| ᠬᠠᠶᠢᠯᠠᠰᠤ ᠪᠠᠯᠭᠠᠰᠤᠨ ᠤ ᠨᠠᠮ ᠤᠨ ᠪᠠᠶᠢᠭᠤᠯᠤᠯᠲᠠ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ᠂ ᠭᠤᠷᠪᠠᠨ ᠶᠠᠪᠤᠳᠠᠯ ᠢ ᠢᠯᠡ ᠪᠣᠯᠭᠠᠬᠤ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠵᠡᠷᠭᠡ | ᠠᠵᠢᠯ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠶᠢᠨ ᠲᠥᠯᠥᠭᠡ᠂ 10 ᠰᠠᠷ᠎ᠠ ᠶᠢᠨ | 11 ᠤ ᠡᠳᠦᠷ᠂ ᠬᠠᠶᠢᠯᠠᠰᠤ ᠪᠠᠯᠭᠠᠰᠤᠨ ᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠬᠠᠶᠢᠯᠠᠰᠤ ᠪᠠᠯᠭᠠᠰᠤᠨ ᠤ | ᠡᠯ᠎ᠡ ᠭᠠᠴᠠᠭ᠎ᠠ ᠲᠣᠰᠬᠤᠨ᠂ ᠰᠠᠭᠤᠭᠠᠯᠢ ᠠᠷᠠᠳ ᠤᠨ ᠵᠥᠪᠯᠡᠯ ᠳᠤ ᠬᠦᠷᠴᠦ ᠪᠠᠶᠢᠴᠠᠭᠠᠨ ᠵᠢᠯᠣᠭᠤᠳᠬᠤ ᠠᠵᠢᠯ | ᠥᠷᠨᠢᠭᠦᠯᠪᠡ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠡᠯ᠎ᠡ | ᠭᠠᠴᠠᠭ᠎ᠠ ᠲᠣᠰᠬᠤᠨ᠂ ᠰᠠᠭᠤᠭᠠᠯᠢ ᠠᠷᠠᠳ ᠤᠨ ᠵᠥᠪᠯᠡᠯ ᠳᠤ ᠬᠦᠷᠴᠦ ᠲᠤᠬᠠᠶ ᠶᠢᠨ ᠭᠠᠵᠠᠷ ᠲᠤ ᠨᠢ | ᠱᠠᠯᠠᠪᠳᠠᠭᠤᠯᠤᠨ ᠵᠢᠯᠣᠭᠤᠳᠴᠤ ᠪᠠᠶᠢᠴᠠᠭᠠᠯᠲᠠ ᠬᠢᠵᠦ᠂ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ | ᠭᠦᠨᠵᠡᠭᠡᠶ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠲᠡᠮᠳᠡᠭᠯᠡᠯ᠂ ᠡᠬᠡ ᠲᠠᠩᠰᠠ᠂ ᠮᠠᠲ᠋ᠧᠷᠢᠶᠠᠯ ᠤᠨ | ᠪᠠᠶᠢᠭᠤᠯᠤᠯᠲᠠ ᠶᠢ ᠬᠢᠨᠠᠮᠠᠭᠠᠶ ᠪᠠᠶᠢᠴᠠᠭᠠᠨ ᠦᠵᠡᠵᠦ᠂ ᠡᠯ᠎ᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠬᠢᠬᠦ ᠶᠢᠨ ᠬᠠᠮᠲᠤ᠂ ᠢᠯᠡᠷᠡᠬᠦᠯᠦᠭᠰᠡᠨ ᠠᠰᠠᠭᠤᠳᠠᠯ ᠳᠤ ᠴᠢᠭᠯᠡᠭᠦᠯᠦᠨ | ᠪᠣᠳᠠᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ | ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠨᠤᠯ ᠤᠨ ᠰᠤᠷᠤᠯᠴᠠᠯᠭ᠎ᠠ ᠪᠠᠨ ᠦᠷᠭᠦᠯᠵᠢᠯᠡᠨ | ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠪᠢ | ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠡᠢ᠃ | | | | | | | | | | |