ᠪᠣᠷᠣᠬᠤᠲᠠ ᠪᠠᠯᠭᠠᠰᠤ ᠠᠯᠠᠰᠢᠨ ᠦᠬᠡᠷ ᠤᠨ ᠠᠵᠤ  ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠵᠤ ᠪᠤᠢ
ᠨᠡᠶᠢᠲᠡᠯᠡᠭᠰᠡᠨ ᠴᠠᠭ᠄
2021/11/10
    ᠪᠣᠷᠣᠬᠤᠲᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠯᠠᠰᠢᠨ ᠦᠬᠡᠷ ᠤᠨ ᠠᠵᠤ ᠦᠢᠯᠡᠰ ᠢ ᠪᠠᠯᠭᠠᠰᠤ ᠪᠠᠨ ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ ᠶᠢᠨ ᠭᠤᠤᠯᠯᠠᠬᠤ ᠠᠵᠤ ᠦᠢᠯᠡᠰ  ᠪᠤᠯᠭᠠᠵᠤ ᠪᠤᠢ᠃ ᠠᠵᠤ ᠦᠢᠯᠡᠰ ᠪᠣᠯ ᠬᠥᠭᠵᠢᠯᠲᠡ ᠶᠢᠨ ᠰᠠᠭᠤᠷᠢ ᠮᠥᠨ᠂ ᠠᠵᠤ ᠦᠢᠯᠡᠰ ᠬᠥᠭᠵᠢᠪᠡᠯ ᠣᠯᠠᠨ ᠲᠦᠮᠡᠨ ᠤ ᠣᠷᠣᠯᠭ᠎ᠠ ᠰᠠᠶ᠋ᠢ ᠲᠣᠭᠲᠠᠭᠤᠨ ᠢᠶᠠᠷ ᠨᠡᠮᠡᠭᠳᠡᠵᠦ᠂ ᠶᠠᠳᠠᠭᠤ ᠠᠴᠠ  ᠠᠩᠬᠢᠵᠢᠷᠠᠭᠤᠯᠤᠭᠰᠠᠨ ᠦᠷ᠎ᠡ ᠪᠦᠲᠦᠭᠡᠯ ᠰᠠᠶ᠋ᠢ ᠪᠦᠲᠦᠮᠵᠢᠲᠡᠶ ᠪᠠᠬᠢᠵᠢᠵᠦ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠰᠠᠶ᠋ᠢ ᠯᠠᠪᠳᠠᠭᠤᠨ ᠢᠶᠠᠷ ᠠᠭᠢᠵᠤ ᠴᠢᠳᠠᠨ᠎ᠠ᠃ ᠬᠠᠷᠬᠤᠪᠤᠭ᠎ᠠ ᠭᠠᠴᠠᠭ᠎ᠠ ᠨᠢ ᠪᠣᠷᠣᠬᠤᠲᠠ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠲᠣ ᠦᠶ᠎ᠡ ᠶᠢᠨ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠣᠰᠬᠤᠨ ᠤ ᠨᠢᠭᠡ ᠪᠣᠯᠤᠭᠰᠠᠨ ᠤ ᠬᠤᠪᠢ ᠳᠤ᠂ ᠠᠯᠠᠰᠢᠨ ᠦᠬᠡᠷ ᠢ ᠰᠠᠶᠢᠵᠢᠷᠠᠭᠤᠯᠬᠤ ᠪᠠ ᠦᠷᠡᠵᠢᠭᠦᠯᠦᠨ ᠪᠤᠶᠢᠵᠢᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠪᠥᠬᠦ ᠲᠣᠰᠬᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ  ᠲᠠᠭᠠᠭᠤᠯᠵᠤ ᠪᠤᠢ  ᠃ ᡁᠢ ᠹᠦ᠋ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠠᠵᠤ ᠠᠬᠤᠶᠢᠯᠠᠯ 5000 ᠲᠡᠭᠰᠢ ᠳᠥᠷᠪᠡᠯᠵᠢᠨ  ᠮᠧᠲᠷ ᠰᠢᠬᠠᠮ ᠤᠨ ᠬᠠᠰᠢᠶ᠎ᠠ ᠰᠠᠷᠠᠪᠴᠢ  ᠪᠠᠶᠢᠭᠤᠯᠵᠤ᠂ 500 ᠴᠢᠨᠠᠷ ᠰᠠᠶᠢᠲᠠᠢ ᠮᠢᠬᠠᠨ ᠤ ᠦᠬᠡᠷ ᠢ ᠰᠢᠨ᠎ᠡ ᠪᠠᠷ ᠬᠤᠳᠠᠯᠳᠤᠨ ᠠᠪᠴᠤ ᠣᠷᠣᠭᠤᠯᠪᠠ᠃    ᠦᠷ᠎ᠡ ᠶᠢ ᠬᠠᠮᠠᠭᠠᠯᠠᠨ ᠦᠷᠡᠵᠢᠭᠦᠯᠦᠨ ᠪᠤᠶᠢᠵᠢᠭᠤᠯᠬᠤ ᠪᠠ ᠤᠨᠴᠠᠯᠢᠬᠳᠤ ᠲᠡᠵᠢᠭᠡᠨ ᠦᠷᠡᠵᠢᠭᠦᠯᠬᠦ ᠪᠣᠯ  ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠦᠷ᠎ᠡ ᠶᠢᠨ ᠢᠨᠵᠧᠨᠧᠷᠢᠩ︾ ᠢ ᠬᠡᠷᠡᠭᠵᠢᠭᠦᠯᠬᠦ ᠪᠠᠶᠢᠷᠢᠯᠠᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠮᠥᠨ᠂ ᠮᠥᠨ ᠴᠦ ᠪᠣᠷᠣᠬᠤᠲᠠ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠭᠤᠤᠯᠳᠠᠯᠭ᠎ᠠ ᠲᠠᠢ ᠲᠥᠷᠥᠯ  ᠵᠦᠢᠯ ᠤᠨ ᠨᠢᠭᠡ ᠪᠣᠯᠤᠨ᠎ᠠ᠃  ᠪᠤᠷᠤᠬᠤᠲᠠ ᠪᠠᠯᠭᠠᠰᠤᠨ ᠤ ᠪᠠᠶᠠᠨᠬᠠᠨ ᠭᠠᠴᠠᠭ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠠᠵᠤ  ᠦᠢᠯᠡᠰ ᠤᠨ ᠬᠥᠭᠵᠢᠯᠲᠡ ᠶᠢ ᠭᠦᠨᠵᠡᠭᠡᠶ ᠠᠭᠤᠰᠤᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠤ  ᠦᠢᠯᠡᠰ ᠤᠨ ᠬᠥᠭᠵᠢᠯᠲᠡ ᠳᠤᠮᠳᠠᠬᠢ ᠵᠠᠩᠭᠢᠯᠠᠭ᠎ᠠ ᠶᠢᠨ ᠬᠥᠲᠥᠯᠥᠨ ᠳᠠᠭᠠᠭᠤᠯᠬᠤ  ᠦᠢᠯᠡᠳᠤᠯ ᠢ  ᠬᠦᠢᠴᠡᠳ ᠪᠠᠳᠠᠷᠠᠭᠤᠯᠵᠤ᠂ ᠪᠠᠶᠠᠨᠬᠠᠨ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠮᠣᠩᠭᠤᠯ ᠰᠢᠷ᠎ᠠ ᠦᠬᠡᠷ ᠤᠨ ᠡᠭᠦᠯᠳᠡᠷ ᠢ ᠬᠠᠮᠠᠭᠠᠯᠠᠬᠤ ᠦᠷᠡᠵᠢᠭᠦᠯᠦᠨ ᠪᠤᠶᠢᠵᠢᠭᠤᠯᠬᠤ ᠢᠨᠵᠧᠨᠧᠷᠢᠩ ᠢ ᠬᠥᠭᠵᠢᠭᠦᠯᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠪᠠ᠃ ᠵᠢᠯ ᠤᠨ ᠡᠬᠢᠨ ᠠᠴᠠ ᠨᠠᠭᠠᠰᠢ᠂ ᠪᠣᠷᠣᠬᠤᠲᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠨᠡᠶᠢᠲᠡᠯᠡᠵᠦ᠂ ᠠᠯᠠᠰᠢᠨ ᠦᠬᠡᠷ ᠤᠨ ᠠᠵᠤ  ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠦ᠂ ᠡᠬᠡ ᠮᠠᠯ ᠢ ᠥᠷᠭᠡᠳᠬᠡᠨ ᠦᠷᠡᠵᠢᠭᠦᠯᠬᠦ᠂ ᠡᠭᠦᠯᠳᠡᠷ ᠰᠠᠶᠢᠵᠢᠷᠠᠭᠤᠯᠬᠤ᠂ ᠡᠪᠡᠰᠦ ᠪᠣᠷᠳᠤᠭ᠎ᠠ ᠳᠠᠷᠢᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠠᠯᠠᠰᠢᠨ ᠦᠬᠡᠷ ᠤᠨ ᠠᠵᠤ  ᠦᠢᠯᠡᠰ ᠡᠷᠴᠢᠮᠵᠢᠭᠰᠡᠨ ᠪᠠᠷᠢᠮᠵᠢᠶᠠᠵᠢᠭᠰᠠᠨ ᠬᠥᠭᠵᠢᠯᠲᠡ ᠶᠢᠨ ᠲᠦᠷᠭᠡᠨ ᠵᠠᠮ ᠳᠤ ᠣᠷᠣᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠭᠤᠤᠯᠯᠠᠬᠤ ᠠᠵᠤ  ᠦᠢᠯᠡᠰ ᠪᠣᠯᠵᠠᠶ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠤ ᠠᠯᠠᠰᠢᠨ ᠦᠬᠡᠷ 55000 ᠲᠣᠯᠣᠭᠠᠶ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号