ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠩᠬᠢᠮ ᠰᠢᠨ᠎ᠡ ᠭᠠᠵᠠᠷ ᠲᠤ ᠨᠡᠭᠦᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/11/1
       ᠪᠦᠬᠦ ᠬᠤᠰᠢᠭᠤᠨ ᠤ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ  ᠨᠢᠬᠡᠴᠢ᠂ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ᠄     ᠣᠩᠨᠢᠭᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ  ᠲᠠᠩᠬᠢᠮ ᠢ ᠡᠮᠦᠨᠡᠲᠦ ᠬᠡᠰᠡᠭ ᠤᠨ ᠠᠯᠪᠠᠯᠠᠬᠤ ᠲᠣᠭᠤᠷᠢᠭ ᠤᠨ ᠸᠧᠨ ᠪᠥᠸᠧ ᠲᠣᠮᠣ ᠠᠰᠠᠷ ᠲᠤ ᠨᠡᠭᠦᠯᠭᠡᠵᠦ᠂ 2021 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠠᠰᠢᠭᠯᠠᠯᠲᠠ ᠳᠤ  ᠤᠷᠤᠭᠤᠯᠤᠨ᠎ᠠ᠃ ᠡᠳᠦᠭᠡ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ  ᠵᠠᠷᠯᠠᠶ᠎ᠠ᠄       ᠨᠢᠬᠡ᠂ 11 ᠰᠠᠷ᠎ᠠ ᠶᠢᠨ 1 ᠤ ᠡᠳᠦᠷ ᠠᠴᠠ ᠡᠬᠢᠯᠡᠨ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ︵ᠡᠷᠦᠬᠡ ᠠᠮᠠ ᠶᠢᠨ ᠬᠠᠷᠢᠶ᠎ᠠ᠂ ᠲᠡᠷᠭᠡ  ᠵᠢᠯᠤᠭᠤᠳᠬᠤ ᠶᠢ ᠬᠠᠮᠢᠶᠠᠷᠬᠤ᠂ ᠬᠢᠯᠢ ᠪᠠᠷ ᠣᠷᠣᠵᠤ ᠭᠠᠷᠬᠤ ᠵᠡᠷᠭᠡ︶ ᠰᠠᠯᠠᠭ᠎ᠠ ᠮᠥᠴᠢᠷ ᠲᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠨ᠎ᠡ ᠲᠠᠩᠬᠢᠮ ᠳᠤ ᠰᠢᠯᠵᠢᠭᠦᠯᠦᠨ ᠬᠦᠢᠴᠡᠳᠬᠡᠵᠤ᠂ ᠤᠤᠯ ᠤᠨ ᠭᠠᠵᠠᠷ ᠲᠤ ᠨᠢ ᠳᠠᠭᠢᠵᠤ ᠭᠥᠯᠢᠶᠡᠨ ᠠᠪᠴᠤ ᠬᠦᠢᠴᠡᠳᠬᠡᠬᠦ ᠥᠬᠡᠶ᠃       ᠬᠤᠶᠠᠷ᠂ 11 ᠰᠠᠷ᠎ᠠ ᠶᠢᠨ 1 ᠤ ᠡᠳᠦᠷ ᠠᠴᠠ ᠡᠬᠢᠯᠡᠨ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ᠂ ᠠᠵᠢᠯ ᠣᠯᠭᠤᠬᠤ ᠦᠢᠯᠡᠴᠢᠯᠡᠭᠡ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠴᠥᠮ ᠵᠠᠰᠠᠭ ᠤᠨ ᠶᠠᠪᠤᠳᠠᠯ ᠤᠨ ᠰᠢᠨ᠎ᠡ ᠦᠢᠯᠡᠴᠢᠯᠡᠬᠡᠨ ᠤ ᠲᠠᠩᠬᠢᠮ ᠳᠤ ᠣᠴᠢᠵᠤ ᠬᠦᠢᠴᠡᠳᠬᠡᠬᠦ ᠭᠡᠷᠡᠭᠲᠠᠢ᠂ ᠤᠤᠯ ᠤᠨ  ᠨᠢᠬᠡᠴᠢ ᠨᠢ ᠳᠠᠭᠢᠵᠤ  ᠬᠦᠢᠴᠡᠳᠬᠡᠬᠦ ᠥᠬᠡᠶ᠃      ᠭᠤᠷᠪᠠ᠂ 11 ᠰᠠᠷ᠎ᠠ ᠶᠢᠨ 2  ᠤ ᠡᠳᠦᠷ ᠠᠴᠠ 3 ᠤ ᠡᠳᠦᠷ ᠪᠣᠯᠲᠠᠯ᠎ᠠ ᠥᠯᠥ ᠬᠥᠳᠡᠯᠬᠦ ᠬᠥᠷᠥᠩᠭᠡ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠳᠤ  ᠬᠤᠯᠪᠤᠭᠳᠠᠬᠤ  ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠬᠢᠨᠠᠨ ᠵᠥᠪᠰᠢᠶᠡᠷᠡᠬᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠪᠠ ᠠᠵᠤ ᠠᠬᠤᠶᠢᠯᠠᠯ ᠨᠡᠭᠡᠭᠡᠨ ᠡᠷᠭᠢᠯᠡᠬᠦ᠂ ᠬᠦᠴᠦᠨ ᠥᠬᠡᠶ ᠪᠣᠯᠭᠠᠬᠤ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠨ᠎ᠡ  ᠲᠠᠩᠬᠢᠮ ᠳᠤ ᠰᠢᠯᠵᠢᠭᠦᠯᠦᠨ ᠬᠦᠢᠴᠡᠳᠬᠡᠬᠦ ᠪᠣᠯᠤᠨ᠎ᠠ᠃      ᠲᠦᠷᠪᠡ᠂ ᠵᠠᠰᠠᠭ ᠤᠨ ᠶᠠᠪᠤᠳᠠᠯ ᠤᠨ ᠰᠢᠨ᠎ᠡ  ᠦᠢᠯᠡᠴᠢᠯᠡᠬᠡᠨ ᠤ  ᠲᠠᠩᠭᠢᠮ ᠳᠤ ᠬᠦᠷᠴᠦ ᠠᠵᠢᠯ ᠶᠠᠪᠤᠳᠠᠯ ᠬᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠭᠠᠷ ᠤᠲᠠᠰᠤ ᠪᠠᠷ ︽ᠣᠩᠨᠢᠭᠤᠳ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠠᠩᠭᠢᠮ ᠤᠨ ᠬᠤᠶᠠᠷ ᠬᠡᠮᠵᠢᠯᠳᠦ ᠺᠣᠳ᠋︾ ᠢ ᠰᠢᠷᠪᠢᠵᠤ ᠵᠢᠯᠣᠭᠤᠳᠣᠯᠭ᠎ᠠ ᠠᠪᠴᠤ ᠪᠣᠯᠤᠨ᠎ᠠ᠃ ᠠᠵᠢᠯ ᠶᠠᠪᠤᠳᠠᠯ  ᠬᠦᠢᠴᠡᠳᠬᠡᠬᠦ ᠣᠯᠠᠨ ᠲᠦᠮᠡᠨ ᠪᠠᠰᠠ ᠳᠤᠤᠷᠠᠬᠢ ︽ᠮᠥᠩᠬᠡ ᠰᠤᠪᠠᠭ︾ APP ᠢ ᠰᠢᠷᠪᠢᠵᠦ ᠬᠠᠮᠢᠶ᠎ᠠ ᠪᠥᠬᠦᠶ  ᠵᠦᠢᠯᠡᠰ ᠢ ᠠᠰᠠᠭᠤᠨ ᠯᠠᠪᠯᠠᠵᠤ ᠪᠣᠯᠤᠨ᠎ᠠ᠃      ᠲᠠᠪᠤ᠂ ᠨᠡᠭᠦᠬᠦ ᠬᠤᠭᠤᠴᠠᠭᠠᠨ ᠳᠤ᠂ ᠠᠵᠤ ᠠᠬᠤᠶᠢᠯᠠᠯ ᠪᠠ ᠤᠯᠠᠨ ᠲᠦᠮᠡᠨ ᠳᠤ ᠳᠥᠭᠦᠮ ᠦᠭᠡᠢ  ᠪᠤᠯᠤᠭᠰᠠᠨ ᠪᠠᠶᠢᠪᠠᠯ᠂  ᠳᠡᠮᠵᠢᠵᠦ ᠠᠭᠤᠴᠢᠯᠠᠬᠤ ᠪᠣᠯᠪᠠᠤ︕                  ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ              ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠣᠪᠴᠢᠶ᠎ᠠ                       2021 ᠣᠨ ᠤ 10 ᠰᠠᠷ᠎ᠠ ᠶᠢᠨ 29 ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号