ᠢᠳᠡᠰᠢᠨ ᠨᠤᠭᠤᠭ᠎ᠠ ᠢᠯᠡᠭᠦᠦ ᠢᠳᠡᠬᠦ ᠳᠡᠮ
ᠨᠡᠶᠢᠲᠡᠯᠡᠭᠰᠡᠨ ᠴᠠᠭ᠄
2021/10/28
       ᠬᠡᠮᠵᠢᠶᠡᠨ ᠤ ᠳᠠᠯ᠎ᠠ ᠠᠴᠠ ᠶᠠᠷᠢᠪᠠᠯ᠂ 100 ᠭᠷᠡᠮ ᠳᠦᠭᠦᠬᠡᠢ ᠢᠳᠡᠰᠢᠨ ᠨᠤᠭᠤᠭ᠎ᠠ ᠶᠢ ᠪᠤᠯᠭᠤᠭᠰᠠᠨ ᠤ ᠳᠠᠷᠠᠭ᠎ᠠ ᠶᠡᠭᠡ ᠪᠠᠭ᠎ᠠ ᠨᠢ ᠪᠠᠷᠤᠭ ᠨᠢᠭᠡ ᠳᠤᠤᠷ ᠪᠦᠮᠪᠦᠭᠡ ᠶᠢᠨ ᠬᠢᠷᠢ ᠪᠤᠯᠳᠠᠭ᠂ ᠳᠡᠶᠢᠮᠦ ᠠᠴᠠ ᠡᠳᠦᠷ ᠲᠤ 5 ᠳᠤᠤᠷ ᠪᠦᠮᠪᠦᠭᠡ ᠶᠢᠨ ᠬᠢᠷᠢ ᠢᠳᠡᠰᠢᠨ ᠨᠤᠭᠤᠭ᠎ᠠ ᠢᠳᠡᠬᠦ ᠳᠤ ᠯᠡ 500 ᠭᠷᠡᠮ ᠳᠦᠭᠦᠬᠡᠢ ᠢᠳᠡᠰᠢᠨ ᠨᠤᠭᠤᠭ᠎ᠠ ᠢᠳᠡᠭᠰᠡᠨ ᠲᠠᠢ ᠳᠡᠩᠴᠡᠨ᠎ᠠ᠃ 1. ᠬᠤᠭᠤᠯᠨ ᠪᠤᠯᠭᠠᠨ ᠪᠦᠷ ᠢᠳᠡᠰᠢᠨ ᠨᠤᠭᠤᠭ᠎ᠠ ᠪᠡᠯᠡᠳᠭᠡᠨ᠎ᠡ᠃ ᠨᠢᠭᠡ ᠡᠷᠢᠨ ᠤ ᠬᠤᠭᠤᠯᠠᠨ ᠤ ᠬᠠᠭᠠᠰ ᠢ ᠨᠢ ᠢᠳᠡᠰᠢᠨ ᠨᠤᠭᠤᠭ᠎ᠠ ᠡᠵᠡᠯᠡᠵᠦ ᠪᠠᠶᠢᠬᠤ ᠶᠢ ᠪᠠᠳᠤᠯᠠᠨ᠎ᠠ᠃ ᠳᠡᠭᠡᠪᠡᠯ ᠰᠠᠶ᠋ᠢ 300 — 500 ᠭᠷᠡᠮ ᠤᠨ ᠬᠠᠷᠠᠯᠳᠠ ᠪᠠᠨ ᠪᠡᠶᠡᠯᠡᠭᠦᠯᠵᠦ ᠳᠡᠶᠢᠯᠦᠨ᠎ᠠ᠃ 2. ᠭᠠᠷ ᠤᠨ ᠦᠵᠦᠭᠦᠷ ᠳᠠᠯᠪᠢᠨ᠎ᠠ᠃ ᠠᠮᠧᠷᠢᠺᠠ ᠶᠢᠨ ᠨᠢᠭᠡᠨ ᠰᠤᠳᠤᠯᠭᠠᠨ ᠠᠴᠠ ᠦᠵᠡᠪᠡᠯ᠂ ᠬᠥᠯᠳᠡᠭᠦᠷ ᠤᠨ ᠬᠠᠭᠠᠯᠭ᠎ᠠ ᠶᠢ ᠨᠡᠭᠡᠭᠡᠬᠦ ᠲᠠᠢ ᠵᠡᠷᠭᠡ ᠨᠢᠳᠤᠨ ᠳᠤ ᠦᠷᠳᠦᠳᠡᠭ ᠳᠡᠷᠡ ᠢᠳᠡᠭᠡᠨ ᠤ ᠵᠦᠢᠯ ᠢ ᠰᠤᠩᠭᠤᠵᠤ ᠢᠳᠡᠬᠦ ᠳᠤᠬᠢᠶᠠᠯᠳᠤᠯ ᠨᠢ ᠬᠤᠶᠠᠷ ᠳᠠᠬᠢᠨ ᠢᠶᠠᠷ ᠦᠨᠳᠦᠷ ᠪᠠᠶᠢᠳᠠᠭ ᠪᠠᠶᠢᠨ᠎ᠠ᠂ ᠳᠡᠶᠢᠮᠦ ᠠᠴᠠ ᠢᠳᠡᠰᠢᠨ ᠨᠤᠭᠤᠭ᠎ᠠ ᠪᠠᠨ ᠨᠢᠳᠤᠨ ᠳᠤ ᠦᠵᠡᠭᠳᠡᠳᠡᠭ ᠭᠠᠷ ᠲᠤ ᠪᠠᠷᠢᠬᠳᠠᠳᠠᠭ ᠭᠠᠵᠠᠷ ᠳᠠᠯᠪᠢᠬᠤ ᠨᠢ ᠳᠤᠩ ᠴᠢᠬᠤᠯᠠ᠃ 3. ᠰᠢᠨ᠎ᠡ ᠰᠡᠪᠡᠭᠦᠨ ᠢᠳᠡᠬᠦ ᠠᠷᠭ᠎ᠠ ᠶᠢ ᠳᠤᠷᠰᠢᠵᠤ ᠪᠤᠯᠤᠨ᠎ᠠ᠃ ᠢᠳᠡᠰᠢᠨ ᠨᠤᠭᠤᠭ᠎ᠠ ᠶᠢ ᠬᠤᠭᠤᠯᠠᠨ ᠤ ᠪᠠᠨ ᠭᠤᠤᠯ ᠪᠠᠶᠢᠷᠢᠨ ᠳᠤ ᠳᠠᠯᠪᠢᠵᠤ᠂ ᠶᠠᠩᠵᠤ ᠶᠠᠩᠵᠤ ᠪᠠᠷ ᠢᠳᠡᠬᠦ ᠶᠢ ᠳᠤᠷᠰᠢᠵᠤ ᠦᠵᠡᠵᠦ ᠪᠤᠯᠤᠨ᠎ᠠ᠂ ᠠᠯᠠᠬᠯᠠᠭᠤᠯᠵᠤ ᠢᠳᠡᠬᠦ ᠳᠤᠷᠠᠳᠠᠢ ᠪᠠᠭᠰᠤᠷᠭ᠎ᠠ ᠬᠤᠯᠢᠴᠠ ᠬᠢᠵᠦ ᠢᠳᠡᠵᠦ ᠪᠤᠯᠤᠨ᠎ᠠ᠃ ᠭᠡᠷ ᠲᠡᠭᠡᠨ ᠢᠳᠡᠰᠢᠨ ᠨᠤᠭᠤᠭ᠎ᠠ ᠶᠢᠨ ᠰᠢᠭᠦᠰᠦ ᠰᠢᠬᠠᠵᠤ ᠤᠤᠭᠤᠵᠤ ᠪᠤᠯᠤᠨ᠎ᠠ᠂ ᠢᠳᠡᠰᠢᠨ ᠨᠤᠭᠤᠭ᠎ᠠ ᠶᠢᠨ ᠰᠢᠭᠦᠰᠦ ᠰᠢᠬᠠᠵᠤ ᠤᠤᠭᠤᠬᠤ ᠳᠠᠭᠠᠨ ᠰᠢᠭᠠᠷᠤ ᠲᠠᠢ ᠨᠢ ᠴᠤᠭ ᠤᠤᠭᠤᠪᠠᠯ ᠬᠠᠮᠤᠭ ᠰᠠᠶᠢᠨ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号