| 9 ᠰᠠᠷ᠎ᠠ ᠶᠢᠨ 29 ᠤ ᠡᠳᠤᠷ᠂ ᠤᠩᠨᠢᠭᠤᠳ ᠬᠤᠰᠢᠭᠤᠨ ᠤ ᠠᠰᠢᠬᠠᠨ ᠰᠤᠮᠤᠨ ᠤ ᠭᠤᠤᠯ ᠪᠠᠭ᠎ᠠ | ᠰᠤᠷᠭᠠᠭᠤᠯᠢ ᠳᠤ ︽ᠶᠤᠨᠳᠤᠨ ᠨᠤᠮ ᠤᠨ ᠦᠷᠤᠭᠡ︾ ᠨᠡᠬᠡᠬᠡᠯᠲᠠ ᠶᠢᠨ ᠶᠤᠰᠤᠯᠠᠯ ᠵᠢᠴᠢ ᠵᠢᠷᠭᠤᠳᠡᠬᠢ ᠤᠳᠠᠭᠠᠨ ᠤ | ︽ᠦᠰᠬᠦᠪᠤᠶᠠᠨ︾ ᠨᠡᠷᠡᠮᠵᠢᠲᠤ ᠵᠤᠬᠢᠶᠠᠯ ᠤᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠶᠠᠪᠤᠭᠳᠠᠭᠰᠠᠨ | ᠪᠠᠶᠢᠨ᠎ᠠ᠃ | ᠶᠤᠨᠳᠤᠨ ᠭᠤᠸᠠᠢ ᠦᠩᠭᠡᠷᠡᠭᠰᠠᠨ ᠳᠤ ᠵᠢᠭᠠᠬᠤ ᠶᠢ ᠰᠤᠳᠤᠯᠤᠭᠴᠢ᠂ ᠨᠠᠷᠢᠨ ᠪᠢᠴᠢᠭᠡᠴᠢ᠂ ᠨᠠᠶᠢᠷᠠᠭᠤᠯᠤᠭᠴᠢ | ᠵᠡᠷᠭᠡ ᠤᠯᠠᠨ ᠰᠠᠶᠢᠬᠠᠨ ᠠᠵᠢᠯ ᠳᠤ ᠭᠠᠪᠰᠢᠭᠠᠶᠢᠯᠠᠵᠤ᠂ ᠦᠪ ᠰᠤᠶᠤᠯ ᠤᠨ ᠲᠠᠷᠬᠠᠨ ᠭᠤᠯᠤᠮᠲᠠ ᠳᠤ ᠬᠦᠴᠤᠨ | ᠵᠢᠳᠬᠦᠯ ᠢᠶᠠᠨ ᠦᠵᠡᠬᠦᠯᠵᠤ ᠶᠠᠪᠤᠭᠰᠠᠨ ᠶᠤᠮ᠃ ᠲᠤᠰ ᠤᠳᠠᠭ᠎ᠠ ᠮᠢᠩᠭ᠎ᠠ ᠭᠠᠷᠤᠢ ᠲᠠᠪᠳᠡᠷ ᠨᠤᠮ ᠰᠡᠳᠬᠦᠯ ᠢᠶᠠᠨ | ᠠᠰᠢᠬᠠᠨ ᠰᠤᠮᠤᠨ ᠤ ᠭᠤᠤᠯ ᠪᠠᠭ᠎ᠠ ᠰᠤᠷᠭᠠᠭᠤᠯᠢ ᠳᠤ ᠬᠠᠨᠳᠢᠪᠯᠠᠵᠤ ᠨᠤᠮ ᠤᠨ ᠦᠷᠤᠭᠡ ᠪᠠᠶᠢᠭᠤᠯᠤᠨ᠂ ᠠᠰᠢᠬᠠᠨ | ᠨᠤᠳᠤᠭ ᠤᠨ ᠰᠤᠶᠤᠯ ᠰᠤᠷᠭᠠᠨ ᠬᠦᠮᠤᠵᠢᠯ ᠤᠨ ᠦᠢᠯᠡᠰ ᠲᠤ ᠴᠤᠭ ᠨᠠᠮᠡᠷᠢᠯᠠᠵᠤ ᠪᠠᠶᠢᠭ᠎ᠠ ᠨᠢ ᠡᠨᠡ ᠪᠢᠯᠡ᠃ ᠲᠤᠰ | ᠤᠳᠠᠭᠠᠨ ᠤ ᠠᠵᠢᠯᠯᠠᠭᠠᠨ ᠳᠤ ᠪᠠᠰᠠ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠶᠢᠨ ᠬᠢᠨ ᠠᠰᠢᠬᠠᠨ ᠰᠤᠮᠤᠨ ᠤ ᠭᠤᠤᠯ | ᠪᠠᠭ᠎ᠠ ᠰᠤᠷᠭᠠᠭᠤᠯᠢ ᠳᠤ ᠨᠤᠮ ᠬᠠᠨᠳᠢᠪᠯᠠᠬᠤ ᠠᠵᠢᠯᠯᠠᠭᠠᠨ ᠢ ᠶᠠᠪᠤᠭᠳᠠᠭᠤᠯᠤᠭᠰᠠᠨ ᠪᠠᠶᠢᠨ᠎ᠠ᠃ | | | | | | | | | | | | | |