠦᠨ ᠮᠠᠯᠵᠢᠬᠤ  ᠦᠢᠯᠡ ᠠᠵᠢᠯᠯᠠᠭ᠎ᠠ ᠶᠢ ᠴᠠᠭ ᠲᠤᠬᠠᠶ  ᠳᠤ  ᠨᠢ ᠢᠯᠡᠷᠡᠭᠦᠯᠬᠦ ᠪᠠ ᠬᠤᠷᠢᠭᠯᠠᠨ ᠵᠣᠭᠰᠣᠭᠠᠵᠤ᠂ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ  ᠠᠷᠢᠯᠭᠠᠵᠤ ᠪᠤᠢ᠃            
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号