| | | | 1. ᠬᠡᠭᠡᠷᠠᠯᠡᠭᠴᠢ ᠮᠠᠰᠢᠨ ᠳᠤ ᠰᠠᠭᠤᠵᠤ ᠡᠯᠡᠰᠤᠨ ᠴᠦᠯ ᠢ ᠳᠤᠭᠤᠯᠬᠤ ᠦᠶᠡᠰ᠂ ᠠᠶᠦᠯ ᠦᠭᠡᠢ | ᠪᠦᠰᠠ ᠶᠢ ᠰᠠᠶᠢᠨ ᠪᠦᠰᠡᠯᠡᠵᠤ᠂ ᠬᠤᠶᠠᠷ ᠭᠠᠷ ᠢᠶᠠᠨ ᠳᠡᠷᠭᠡᠨ ᠳᠤᠳᠤᠷᠠᠬᠢ ᠳᠦᠰᠢᠭᠦᠷ ᠠᠴᠠ ᠴᠢᠩᠭ᠎ᠠ ᠠᠳᠬᠤᠵᠤ᠂ | ᠡᠮᠦᠨᠡᠬᠢ ᠵᠠᠮ ᠢᠶᠠᠨ ᠰᠠᠶᠢᠨ ᠬᠠᠷᠠᠬᠤ ᠪᠦᠭᠡᠳ ᠵᠢᠯᠤᠭᠤᠴᠢ ᠶᠢᠨ ᠠᠮᠤᠷ ᠳᠦᠪᠰᠢᠨ ᠤ ᠰᠠᠨᠠᠭᠤᠯᠭ᠎ᠠ ᠶᠢ ᠰᠠᠶᠢᠨ | ᠰᠤᠨᠤᠰᠬᠤ ᠬᠡᠷᠡᠭᠳᠡᠢ᠃ ᠵᠢᠷᠦᠬᠡᠨ ᠡᠪᠡᠳᠴᠢᠨ ᠪᠤᠶᠤ ᠴᠢᠰᠤᠨ ᠳᠠᠷᠤᠯᠳᠠ ᠦᠨᠳᠦᠷ ᠬᠦᠮᠦᠨ ᠡᠯᠡᠰᠤᠨ ᠴᠦᠯ ᠳᠤ | ᠤᠷᠤᠵᠤ ᠪᠤᠯᠬᠤ ᠦᠭᠡᠢ᠃ 2. ᠦᠵᠡᠮᠵᠢ ᠶᠢᠨ ᠤᠷᠤᠨ ᠨᠢ ᠡᠯᠡᠰᠦᠨ ᠴᠦᠯ ᠳᠤ ᠪᠠᠶᠢᠬᠤ ᠭᠠᠵᠠᠷ ᠨᠢ ᠡᠬᠡ | ᠬᠠᠭᠤᠷᠠᠢ ᠶᠢᠨ ᠭᠠᠩ ᠬᠠᠭᠤᠷᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠬᠠᠪᠤᠷ ᠤᠨ ᠤᠯᠠᠷᠢᠯ ᠳᠤ ᠰᠠᠯᠬᠢᠨ | ᠠᠷᠪᠢᠨ᠂ ᠵᠤᠨ ᠨᠠᠮᠤᠷ ᠤᠨ ᠡᠳᠦᠷ ᠲᠤ ᠨᠢ ᠨᠡᠷᠡᠨ ᠤ ᠭᠡᠷᠡᠯ ᠤᠨ ᠳᠤᠰᠤᠯᠳᠠ ᠨᠢ ᠬᠤᠷᠴᠠ᠂ ᠦᠷᠯᠦᠭᠡ ᠤᠷᠤᠢ ᠶᠢᠨ | ᠳᠤᠯᠠᠭᠠᠨ ᠤ ᠬᠡᠮᠵᠢᠶ᠎ᠡ ᠲᠦᠷᠭᠡᠨ ᠪᠠᠭᠤᠷᠠᠳᠠᠭ ᠪᠤᠯᠬᠤᠷ ᠵᠤᠨ ᠵᠢᠭᠤᠯᠴᠢᠯᠠᠬᠤ ᠳᠤ ᠪᠠᠨ ᠬᠦᠯᠦᠰᠦ ᠰᠠᠶᠢᠨ ᠰᠢᠩᠭᠡᠭᠡᠲᠡᠭ | ᠬᠠᠨᠳᠠᠭᠠᠰᠤ ᠵᠡᠷᠭᠡ ᠶᠢ ᠰᠤᠩᠭᠤᠬᠤ ᠬᠡᠷᠡᠭᠳᠡᠢ ᠪᠦᠭᠡᠳ ᠬᠦᠷᠢᠨ ᠤ ᠭᠠᠳᠠᠨᠠᠬᠢ ᠲᠤᠶᠠᠭ᠎ᠠ ᠶᠢ ᠰᠡᠷᠭᠡᠶᠢᠯᠡᠬᠦ ᠳᠤᠰᠤ᠂ | ᠤᠷᠤᠭᠤᠯ ᠤᠨ ᠳᠤᠰᠤ᠂ ᠨᠠᠷᠠᠨ ᠰᠢᠯ᠂ ᠨᠠᠷᠠ ᠬᠠᠯᠬᠠᠯᠠᠬᠤ ᠮᠠᠯᠠᠭᠠᠢ ᠵᠠᠷᠭᠡ ᠵᠦᠢᠯ ᠢ ᠪᠠᠯᠡᠳᠭᠡᠬᠦ ᠬᠡᠷᠡᠭᠳᠡᠢ᠃ | ᠨᠠᠮᠤᠷ ᠤᠨ ᠤᠯᠠᠷᠢᠯ ᠤᠨ ᠦᠷᠯᠦᠭᠡ ᠤᠷᠦᠢ ᠳᠤ ᠨᠢ ᠬᠤᠪᠴᠠᠰᠤ ᠪᠠᠨ ᠵᠤᠵᠠᠭᠠᠯᠠᠨ ᠡᠮᠦᠰᠴᠤ᠂ ᠳᠠᠭᠠᠷᠠᠬᠤ ᠠᠴᠠ | ᠬᠢᠴᠢᠶᠡᠬᠦ ᠬᠡᠷᠡᠭᠳᠡᠢ᠃ 3. ᠡᠯᠡᠰᠤᠨ ᠳᠤ ᠶᠠᠪᠤᠬᠤ ᠳᠤ ᠪᠠᠨ ᠬᠠᠮᠤᠭ ᠰᠠᠶᠢᠨ ᠨᠢ ᠬᠦᠩᠭᠡᠨ᠂ ᠠᠭᠠᠷ ᠨᠡᠪᠳᠡᠷᠡᠬᠦ | ᠴᠢᠨᠠᠷ ᠢᠶᠠᠷ ᠰᠠᠶᠢᠨ᠂ ᠦᠨᠳᠦᠷ ᠲᠦᠷᠠᠢ ᠲᠠᠢ ᠢᠯᠬᠢᠨ ᠠᠷᠠᠰᠤᠨ ᠱᠠᠬᠠᠢ ᠶᠢ ᠰᠤᠩᠭᠤᠵᠤ᠂ ᠱᠠᠬᠠᠢ ᠳᠤ ᠡᠯᠡᠰᠤ | ᠤᠷᠤᠵᠤ ᠵᠠᠮ ᠶᠡᠪᠤᠬᠤ ᠶᠢ ᠨᠦᠯᠦᠭᠡᠯᠡᠬᠦ ᠶᠢ ᠰᠡᠷᠭᠡᠶᠢᠯᠡᠨ᠂ ᠵᠤᠨ ᠤ ᠭᠤᠤᠯ ᠦᠳᠡ ᠳᠤ ᠶᠠᠪᠠᠭᠠᠨ ᠶᠠᠪᠤᠵᠤ ᠪᠤᠯᠬᠤ | ᠦᠭᠡᠢ᠂ ᠡᠯᠡᠰᠤᠨ ᠤ ᠭᠠᠲᠠᠷᠭᠤ ᠶᠢᠨ ᠬᠠᠯᠠᠭᠤᠨ ᠤ ᠬᠡᠮᠵᠢᠶ᠎ᠡ ᠲᠤᠩ ᠦᠨᠳᠤᠷ ᠪᠠᠶᠢᠳᠠᠭ᠂ ᠠᠮᠠᠷᠬᠠᠨ ᠨᠠᠷᠠᠰᠢᠬᠤ ᠪᠤᠶᠤ | ᠠᠷᠠᠰᠤ ᠮᠢᠬ᠎ᠠ ᠶᠢ ᠰᠢᠷᠠᠵᠤ ᠰᠢᠷᠬᠠᠳᠤᠭᠤᠯᠤᠨᠠ᠃ 4. ᠡᠯᠡᠰᠤ ᠮᠠᠩᠬᠠᠨ ᠳᠤ ᠶᠠᠪᠤᠪᠠᠯ ᠦᠷᠭᠦᠯᠵᠢ ᠤᠰᠤ ᠤᠤᠭᠤᠬᠤ | ᠪᠦᠭᠡᠳ ᠢᠯᠡᠭᠦᠦ ᠵᠢᠮᠢᠰ ᠢᠳᠡᠬᠦ ᠠᠴᠠ ᠭᠠᠳᠠᠨ᠎ᠠ᠂ ᠦᠷᠭᠦᠯᠵᠢ ᠬᠡᠷᠡᠭᠯᠡᠬᠦ ᠡᠮ ᠢᠶᠠᠨ ᠪᠡᠯᠡᠳᠭᠡᠨ᠎ᠡ᠂ ᠵᠢᠱᠢᠶᠠᠯᠡᠪᠠᠯ᠄ | ᠨᠢᠳᠦᠨ ᠳᠤ ᠲᠤᠰᠤᠭᠠᠬᠤ ᠡᠮ᠂ ᠪᠠᠺᠲ᠋ᠧᠷᠢ ᠦᠷᠪᠢᠰᠤᠯ ᠢ ᠰᠡᠷᠭᠡᠶᠢᠯᠡᠬᠦ ᠡᠮ᠂ ᠳᠡᠷᠭᠡᠨ ᠳᠤ ᠰᠠᠭᠤᠭᠠᠳ ᠲᠤᠷ᠎ᠠ | ᠪᠤᠯᠭᠢᠬᠤ ᠶᠢ ᠰᠡᠷᠭᠡᠶᠢᠯᠡᠬᠦ ᠡᠮ ᠵᠢᠴᠢ ᠬᠢᠮᠤᠷᠠᠭᠠᠨ ᠤ ᠡᠮ ᠪᠤᠯᠤᠨ ᠬᠤᠳᠤᠭᠤᠳᠤ ᠭᠡᠳᠡᠰᠤᠨ ᠤ ᠡᠮ ᠵᠡᠷᠭᠡ᠃ ᠵᠢᠮᠢᠰ | ᠢᠳᠡᠵᠤ ᠪᠠᠷᠠᠭᠰᠠᠨ ᠤ ᠳᠠᠷᠠᠭ᠎ᠠ ᠬᠠᠯᠠᠭᠤᠨ ᠴᠠᠢ ᠤᠤᠭᠤᠵᠤ ᠪᠤᠯᠬᠤ ᠦᠭᠡᠢ᠂ ᠠᠮᠠᠷᠬᠠᠨ ᠴᠢᠴᠠᠭ᠎ᠠ ᠠᠯᠳᠠᠨ᠎ᠠ᠃ 5. | ᠴᠦᠭᠡᠨ ᠳᠤᠭᠠᠳᠤ ᠦᠨᠳᠦᠰᠦᠳᠡᠨ ᠤ ᠭᠠᠵᠠᠷ ᠤᠷᠤᠨ ᠤᠯᠠᠩᠬᠢ ᠳᠤ ᠪᠠᠨ ᠦᠬᠡᠷ ᠬᠤᠨᠢᠨ ᠮᠢᠬ᠎ᠠ ᠪᠠᠷ ᠭᠤᠤᠯ | ᠪᠤᠯᠭᠠᠳᠠᠭ᠃ ᠲᠤᠬᠠᠢ ᠶᠢᠨ ᠭᠠᠵᠠᠷ ᠤᠷᠤᠨ ᠤ ᠴᠦᠭᠡᠨ ᠳᠤᠭᠠᠳᠤ ᠦᠨᠳᠦᠰᠦᠳᠡᠨ ᠤ ᠵᠠᠩ ᠳᠠᠳᠬᠠᠯ ᠢ | ᠬᠦᠨᠳᠦᠳᠬᠡᠵᠤ᠂ ᠰᠡᠷᠭᠡᠭ ᠴᠢᠨᠠᠷ ᠲᠠᠢ ᠦᠭᠡ ᠶᠠᠷᠢᠬᠤ ᠶᠢ ᠴᠡᠭᠡᠷᠯᠡᠨ᠎ᠡ᠃ 6. ᠡᠯᠡᠰᠤ ᠮᠠᠩᠬᠠᠨ ᠤ ᠨᠠᠷᠠ ᠭᠠᠷᠬᠤ ᠪᠠ | ᠨᠠᠷᠠ ᠰᠢᠩᠭᠡᠬᠦ ᠦᠶ᠎ᠡ ᠶᠢᠨ ᠦᠵᠡᠮᠵᠢ ᠶᠢ ᠰᠡᠭᠦᠳᠡᠷᠯᠡᠭᠰᠡᠨ ᠦᠷ᠎ᠡ ᠳ᠋ᠦᠩ ᠨᠢ ᠲᠤᠩ ᠰᠠᠶᠢᠨ ᠪᠠᠶᠢᠳᠠᠭ᠂ ᠰᠠᠭᠦᠲᠡᠷᠯᠡᠬᠦ | ᠰᠠᠨᠠᠭ᠎ᠠ ᠲᠠᠢ ᠪᠠᠶᠢᠪᠠᠯ᠂ ᠰᠠᠭᠦᠳᠡᠷᠯᠡᠬᠦ ᠮᠠᠰᠢᠨ ᠵᠡᠷᠭᠡ ᠪᠠᠨ ᠰᠠᠶᠢᠬᠠᠨ ᠪᠡᠯᠡᠳᠭᠡᠵᠤ᠂ ᠬᠡᠷᠡᠭᠯᠡᠬᠦ ᠦᠭᠡᠢ ᠦᠶ᠎ᠡ ᠳᠤ ᠪᠠᠨ | ᠡᠷᠬᠡᠪᠰᠢ ᠰᠠᠶᠢᠬᠠᠨ ᠪᠤᠭᠤᠵᠤ ᠲᠠᠯᠪᠢᠨ᠂ ᠰᠡᠭᠦᠳᠡᠷᠯᠡᠬᠦ ᠮᠠᠰᠢᠨ ᠵᠡᠷᠭᠡ ᠳᠤ ᠡᠯᠡᠰᠤ ᠰᠢᠷᠦᠢ ᠤᠷᠤᠵᠤ᠂ ᠮᠠᠰᠢᠨ ᠢ | ᠡᠪᠳᠡᠯᠬᠦ ᠠᠴᠠ ᠬᠢᠴᠢᠶᠡᠨ᠎ᠡ᠃ 7. ᠡᠯᠡᠰᠤ ᠮᠠᠩᠬᠠᠨ ᠤ ᠡᠯ᠎ᠡ ᠵᠦᠢᠯ ᠤᠨ ᠡᠪᠡᠰᠤ ᠤᠷᠭᠤᠮᠠᠯ ᠢ ᠡᠪᠳᠡᠵᠤ ᠰᠦᠢᠳᠬᠡᠵᠦ | ᠪᠤᠯᠬᠤ ᠦᠭᠡᠢ ᠪᠦᠭᠡᠳ ᠤᠰᠤ ᠠᠷᠪᠢᠯᠠᠬᠤ ᠬᠡᠷᠡᠭᠳᠡᠢ᠂ ᠳᠡᠳᠡᠭᠡᠷ ᠨᠢ ᠡᠯᠡᠰᠤ ᠮᠠᠩᠬᠠᠨ ᠠᠮᠢ ᠠᠬᠤᠢ ᠶᠢ | ᠬᠠᠮᠠᠭᠠᠯᠠᠬᠤ ᠳᠤ ᠤᠮᠳᠤᠭᠠᠢᠢᠯᠠᠵᠤ ᠪᠤᠯᠤᠰᠢ ᠦᠭᠡᠢ ᠦᠢᠯᠡᠳᠦᠯ ᠲᠠᠢ᠃ 8. ᠲᠠᠨ ᠤ ᠵᠢᠭᠤᠯᠴᠢᠯᠠᠵᠤ ᠪᠠᠶᠢᠭ᠎ᠠ ᠤᠷᠤᠨ | ᠪᠤᠯ ᠡᠯᠡᠰᠤ ᠮᠠᠩᠬᠠᠨ ᠠᠮᠢ ᠠᠬᠤᠢ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠬᠤᠷ ᠦᠪᠡᠷ ᠤᠨ ᠬᠡᠷᠡᠭᠯᠡᠵᠤ | ᠦᠩᠭᠡᠷᠡᠭᠰᠡᠨ ᠠᠮᠢᠳᠤᠷᠠᠯ ᠤᠨ ᠬᠠᠶᠠᠭᠳᠠᠮᠠᠯ ᠡᠳ᠋ ᠪᠠᠨ ᠲᠦᠷᠦᠯ ᠬᠤᠪᠢᠶᠠᠨ᠂ ᠦᠵᠡᠮᠵᠢ ᠶᠢᠨ ᠤᠷᠤᠨ ᠳᠤ | ᠲᠤᠬᠢᠷᠠᠭᠤᠯᠤᠭᠰᠠᠨ ᠬᠤᠭ ᠤᠨ ᠰᠠᠪᠠᠨ ᠳᠤ ᠬᠢᠬᠦ ᠬᠡᠷᠡᠭᠳᠡᠢ᠃ 9. ᠶᠠᠪᠠᠭᠠᠨ ᠢᠶᠠᠷ ᠡᠯᠡᠰᠤ ᠮᠠᠩᠬᠠᠨ ᠳᠤ ᠪᠠᠷᠲᠠᠭ᠎ᠠ | ᠰᠢᠨᠵᠢᠯᠡᠬᠦ ᠳᠤ᠂ ᠬᠡᠭᠡᠷ᠎ᠡ ᠬᠤᠨᠤᠭᠯᠠᠬᠤ ᠲᠦᠬᠦᠭᠡᠷᠦᠮᠵᠢ ᠪᠤᠯᠤᠨ ᠬᠡᠷᠡᠭᠯᠡᠬᠦ ᠪᠠᠭᠠᠵᠢ ᠶᠢ ᠪᠡᠯᠡᠳᠭᠡᠵᠤ᠂ ᠬᠠᠮᠤᠭ | ᠰᠠᠶᠢᠨ ᠨᠢ ᠲᠤᠰᠬᠠᠢ ᠮᠡᠷᠭᠡᠵᠢᠯᠳᠡᠨ ᠢᠶᠠᠷ ᠬᠠᠪᠰᠤᠷᠠᠭᠤᠯᠤᠨ ᠮᠠᠶᠢᠬᠠᠨ ᠢᠶᠠᠨ ᠪᠤᠰᠬᠠᠬᠤ ᠶᠢᠨ ᠬᠠᠮᠳᠤ ᠵᠠᠮ | ᠳᠠᠭᠠᠭᠤᠯᠤᠭᠴᠢ ᠲᠠᠢ ᠰᠠᠶᠢᠨ ᠨᠡᠪᠳᠡᠷᠡᠯᠴᠡᠬᠦ ᠶᠢ ᠠᠩᠬᠠᠷᠬᠤ ᠬᠡᠷᠡᠭᠳᠡᠢ᠃ 10. ᠡᠯᠡᠰᠤ ᠮᠠᠩᠬᠠᠨ ᠳᠤ | ᠵᠢᠭᠤᠯᠴᠢᠯᠠᠬᠤ ᠶᠢᠨ ᠲᠤᠬᠢᠷᠠᠮᠵᠢᠲᠡᠢ ᠤᠯᠠᠷᠢᠯ ᠪᠤᠯ 5--10 ᠰᠠᠷ᠎ᠠ ᠪᠠᠶᠢᠵᠤ᠂ 6--9 ᠰᠠᠷ᠎ᠠ ᠪᠤᠯ ᠬᠠᠮᠤᠭ ᠰᠠᠶᠢᠨ | ᠦᠶ᠎ᠡ ᠪᠤᠯᠤᠨ᠎ᠠ᠂ ᠶᠠᠪᠠᠭᠠᠨ ᠢᠶᠠᠷ ᠡᠯᠡᠰᠤ ᠮᠠᠩᠬᠠᠨ ᠳᠤ ᠪᠠᠷᠲᠠᠭ᠎ᠠ ᠰᠢᠨᠵᠢᠯᠡᠬᠦ ᠤᠯᠠᠷᠢᠯ ᠪᠤᠯ 9--10 ᠰᠠᠷ᠎ᠡ | ᠪᠤᠯᠤᠨ᠎ᠠ᠃ | | |