ᠮᠠᠯ ᠡᠮᠨᠡᠯᠬᠡ ᠵᠢᠴᠢ ᠮᠡᠯᠵᠢᠬᠤ ᠦᠢᠯᠡᠳᠪᠦᠷᠢᠯᠡᠯ ᠤᠨ ᠮᠡᠳᠡᠯᠬᠡ ᠲᠤᠷᠰᠢᠯᠭ᠎ᠠ ︵ᠨᠢᠭᠡ︶
ᠨᠡᠶᠢᠲᠡᠯᠡᠭᠰᠡᠨ ᠴᠠᠭ᠄
2021/10/21
           ᠪᠤᠭ ᠮᠠᠯ ᠢ ᠬᠠᠰᠢᠶᠠᠯᠠᠨ ᠲᠡᠵᠢᠬᠡᠬᠦ ᠰᠠᠶᠢᠨ ᠠᠷᠭ᠎ᠠ ᠮᠠᠯ ᠢ ᠬᠠᠰᠢᠶᠠᠯᠠᠨ ᠲᠡᠵᠢᠬᠡᠬᠦ ᠦᠶ᠎ᠡ ᠳᠤ ᠵᠠᠪᠠᠯ ᠠᠩᠬᠠᠷᠬᠤ ᠬᠡᠳᠦᠨ ᠵᠦᠢᠯ ᠭᠡᠪᠠᠯ᠄ 1. ᠬᠠᠰᠢᠶ᠎ᠠ ᠬᠦᠷᠢᠶᠡᠨ ᠤ ᠶᠡᠭᠡ ᠪᠠᠭ᠎ᠠ ᠶᠢ ᠮᠠᠯ ᠪᠦᠷᠢ ᠶᠢᠨ ᠡᠵᠡᠯᠡᠬᠦ ᠲᠡᠯᠡᠪᠡᠢ ᠨᠢ 0.8 — 1 ᠲᠡᠭᠰᠢ ᠲᠦᠷᠪᠡᠯᠵᠢᠨ ᠮᠧᠳ᠋ᠷ ᠤᠨ ᠪᠠᠷᠢᠮᠵᠢᠶ᠎ᠡ ᠪᠠᠷ ᠪᠡᠯᠡᠳᠬᠡᠵᠦ ᠪᠡᠷᠢᠨ ᠡᠬᠦᠨ ᠠᠴᠠ ᠠᠭᠤᠵᠢᠭᠤ ᠪᠤᠯ ᠨᠠᠩ ᠰᠠᠶᠢᠨ᠃ ᠮᠠᠯ ᠲᠡᠵᠢᠬᠡᠬᠦ ᠪᠡ ᠬᠤᠨᠤᠬᠤ ᠬᠠᠰᠢᠶ᠎ᠠ ᠶᠢ ᠠᠰ ᠠᠰ ᠲᠤᠨᠢ ᠪᠠᠯᠡᠳᠬᠡᠪᠡᠯ ᠰᠠᠶᠢᠨ ᠪᠠᠶᠢᠳᠠᠭ᠃ 2. ᠮᠠᠯ ᠲᠡᠵᠢᠬᠡᠬᠦ ᠬᠠᠰᠢᠶᠠᠨ ᠳᠠᠭᠠᠨ ᠡᠪᠡᠰᠦ ᠲᠡᠵᠢᠬᠡᠬᠦ ᠤᠩᠭᠤᠴᠠ᠂ ᠤᠰᠤᠨ ᠤᠩᠭᠤᠴᠠ᠂ ᠪᠤᠷᠳᠤᠭᠠᠨ ᠤ ᠤᠩᠭᠤᠴᠠ ᠶᠢ ᠲᠤᠰ ᠲᠤᠰ ᠲᠤᠨᠢ ᠪᠡᠯᠡᠳᠬᠡᠵᠦ ᠲᠡᠯᠪᠢᠪᠡᠯ ᠡᠪᠡᠰᠦ ᠪᠤᠷᠳᠤᠭ᠎ᠠ ᠳᠤ ᠭᠠᠮᠳᠠᠢ ᠮᠦᠷᠳᠡᠬᠡᠨ ᠴᠡᠪᠡᠷᠬᠡᠨ ᠲᠤᠬᠢᠯᠢᠭ ᠲᠡᠵᠢᠬᠡᠵᠦ ᠴᠢᠳᠠᠳᠠᠭ᠃ 3. ᠮᠠᠯ ᠲᠡᠵᠢᠬᠡᠬᠦ ᠬᠠᠰᠢᠶ᠎ᠠ ᠨᠢ ᠵᠠᠪᠠᠯ ᠰᠠᠷᠠᠪᠴᠢ ᠲᠠᠢ ᠪᠠᠶᠢᠪᠠᠯ ᠬᠦᠢᠳᠡᠨ ᠨᠦᠢᠳᠡᠨ ᠴᠠᠰᠦ ᠪᠤᠷᠤᠭᠠᠨ ᠲᠠᠢ ᠦᠶ᠎ᠡ ᠳᠤ ᠡᠪᠡᠰᠦ ᠲᠠᠵᠢᠬᠡᠯ ᠢᠶᠠᠨ ᠰᠦᠢᠳᠬᠡᠬᠦ ᠦᠬᠡᠢ ᠪᠠᠶᠢᠳᠠᠭ ᠃ 4. ᠮᠠᠯ ᠬᠤᠨᠤᠬᠤ ᠬᠠᠰᠢᠶ᠎ᠠ ᠶᠢ ᠵᠠᠳᠠᠭᠠᠢ ᠰᠠᠷᠠᠪᠴᠢ ᠦᠬᠡᠢ ᠪᠠᠷᠢᠬᠰᠠᠨ ᠴᠦ ᠪᠤᠯᠳᠠᠭ᠃ ᠨᠦᠬᠦᠴᠡᠯ ᠲᠠᠢ ᠪᠤᠯ ᠰᠠᠷᠠᠪᠴᠢ ᠲᠤᠬᠢᠷᠠᠭᠤᠯᠵᠦ ᠪᠤᠯᠤᠨ᠎ᠠ᠃ ᠶᠡᠷᠦᠳᠡᠬᠡᠨ ᠵᠠᠳᠠᠭᠠᠢ ᠬᠠᠰᠢᠶᠠᠨ ᠳᠤ ᠮᠠᠯ ᠬᠤᠨᠤᠬᠤ ᠳᠠᠭᠠᠨ ᠰᠢᠬᠠᠯᠳᠤᠵᠦ ᠪᠦᠬᠡᠮᠨᠡᠷᠡᠯᠳᠦᠬᠦ ᠦᠬᠡᠢ ᠰᠠᠶᠢᠨ ᠪᠠᠶᠢᠳᠠᠭ᠃ 5. ᠬᠠᠰᠢᠶ᠎ᠠ ᠰᠠᠷᠠᠪᠴᠢ ᠪᠠᠨ ᠦᠷᠭᠦᠯᠵᠢ ᠠᠷᠢᠭᠤᠨ ᠴᠡᠪᠡᠷ ᠪᠠᠶᠢᠯᠭᠠᠵᠦ ᠮᠠᠯ ᠤᠨ ᠡᠷᠡᠬᠦᠯ ᠮᠡᠨᠳᠦ ᠶᠢ ᠪᠠᠳᠤᠯᠠᠬᠤ ᠬᠡᠷᠡᠭᠳᠡᠢ᠃ 6. ᠮᠠᠯ ᠤᠨ ᠪᠦᠬᠡᠰᠦ ᠪᠠ ᠬᠠᠯᠠᠭᠤ ᠶᠢ ᠲᠠᠷᠤᠬᠤ ᠡᠮ ᠢ ᠪᠦᠷᠢᠨ ᠪᠠᠯᠡᠳᠬᠡᠬᠦ ᠬᠡᠷᠡᠭᠳᠡᠢ᠃ ᠶᠡᠷᠦ ᠶᠢᠨ ᠪᠡᠯᠡᠳᠬᠡᠬᠦ ᠡᠮ ᠳᠤ ᠴᠢᠤᠢ ᠴᠦᠡᠭ ᠸᠠᠩ᠂ ᠴᠢᠩ ᠹᠦ᠋ ᠱᠠᠨ᠂ ᠰᠢᠶᠤᠤ ᠬᠤᠸᠡᠩ ᠰᠡᠨ᠂ ᠵᠢᠶᠡᠨ ᠸᠧᠢ ᠰᠡᠨ᠃ ᠪᠦᠬᠡᠰᠦᠨ ᠤ ᠡᠮ ᠳᠤ᠂ ᠢ ᠸᠧᠢ ᠵᠢᠶᠦ᠋ᠨ ᠰᠥ᠋᠂ ᠾᠸᠢ ᠮᠸᠢ ᠰᠥ᠋ ᠪᠠᠶᠢᠳᠠᠭ ᠃ ᠲᠡᠵᠢᠬᠡᠵᠦ ᠪᠠᠶᠢᠭ᠎ᠠ ᠮᠠᠯ ᠳᠠᠭᠠᠨ ᠴᠠᠭᠠᠨ ᠰᠢᠬᠢᠷ ᠲᠠᠢ ᠤᠰᠤ ᠪᠤᠶᠤ ᠮᠠᠷᠭᠠᠨᠵᠠᠪ ᠲᠠᠢ ᠤᠰᠤ ᠪᠠᠷ ᠦᠷᠬᠦᠯᠵᠢ ᠤᠰᠤᠯᠠᠪᠠᠯ ᠮᠠᠯ ᠤᠨ ᠬᠦᠴᠦ ᠲᠠᠷᠭᠤ ᠠᠪᠬᠤ ᠨᠢ ᠲᠦᠷᠭᠡᠰᠴᠤ ᠪᠠᠷᠤᠬᠳᠠᠢ ᠳᠤ ᠡᠪᠡᠳᠴᠢᠨ ᠬᠠᠯᠳᠠᠬᠤ ᠦᠬᠡᠢ ᠪᠠᠶᠢᠳᠠᠭ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号