ᠣᠩᠨᠢᠭᠤᠳ ᠬᠤᠰᠢᠭᠤᠨ ᠤ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ ᠶᠡᠭᠡ ᠠᠩᠭᠢ ᠦᠳᠲᠡᠷ ᠲᠦᠷᠭᠡᠨ ᠬᠥᠳᠡᠯᠦᠯᠴᠡᠵᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/10/27
     2021 ᠣᠨ ᠤ 10 ᠰᠠᠷ᠎ᠠ ᠶᠢᠨ 25 ᠤ ᠡᠳᠤᠷ ᠤᠨ ᠦᠳᠡ ᠶᠢᠨ ᠡᠮᠦᠨ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠤᠨ ᠬᠤᠷᠠᠯ  ᠬᠤᠷᠠᠯᠳᠤᠭᠤᠯᠪᠠ᠃ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠳᠡᠭᠡᠷᠡᠬᠢ ᠱᠠᠭᠠᠷᠳᠠᠯᠭ᠎ᠠ ᠶᠢ ᠤᠯᠠᠮᠵᠢᠯᠠᠵᠤ᠂ ᠡᠯ᠎ᠡ ᠰᠠᠯᠠᠭ᠎ᠠ ᠲᠠᠰᠤᠭ ᠦᠳᠲᠡᠷ ᠲᠦᠷᠭᠡᠨ ᠬᠦᠳᠡᠯᠤᠯᠴᠠᠨ ᠬᠢᠨᠠᠯᠲᠠ ᠬᠠᠮᠢᠶᠠᠷᠤᠯᠲᠠ ᠶᠢᠨ ᠠᠵᠢᠯ ᠲᠥᠷᠥᠯ ᠤᠨ ᠨᠢᠭᠡᠴᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠬᠦ ᠠᠵᠢᠯ ᠢ ᠪᠠᠶᠢᠷᠢᠯᠠᠭᠤᠯᠪᠠ᠃      ᠨᠢᠭᠡ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ᠂ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ᠂ ᠡᠮᠴᠢᠯᠡᠭᠡᠨ ᠤ ᠬᠠᠶᠠᠭᠳᠠᠮᠠᠯ ᠡᠳ᠋ ᠤᠨ ᠬᠠᠮᠢᠶᠠᠷᠤᠯᠲᠠ ᠵᠡᠷᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ︽ᠬᠠᠷᠠᠭᠤᠯ ᠤᠨ ᠴᠡᠭ︾ ᠤᠨ  ᠦᠢᠯᠡᠳᠤᠯ ᠢᠶᠠᠨ  ᠬᠦᠢᠴᠡᠳ ᠪᠠᠳᠠᠷᠠᠭᠤᠯᠬᠤ ᠶᠢ ᠴᠢᠩᠭ᠎ᠠ ᠱᠠᠭᠠᠷᠳᠠᠪᠠ᠃ ᠬᠤᠶᠠᠷ ᠲᠤ᠂ ᠣᠯᠠᠨ ᠨᠡᠶᠢᠲᠡ ᠶᠢᠨ ᠲᠠᠯᠠᠪᠤᠷ ᠤᠨ ᠪᠡᠶ᠎ᠡ ᠶᠢᠨ ᠲᠤᠯᠠᠭᠠᠨ ᠢ ᠪᠠᠶᠢᠴᠠᠭᠠᠨ ᠬᠡᠮᠵᠢᠬᠦ᠂ ᠬᠤᠶᠠᠷ ᠺᠣᠳ᠋ ᠢ ᠪᠠᠶᠢᠴᠠᠭᠠᠨ ᠰᠢᠯᠭᠠᠬᠤ᠂ ᠠᠷᠢᠭᠤᠳᠬᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯᠴᠢᠨ  ᠠᠵᠢᠯᠳᠠᠳ ᠤᠨ ᠡᠳᠦᠷ ᠪᠦᠷᠢ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠪᠠ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠵᠤ ᠪᠠᠶᠢᠭ᠎ᠠ ᠪᠠᠶᠢᠳᠠᠯ ᠢ ᠴᠢᠩᠭᠠᠷᠠᠭᠤᠯᠤᠨ᠂ ᠡᠯ᠎ᠡ ᠣᠯᠠᠨ ᠨᠡᠶᠢᠲᠡ ᠶᠢᠨ ᠲᠠᠯᠠᠪᠤᠷ ᠤᠨ  ᠨᠢᠬᠡᠴᠢ ᠳᠤ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠳᠠᠷᠦ᠋ᠢᠬᠠᠨ ᠨᠠᠶᠢᠳᠠᠪᠤᠷᠢᠵᠢᠭᠤᠯᠬᠤ ᠶᠢ ᠱᠠᠭᠠᠷᠳᠠᠪᠠ᠃ ᠭᠤᠷᠪᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠢ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ᠡᠯ᠎ᠡ  ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ  ᠠᠬᠢᠭᠤᠯᠪᠠ᠃ ᠳᠥᠷᠪᠡ ᠳᠤ᠂ ᠬᠤᠲᠠ ᠲᠣᠭᠤᠷᠢᠭ ᠪᠣᠯᠤᠨ ᠰᠢᠶᠠᠩ ᠪᠠᠯᠭᠠᠰᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠴᠢᠩᠭ᠎ᠠ ᠪᠠᠶᠢᠴᠠᠭᠠᠯᠲᠠ ᠥᠷᠨᠢᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠬᠠᠪᠰᠤᠷᠤᠨ ᠬᠠᠮᠢᠶᠠᠷᠤᠭᠴᠢ ᠶᠢᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ  ᠬᠦᠢᠴᠡᠳ ᠪᠠᠳᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠢ ᠥᠨᠴᠥᠭ ᠪᠤᠯᠤᠩ ᠦᠯᠡᠳᠡᠭᠡᠯ ᠥᠬᠡᠶ ᠪᠣᠳᠠᠲᠠᠶ ᠳᠤ ᠨᠠᠶᠢᠳᠠᠪᠤᠷᠢᠵᠢᠭᠤᠯᠵᠤ᠂ ᠠᠯᠳᠠᠰᠢ ᠭᠠᠷᠬᠤ ᠶᠢ ᠴᠠᠭ ᠲᠤᠬᠠᠶ  ᠳᠤ ᠨᠢ  ᠰᠠᠷᠬᠡᠶᠢᠯᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ  ᠬᠢᠬᠦ ᠶᠢ ᠠᠬᠢᠭᠤᠯᠪᠠ᠃       10 ᠰᠠᠷ᠎ᠠ ᠶᠢᠨ 22 ᠤᠨ ᠡᠳᠦᠷ ᠠᠴᠠ ᠡᠬᠢᠯᠡᠨ᠂ ᠬᠢᠨᠠᠯᠲᠠ ᠲᠠᠯᠪᠢᠭᠴᠢ ᠶᠢ 17 ᠬᠥᠮᠦᠨ ᠤᠳᠠᠭ᠎ᠠ ᠬᠥᠳᠡᠯᠭᠡᠵᠦ᠂ 3 ᠳᠤᠭᠤᠶᠢᠯᠠᠩ ᠬᠤᠪᠢᠶᠠᠨ 44 ᠬᠤᠯᠪᠣᠭᠳᠠᠯ ᠪᠥᠬᠦᠶ ᠨᠢᠭᠡᠴᠢ ᠶᠢ ᠲᠤᠬᠠᠶ ᠶᠢᠨ ᠲᠠᠯᠠᠪᠤᠷ ᠲᠤ ᠨᠢ ᠬᠢᠨᠠᠨ ᠵᠢᠯᠣᠭᠤᠳᠴᠤ ᠪᠠᠶᠢᠴᠠᠭᠠᠪᠠ ︵ᠡᠭᠦᠨ ᠳᠤ ᠣᠯᠠᠨ ᠨᠡᠶᠢᠲᠡ ᠶᠢᠨ ᠲᠠᠯᠠᠪᠤᠷ 30᠂ ᠳᠤᠮᠳᠠᠳᠤ ᠪᠠᠭ᠎ᠠ ᠰᠤᠷᠭᠠᠭᠤᠯᠢ 6᠂ ᠡᠮᠴᠢᠯᠡᠭᠡᠨ ᠤ ᠪᠠᠶᠢᠭᠤᠯᠤᠮᠵᠢ 8 ᠪᠣᠶ︶᠂ ᠬᠢᠨᠠᠯᠲᠠ ᠲᠠᠯᠪᠢᠬᠤ ᠰᠠᠨᠠᠯ ᠤᠨ ᠪᠢᠴᠢᠭ 28 ᠬᠤᠪᠢ ᠪᠠᠭᠤᠯᠭᠠᠵᠤ᠂ 1 ᠡᠮᠴᠢᠯᠡᠭᠡᠨ ᠤ ᠪᠠᠶᠢᠭᠤᠯᠤᠮᠵᠢ ᠶᠢ ᠬᠠᠭᠠᠵᠤ ᠵᠣᠭᠰᠣᠭᠠᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号