ᠽᠢ ᠴᠧᠩ ᠵᠡᠭᠡᠯᠢ ᠭᠤᠳᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠴᠢᠩᠭᠠᠳᠬᠠᠪᠠ
ᠨᠡᠶᠢᠲᠡᠯᠡᠭᠰᠡᠨ ᠴᠠᠭ᠄
2021/10/26
     ᠽᠢ ᠴᠧᠩ ᠵᠡᠭᠡᠯᠢ ᠭᠤᠳᠤᠮᠵᠢ ᠶᠢᠨ ᠬᠢᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠣᠩᠨᠢᠭᠤᠳ ᠬᠤᠰᠢᠭᠤᠨ ᠤ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ  ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠲᠥᠷᠥ ᠶᠢᠨ ᠪᠣᠳᠣᠯᠭ᠎ᠠ ᠶᠢ ᠭᠤᠶᠢᠪᠢᠰᠢ ᠥᠬᠡᠶ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠰᠤᠯᠠᠷᠠᠭᠤᠯᠤᠯ ᠥᠬᠡᠶ ᠴᠢᠩᠭ᠎ᠠ ᠭᠡᠷᠡᠭᠵᠢᠬᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠵᠤ ᠪᠤᠢ᠃       ᠨᠢᠭᠡ ᠳᠤ᠂ ᠳᠤᠮᠳᠠ ᠥᠨᠳᠥᠷ ᠲᠦᠭᠰᠢᠬᠦᠷᠢᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ  ᠬᠢᠵᠤ ᠪᠤᠢ᠃ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢ ᠳᠠᠭᠠᠭᠠᠴᠢᠯᠠᠭᠰᠠᠨ ᠺᠠᠳ᠋ᠷ᠂ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠦᠷᠢᠯᠳᠦᠬᠦᠨ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠦᠳᠲᠡᠷ ᠲᠦᠷᠭᠡᠨ ᠡᠷᠦᠬᠡ ᠳᠤ ᠣᠷᠣᠵᠤ᠂ ᠳᠤᠮᠳᠠ ᠥᠨᠳᠥᠷ ᠠᠶᠤᠯ ᠲᠦᠭᠰᠢᠬᠦᠷᠢᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠡᠷᠡᠭᠦᠯ ᠮᠡᠨᠳᠦ ᠶᠢᠨ ᠮᠥᠷᠳᠡᠯᠲᠡ ᠬᠢᠬᠦ ᠵᠡᠷᠭᠡ ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠵᠤ᠂ ᠲᠣᠮᠣ ᠳ᠋ᠠᠶᠢᠲ᠋ᠠ ᠪᠠᠷ ᠳᠠᠮᠵᠢᠭᠤᠯᠤᠨ ᠬᠦᠷᠭᠡᠭᠰᠡᠨ ᠭᠤᠤᠯᠳᠠᠯᠭ᠎ᠠ ᠲᠠᠢ ᠬᠥᠮᠦᠰ ᠢ ᠴᠠᠭ ᠲᠤᠬᠠᠶ ᠳᠤ ᠨᠢ ᠲᠤᠬᠠᠶ ᠶᠢᠨ ᠭᠠᠵᠠᠷ  ᠲᠤ ᠨᠢ ᠮᠥᠷᠳᠡᠨ ᠪᠠᠶᠢᠴᠠᠭᠠᠵᠤ᠂ ᠲᠡᠭᠦᠰᠬᠡᠯ ᠤᠨ ᠬᠡᠰᠡᠭ ᠤᠨ ᠬᠠᠮᠢᠶᠠᠷᠤᠨ ᠡᠵᠡᠮᠳᠡᠬᠦ ᠡᠯ᠎ᠡ  ᠵᠦᠢᠯ ᠤᠨ ᠠᠵᠢᠯ ᠢ ᠪᠣᠳᠠᠲᠠᠶ ᠨᠠᠷᠢᠯᠢᠭ ᠬᠢᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠶᠢ ᠦᠨᠡᠨ ᠬᠦ  ᠪᠠᠳᠤᠯᠠᠵᠤ ᠪᠠᠶᠢᠨ᠎ᠠ᠃      ᠬᠤᠶᠠᠷ ᠲᠤ᠂ ᠭᠤᠣᠯᠳᠠᠯᠭ᠎ᠠ ᠲᠠᠢ ᠲᠠᠯᠠᠪᠤᠷ ᠪᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠱᠠᠯᠠᠪᠳᠠᠭᠤᠯᠤᠨ ᠪᠠᠶᠢᠴᠠᠭᠠᠵᠤ ᠪᠤᠢ᠃ ᠵᠡᠭᠡᠯᠢ ᠭᠤᠳᠤᠮᠵᠢ ᠶᠢᠨ  ᠭᠤᠷᠪᠠᠨ ᠰᠠᠯᠠᠭ᠎ᠠ ᠰᠢᠮᠳᠠᠭᠤᠯᠤᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠬᠠᠷᠢᠶᠠᠲᠤ ᠣᠷᠣᠨ ᠤ ᠵᠣᠴᠢᠳ ᠤᠨ ᠪᠠᠭᠤᠳᠠᠯ᠂ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠪᠠ ᠭᠠᠵᠠᠷ ᠲᠤ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠦᠨ᠂ ᠬᠤᠳᠠᠯᠳᠤᠭᠠᠨ ᠤ ᠳᠡᠯᠭᠡᠭᠦᠷ ᠤᠨ ᠡᠵᠡᠩᠨᠡᠭᠴᠢᠳ ᠢᠶᠠᠷ ᠲᠠᠮᠵᠢᠨ ᠺᠣᠳ᠋ ᠰᠢᠷᠪᠢᠵᠦ ᠪᠡᠶ᠎ᠡ ᠶᠢᠨ ᠲᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠨᠢᠭᠡ ᠮᠧᠲᠷ ᠤᠨ ᠱᠤᠭᠤᠮ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ  ᠠᠴᠠ ᠪᠤᠴᠠᠵᠤ ᠢᠷᠡᠭᠰᠡᠨ ᠬᠥᠮᠦᠰ ᠢ ᠣᠯᠵᠤ ᠮᠡᠳᠡᠪᠡᠯ᠂ ᠲᠡᠷᠡ ᠳᠠᠷᠤᠶ  ᠳᠤ ᠨᠢ ᠵᠡᠭᠡᠯᠢ ᠭᠤᠳᠤᠮᠵᠢ ᠳᠤ ᠮᠡᠳᠡᠭᠦᠯᠦᠨ ᠲᠠᠩᠰᠠᠯᠠᠭᠤᠯᠵᠤ ᠪᠠᠶᠢᠨ᠎ᠠ᠃ ᠭᠤᠷᠪᠠ ᠳᠤ᠂ ᠵᠢᠵᠢᠭᠦᠷᠯᠡᠬᠦ ᠵᠢᠴᠢ ᠤᠷᠢᠳᠴᠢᠯᠠᠨ ᠰᠡᠷᠡᠮᠵᠢᠯᠡᠭᠦᠯᠬᠦ ᠲᠦᠷᠢᠮ ᠢ ᠴᠢᠩᠭ᠎ᠠ  ᠨᠠᠶᠢᠳᠠᠪᠤᠵᠢᠭᠤᠯᠵᠤ ᠪᠠᠶᠢᠨ᠎ᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠰᠢᠭᠤᠴᠢᠯᠠᠨ ᠵᠢᠯᠣᠭᠤᠳᠴᠤ᠂ ᠵᠢᠵᠢᠬᠦᠷ ᠤᠳᠤᠷᠢᠳᠤᠯᠭ᠎ᠠ ᠪᠣᠯᠤᠨ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠵᠢᠵᠢᠭᠦᠷᠯᠡᠭᠴᠢ 24 ᠴᠠᠭ ᠢᠶᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠪᠣᠯᠤᠨ ᠲᠣᠰ ᠭᠠᠵᠠᠷ ᠤᠨ ᠪᠠᠶᠢᠳᠠᠯ ᠢ ᠪᠣᠯᠪᠠᠰᠤᠷᠠᠩᠭᠤᠶ ᠡᠵᠡᠮᠰᠢᠵᠦ᠂ ᠪᠠᠴᠢᠮ ᠪᠠᠶᠢᠳᠠᠯ ᠲᠤᠯᠭᠠᠷᠠᠪᠠᠯ ᠬᠠᠮᠤᠭ ᠤᠨ ᠲᠡᠷᠢᠭᠦᠨ ᠳᠤ ᠥᠨᠳᠥᠷ ᠪᠦᠲᠦᠮᠵᠢᠲᠡᠶ  ᠰᠢᠢᠳᠪᠤᠷᠢᠯᠡᠬᠦ ᠶᠢ ᠦᠨᠡᠨ ᠬᠦ  ᠪᠠᠳᠤᠯᠠᠵᠤ ᠪᠠᠶᠢᠨ᠎ᠠ᠃     ᠲᠦᠷᠪᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠲᠠᠷᠬᠠᠭᠠᠬᠤ ᠠᠵᠢᠯ ᠢ ᠴᠢᠩᠭ᠎ᠠ  ᠪᠠᠳᠤᠯᠠᠵᠤ ᠪᠤᠢ᠃ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯᠲᠠᠳ ᠡᠩ ᠲᠡᠷᠢᠭᠦᠨ ᠳᠤ ᠠᠮᠠᠪᠴᠢ᠂ ᠡᠮᠴᠢᠯᠡᠭᠡᠨ ᠳᠤ ᠬᠡᠷᠡᠭᠯᠡᠬᠦ ᠰᠫᠢᠷᠲ᠂ ᠠᠷᠢᠭᠤᠳᠬᠠᠬᠤ ᠰᠢᠩᠭᠡᠨ᠂  ᠲᠤᠯᠠᠭᠠᠯᠠᠭ᠎ᠠ ᠶᠢᠨ ᠬᠤᠪᠴᠠᠰᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠲᠠᠷᠬᠠᠭᠠᠨ ᠥᠭᠴᠦ᠂ ᠠᠵᠢᠯᠲᠠᠳ ᠤᠨ ᠲᠣᠰ ᠪᠡᠶ᠎ᠡ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃      ᠲᠠᠪᠤ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠢ ᠴᠢᠩᠭᠠᠳᠬᠠᠵᠤ ᠪᠤᠢ᠃ ᠵᠡᠭᠡᠯᠢ ᠭᠤᠳᠤᠮᠵᠢ ᠶᠢᠨ ᠬᠢᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠣᠩᠨᠢᠭᠤᠳ ᠬᠤᠰᠢᠭᠤᠨ ᠤ ᠨᠠᠮ ᠤᠨ ᠬᠤᠷᠢᠶᠠᠨ ᠤ ᠸᠠᠺᠼᠢᠨ ᠤ ᠲᠠᠷᠢᠯᠭ᠎ᠠ ᠬᠢᠬᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠳᠤᠭᠠᠷ ᠵᠡᠭᠦᠦ︾ ᠶᠢᠨ ᠲᠠᠷᠢᠯᠭ᠎ᠠ ᠶᠢ ᠴᠢᠩᠭ᠎ᠠ ᠵᠣᠬᠢᠶᠠᠨ ᠪᠠᠶᠢᠭᠤᠯᠤᠨ ᠰᠠᠶᠢᠲᠤᠷ ᠬᠢᠵᠦ  ᠪᠤᠢ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号