ᠨᠢᠰᠢᠩᠬᠦ ᠨᠦᠢᠷ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2021/10/28
        ᠶᠠᠫᠤᠨ ᠤ ᠵᠦᠪᠦ᠋ᠸᠧ ᠶᠡᠭᠡ ᠰᠤᠷᠭᠠᠭᠤᠯᠢ ᠶᠢᠨ ᠨᠦᠢᠷ ᠤᠨ ᠶᠡᠷᠦᠩᠭᠡᠶᠢᠯᠡᠭᠰᠡᠨ ᠰᠤᠳᠤᠯᠭᠠᠨ ᠤ ᠭᠠᠵᠠᠷ ᠤᠨ ᠬᠠᠮᠤᠬ ᠤᠨ ᠰᠢᠨ᠎ᠡ ᠰᠤᠳᠤᠯᠭᠠᠨ ᠢ ᠦᠨᠳᠦᠰᠦᠯᠡᠪᠡᠯ᠂ ᠪᠠᠶᠢᠭᠠᠯᠢᠯᠢᠬ ᠬᠢᠮᠢ ᠶᠢᠨ ᠨᠡᠶᠢᠯᠡᠮᠡᠯ ᠡᠳ᠋ ᠬᠤᠷᠢᠨ ᠨᠠᠢᠮᠠᠨ ᠠᠯᠺᠤᠤᠯ ᠨᠦᠢᠷ ᠬᠤᠯᠵᠢᠬᠤ ᠶᠢ ᠨᠠᠮᠳᠠᠭᠠᠬᠤ ᠳᠤ ᠳᠤᠰᠠᠳᠠᠢ᠃ ᠳᠤᠰ ᠬᠢᠮᠢ ᠶᠢᠨ ᠨᠡᠶᠢᠯᠡᠮᠡᠯ ᠡᠳ᠋ ᠨᠢ ᠨᠢᠰᠢᠩᠬᠦ᠂ ᠪᠤᠭᠤᠳᠠᠢ ᠶᠢᠨ ᠬᠠᠯᠢᠰᠤᠨ ᠳᠤᠰᠤ ᠪᠠ ᠵᠦᠭᠡᠢ ᠶᠢᠨ ᠯᠡ ᠳᠤ ᠡᠯᠪᠡᠭ ᠠᠭᠤᠯᠤᠭᠳᠠᠳᠠᠭ᠃ ᠰᠢᠨᠵᠢᠯᠡᠬᠦ ᠤᠬᠠᠭᠠᠨᠳᠠᠳ ᠬᠤᠶᠠᠷ ᠳᠤᠭᠤᠢᠢᠯᠠᠩ ᠬᠤᠯᠤᠭᠠᠨ᠎ᠠ ᠳᠤ ᠳᠤᠷᠰᠢᠯᠳᠠ ᠬᠢᠵᠦ᠂ ᠨᠢᠭᠡ ᠳᠤᠭᠤᠢᠢᠯᠠᠩ ᠬᠤᠯᠤᠭᠠᠨ᠎ᠠ ᠶᠢᠨ ᠰᠢᠩᠭᠡᠯᠢᠭ ᠢ ᠦᠭᠡᠷᠡᠴᠢᠯᠡᠭᠡᠳ ᠪᠠᠭ᠎ᠠ ᠳᠠᠷᠤᠯᠳᠠ ᠪᠠᠷ ᠬᠤᠯᠤᠭᠠᠨ᠎ᠠ ᠶᠢᠨ ᠨᠦᠢᠷ ᠢ ᠬᠠᠷᠰᠢᠯᠠᠨ᠂ ᠨᠦᠬᠦᠭᠡ ᠨᠢᠭᠡ ᠳᠤᠭᠤᠢᠢᠯᠠᠩ ᠤᠨ ᠬᠤᠯᠤᠭᠠᠨ᠎ᠠ ᠶᠢ ᠭᠡᠪ ᠤᠨ ᠪᠠᠶᠢᠯᠭᠠᠪᠠ᠃ ᠳᠤᠭᠤᠢᠢᠯᠠᠩ ᠪᠦᠷᠢ ᠶᠢᠨ ᠬᠤᠯᠤᠭᠠᠨ᠎ᠠ ᠶᠢᠨ ᠬᠠᠭᠠᠰ ᠳᠤᠭᠠᠨ ᠤ ᠬᠢ ᠳᠤᠨᠢ ᠨᠢᠭᠡ ᠺᠢᠯᠦᠭᠷᠡᠮ ᠪᠡᠶ᠎ᠡ ᠶᠢᠨ ᠬᠦᠨᠳᠦ ᠪᠦᠷᠢ 200 ᠮᠢᠯᠢᠭᠷᠡᠮ ᠬᠤᠷᠢᠨ ᠨᠠᠢᠮᠠᠨ ᠠᠯᠺᠤᠤᠯ ᠢᠶᠠᠷ ᠲᠡᠵᠢᠭᠡᠵᠦ᠂ ᠨᠦᠬᠦᠭᠡ ᠬᠠᠭᠠᠰ ᠲᠤᠨᠢ ᠡᠬᠦᠨ ᠢ ᠢᠳᠡᠬᠦᠯᠦᠭᠰᠡᠨ ᠦᠭᠡᠢ᠃ ᠡᠳᠡᠭᠡᠷ ᠢ ᠢᠳᠡᠬᠦᠯᠦᠭᠰᠡᠨ ᠤ 24 ᠴᠠᠭ ᠤᠨ ᠳᠠᠷᠠᠭ᠎ᠠ᠂ ᠰᠢᠨᠵᠢᠯᠡᠬᠦ ᠤᠬᠠᠭᠠᠨᠳᠠᠳ ᠳᠤᠷᠰᠢᠯᠳᠠ ᠶᠢᠨ ᠬᠤᠯᠤᠭᠠᠨ᠎ᠠ ᠳᠤ ᠨᠦᠢᠷ ᠤᠨ ᠳᠤᠬᠠᠢ ᠭᠡᠮᠵᠢᠨ ᠪᠠᠶᠢᠴᠠᠭᠠᠯᠳᠠ ᠬᠢᠬᠦ ᠶᠢᠨ ᠬᠠᠮᠳᠤ ᠬᠤᠯᠤᠭᠠᠨ᠎ᠠ ᠶᠢᠨ ᠴᠢᠰᠤᠨ ᠳᠠᠬᠢ ᠳᠠᠷᠤᠯᠳᠠ ᠶᠢ ᠭᠡᠮᠵᠢᠬᠦ ᠪᠤᠷᠤ ᠡᠳ᠋ ᠤᠨ ᠺᠧᠲ᠋ᠤᠨ ᠤ ᠭᠡᠮᠵᠢᠶ᠎ᠡ ᠶᠢ ᠪᠠᠶᠢᠴᠠᠭᠠᠵᠠᠢ᠃ ᠡᠬᠦᠨ ᠤ ᠬᠠᠮᠳᠤ᠂ ᠳᠠᠳᠠ ᠪᠠᠰᠠ ᠺᠤᠮᠫᠢᠦ᠋ᠲ᠋ᠧᠷ ᠤᠨ ᠵᠢᠷᠤᠭ ᠢᠶᠠᠷ ᠬᠤᠯᠤᠭᠠᠨ᠎ᠠ ᠶᠢᠨ ᠶᠡᠭᠡ ᠳᠠᠷᠢᠬᠢᠨ ᠤ ᠠᠵᠢᠯᠯᠠᠭ᠎ᠠ ᠶᠢ ᠬᠢᠨᠠᠨ ᠭᠡᠮᠵᠢᠪᠡ᠃ ᠡᠬᠦᠨ ᠳᠤ᠂ ᠡᠶᠢᠮᠦᠷᠬᠦ ᠬᠢᠮᠢ ᠶᠢᠨ ᠨᠡᠶᠢᠯᠡᠮᠡᠯ ᠡᠳ᠋ ᠨᠢ ᠭᠡᠪ ᠤᠨ ᠬᠤᠯᠤᠭᠠᠨ᠎ᠠ ᠳᠤ ᠶᠠᠮᠠᠷᠴᠤ ᠨᠦᠯᠦᠭᠡ ᠪᠤᠯᠤᠭᠰᠠᠨ ᠦᠭᠡᠢ ᠪᠤᠯᠪᠠᠴᠤ ᠤᠨᠴᠠᠭᠠᠢ ᠰᠢᠩᠭᠡᠯᠢᠭ ᠲᠤ ᠬᠤᠷᠢᠭᠰᠠᠨ ᠬᠤᠯᠤᠭᠠᠨ᠎ᠠ ᠬᠠᠷᠢᠨ ᠬᠤᠷᠢᠨ ᠨᠠᠢᠮᠠᠨ ᠠᠯᠺᠤᠤᠯ ᠢ ᠢᠳᠡᠭᠰᠡᠨ ᠤ ᠳᠠᠷᠠᠭ᠎ᠠ ᠳᠤᠭ ᠨᠦᠢᠷ ᠲᠠᠭᠠᠨ ᠪᠠᠶᠢᠬᠤ ᠬᠤᠭᠤᠴᠠᠭ᠎ᠠ ᠨᠢ ᠢᠯᠡᠳᠳᠡ ᠤᠷᠳᠤ ᠪᠤᠯᠤᠭᠰᠠᠨ ᠮᠦᠷᠲᠡᠭᠡᠨ ᠳᠤᠩ ᠲᠦᠷᠭᠡᠨ ᠤᠨᠳᠠᠭᠰᠠᠨ ᠪᠠᠶᠢᠪᠠ᠃ ᠰᠢᠨᠵᠢᠯᠡᠬᠦ ᠤᠬᠠᠭᠠᠨᠳᠠᠳ ᠤᠨ ᠦᠵᠡᠬᠦ ᠪᠠᠷ᠂ ᠳᠠᠷᠤᠯᠳᠠ ᠶᠡᠭᠡ ᠬᠤᠯᠤᠭᠠᠨ᠎ᠠ ᠳᠤ ᠬᠤᠷᠢᠨ ᠨᠠᠢᠮᠠᠨ ᠠᠯᠺᠤᠤᠯ ᠢ ᠢᠳᠡᠬᠦᠯᠦᠭᠰᠡᠨ ᠤ ᠳᠠᠷᠠᠭ᠎ᠠ᠂ ᠤᠨᠳᠠᠭᠰᠠᠨ ᠠᠴᠠ ᠰᠡᠷᠢᠬᠦ ᠪᠤᠯᠳᠠᠯᠠᠬᠢ ᠯᠠᠪᠯᠠᠯᠳᠠ ᠳᠤᠭ᠎ᠠ ᠨᠢ ᠭᠡᠪ ᠤᠨ ᠬᠤᠯᠤᠭᠠᠨ᠎ᠠ ᠲᠠᠢ ᠠᠳᠠᠯᠢᠪᠳᠤᠷ᠃ ᠳᠠᠷᠤᠢ᠂ ᠬᠤᠷᠢᠨ ᠨᠠᠢᠮᠠᠨ ᠠᠯᠺᠤᠤᠯ ᠨᠢ ᠳᠠᠷᠤᠯᠳᠠ ᠶᠢ ᠬᠦᠩᠭᠡᠷᠡᠬᠦᠯᠦᠨ᠂ ᠭᠡᠪ ᠤᠨ ᠨᠦᠢᠷ ᠢ ᠪᠠᠳᠤᠯᠠᠳᠠᠭ ᠪᠠᠶᠢᠪᠠ᠃ ᠤᠳᠤᠬᠠᠨ ᠤ ᠭᠡᠷᠡᠭᠯᠡᠵᠦ ᠪᠤᠯᠬᠤ ᠠᠮᠤᠷᠵᠢᠭᠤᠯᠬᠤ ᠡᠮ ᠲᠠᠢ ᠬᠠᠷᠢᠴᠠᠭᠤᠯᠪᠠᠯ᠂ ᠬᠤᠷᠢᠨ ᠨᠠᠢᠮᠠᠨ ᠠᠯᠺᠤᠤᠯ ᠳᠠᠪᠠᠭᠤᠯᠢᠬ ᠳᠠᠯ᠎ᠠ ᠲᠠᠢ᠃ ᠢᠳᠡᠭᠡᠨ ᠠᠴᠠ ᠢᠷᠡᠯᠳᠡ ᠲᠠᠢ ᠪᠠᠶᠢᠭᠠᠯᠢᠯᠢᠬ ᠨᠡᠶᠢᠯᠡᠮᠡᠯ ᠡᠳ᠋ ᠪᠤᠯᠤᠭᠰᠠᠨ ᠤ ᠬᠤᠪᠢ ᠳᠤ ᠲᠡᠷᠡ ᠨᠢ ᠵᠤᠬᠢᠶᠠᠮᠠᠯ ᠬᠢᠮᠢ ᠶᠢᠨ ᠨᠡᠶᠢᠯᠡᠮᠡᠯ ᠡᠳ᠋ ᠤᠨ ᠬᠦᠮᠦᠨ ᠤ ᠮᠠᠬᠠᠪᠤᠳ ᠲᠤ ᠦᠵᠡᠬᠦᠯᠬᠦ ᠮᠠᠭᠤ ᠦᠢᠯᠡᠳᠦᠯ ᠠᠴᠠ ᠵᠠᠶᠢᠯᠠᠰᠬᠢᠳᠠᠭ᠃ ᠡᠶᠢᠮᠦ ᠠᠴᠠ ᠰᠢᠨᠵᠢᠯᠡᠬᠦ ᠤᠬᠠᠭᠠᠨᠳᠠᠳ ᠤᠨ ᠰᠠᠨᠠᠭᠤᠯᠬᠤ ᠪᠠᠷ᠂ ᠬᠤᠷᠢᠨ ᠨᠠᠢᠮᠠᠨ ᠠᠯᠺᠤᠤᠯ ᠢ ᠤᠤᠭᠤᠵᠤ ᠳᠠᠷᠤᠯᠳᠠ ᠠᠴᠠ ᠪᠤᠯᠤᠭᠰᠠᠨ ᠨᠦᠢᠷ ᠬᠤᠯᠵᠢᠬᠤ ᠶᠢ ᠠᠷᠭᠠᠴᠠᠵᠤ ᠪᠤᠯᠤᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号