ᠬᠠᠶᠢᠯᠠᠰᠤ  ᠳᠠᠬᠢ ᠮᠤᠩᠭᠤᠯ ᠦᠨᠳᠤᠰᠤᠲᠠᠨ ᠤ ᠰᠤᠷᠭᠠᠭᠤᠯᠢ ᠨᠢ ᠪᠠᠭᠰᠢ ᠶᠢᠨ ᠮᠤᠷᠠᠯ ᠰᠤᠷᠳᠠᠯ ᠤᠨ ᠪᠠᠶᠢᠭᠤᠯᠤᠯᠲᠠ ᠵᠢᠴᠢ ᠭᠡᠷᠡᠭ ᠤᠨ ᠵᠢᠱᠢᠶ᠎ᠠ ᠪᠠᠷ ᠵᠠᠰᠠᠨ ᠴᠡᠭᠴᠡᠯᠡᠯᠲᠠ ᠶᠢ ᠠᠬᠢᠭᠤᠯᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/20
     2021 ᠤᠨ ᠤ 10 ᠰᠠᠷ᠎ᠠ ᠶᠢᠨ 13 ᠤ ᠡᠳᠤᠷ ᠤᠨ ᠦᠲᠠ ᠶᠢᠨ ᠬᠤᠶᠢᠨ᠎ᠠ᠂ ᠬᠠᠶᠢᠯᠠᠰᠤ   ᠳᠠᠬᠢ ᠮᠤᠩᠭᠤᠯ ᠦᠨᠳᠤᠰᠤᠲᠠᠨ ᠤ ᠰᠤᠷᠭᠠᠭᠤᠯᠢ ᠨᠢ  ᠤᠩᠨᠢᠭᠤᠳ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠰᠠᠨᠠᠯ ᠲᠤᠷᠠᠳᠤᠯᠭ᠎ᠠ ᠪᠠ ᠤᠩᠨᠢᠭᠤᠳ ᠬᠤᠰᠢᠭᠤᠨ ᠤ ᠰᠤᠷᠭᠠᠨ ᠬᠦᠮᠤᠵᠢᠯ ᠤᠨ ᠰᠢᠰᠲ᠋ᠧᠮ ᠤᠨ ᠠᠵᠢᠯ  ᠤᠨ ᠵᠦᠪᠯᠡᠯ ᠤᠨ ᠱᠠᠭᠠᠷᠳᠠᠯᠭ᠎ᠠ ᠪᠠᠷ ︽ᠪᠠᠭᠰᠢ ᠶᠢᠨ ᠮᠤᠷᠠᠯ ᠰᠤᠷᠳᠠᠯ ᠤᠨ ᠪᠠᠶᠢᠭᠤᠯᠤᠯᠲᠠ ᠵᠢᠴᠢ ᠭᠡᠷᠡᠭ ᠤᠨ ᠵᠢᠱᠢᠶ᠎ᠠ ᠪᠠᠷ ᠵᠠᠰᠠᠨ ᠴᠡᠭᠴᠡᠯᠡᠯᠲᠠ ᠶᠢ ᠠᠬᠢᠭᠤᠯᠬᠤ ᠶᠡᠭᠡ ᠬᠤᠷᠠᠯ︾ ᠬᠤᠷᠠᠯᠳᠤᠭᠤᠯᠵᠠᠢ᠃  ᠬᠤᠷᠠᠯ ᠳᠤ ᠬᠠᠶᠢᠯᠠᠰᠤ  ᠳᠠᠬᠢ ᠮᠤᠩᠭᠤᠯ ᠦᠨᠳᠤᠰᠤᠲᠠᠨ ᠤ ᠰᠤᠷᠭᠠᠭᠤᠯᠢ ᠶᠢᠨ ᠪᠦᠬᠦ ᠪᠠᠭᠰᠢ ᠠᠵᠢᠯᠳᠠᠨ ᠤᠷᠤᠯᠴᠠᠪᠠ᠃      ᠬᠤᠷᠠᠯ ᠳᠤ᠂ ᠬᠠᠶᠢᠯᠠᠰᠤ   ᠳᠠᠬᠢ ᠮᠤᠩᠭᠤᠯ ᠦᠨᠳᠤᠰᠤᠲᠠᠨ ᠤ ᠰᠤᠷᠭᠠᠭᠤᠯᠢ ᠶᠢᠨ ᠤᠳᠤᠷᠢᠳᠤᠯᠭ᠎ᠠ ᠨᠠᠷ  ᠠᠴᠠ ᠬᠤᠰᠢᠭᠤᠨ ᠤ ᠰᠤᠷᠭᠠᠨ ᠬᠦᠮᠤᠵᠢᠯ ᠤᠨ ᠵᠦᠪᠯᠡᠯ   ᠤᠨ ︽ ᠭᠡᠷᠡᠭ ᠤᠨ ᠵᠢᠱᠢᠶ᠎ᠠ ᠪᠠᠷ ᠵᠠᠰᠠᠨ ᠴᠡᠭᠴᠡᠯᠡᠯᠲᠠ  ᠶᠢ ᠠᠬᠢᠭᠤᠯᠬᠤ ᠰᠤᠷᠭᠠᠨ ᠬᠦᠮᠤᠵᠢᠯ ᠤᠨ ᠠᠵᠢᠯ ᠤᠨ ᠶᠡᠭᠡ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠭᠰᠠᠨ ᠮᠦᠷᠳᠡᠭᠡᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ  ︽ ᠰᠤᠷᠭᠠᠨ ᠬᠦᠮᠤᠵᠢᠯ ᠤᠨ ᠰᠢᠰᠲ᠋ᠧᠮ  ᠳᠤ ᠦᠷᠨᠢᠬᠦᠯᠬᠦ ᠭᠡᠷᠡᠭ ᠤᠨ ᠵᠢᠱᠢᠶ᠎ᠠ ᠪᠠᠷ ᠵᠠᠰᠠᠨ ᠴᠡᠭᠴᠡᠯᠡᠯᠲᠠ ᠶᠢ ᠠᠬᠢᠭᠤᠯᠬᠤ ᠠᠵᠢᠯ ᠤᠨ ᠰᠠᠬᠢᠯᠭ᠎ᠠ ᠪᠠᠳᠤ ᠶᠢ ᠪᠠᠶᠢᠴᠠᠭᠠᠬᠤ ᠲᠤᠬᠠᠢ ᠰᠠᠨᠠᠯ ᠲᠤᠷᠠᠳᠤᠯᠭ᠎ᠠ︾ ᠬᠢᠬᠡᠳ  ︽ᠤᠩᠨᠢᠭᠤᠳ ᠬᠤᠰᠢᠭᠤᠨ ᠤ ᠰᠤᠷᠭᠠᠨ ᠬᠦᠮᠤᠵᠢᠯ ᠤᠨ ᠰᠢᠰᠲ᠋ᠧᠮ ᠤᠨ ᠨᠠᠮ ᠤᠨ ᠬᠤᠷᠢᠶᠠᠨ ᠤ ᠭᠡᠷᠡᠭ ᠤᠨ ᠵᠢᠱᠢᠶ᠎ᠠ ᠪᠠᠷ ᠵᠠᠰᠠᠨ ᠴᠡᠭᠴᠡᠯᠡᠯᠲᠠ ᠶᠢ ᠠᠬᠢᠭᠤᠯᠬᠤ ᠠᠵᠢᠯ ᠤᠨ ᠭᠡᠷᠡᠭᠵᠢᠬᠦᠯᠬᠦ ᠲᠦᠰᠦᠯ︾ ᠤᠨ ᠠᠭᠤᠯᠭ᠎ᠠ ᠶᠢ ᠨᠠᠷᠢᠨ ᠲᠤᠳᠤᠷᠬᠠᠢ ᠲᠠᠶᠢᠯᠪᠤᠷᠢᠯᠠᠵᠤ ᠦᠭᠬᠦᠭᠰᠡᠨ ᠤ ᠬᠠᠮᠳᠤ ᠪᠠᠭᠰᠢ ᠨᠠᠷ ᠲᠤ ᠦᠵᠠᠯ ᠰᠠᠨᠠᠭ᠎ᠠ ᠶᠤᠰᠤ ᠰᠤᠷᠳᠠᠬᠤᠨ ᠤ ᠪᠤᠯᠪᠠᠰᠤᠷᠠᠯ ᠢᠶᠠᠨ ᠲᠡᠭᠡᠲᠤ ᠬᠡᠮᠵᠢᠶᠠᠨ ᠳᠤ ᠬᠦᠷᠬᠡᠵᠤ᠂ ᠠᠵᠢᠯ  ᠤᠨ ᠬᠠᠷᠢᠭᠤᠴᠠᠯᠭ᠎ᠠ ᠪᠠᠨ ᠪᠡᠳᠤ ᠴᠡᠭᠡᠵᠢᠯᠠᠨ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠬᠡᠢ ᠲᠡᠭᠡᠭᠰᠢᠯᠡᠬᠦᠯᠵᠤ᠂ ᠪᠤᠲᠠᠲᠤ ᠠᠵᠢᠯᠯᠠᠭ᠎ᠠ ᠪᠠᠷ ᠢᠶᠠᠨ ᠰᠤᠷᠤᠭᠴᠢ ᠪᠠ ᠨᠡᠶᠢᠬᠡᠮ ᠳᠤ ᠬᠠᠷᠢᠭᠤᠴᠠᠭᠰᠠᠨ ᠰᠢᠯᠢᠳᠡᠭ ᠪᠠᠭᠰᠢ ᠨᠠᠷ ᠪᠤᠯᠵᠠᠭᠠᠬᠤ ᠶᠢ ᠴᠢᠩᠳᠠᠯᠠᠨ ᠱᠠᠭᠠᠷᠳᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号