ᠡᠦ ᠹᠧᠨ ᠳ᠋ᠢ ᠪᠠᠯᠭᠠᠰᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ  ᠪᠠᠨ ᠲᠦᠷ ᠵᠤᠭᠰᠤᠭᠰᠠᠨ ᠬᠥᠮᠦᠰ ᠢ ᠲᠤᠰᠬᠠᠶ ᠴᠡᠭᠴᠡᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/10/27
        ᠡᠦ ᠹᠧᠨ ᠳ᠋ᠢ ᠪᠠᠯᠭᠠᠰᠤᠨ ᠤ ᠨᠡᠶᠢᠭᠡᠮ ᠤᠨ ᠪᠠᠲᠤᠯᠠᠭ᠎ᠠ ᠶᠢᠨ ᠠᠵᠢᠯᠲᠠᠳ 10 ᠰᠠᠷ᠎ᠠ ᠶᠢᠨ 22  ᠤ ᠡᠳᠦᠷ ᠠᠴᠠ 24 ᠤ ᠡᠳᠦᠷ ᠪᠣᠯᠲᠠᠯ᠎ᠠ ᠡᠯ᠎ᠡ ᠲᠣᠰᠬᠤᠨ ᠳᠤ ᠬᠦᠷᠴᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠠᠪᠬᠤ ᠪᠠᠨ ᠲᠦᠷ ᠵᠣᠭᠰᠣᠭᠰᠠᠨ ᠬᠥᠮᠦᠰ ᠢ  ᠪᠠᠶᠢᠴᠠᠭᠠᠬᠤ ᠠᠵᠢᠯ ᠢ ᠥᠷᠨᠢᠭᠦᠯᠪᠡ᠃ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯ ᠨᠢ ᠰᠠᠷ᠎ᠠ ᠭᠠᠷᠤᠶ ᠶᠠᠪᠤᠭᠳᠠᠵᠠᠶ᠂  ᠠᠵᠢᠯᠳᠠᠳ ᠲᠤᠭ᠎ᠠ ᠪᠠᠷᠢᠮᠲᠠ ᠶᠢ ᠬᠠᠷᠢᠴᠠᠭᠤᠯᠬᠤ᠂ ᠤᠲᠠᠰᠤ ᠪᠠᠷ ᠠᠰᠠᠭᠤᠨ ᠯᠠᠪᠯᠠᠬᠤ ᠪᠠ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠡᠦ ᠹᠧᠨ ᠳ᠋ᠢ ᠪᠠᠯᠭᠠᠰᠤᠨ ᠤ ᠣᠯᠭᠤᠮᠵᠢ ᠠᠪᠬᠤ ᠪᠠᠨ ᠲᠦᠷ ᠵᠣᠭᠰᠣᠭᠰᠠᠨ ᠬᠥᠮᠦᠰ ᠤᠨ ᠪᠣᠳᠠᠲᠠᠶ ᠪᠠᠶᠢᠳᠠᠯ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ 14 ᠵᠠᠰᠠᠭ ᠵᠠᠬᠢᠷᠭᠠᠨ ᠤ ᠲᠣᠰᠬᠤᠨ ᠤ 109 ᠬᠥᠮᠦᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠢᠯᠭᠠᠷᠠᠭᠤᠯᠤᠨ ᠪᠠᠶᠢᠴᠠᠭᠠᠬᠤ ᠪᠠ ᠬᠦᠴᠦᠨ ᠥᠬᠡᠶ ᠪᠣᠯᠭᠠᠬᠤ ᠭᠠᠷ ᠬᠦᠢᠴᠡᠳᠬᠡᠯ ᠬᠢᠪᠠ᠃ ᠮᠦᠨ ᠴᠤ 36 ᠬᠥᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ  ᠵᠢᠯ ᠤᠨ ᠬᠢᠨᠠᠨ ᠪᠠᠶᠢᠴᠠᠭᠠᠯᠲᠠ ᠬᠢᠬᠦ ᠭᠠᠷ  ᠬᠦᠢᠴᠡᠳᠬᠡᠯ ᠢ ᠪᠡᠶᠡᠯᠡᠭᠦᠯᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号