| | | | ᠤᠯᠠᠷᠢᠯ ᠰᠣᠯᠢᠭᠳᠠᠬᠤ ᠦᠶ᠎ᠡ ᠪᠤᠯ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠣᠯᠠᠨ | ᠡᠭᠦᠰᠬᠦ ᠬᠤᠭᠤᠴᠠᠭ᠎ᠠ ᠪᠤᠯᠤᠨ᠎ᠠ᠂ ᠬᠠᠮᠠᠷ ᠢᠶᠠᠨ ᠨᠢᠰᠤ ᠲᠠᠢ ᠬᠡᠳ ᠬᠠᠮᠢᠭᠠᠰᠢ ᠪᠠᠨ ᠬᠠᠶᠠᠬᠤᠪ︖ ᠳᠡᠰᠳᠡᠭ ᠯᠠ | ᠬᠡᠷᠡᠭ᠂ ᠬᠠᠷᠢᠨ ᠬᠡᠷᠬᠢᠨ ᠪᠦᠲᠦᠮᠵᠢᠲᠡᠶ ᠰᠡᠷᠭᠡᠶᠢᠯᠡᠬᠦ ᠪᠤᠢ ᠬᠡᠳᠡᠭ ᠨᠢ ᠣᠯᠠᠨ ᠤ ᠬᠠᠮᠤᠭ ᠠᠴᠠ ᠢᠯᠡᠭᠦᠦ ᠠᠩᠬᠠᠷᠴᠤ | ᠪᠠᠶᠢᠭ᠎ᠠ ᠠᠰᠠᠭᠤᠳᠠᠯ ᠪᠤᠯᠵᠠᠢ᠃ 2021 ᠣᠨ ᠤ 8 ᠰᠠᠷ᠎ᠠ ᠶᠢᠨ 9 ᠠᠴᠠ 15 ᠤ ᠡᠳᠦᠷ ᠪᠣᠯᠲᠠᠯ᠎ᠠ ᠪᠣᠯ ᠮᠠᠨ ᠤ | ᠤᠯᠤᠰ ᠤᠨ ᠵᠢᠷᠭᠤᠭᠠᠳᠠᠬᠢ ︽ᠳᠤᠮᠳᠠᠳᠤ ᠤᠯᠤᠰ ᠤᠨ ᠬᠠᠷᠰᠢᠮᠠᠲᠠᠭᠠᠶ ᠡᠪᠡᠳᠴᠢᠨ ᠢ ᠰᠡᠷᠭᠡᠶᠢᠯᠡᠨ ᠵᠠᠰᠠᠬᠤ ᠭᠠᠷᠠᠭ︾ | ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ ︽ᠡᠷᠡᠭᠦᠯ ᠡᠩᠭᠡ ᠳᠤᠮᠳᠠᠳᠤ ᠤᠯᠤᠰ ᠤᠨ ᠠᠵᠢᠯᠯᠠᠭ᠎ᠠ᠂ ᠬᠦᠨᠳᠦ | ᠨᠣᠴᠢᠲᠠᠶ ᠬᠠᠷᠰᠢᠮᠠᠲᠠᠭᠠᠶ ᠤᠷᠪᠠᠯ ᠢ ᠰᠡᠷᠭᠡᠶᠢᠯᠡᠨ ᠵᠠᠰᠠᠶ᠎ᠠ︾᠃ ᠬᠠᠮᠢᠶ᠎ᠠ ᠪᠦᠬᠦᠢ ᠮᠡᠷᠭᠡᠵᠢᠯᠲᠡᠨ ᠤ | ᠢᠯᠡᠷᠬᠡᠶᠢᠯᠡᠭᠰᠡᠨ ᠢᠶᠠᠷ᠂ ᠬᠦᠨᠳᠦ ᠨᠣᠴᠢᠲᠠᠶ ᠬᠠᠷᠰᠢᠮᠠᠲᠠᠭᠠᠶ ᠤᠷᠪᠠᠯ ᠨᠢ ᠠᠮᠢ ᠨᠠᠰᠤ ᠶᠢ ᠰᠦᠷᠳᠡᠭᠦᠯᠵᠦ ᠮᠡᠳᠡᠨ᠎ᠡ᠂ | ᠬᠦᠮᠦᠨ ᠨᠢᠭᠡᠪᠦᠷᠢ ᠴᠥᠮ ᠬᠦᠨᠳᠦ ᠨᠣᠴᠢᠲᠠᠶ ᠬᠠᠷᠰᠢᠮᠠᠲᠠᠭᠠᠶ ᠤᠷᠪᠠᠯ ᠤᠨ ᠲᠦᠷᠭᠡᠨ ᠠᠪᠤᠷᠬᠠᠤ ᠮᠡᠳᠡᠯᠭᠡ ᠶᠢ | ᠣᠶᠢᠯᠠᠭᠠᠬᠤ ᠬᠡᠷᠡᠭᠲᠡᠶ ᠬᠡᠪᠡ᠃ ᠭᠤᠤᠯ ᠢᠯᠡᠷᠡᠯ᠄ ᠭᠡᠨᠡᠳᠲᠡ ᠶᠢᠨ ᠪᠠ ᠳᠠᠬᠢᠨ ᠳᠠᠪᠲᠠᠨ ᠬᠥᠳᠡᠯᠬᠦ ᠬᠠᠮᠠᠷ ᠪᠥᠭᠯᠡᠷᠡᠬᠦ᠂ | ᠬᠠᠮᠠᠷ ᠵᠠᠭᠠᠲᠤᠨᠠᠬᠤ᠂ ᠨᠠᠶᠢᠲᠠᠭᠠᠬᠤ᠂ ᠨᠢᠰᠤ ᠭᠤᠭᠤᠵᠢᠬᠤ ᠵᠡᠷᠭᠡ ᠢᠯᠡᠷᠡᠯ ᠪᠠᠶᠢᠳᠠᠭ᠃ ᠲᠦᠷᠦᠯ ᠵᠦᠢᠯ᠄ | ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠡᠮᠴᠢᠯᠡᠭᠡᠨ ᠤ ᠢᠯᠡᠷᠡᠯ ᠨᠢ ᠤᠯᠠᠷᠢᠯ ᠢ ᠳᠠᠭᠠᠵᠤ ᠬᠤᠪᠢᠷᠠᠳᠠᠭ | ᠡᠰᠡᠬᠦ ᠶᠢ ᠦᠨᠳᠦᠰᠦᠯᠡᠵᠦ᠂ ᠦᠷᠭᠦᠯᠵᠢ ᠶᠢᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠪᠠ | ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠭᠡᠵᠦ ᠬᠤᠪᠢᠶᠠᠳᠠᠭ᠃ ᠡᠭᠦᠰᠬᠦ ᠴᠠᠭ᠄ | ᠦᠷᠭᠦᠯᠵᠢ ᠶᠢᠨ ᠴᠢᠨᠠᠷᠳᠠᠢ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠨᠢ ᠵᠢᠯ ᠤᠨ ᠳᠥᠷᠪᠡᠨ ᠤᠯᠠᠷᠢᠯ ᠳᠤ | ᠪᠦᠷ ᠡᠪᠡᠳᠴᠢᠨ ᠤ ᠢᠯᠡᠷᠡᠯ ᠲᠠᠢ᠃ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠨᠢ | ᠤᠯᠠᠷᠢᠯ ᠤᠨ ᠴᠢᠨᠠᠷᠲᠠᠶ ᠡᠭᠦᠰᠴᠦ᠂ ᠣᠯᠠᠩᠬᠢ ᠨᠢ ᠬᠠᠪᠤᠷ᠂ ᠨᠠᠮᠤᠷ ᠤᠨ ᠤᠯᠠᠷᠢᠯ ᠳᠤ ᠡᠭᠦᠰᠳᠡᠭ᠂ ᠡᠪᠡᠳᠴᠢᠯᠡᠬᠦ | ᠦᠶ᠎ᠡ ᠳᠤ ᠦᠳᠲᠡᠷ ᠲᠦᠷᠭᠡᠨ ᠡᠪᠡᠳᠴᠢᠨ ᠤ ᠢᠯᠡᠷᠡᠯ ᠭᠠᠷᠳᠠᠭ᠂ ᠬᠡᠳᠦᠨ ᠴᠠᠭ᠂ ᠬᠡᠳᠦᠨ ᠡᠳᠦᠷ ᠠᠴᠠ ᠬᠡᠳᠦᠨ | ᠭᠠᠷᠠᠭ ᠠᠳᠠᠯᠢ ᠪᠤᠰᠤ ᠦᠷᠭᠦᠯᠵᠢᠯᠡᠵᠦ᠂ ᠬᠥᠳᠡᠯᠬᠦ ᠪᠠ ᠵᠠᠪᠰᠠᠷᠯᠠᠬᠤ ᠬᠤᠭᠤᠴᠠᠭ᠎ᠠ ᠨᠢ ᠪᠦᠷᠢᠮᠦᠰᠦᠨ ᠬᠡᠪ ᠤᠨ | ᠪᠠᠶᠢᠳᠠᠭ᠃ ᠡᠭᠦᠰᠦᠭᠰᠡᠨ ᠰᠢᠯᠳᠠᠭᠠᠨ᠄ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠡᠭᠦᠰᠬᠦ ᠶᠢᠨ | ᠰᠢᠯᠲᠠᠭᠠᠨ ᠨᠢ ᠡᠭᠡᠯᠢᠯᠡᠭᠡ ᠶᠢᠨ ᠴᠢᠳᠠᠪᠤᠷᠢ ᠠᠨᠠᠶ ᠠᠴᠠ ᠪᠣᠯᠤᠭᠰᠠᠨ ᠪᠢᠰᠢ᠂ ᠬᠠᠷᠢᠨ ᠪᠡᠶ᠎ᠡ ᠮᠠᠬᠠᠪᠣᠳ ᠤᠨ | ᠡᠭᠡᠯᠢᠯᠡᠭᠡ ᠶᠢᠨ ᠢᠯᠭᠠᠨ ᠲᠠᠨᠢᠬᠤ ᠰᠢᠰᠲ᠋ᠧᠮ ᠳᠤ ᠠᠰᠠᠭᠤᠳᠠᠯ ᠭᠠᠷᠴᠤ᠂ ᠬᠤᠤᠷ ᠥᠬᠡᠶ ᠬᠠᠷᠠᠯᠲᠠ ᠶᠢ ᠬᠤᠤᠷ ᠲᠠᠢ | ᠭᠡᠵᠦ ᠦᠵᠡᠭᠡᠳ ᠡᠰᠡᠷᠭᠦᠴᠡᠬᠦ ᠶᠠᠪᠤᠴᠠ ᠳᠠᠭᠠᠨ ᠵᠠᠷᠢᠮ ᠭᠠᠵᠢᠭᠤ ᠤᠷᠪᠠᠯ ᠭᠠᠷᠳᠠᠭ᠂ ᠵᠢᠱᠢᠶᠡᠯᠡᠪᠡᠯ ᠨᠠᠶᠢᠲᠠᠭᠠᠬᠤ᠂ | ᠬᠠᠮᠠᠷ ᠪᠥᠭᠯᠡᠷᠡᠬᠦ ᠵᠡᠷᠭᠡ ᠨᠢ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠪᠣᠯᠵᠤ ᠬᠤᠪᠢᠷᠠᠳᠠᠭ᠃ ᠤᠷᠢᠳᠴᠢᠯᠡᠨ | ᠰᠡᠷᠭᠡᠶᠢᠯᠡᠬᠦ ᠠᠷᠭ᠎ᠠ᠄ • ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠢ | ᠬᠠᠷᠰᠢᠮᠠᠲᠠᠭᠠᠶ ᠬᠤᠭᠤᠴᠠᠭ᠎ᠠ ᠪᠣᠯᠬᠤ ᠠᠴᠠ ᠡᠮᠦᠨ᠎ᠠ ᠬᠡᠳᠦᠨ ᠡᠳᠦᠷ ᠠᠴᠠ ᠡᠬᠢᠯᠡᠨ ᠨᠡᠬᠡᠳᠡᠰᠦ ᠶᠢᠨ ᠠᠮᠢᠨ ᠢ | ᠡᠰᠡᠷᠭᠦᠴᠡᠬᠦ ᠡᠮ᠂ ᠬᠠᠮᠠᠷ ᠤᠨ ᠰᠦᠷᠴᠢᠮᠡᠯ ᠬᠤᠷᠮᠣᠨ ᠢ ᠬᠡᠷᠡᠭᠯᠡᠪᠡᠯ ᠡᠪᠡᠳᠴᠢᠨ ᠡᠭᠦᠰᠬᠦ ᠶᠢ ᠰᠡᠷᠭᠡᠶᠢᠯᠡᠬᠦ | ᠦᠢᠯᠡᠳᠦᠯ ᠲᠠᠢ ᠶᠤᠮ᠃ • ᠳᠤᠯᠠᠭᠠᠨ ᠤ ᠬᠤᠪᠢᠷᠠᠯᠲᠠ ᠨᠢ ᠬᠠᠮᠠᠷ ᠤᠨ ᠬᠥᠨᠳᠡᠶ ᠳᠤ ᠰᠡᠳᠦᠯᠲᠡ ᠦᠭᠪᠡᠯ ᠴᠠᠭ | ᠲᠤᠬᠠᠢ ᠳᠤᠨᠢ ᠬᠠᠯᠠᠭᠤᠨ ᠬᠦᠢᠳᠡᠨ ᠢᠶᠠᠨ ᠲᠡᠩᠴᠡᠭᠦᠯᠵᠤ᠂ ᠰᠡᠳᠬᠢᠴᠡ ᠶᠢᠨ ᠪᠠᠶᠢᠳᠠᠯ ᠢᠶᠠᠨ ᠲᠣᠬᠢᠷᠠᠭᠤᠯᠤᠨ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠨᠲᠠᠵᠤ ᠠᠮᠠᠷᠠᠬᠤ ᠴᠠᠭ ᠢᠶᠠᠨ ᠰᠠᠶᠢᠳᠤᠷ | ᠲᠤᠬᠢᠷᠠᠭᠤᠯᠵᠤ᠂ ᠪᠡᠶ᠎ᠡ ᠶᠢᠨ ᠠᠵᠢᠯᠯᠠᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠂ ᠪᠡᠶ᠎ᠡ ᠶᠢᠨ ᠡᠯ᠎ᠡ ᠡᠷᠬᠡᠲᠡᠨ ᠤ | ᠬᠤᠭᠤᠷᠣᠨᠳᠣᠬᠢ ᠡᠶ᠎ᠡ ᠵᠣᠬᠢᠴᠠᠩᠭᠤᠶ ᠬᠠᠷᠢᠴᠠᠭ᠎ᠠ ᠶᠢ ᠳᠡᠭᠡᠭᠰᠢᠯᠡᠭᠦᠯᠵᠦ᠂ ᠬᠠᠷᠰᠢᠮᠠᠲᠠᠭᠠᠶ ᠤᠷᠪᠠᠯ ᠢ ᠡᠭᠦᠰᠭᠡᠵᠤ | ᠮᠡᠳᠡᠬᠦ ᠡᠬᠢ ᠰᠤᠷᠪᠤᠯᠵᠢ ᠠᠴᠠ ᠵᠠᠶᠢᠯᠠᠰᠬᠢᠪᠡᠯ ᠵᠤᠬᠢᠨ᠎ᠠ᠃ • ᠤᠯᠠᠷᠢᠯ ᠰᠣᠯᠢᠭᠳᠠᠬᠤ ᠦᠶ᠎ᠡ ᠳᠤ᠂ ᠬᠥᠨᠵᠢᠯᠡ | ᠳᠡᠪᠢᠰᠬᠡᠷ ᠬᠤᠪᠴᠠᠰᠤ ᠬᠤᠨᠠᠷ ᠢᠶᠠᠨ ᠤᠷᠢᠳᠠᠪᠡᠷ ᠤᠬᠢᠶᠠᠵᠤ ᠨᠡᠷᠡᠨ ᠳᠤ ᠡᠭᠡᠭᠡᠭᠰᠡᠨ ᠤ ᠳᠠᠷᠠᠭ᠎ᠠ ᠬᠡᠷᠡᠭᠯᠡᠪᠡᠯ ᠵᠤᠬᠢᠨ᠎ᠠ᠃ | • ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠬᠠᠮᠤᠭ ᠤᠨ ᠰᠠᠶᠢᠨ ᠨᠢ ᠡᠩᠬᠦᠷᠡᠶ | ᠠᠮᠢᠲᠠᠨ ᠲᠡᠵᠢᠭᠡᠬᠦ ᠥᠬᠡᠶ᠂ ᠬᠡᠷᠪᠡ ᠲᠡᠵᠢᠭᠡᠭᠰᠡᠨ ᠪᠠᠶᠢᠪᠡᠯ ᠴᠢᠳᠠᠬᠤ ᠶᠢᠨ ᠳᠣᠲᠣᠷ᠎ᠠ ᠡᠩᠭᠦᠷᠡᠢ ᠠᠮᠢᠳᠠᠨ ᠢᠶᠠᠨ | ᠤᠨᠲᠠᠬᠤ ᠥᠷᠥᠭᠡᠨ ᠳᠡᠭᠡᠨ ᠤᠷᠤᠭᠤᠯᠬᠤ ᠥᠬᠡᠶ᠃ • ᠴᠡᠴᠡᠭ ᠤᠨ ᠲᠣᠭᠤᠰᠣᠨ ᠤ ᠥᠳᠬᠡᠴᠡ ᠶᠢᠨ ᠣᠷᠭᠢᠯ ᠤᠨ | ᠬᠤᠭᠤᠴᠠᠭᠠᠨ ᠳᠤ᠂ ᠭᠠᠳᠠᠭᠰᠢ ᠭᠠᠷᠬᠤ ᠳᠤ ᠪᠠᠨ ᠬᠠᠮᠠᠭᠠᠯᠠᠬᠤ ᠡᠳ᠋ ᠢᠶᠠᠨ ᠰᠠᠶᠢᠲᠤᠷ ᠵᠡᠭᠦᠵᠦ᠂ ᠬᠡᠷ ᠲᠡᠭᠡᠨ | ᠬᠠᠷᠢᠭᠰᠠᠨ ᠤ ᠳᠠᠷᠠᠭ᠎ᠠ ᠴᠠᠭ ᠲᠤᠬᠠᠶ ᠳᠤᠨᠢ ᠪᠡᠶ᠎ᠡ ᠪᠠᠨ ᠤᠬᠢᠶᠠᠬᠤ ᠶᠢᠨ ᠬᠠᠮᠲᠤ ᠬᠠᠮᠠᠷ ᠤᠨ ᠬᠥᠨᠳᠡᠶ ᠪᠠᠨ ᠤᠬᠢᠶᠠᠨ | ᠴᠡᠪᠡᠷᠯᠡᠵᠦ᠂ ᠴᠣᠩᠬᠤ ᠪᠠᠨ ᠨᠡᠭᠡᠭᠡᠵᠤ ᠰᠠᠯᠬᠢ ᠨᠡᠪᠲᠡᠷᠡᠭᠦᠯᠦᠨ᠎ᠠ᠂ ᠥᠪᠡᠷ ᠤᠨ ᠬᠡᠷᠡᠭᠴᠡᠭᠡ ᠪᠠᠨ ᠦᠨᠳᠦᠰᠦᠯᠡᠨ ᠵᠦᠶ | ᠵᠣᠬᠢᠰᠲᠠᠶ ᠡᠮ ᠬᠡᠷᠡᠭᠯᠡᠵᠦ ᠪᠣᠯᠤᠨ᠎ᠠ᠃ ᠴᠡᠴᠡᠭ ᠤᠨ ᠲᠣᠭᠤᠰᠣᠨ ᠤ ᠣᠷᠭᠢᠯ ᠤᠨ ᠦᠶ᠎ᠡ ᠳᠤ᠂ ᠴᠢᠳᠠᠬᠤ ᠶᠢᠨ | ᠳᠣᠲᠣᠷ᠎ᠠ ᠬᠡᠭᠡᠷ᠎ᠡ ᠭᠠᠳᠠᠨ᠎ᠠ ᠭᠠᠷᠬᠤ ᠥᠬᠡᠶ᠂ ᠬᠢᠷᠬᠢᠷ᠎ᠡ ᠡᠭᠦᠰᠴᠤ ᠡᠪᠡᠳᠴᠢᠡ ᠤ ᠪᠠᠶᠢᠳᠠᠯ ᠢ ᠬᠦᠨᠳᠦᠷᠡᠭᠦᠯᠬᠦ ᠠᠴᠠ | ᠵᠠᠶᠢᠯᠠᠰᠬᠢᠬᠦ ᠬᠡᠷᠡᠭᠲᠡᠶ᠃ ᠦᠪᠦᠷ ᠮᠤᠩᠭᠤᠯ ᠤᠨ ᠪᠠᠶᠢᠳᠠᠯ᠄ ᠥᠪᠥᠷ ᠮᠣᠩᠭᠤᠯ ᠤᠨ ᠲᠥᠪ ᠬᠤᠲᠠ ᠵᠢᠴᠢ ᠬᠥᠳᠡᠭᠡ | ᠲᠣᠰᠬᠤᠨ ᠤ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠤ ᠨᠣᠷᠮ᠎ᠠ | 17.10% ᠪᠠᠶᠢᠵᠤ᠂ ᠡᠭᠦᠨ ᠳᠤ ᠡᠮᠡᠭᠲᠡᠶ ᠶᠢᠨ ᠡᠪᠡᠳᠴᠢᠨ ᠤᠯᠬᠤ ᠨᠣᠷᠮ᠎ᠠ ᠨᠢ ᠡᠷᠡᠭᠲᠡᠶ ᠬᠥᠮᠦᠨ ᠤ ᠬᠢ ᠠᠴᠠ | ᠵᠢᠭᠠᠬᠠᠨ ᠥᠨᠳᠥᠷ᠂ 6-15 ᠨᠠᠰᠤᠨ ᠤ ᠬᠡᠦᠬᠡᠳ ᠤᠨ ᠡᠪᠡᠳᠴᠢᠯᠡᠬᠦ ᠨᠤᠷᠮ᠎ᠠ ᠨᠢ ᠬᠠᠮᠤᠭ ᠥᠨᠳᠥᠷ᠂ ᠬᠤᠲᠠ ᠳᠤ | ᠰᠠᠭᠤᠭ᠎ᠠ ᠬᠦᠮᠦᠰ ᠤᠨ ᠡᠪᠡᠳᠴᠢᠯᠡᠬᠦ ᠨᠣᠷᠮ᠎ᠠ ᠨᠢ ᠬᠥᠳᠡᠭᠡ ᠲᠣᠰᠬᠤᠨ ᠤ ᠬᠢ ᠠᠴᠠ ᠢᠯᠡᠳᠲᠡ ᠥᠨᠳᠥᠷ ᠪᠠᠶᠢᠨ᠎ᠠ᠃ | ᠰᠢᠷᠠᠯᠵᠢ ᠪᠣᠯ ᠥᠪᠥᠷ ᠮᠣᠩᠭᠤᠯ ᠤᠨ ᠬᠠᠮᠤᠭ ᠤᠨ ᠭᠤᠣᠯ ᠪᠣᠯᠬᠤ ᠴᠡᠴᠡᠭ ᠤᠨ ᠲᠣᠭᠤᠰᠣᠨ ᠤ ᠬᠠᠷᠰᠢᠯ ᠢ | ᠡᠭᠦᠰᠭᠡᠭᠴᠢ ᠮᠥᠨ᠃ ᠥᠪᠥᠷ ᠮᠣᠩᠭᠤᠯ ᠤᠨ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠤᠨ ᠡᠪᠡᠳᠴᠢᠲᠡᠨ ᠤ | ᠡᠪᠡᠳᠴᠢᠨ ᠤ ᠢᠯᠡᠷᠡᠯ ᠤᠨ ᠣᠷᠭᠢᠯ ᠤᠨ ᠬᠤᠭᠤᠴᠠᠭ᠎ᠠ ᠨᠢ 7 ᠠᠴᠠ 9 ᠰᠠᠷ᠎ᠠ ᠳᠤ ᠲᠥᠪᠯᠡᠷᠡᠵᠦ᠂ ᠡᠭᠦᠨ ᠳᠤ 8 | ᠰᠠᠷ᠎ᠠ ᠳᠤ ᠣᠷᠭᠢᠯ ᠳᠠᠭᠠᠨ ᠬᠦᠷᠳᠡᠭ᠃ ᠬᠠᠷᠢᠨ ᠬᠢᠷᠬᠢᠷ᠎ᠡ ᠡᠪᠡᠳᠴᠢᠨ ᠤ ᠲᠡᠦᠬᠡ᠂ ᠢᠳᠡᠭᠡᠨ ᠳᠤ ᠬᠠᠷᠰᠢᠬᠤ᠂ | ᠡᠮ ᠳᠤ ᠬᠠᠷᠰᠢᠬᠤ᠂ ᠨᠢᠶᠠᠨ ᠳᠠᠷᠤᠭᠴᠢ ᠶᠢ ᠬᠡᠷᠡᠭᠯᠡᠬᠦ᠂ ᠭᠡᠷ ᠪᠦᠯᠢ ᠶᠢᠨ ᠵᠠᠰᠠᠯ ᠴᠢᠮᠡᠭᠯᠡᠯ᠂ ᠲᠠᠮᠠᠬᠢ ᠳᠠᠳᠠᠬᠤ ᠪᠣᠯ | ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠡᠪᠡᠳᠴᠢᠨ ᠢ ᠡᠭᠦᠰᠭᠡᠬᠦ ᠬᠠᠮᠢᠶ᠎ᠠ ᠪᠦᠬᠦᠢ ᠠᠶᠤᠯᠲᠠᠶ ᠬᠦᠴᠦᠨ | ᠵᠦᠢᠯ ᠮᠥᠨ᠃ | | |